ᠠᠷᠠᠳ ᠤᠨ ᠡᠳᠦᠷ ᠤᠨ ᠰᠣᠨᠢᠨ᠄ ᠡᠮᠦᠨ᠎ᠡ 4 ᠰᠠᠷ᠎ᠠ ᠳᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠨᠢ 2900 ᠳ᠋ᠦᠩᠰᠢᠭᠤᠷ ᠲᠦᠭᠦᠷᠢᠭ ᠠᠴᠠ ᠳᠠᠪᠠᠪᠠ
ᠨᠡᠶᠢᠲᠡᠯᠡᠭᠰᠡᠨ ᠴᠠᠭ᠄
2025/5/28
        ᠠᠷᠠᠣᠠ ᠤᠨ ᠡᠳᠦᠷ ᠤᠨ ᠰᠣᠨᠢᠠ ︵2025 ᠣᠨ ᠤ 05 ᠳ᠋ᠤᠭᠠᠷ ᠰᠠᠷ᠎ᠠ ᠶᠢᠨ 25 ᠤ ᠡᠳᠦᠷ 01 ᠳ᠋ᠦ᠋ᠭᠡᠷ ᠬᠡᠪᠯᠠᠯ︶  ᠠᠷᠠᠣᠠ ᠤᠨ ᠡᠳᠦᠷ ᠤᠨ ᠰᠣᠨᠢᠠ ᠤ ᠪᠡᠭᠡᠵᠢᠩ ᠤᠨ 5 ᠳ᠋ᠤᠭᠠᠷ ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ ︵ᠰᠣᠷᠪᠤᠯᠵᠢᠯᠠᠬᠴᠢ ᠸᠠᠩ ᠬᠤᠤ︶ ᠡᠨᠠ ᠵᠢᠯ ᠠᠴᠠ ᠨᠠᠭᠠᠰᠢ᠂ ᠣᠰᠣᠠ ᠠᠰᠢᠬᠯᠠᠯᠲᠠ ᠶᠢᠨ ᠶᠠᠮᠣᠠ ︽ᠬᠤᠶᠠᠷ ᠬᠦᠨᠳᠦ︾ ᠪᠦᠲᠦᠭᠡᠨ ᠪᠠᠶᠢᠭᠤᠯᠣᠯᠲᠠ ᠶᠢᠨ ᠣᠰᠣᠠ ᠠᠰᠢᠬᠯᠠᠯᠲᠠ ᠶᠢᠨ ᠴᠢᠬᠤᠯᠠ ᠶᠡᠭᠡ ᠵᠦᠢᠯᠠᠰ ᠤᠨ ᠬᠡᠷᠡᠭᠵᠢᠭᠦᠯᠦᠯᠲᠡ ᠶᠢ ᠲᠦᠷᠭᠡᠳᠭᠡᠨ ᠬᠡᠷᠡᠭᠵᠢᠭᠦᠯᠪᠡ᠃ 1 — 4 ᠳ᠋ᠦ᠋ᠭᠡᠷ ᠰᠠᠷ᠎ᠠ ᠪᠣᠯᠲᠠᠯ᠎ᠠ᠂ ᠪᠦᠬᠦ ᠤᠯᠤᠰ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠷᠤᠭᠰᠢᠲᠠᠶ ᠪᠠᠶᠢᠵᠤ᠂ 2943.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠬᠦ ᠤᠯᠤᠰ ᠲᠤ ᠡᠯ᠎ᠡ ᠲᠥᠷᠥᠯ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠨᠢ 2.68 ᠲᠦᠮᠡ ᠪᠠᠶᠢᠵᠤ᠂ ᠡᠭᠦᠨ ᠳᠤ ᠤᠰᠤᠨ ᠠᠰᠢᠭᠯᠠᠯᠲᠠ ᠶᠢᠨ ᠲᠥᠷᠥᠯ ᠵᠦᠢᠯ ᠨᠢ 11149 ᠪᠤᠯᠤᠨ᠎ᠠ᠃  ᠡᠨᠡ ᠵᠢᠯ ᠠᠴᠠ ᠨᠠᠭᠠᠰᠢ᠂ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠵᠤ᠂ ᠬᠠᠲᠤᠨ ᠭᠤᠣᠯ ᠤᠨ ᠭᠦ᠋ ᠰᠢᠶᠠᠨ ᠤᠰᠤᠨ ᠠᠰᠢᠭᠯᠠᠯᠲᠠ ᠶᠢᠨ ᠬᠦᠢᠰᠦ᠂ ᠬᠤᠸᠠᠢ ᠾᠧ ᠭᠤᠣᠯ ᠤᠨ ᠳᠠᠯᠠᠢ ᠳᠤ ᠣᠷᠣᠬᠤ ᠤᠰᠤᠨ ᠵᠠᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠦᠷᠭᠡᠳᠭᠡᠨ ᠪᠠᠶᠢᠭᠤᠯᠵᠤ᠂ ᠬᠦᠬᠡ ᠮᠦᠷᠡᠨ ᠤ ᠤᠰᠤ ᠶᠢ ᠲᠠᠲᠠᠵᠤ ᠬᠤᠸᠠᠢ ᠡᠾᠧ ᠭᠤᠤᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠶᠠᠭ ᠪᠦᠬᠦ ᠱᠤᠭᠤᠮ ᠢᠶᠠᠷ ᠲᠦᠷᠭᠡᠳᠭᠡᠨ ᠠᠬᠢᠭᠤᠯᠵᠤ᠂ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠠᠨᠾᠦ᠋ᠢ ᠮᠣᠵᠢ ᠶᠢᠨ ᠬᠤᠶᠢᠲᠦ ᠬᠡᠰᠡᠭ ᠤᠨ 28 ᠰᠢᠶᠠᠨ ︵ᠬᠤᠲᠠ᠂ ᠲᠣᠭᠤᠷᠢᠭ︶ ᠤ ᠤᠰᠤᠨ ᠤ ᠡᠬᠢ ᠰᠤᠷᠪᠤᠯᠵᠢ ᠶᠢ ᠰᠣᠯᠢᠬᠤ ᠪᠣᠯᠤᠨ᠎ᠠ᠃             ᠵᠣᠬᠢᠶᠠᠭᠴᠢ᠄       ᠬᠠᠷᠢᠭᠤᠴᠠᠭᠰᠠᠨ ᠨᠠᠶᠢᠷᠠᠭᠤᠯᠤᠭᠴᠢ᠄ ᠵᠢᠶᠠᠨ ᠵᠧᠨ ᠵᠧᠨ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号