10 ᠳ᠋ᠦᠩᠰᠢᠭᠤᠷ ᠲᠦᠭᠦᠷᠢᠭ ᠤᠨ ︽ᠤᠰᠤ ᠠᠷᠪᠢᠯᠠᠬᠤ ᠵᠢᠭᠡᠯᠡᠯᠭᠡ︾ ᠨᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ︽ᠤᠮᠳᠠ ᠳᠠᠷᠤᠬᠤ︾ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/29
  5 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠵᠦᠸᠧ ᠵᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠤᠰᠤ ᠠᠷᠪᠢᠯᠠᠬᠤ ᠵᠢᠭᠡᠯᠡᠯᠭᠡ ᠶᠢᠨ ᠲᠥᠷᠥᠯ ᠵᠦᠢᠯ ᠳᠤ ᠵᠢᠩᠬᠢᠨᠢ ᠪᠠᠷ ᠭᠠᠷ ᠤᠨ ᠦᠰᠦᠭ ᠵᠢᠷᠤᠵᠤ᠂ ᠳᠤᠮᠳᠠᠳᠤ ᠤᠯᠤᠰ ᠤᠨ ᠮᠢᠨ ᠱᠧᠩ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠠᠴᠠ ᠲᠡᠭᠦᠨ ᠳᠤ 10 ᠳ᠋ᠦᠩᠰᠢᠭᠤᠷ ᠲᠥᠭᠦᠷᠢᠭ ᠤᠨ ᠲᠤᠰᠬᠠᠢ ᠵᠢᠭᠡᠯᠡᠯᠭᠡ ᠬᠠᠩᠭᠠᠵᠤ᠂ ᠬᠠᠭᠤᠷᠠᠢ ᠨᠦᠢᠲᠠᠨ ᠤ ᠬᠤᠯᠪᠣᠭᠠᠯᠠᠭᠰᠠᠨ ᠬᠠᠭᠠᠯᠲᠠ ᠶᠢᠨ ᠰᠤᠪᠤᠷᠭ᠎ᠠ᠂ ᠳᠤᠮᠳᠠ ᠵᠡᠷᠭᠡ ᠶᠢᠨ ᠤᠰᠤ ᠶᠢ ᠡᠭᠡᠭᠦᠯᠦᠨ ᠬᠡᠷᠡᠭᠯᠡᠬᠦ ᠲᠥᠬᠦᠭᠡᠷᠦᠮᠵᠢ ᠪᠠ ᠳᠠᠪᠤᠰᠤ ᠰᠠᠯᠭᠠᠬᠤ ᠲᠥᠬᠦᠭᠡᠷᠦᠮᠵᠢ ᠵᠡᠷᠭᠡ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠵᠢᠯ ᠤᠨ ᠤᠰᠤ ᠠᠷᠪᠢᠯᠠᠬᠤ ᠬᠡᠮᠵᠢᠶ᠎ᠡ ᠶᠢ 65 ᠲᠦᠮᠡᠨ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠣᠳᠣ ᠪᠣᠯᠲᠠᠯᠠᠬᠢ ᠳᠠᠩ ᠭᠠᠭᠴᠠ ᠵᠣᠭᠤᠰ ᠤᠨ ᠲᠤᠭ᠎ᠠ ᠪᠠᠷ ᠬᠠᠮᠤᠭ ᠤᠨ ᠶᠡᠭᠡ ᠤᠰᠤ ᠠᠷᠪᠢᠯᠠᠬᠤ ᠵᠢᠭᠡᠯᠡᠯᠭᠡ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠲᠡᠭᠦᠨ ᠢ ᠨᠠᠶᠢᠳᠠᠪᠤᠷᠢᠵᠢᠭᠤᠯᠤᠭᠰᠠᠨ ᠨᠢ ︽ᠮᠥᠩᠭᠦᠨ ᠭᠦᠢᠯᠭᠡᠭᠡ + ᠤᠰᠤ ᠠᠷᠪᠢᠯᠠᠬᠤ︾ ᠵᠠᠭᠪᠤᠷ ᠨᠢ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠬᠦᠷᠢᠶᠡᠨ ᠳᠤ ᠰᠢᠪᠲᠤᠯᠤᠯᠲᠠ ᠶᠢᠨ ᠴᠢᠨᠠᠷᠲᠠᠶ ᠠᠬᠢᠴᠠ ᠶᠢ ᠪᠡᠶᠡᠯᠡᠭᠦᠯᠵᠦ᠂ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃  ᠥᠪᠥᠷ ᠮᠣᠩᠭᠤᠯ ᠤᠰᠤ ᠠᠷᠪᠢᠯᠠᠬᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ᠂ ᠲᠥᠷᠥ ᠶᠢᠨ ᠪᠣᠳᠣᠯᠭ᠎ᠠ ᠪᠠᠷ ᠴᠢᠳᠠᠪᠤᠷᠢ ᠣᠯᠭᠤᠬᠤ︾ ᠲᠣᠭᠲᠠᠴᠠ ᠪᠠᠷ ᠳᠠᠮᠵᠢᠭᠤᠯᠤᠨ᠂ ᠨᠢᠭᠡᠨᠲᠡ ᠢᠯᠡᠳᠲᠡ ᠵᠢᠱᠢᠶ᠎ᠡ ᠦᠵᠡᠭᠦᠯᠬᠦ ᠦᠢᠯᠡᠳᠦᠯ ᠢ ᠪᠣᠶ ᠪᠣᠯᠭᠠᠵᠤ᠂ ᠣᠲᠣ ᠪᠣᠯᠲᠠᠯ᠎ᠠ᠂ ᠪᠥᠬᠦ ᠣᠷᠣᠨ ᠤ ︽ᠤᠰᠤ ᠠᠷᠪᠢᠯᠠᠬᠤ ᠵᠢᠭᠡᠯᠡᠯᠭᠡ︾ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠨᠡᠶᠢᠲᠡ 27 ᠳ᠋ᠦᠩᠰᠢᠭᠤᠷ ᠲᠥᠭᠦᠷᠢᠭ ᠢ        ᠳᠠᠪᠠᠵᠤ᠂ ᠤᠰᠤ ᠠᠷᠪᠢᠯᠠᠬᠤ 50 ᠭᠠᠷᠤᠶ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠠᠬᠢ ᠪᠠᠯᠠ ᠮᠥᠩᠭᠦ ᠶᠢᠨ ᠳᠤᠲᠠᠭᠤᠳᠠᠯ ᠢ ᠨᠥᠬᠦᠪᠥᠷᠢᠯᠡᠪᠡ᠃  ᠡᠨᠡ ᠬᠦ ᠲᠥᠷᠥᠯ ᠤᠨ ︽ᠮᠡᠷᠭᠡᠵᠢᠯ ᠨᠢ ᠲᠡᠷᠢᠭᠦᠨ ᠤ᠂ ᠦᠷ᠎ᠡ ᠠᠰᠢᠭ ᠨᠢ ᠢᠯᠡᠷᠬᠡᠶ᠂ ᠵᠠᠭᠪᠤᠷ ᠨᠢ ᠦᠷᠭᠦᠯᠵᠢᠯᠡᠬᠦ︾ ᠲᠥᠷᠥᠯ ᠵᠦᠢᠯ ᠨᠡᠮᠡᠭᠳᠡᠬᠦ ᠶᠢ ᠳᠠᠭᠠᠯᠳᠤᠨ᠂ ᠤᠰᠤ ᠠᠷᠪᠢᠯᠠᠬᠤ ᠨᠢ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠲᠥᠷᠥᠯ ᠵᠦᠢᠯ ᠪᠣᠯᠬᠤ ᠪᠠᠷ ᠪᠠᠷᠠᠬᠤ ᠥᠬᠡᠶ᠂ ᠬᠠᠷᠢᠨ ᠪᠣᠬᠢᠷᠲᠤᠯ ᠥᠬᠡᠶ ᠥᠷᠢᠰᠦᠯᠳᠦᠬᠦ ᠬᠦᠴᠦᠨ ᠪᠠ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠣᠯᠤᠨ᠎ᠠ᠃ ᠮᠥᠩᠭᠦᠨ ᠭᠦᠢᠯᠭᠡᠭᠡᠨ ᠤ ᠠᠮᠢᠳᠤᠯᠢᠭ ᠤᠰᠤ ᠶᠢ ᠦᠷᠭᠦᠯᠵᠢᠯᠡᠨ ᠣᠷᠣᠭᠤᠯᠬᠤ ᠶᠢ ᠳᠠᠭᠠᠯᠳᠤᠨ᠂ ᠥᠪᠥᠷ ᠮᠣᠩᠭᠤᠯ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠶᠠᠭ ︽ᠤᠰᠤ ᠶᠢ ᠶᠡᠭᠡ ᠬᠤᠷᠣᠭᠳᠠᠭᠤᠯᠬᠤ᠂ ᠭᠠᠳᠠᠭᠰᠢᠯᠠᠭᠤᠯᠤᠯᠲᠠ ᠶᠡᠭᠡ︾ ᠪᠠᠶᠢᠭᠰᠠᠨ ᠠᠴᠠ ︽ᠥᠨᠳᠥᠷ ᠪᠦᠲᠦᠮᠵᠢᠲᠡᠢ ᠪᠠᠷ ᠤᠰᠤ ᠬᠡᠷᠡᠭᠯᠡᠬᠦ᠂ ᠣᠷᠴᠢᠯᠳᠤᠭᠤᠯᠤᠨ ᠬᠥᠭᠵᠢᠭᠦᠯᠬᠦ︾ ᠲᠡᠶᠢᠰᠢ ᠬᠡᠯᠪᠡᠷᠢ ᠪᠠᠨ ᠬᠤᠪᠢᠷᠠᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠪᠣᠯᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠤᠰᠤ ᠠᠷᠪᠢᠯᠠᠬᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号