ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠵᠠᠩᠭᠢ ᠶᠢᠨ ᠲᠥᠪ ᠨᠢ ᠤᠰᠤᠨ | ᠠᠰᠢᠭᠯᠠᠯᠲᠠ ᠶᠢᠨ ᠶᠠᠮᠤᠨ ᠤ ᠵᠦᠵᠢᠶᠠᠩ ᠮᠥᠷᠡᠨ ᠤ ᠤᠰᠤᠨ ᠠᠰᠢᠭᠯᠠᠯᠲᠠ ᠶᠢᠨ ᠵᠥᠪᠯᠡᠯ᠂ ᠭᠤᠸᠠᠩᠳᠦ᠋ᠩ᠂ | ᠭᠤᠸᠠᠩᠰᠢ ᠵᠡᠷᠭᠡ ᠤᠰᠤᠨ ᠰᠢᠨᠵᠢᠯᠡᠭᠡᠨ ᠤ ᠰᠠᠯᠠᠭ᠎ᠠ ᠮᠦᠴᠢᠷ ᠲᠠᠢ ᠬᠠᠮᠲᠤᠷᠠᠨ᠂ ᠡᠨᠡ ᠵᠢᠯ ᠤᠨ ︽ᠯᠤᠤᠲᠤ | ᠣᠩᠭᠤᠴᠠᠨ ᠤ ᠤᠰᠤ︾ ᠶᠢᠨ ᠬᠤᠭᠤᠴᠠᠭᠠᠨ ᠳᠠᠬᠢ ᠵᠦᠵᠢᠶᠠᠩ ᠮᠥᠷᠡᠨ ᠤ ᠰᠠᠪᠠ ᠭᠠᠵᠠᠷ ᠤᠨ ᠦᠶᠡᠷ ᠤᠨ | ᠪᠠᠶᠢᠳᠠᠯ ᠢ ᠵᠥᠪᠳᠡᠯᠴᠡᠨ ᠰᠤᠳᠤᠯᠵᠤ ᠮᠠᠭᠠᠳᠯᠠᠬᠤ ᠪᠣᠯᠤᠨ᠎ᠠ᠃ ᠰᠤᠳᠤᠯᠤᠨ ᠮᠠᠭᠠᠳᠯᠠᠬᠰᠡᠨ ᠢᠶᠠᠷ᠂ ︽ᠯᠤᠤᠳᠤ | ᠤᠩᠭᠤᠴᠠᠨ ᠤ ᠤᠰᠤ︾ ᠶᠢᠨ ᠬᠤᠭᠤᠴᠠᠭᠠᠨ ᠳᠤ ᠳᠡᠳ᠋ ᠬᠠᠯᠠᠭᠤᠨ ᠪᠦᠰᠡᠨ ᠤ ᠦᠨᠳᠦᠷ ᠲᠠᠷᠤᠯᠳᠠᠳᠤ ᠲᠠᠯᠠᠪᠠᠢ ᠨᠢ | ᠵᠢᠭᠠᠬᠠᠨ ᠶᠡᠭᠡ᠂ ᠬᠦᠴᠦᠯᠡᠴᠡ ᠨᠢ ᠵᠢᠭᠠᠬᠠᠨ ᠴᠢᠩᠭ᠎ᠠ᠂ ᠡᠮᠦᠨᠡᠳᠦ ᠲᠠᠩᠭᠢᠰ ᠶᠢᠨ ᠵᠤᠨ ᠤ ᠤᠯᠠᠷᠢᠯ ᠤᠨ ᠰᠠᠯᠬᠢ | ᠵᠢᠭᠠᠬᠠᠨ ᠤᠷᠤᠢ᠂ ᠵᠦᠵᠢᠶᠠᠩ ᠮᠦᠷᠡᠨ ᠤ ᠰᠠᠪᠠ ᠭᠠᠵᠠᠷ ᠤᠨ ᠪᠤᠷᠤᠭᠠᠨ ᠤ ᠵᠢᠯ ᠤᠢᠢᠷᠠᠳᠬᠤ ᠪᠤᠶᠤ ᠵᠢᠭᠠᠬᠠᠨ | ᠢᠯᠡᠬᠦᠦ ᠰᠢᠭ ᠪᠠᠶᠢᠵᠤ᠂ ᠡᠬᠦᠨ ᠳᠤ ᠰᠢᠵᠢᠶᠠᠩ ᠮᠦᠷᠡᠨ ᠵᠢᠯ ᠲᠤᠷᠰᠢ ᠤᠶᠢᠷᠠᠯᠴᠠᠭ᠎ᠠ ᠪᠠᠶᠢᠵᠤ᠂ ᠪᠸᠢᠢᠵᠢᠶᠠᠩ | ᠮᠦᠷᠡᠨ᠂ ᠬᠠᠨᠵᠢᠶᠠᠩ ᠮᠦᠷᠡᠨ ᠵᠢᠭᠠᠬᠠᠨ ᠢᠯᠡᠬᠦᠦ ᠰᠢᠭ ᠪᠠᠶᠢᠳᠠᠭ︔ ᠵᠦᠵᠢᠶᠠᠩ ᠮᠦᠷᠡᠨ ᠤ ᠰᠠᠪᠠ ᠭᠠᠵᠠᠷ ᠤᠨ | ᠶᠡᠬᠡᠩᠬᠢ ᠬᠡᠰᠡᠭ ᠤᠨ ᠠᠭᠠᠷ ᠤᠨ ᠲᠤᠯᠠᠭᠠᠨ ᠦᠨᠳᠦᠷ᠂ ᠬᠦᠴᠦᠳᠡᠢ ᠰᠤᠯᠢᠭ ᠤᠷᠤᠰᠬᠠᠯ ᠤᠨ ᠠᠵᠢᠯᠯᠠᠭ᠎ᠠ ᠦᠷᠨᠢᠭᠦᠨ | ᠪᠠᠶᠢᠵᠤ᠂ ᠬᠡᠰᠡᠭ ᠭᠠᠵᠠᠷ ᠲᠤ ᠠᠭᠠᠳᠠᠷ ᠪᠤᠷᠤᠭᠠᠨ ᠤᠯᠠᠨ ᠡᠭᠦᠰᠳᠡᠭ᠃ ᠪᠸᠢᠢᠵᠢᠶᠠᠩ ᠳᠤ ᠨᠡᠯᠢᠶᠡᠳ ᠶᠡᠭᠡ ᠦᠶᠡᠷ | ᠭᠠᠷᠴᠤ ᠮᠡᠳᠡᠨ᠎ᠡ᠂ ᠰᠢᠵᠢᠶᠠᠩ᠂ ᠬᠠᠨᠵᠢᠶᠠᠩ ᠳᠤ ᠰᠡᠷᠡᠮᠵᠢᠯᠡᠭᠦᠯᠬᠦ ᠱᠣᠭᠤᠮ ᠠᠴᠠ ᠳᠠᠪᠠᠭᠰᠠᠨ ᠦᠶᠡᠷ ᠭᠠᠷᠴᠤ | ᠮᠡᠳᠡᠨ᠎ᠡ᠂ ᠰᠢᠷᠦᠭᠦᠨ ᠪᠣᠷᠣᠭᠠᠨ ᠤ ᠣᠷᠣᠨ ᠳᠤ ᠳᠤᠮᠳᠠ ᠵᠢᠵᠢᠭ ᠭᠤᠣᠯ ᠮᠥᠷᠡᠨ ᠳᠤ ᠨᠡᠯᠢᠶᠡᠳ ᠶᠡᠭᠡ ᠦᠶᠡᠷ | ᠭᠠᠷᠴᠤ ᠮᠡᠳᠡᠨ᠎ᠡ︔ ᠡᠮᠵᠡᠭ ᠠᠶᠤᠯᠲᠠᠶ ᠤᠰᠤᠨ ᠴᠥᠭᠦᠷᠥᠮ᠂ ᠳᠤᠮᠳᠠ ᠵᠢᠵᠢᠭ ᠤᠰᠤᠨ ᠴᠥᠭᠦᠷᠥᠮ ᠤᠨ ᠦᠶᠡᠷ ᠢ | ᠠᠮᠤᠷ ᠲᠦᠪᠰᠢᠨ ᠢᠶᠠᠷ ᠥᠩᠭᠡᠷᠡᠭᠦᠯᠬᠦ ᠵᠢᠴᠢ ᠬᠡᠰᠡᠭ ᠭᠠᠵᠠᠷ ᠲᠤ ᠲᠦᠢᠯ ᠤᠨ ᠰᠢᠷᠦᠭᠦᠨ ᠪᠣᠷᠣᠭᠠᠨ ᠠᠴᠠ ᠪᠤᠯᠵᠤ | ᠮᠡᠳᠡᠬᠦ ᠠᠭᠤᠯᠠᠨ ᠦᠶᠡᠷ ᠤᠨ ᠭᠠᠮᠰᠢᠭ ᠪᠣᠯᠤᠨ ᠬᠤᠳᠠ ᠶᠢᠨ ᠤᠰᠤᠲᠤᠯ ᠵᠡᠷᠭᠡ ᠠᠶᠤᠯ ᠲᠦᠭᠰᠢᠭᠦᠷᠢ ᠶᠢ | ᠭᠤᠣᠯᠳᠠᠯᠭ᠎ᠠ ᠲᠠᠢ ᠪᠠᠷ ᠠᠩᠬᠠᠷᠬᠤ ᠬᠡᠷᠡᠭᠲᠡᠢ᠃ | ᠤᠰᠤᠨ ᠠᠰᠢᠭᠯᠠᠯᠲᠠ ᠶᠢᠨ ᠶᠠᠮᠤᠨ ︽ᠯᠤᠤᠳᠤ ᠤᠩᠭᠤᠴᠠᠨ ᠤ ᠤᠰᠤ︾ ᠶᠢᠨ ᠬᠤᠭᠤᠴᠠᠭᠠᠨ ᠳᠤ ᠵᠦᠵᠢᠶᠠᠩ | ᠮᠥᠷᠡᠨ ᠤ ᠰᠠᠪᠠ ᠭᠠᠵᠠᠷ ᠲᠤ ᠰᠢᠷᠦᠭᠦᠨ ᠪᠣᠷᠣᠭᠠᠨ ᠣᠷᠣᠬᠤ ᠶᠠᠪᠤᠴᠠ ᠶᠢ ᠨᠢᠭᠲᠠ ᠬᠢᠨᠠᠨ ᠠᠵᠢᠭᠯᠠᠵᠤ᠂ | ᠲᠣᠭᠠᠴᠢᠯᠠᠭᠰᠠᠨ ᠢᠬᠡᠷ᠎ᠡ ᠲᠠᠪᠴᠠᠩ ᠢ ᠠᠰᠢᠭᠯᠠᠨ ᠦᠶᠡᠷ ᠤᠨ ᠮᠡᠳᠡᠭᠡ ᠶᠢ ᠤᠷᠢᠳᠴᠢᠯᠠᠨ ᠮᠡᠳᠡᠭᠡᠯᠡᠬᠦ ᠪᠠ | ᠤᠷᠢᠳᠴᠢᠯᠠᠨ ᠰᠣᠷᠢᠯᠲᠠ ᠬᠢᠵᠦ᠂ ᠰᠡᠷᠭᠡᠶᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ | ᠭᠠᠵᠠᠷ ᠣᠷᠣᠨ ᠲᠠᠢ ᠬᠠᠮᠲᠤᠷᠠᠨ ᠪᠠᠷᠠᠭᠤᠨ ᠮᠥᠷᠡᠨ ᠤ ᠳ᠋ᠠ ᠲᠧᠩ ᠰᠢᠶᠠ᠂ ᠪᠸᠢᠢᠵᠢᠶᠠᠩ ᠹᠸᠢ ᠯᠠᠢ ᠰᠢᠶᠠ᠂ | ᠬᠠᠨᠵᠢᠶᠠᠩ ᠮᠥᠷᠡᠨ ᠤ ᠬᠥᠪᠥᠩ ᠤᠨ ᠲᠠᠯ᠎ᠠ ᠵᠡᠷᠭᠡ ᠰᠠᠪᠠ ᠭᠠᠵᠠᠷ ᠤᠨ ᠭᠤᠣᠯᠯᠠᠭᠴᠢ ᠤᠰᠤᠨ ᠤ ᠢᠨᠵᠧᠨᠧᠷᠢᠩ ᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠶᠡᠷ ᠤᠨ ᠤᠰᠤ ᠶᠢ ᠭᠦᠢᠴᠡᠳ ᠲᠣᠬᠢᠷᠠᠭᠤᠯᠵᠤ᠂ ᠣᠷᠣᠨ | ᠨᠤᠲᠤᠭ ᠢ ᠰᠢᠮᠳᠠᠭᠤᠯᠵᠤ ᠪᠠᠶᠢᠭᠠᠳ ᠳᠤᠮᠳᠠ ᠵᠢᠵᠢᠭ ᠭᠤᠣᠯ ᠤᠨ ᠦᠶᠡᠷ ᠪᠠ ᠠᠭᠤᠯᠠᠨ ᠦᠶᠡᠷ ᠤᠨ ᠭᠠᠮᠰᠢᠭ ᠢ | ᠰᠡᠷᠭᠡᠶᠢᠯᠡᠬᠦ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠵᠡᠷᠭᠡ ᠰᠡᠷᠭᠡᠶᠢᠯᠡᠬᠦ ᠠᠷᠭ᠎ᠠ | ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ | ᠬᠤᠭᠤᠴᠠᠭ᠎ᠠ ᠪᠠ ᠯᠤᠤᠲᠤ ᠣᠩᠭᠤᠴᠠ ᠵᠡᠷᠭᠡ ᠤᠰᠤᠨ ᠳᠤ ᠬᠤᠯᠪᠣᠭᠳᠠᠬᠤ ᠠᠵᠢᠯᠯᠠᠭ᠎ᠠ ᠶᠢᠨ ᠦᠶᠡᠷ ᠤᠨ | ᠬᠤᠭᠤᠴᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠶᠤᠯ ᠲᠠᠢ ᠣᠷᠣᠨ ᠤ ᠬᠥᠮᠦᠰ ᠢ ᠰᠢᠯᠵᠢᠭᠦᠯᠬᠦ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠯᠭᠡᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ | ᠪᠠᠲᠤᠯᠠᠨ᠎ᠠ᠃ | ᠯᠤᠤᠳᠤ ᠤᠩᠭᠤᠴᠠᠨ ᠤ ᠤᠰᠤ ᠪᠣᠯ ᠵᠢᠯ ᠪᠦᠷᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠷᠢᠳ | ᠬᠤᠵᠢᠳ ︵5 ᠳ᠋ᠤᠭᠠᠷ ᠰᠠᠷ᠎ᠠ ᠶᠢᠨ ᠰᠡᠭᠦᠯᠴᠢ ᠠᠴᠠ 6 ᠳ᠋ᠤᠭᠠᠷ ᠰᠠᠷ᠎ᠠ ᠶᠢᠨ ᠡᠬᠢ ᠪᠣᠯᠲᠠᠯ᠎ᠠ︶᠂ ᠡᠮᠦᠨᠡᠲᠦ | ᠲᠠᠩᠭᠢᠰ ᠤᠨ ᠤᠯᠠᠷᠢᠯ ᠤᠨ ᠳᠤᠭᠰᠢᠨ ᠰᠠᠯᠬᠢ ᠪᠠ ᠳᠡᠳ᠋ ᠬᠠᠯᠠᠭᠤᠨ ᠪᠦᠰᠡ ᠶᠢᠨ ᠥᠨᠳᠥᠷ ᠳᠠᠷᠤᠯᠲᠠ ᠣᠮᠠᠷᠠᠰᠢ | ᠳᠡᠭᠡᠭᠰᠢᠯᠡᠬᠦ ᠬᠠᠮᠲᠤ ᠶᠢᠨ ᠨᠥᠯᠥᠭᠡ ᠠᠴᠠ ᠪᠣᠯᠵᠤ᠂ ᠡᠮᠦᠨᠡᠲᠦ ᠣᠷᠣᠨ ᠤ ᠮᠠᠰᠢ ᠠᠮᠠᠷᠬᠠᠨ ᠦᠷᠭᠦᠯᠵᠢᠯᠡᠬᠦ ᠴᠢᠨᠠᠷᠲᠠᠢ᠂ | ᠶᠡᠭᠡ ᠬᠡᠪᠴᠢᠶᠡᠨ ᠤ ᠲᠥᠪᠯᠡᠷᠡᠩᠭᠦᠢ ᠪᠣᠷᠣᠭᠠᠨ ᠡᠭᠦᠰᠬᠦ ᠶᠢ ᠵᠢᠭᠠᠵᠤ ᠪᠠᠶᠢᠨ᠎ᠠ᠂ ᠵᠦᠵᠢᠶᠠᠩ ᠮᠥᠷᠡᠨ ᠤ | ᠤᠷᠤᠰᠬᠠᠯ ᠤᠨ ᠴᠢᠨᠠᠷᠲᠠᠢ ᠦᠶᠡᠷ ᠢ ᠠᠮᠠᠷᠬᠠᠨ ᠡᠭᠦᠰᠭᠡᠨ᠎ᠡ᠃ ᠯᠤᠤᠲᠤ ᠣᠩᠭᠤᠴᠠ ᠪᠠᠷ ᠭᠠᠲᠤᠯᠬᠤ ᠴᠠᠭ ᠦᠶ᠎ᠡ | ᠪᠣᠯᠵᠤ ᠪᠠᠶᠢᠭ᠎ᠠ ᠪᠣᠯᠬᠤᠷ ᠡᠮᠦᠨᠡᠲᠦ ᠣᠷᠣᠨ ᠤ ᠪᠣᠷᠣᠭᠠᠨ ᠶᠡᠷᠦ ᠳᠡᠭᠡᠨ ︽ᠯᠤᠤᠳᠤ ᠤᠩᠭᠤᠴᠠᠨ ᠤ ᠤᠰᠤ︾ | ᠭᠡᠳᠡᠭ᠃ | | ᠵᠣᠬᠢᠶᠠᠭᠴᠢ᠄ ᠬᠠᠷᠢᠭᠤᠴᠠᠭᠰᠠᠨ ᠨᠠᠶᠢᠷᠠᠭᠤᠯᠤᠭᠴᠢ᠄ ᠯᠢ ᠱᠠᠨ | |