5 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ | ᠠᠷᠪᠢᠯᠠᠬᠤ ᠠᠵᠤ ᠦᠢᠯᠡᠰ ᠤᠨ ᠬᠤᠯᠪᠣᠭ᠎ᠠ ᠶᠢᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠶᠠᠷ ᠵᠦᠢᠯ ᠤᠨ | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ᠄ ᠬᠥᠯᠥᠨ | ᠪᠤᠶᠢᠷ ᠤᠨ ᡂᠢ ᠬᠤᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠵᠤ ᠦᠢᠯᠡᠳᠪᠦᠷᠢ ᠶᠢᠨ ᠣᠷᠴᠢᠯ | ᠤᠰᠤ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠲᠥᠷᠥᠯ ᠵᠦᠢᠯ᠂ ᠥᠪᠥᠷ ᠮᠣᠩᠭᠤᠯ ᠤᠨ ᠬᠤᠸᠠ ᠳ᠋ᠢᠶᠠᠨ | ᠤᠳᠠ ᠶᠢᠨ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠯᠢᠶᠠᠩ ᠱᠦᠢ ᠲᠠ ᠤᠰᠤ ᠠᠷᠪᠢᠯᠠᠬᠤ | ᠥᠭᠡᠷᠡᠴᠢᠯᠡᠯᠲᠡ ᠶᠢᠨ ᠲᠥᠷᠥᠯ ᠵᠦᠢᠯ ᠠᠮᠵᠢᠯᠲᠠ ᠲᠠᠢ ᠪᠠᠷ ᠭᠡᠷ᠎ᠡ ᠲᠣᠭᠲᠠᠪᠠ᠃ ᠬᠤᠶᠠᠷ ᠶᠡᠭᠡ ᠲᠥᠷᠥᠯ ᠵᠦᠢᠯ ᠨᠢ | ᠠᠵᠤ ᠦᠢᠯᠡᠳᠪᠦᠷᠢ ᠶᠢᠨ ᠤᠰᠤ ᠬᠡᠷᠡᠭᠯᠡᠬᠦ ︽ᠡᠮᠵᠡᠭ ᠴᠡᠭ︾ ᠲᠤ ᠠᠩᠬᠠᠷᠤᠯ ᠢᠶᠠᠨ ᠲᠥᠪᠯᠡᠷᠡᠭᠦᠯᠵᠦ᠂ | ᠮᠡᠷᠭᠡᠵᠢᠯ ᠤᠨ ᠰᠢᠨ᠎ᠡ ᠶᠢ ᠡᠭᠦᠳᠬᠦ ᠪᠠ ᠬᠢᠯᠢ ᠠᠯᠤᠰᠯᠠᠨ ᠬᠠᠮᠲᠤᠷᠠᠯᠴᠠᠬᠤ ᠪᠠᠷ ᠳᠠᠮᠵᠢᠭᠤᠯᠤᠨ᠂ ᠵᠢᠱᠢᠯᠲᠡ ᠪᠠᠷ | ᠵᠢᠯ ᠤᠨ ᠤᠰᠤ ᠠᠷᠪᠢᠯᠠᠬᠤ ᠬᠡᠮᠵᠢᠶ᠎ᠡ 28 ᠲᠦᠮᠡᠨ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ ᠤᠰᠤ ᠶᠡᠭᠡ | ᠬᠤᠷᠣᠭᠳᠠᠭᠤᠯᠬᠤ ᠠᠵᠢᠯ ᠲᠥᠷᠥᠯ ᠳᠤ ︽ᠮᠡᠷᠭᠡᠵᠢᠯ + ᠵᠠᠭᠪᠤᠷ︾ ᠤᠨ ᠬᠤᠤᠰ ᠵᠢᠱᠢᠶ᠎ᠡ ᠦᠵᠡᠭᠦᠯᠬᠦ ᠪᠣᠯᠤᠨ᠎ᠠ᠃ | ᠬᠥᠯᠥᠨ ᠪᠤᠶᠢᠷ ᠤᠨ ᡂᠢ ᠬᠤᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠵᠤ | ᠦᠢᠯᠡᠳᠪᠦᠷᠢ ᠶᠢᠨ ᠣᠷᠴᠢᠯ ᠤᠰᠤ ᠠᠷᠪᠢᠯᠠᠬᠤ ᠮᠡᠷᠭᠡᠵᠢᠯ ᠤᠨ ᠰᠤᠳᠤᠯᠤᠨ ᠨᠡᠭᠡᠭᠡᠬᠦ ᠲᠥᠷᠥᠯ ᠵᠦᠢᠯ ᠨᠢ ᠠᠵᠤ | ᠦᠢᠯᠡᠳᠪᠦᠷᠢ ᠶᠢᠨ ᠡᠷᠬᠢᠯᠳᠡᠳᠦ ᠤᠰᠤᠨ ᠤ ᠬᠥᠷᠥᠭᠡᠯᠲᠡ ᠶᠢᠨ ᠰᠤᠪᠤᠷᠭ᠎ᠠ ᠳᠤ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠬᠢᠬᠦ ᠪᠠᠷ ᠳᠠᠮᠵᠢᠨ᠂ ᠨᠢᠭᠡ ᠪᠦᠯᠦᠭ ᠡᠷᠬᠢᠯᠳᠡᠳᠦ ᠤᠰᠤ ᠪᠠᠷ ᠠᠭᠤᠷᠰᠢᠭᠰᠠᠨ ᠤᠰᠤ ᠠᠭᠤᠷ | ᠡᠭᠡᠭᠦᠯᠦᠨ ᠬᠤᠷᠢᠶᠠᠬᠤ ᠶᠢ ᠪᠡᠶᠡᠯᠡᠭᠦᠯᠵᠦ᠂ ᠥᠭᠡᠷᠡᠴᠢᠯᠡᠭᠰᠡᠨ ᠤ ᠳᠠᠷᠠᠭ᠎ᠠ ᠵᠢᠱᠢᠯᠲᠡ ᠪᠠᠷ ᠣᠳᠣ ᠶᠢᠨ ᠤᠷ᠎ᠠ | ᠮᠡᠷᠭᠡᠵᠢᠯ ᠤᠨ ᠤᠰᠤ ᠠᠷᠪᠢᠯᠠᠬᠤ ᠬᠡᠮᠵᠢᠶ᠎ᠡ ᠠᠴᠠ 20% ᠣᠷᠴᠢᠮ ᠪᠠᠶᠢᠵᠤ᠂ ᠵᠢᠯ ᠤᠨ ᠤᠰᠤ ᠠᠷᠪᠢᠯᠠᠬᠤ | ᠬᠡᠮᠵᠢᠶ᠎ᠡ ᠨᠢ ᠪᠠᠷᠤᠭ 3 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠲᠤᠰ ᠲᠥᠷᠥᠯ ᠵᠦᠢᠯ ᠢ ᠬᠥᠯᠥᠨ | ᠪᠤᠶᠢᠷ ᠤᠨ ᡂᠢ ᠬᠤᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠬᠢᠭᠡᠳ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ | ᠬᠦᠷᠢᠶᠡᠯᠡᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠳᠥᠷᠪᠡᠨ ᠲᠠᠯ᠎ᠠ ᠪᠠᠷ ᠢᠶᠠᠨ ᠬᠠᠮᠲᠤ ᠪᠠᠷ ᠭᠡᠷ᠎ᠡ ᠲᠣᠭᠲᠠᠵᠤ᠂ ︽ | ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ + ᠶᠡᠭᠡ ᠳᠡᠭᠡᠳᠦ ᠰᠤᠷᠭᠠᠭᠤᠯᠢ ᠶᠢᠨ ᠰᠤᠳᠤᠯᠤᠨ ᠨᠡᠭᠡᠭᠡᠬᠦ + | ᠬᠦᠷᠢᠶᠡᠯᠡᠩ ᠭᠠᠵᠠᠷ ᠤᠨ ᠰᠢᠯᠭᠠᠨ ᠪᠠᠲᠤᠯᠠᠬᠤ + ᠲᠠᠪᠴᠠᠩ ᠤᠨ ᠬᠤᠪᠢᠷᠠᠭᠤᠯᠤᠯᠲᠠ︾ ᠶᠢᠨ ᠪᠦᠬᠦ ᠬᠡᠯᠬᠢᠶ᠎ᠡ ᠶᠢᠨ | ᠬᠠᠮᠵᠢᠯᠴᠠᠬᠤ ᠵᠠᠭᠪᠤᠷ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠤᠰᠤ ᠶᠡᠭᠡ ᠬᠤᠷᠣᠭᠳᠠᠭᠤᠯᠬᠤ ᠬᠦᠴᠢᠷ | ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠨ᠎ᠡ᠃ ᠥᠪᠥᠷ ᠮᠣᠩᠭᠤᠯ ᠤᠨ ᠬᠤᠸᠠ ᠳ᠋ᠢᠶᠠᠨ ᠤᠳᠠ ᠶᠢᠨ | ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠰᠡᠷᠢᠭᠦᠨ ᠤᠰᠤᠨ ᠤ ᠰᠤᠪᠤᠷᠭ᠎ᠠ ᠶᠢᠨ ᠤᠰᠤ ᠠᠷᠪᠢᠯᠠᠬᠤ | ᠥᠭᠡᠷᠡᠴᠢᠯᠡᠯᠲᠡ ᠶᠢᠨ ᠲᠥᠷᠥᠯ ᠵᠦᠢᠯ᠂ ᠬᠦᠢᠲᠡᠨ ᠤᠰᠤᠨ ᠤ ᠰᠤᠪᠤᠷᠭ᠎ᠠ ᠶᠢᠨ ᠤᠰᠤ ᠠᠷᠪᠢᠯᠠᠬᠤ ᠳᠠᠪᠬᠤᠷᠭ᠎ᠠ ᠳᠤ | ᠵᠠᠬᠢᠶᠠᠯᠠᠨ ᠵᠢᠷᠤᠵᠤ ᠲᠥᠯᠥᠪᠯᠡᠬᠦ ᠪᠠᠷ ᠳᠠᠮᠵᠢᠭᠤᠯᠤᠨ᠂ ᠤᠰᠤ ᠠᠷᠪᠢᠯᠠᠬᠤ ᠳᠠᠪᠬᠤᠷᠭ᠎ᠠ ᠶᠢᠨ ᠭᠠᠳᠠᠭᠰᠢᠯᠠᠭᠤᠯᠬᠤ᠂ | ᠰᠡᠷᠡᠯ ᠳᠠᠮᠵᠢᠭᠤᠯᠤᠭᠴᠢ ᠶᠢᠨ ᠴᠡᠭ ᠤᠨ ᠭᠠᠳᠠᠭᠰᠢᠯᠠᠭᠤᠯᠤᠯᠲᠠ᠂ ᠰᠠᠯᠬᠢᠨ ᠤ ᠬᠤᠷᠳᠤᠴᠠ ᠶᠢ ᠬᠤᠪᠢᠷᠠᠭᠤᠯᠬᠤ ᠵᠡᠷᠭᠡ | ᠮᠡᠷᠭᠡᠵᠢᠯ ᠢ ᠠᠰᠢᠭᠯᠠᠵᠤ᠂ ᠤᠤᠯ ᠤᠨ ᠠᠵᠢᠯ ᠤᠨ ᠪᠠᠶᠢᠳᠠᠯ ᠢ ᠬᠤᠪᠢᠷᠠᠭᠤᠯᠬᠤ ᠥᠬᠡᠶ ᠪᠠᠶᠢᠳᠠᠯ ᠳᠣᠤᠷ᠎ᠠ᠂ | ᠵᠢᠱᠢᠯᠲᠡ ᠪᠠᠷ ᠵᠢᠯ ᠤᠨ ᠤᠰᠤ ᠠᠷᠪᠢᠯᠠᠬᠤ ᠬᠡᠮᠵᠢᠶ᠎ᠡ ᠨᠢ 25 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ | ᠤᠰᠤ ᠠᠷᠪᠢᠯᠠᠬᠤ ᠨᠣᠷᠮ᠎ᠠ ᠨᠢ 25% ᠳᠤ ᠬᠥᠷᠬᠦ ᠪᠣᠯᠤᠨ᠎ᠠ᠃ | ᠲᠣᠰ ᠤᠳᠠᠭᠠᠨ ᠤ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ | ᠲᠥᠷᠥᠯ ᠵᠦᠢᠯ ᠳᠤ ᠠᠮᠵᠢᠯᠲᠠ ᠲᠠᠢ ᠪᠠᠷ ᠭᠡᠷ᠎ᠡ ᠲᠣᠭᠲᠠᠭᠰᠠᠨ ᠨᠢ ᠥᠪᠡᠷᠲᠡᠭᠡᠨ ᠵᠠᠰᠠᠬᠤ ᠣᠷᠣᠨ ᠠᠴᠠ ᠠᠵᠤ | ᠦᠢᠯᠡᠳᠪᠦᠷᠢ ᠶᠢᠨ ᠤᠰᠤ ᠠᠷᠪᠢᠯᠠᠬᠤ ᠬᠦᠷᠢᠶᠡᠨ ᠳᠠᠬᠢ ᠮᠡᠷᠭᠡᠵᠢᠯ ᠤᠨ ᠰᠢᠨ᠎ᠡ ᠶᠢ ᠡᠭᠦᠳᠬᠦ᠂ ᠵᠠᠭᠪᠤᠷ ᠢ ᠬᠠᠶᠢᠨ | ᠰᠦᠪᠡᠭᠴᠢᠯᠡᠬᠦ ᠪᠠ ᠠᠵᠤ ᠦᠢᠯᠡᠰ ᠪᠠ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠴᠢᠬᠤᠯᠠ ᠠᠯᠬᠤᠮ ᠢ | ᠠᠯᠬᠤᠭᠰᠠᠨ ᠢ ᠬᠠᠷᠠᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ | ᠤᠰᠤ ᠬᠡᠷᠡᠭᠯᠡᠬᠦ ᠳᠠᠷᠤᠯᠲᠠ ᠶᠢ ᠪᠦᠲᠦᠮᠵᠢᠲᠡᠶ ᠨᠠᠮᠳᠠᠭᠤᠯᠬᠤ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ | ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠤ ᠦᠢᠯᠡᠰ ᠤᠨ ᠬᠤᠯᠪᠣᠭ᠎ᠠ ᠶᠢᠨ ᠬᠢᠨ ᠲᠠᠪᠴᠠᠩ ᠤᠨ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠩ ᠣᠯᠠᠨ ᠤᠰᠤ ᠠᠷᠪᠢᠯᠠᠬᠤ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠶᠢ ᠠᠬᠢᠭᠤᠯᠵᠤ᠂ ᠠᠵᠢᠯ ᠲᠥᠷᠥᠯ ᠢ ᠬᠥᠲᠥᠯᠥᠨ ᠳᠠᠭᠠᠭᠤᠯᠵᠤ ᠥᠨᠳᠥᠷ ᠪᠦᠲᠦᠮᠵᠢᠲᠡᠶ ᠤᠰᠤ | ᠠᠷᠪᠢᠯᠠᠬᠤ᠂ ᠡᠷᠭᠢᠯᠳᠦᠭᠦᠯᠦᠨ ᠠᠰᠢᠭᠯᠠᠬᠤ ᠴᠢᠭᠯᠡᠯ ᠲᠡᠶᠢᠰᠢ ᠲᠠᠰᠤᠷᠠᠯᠲᠠ ᠥᠬᠡᠶ ᠲᠠᠰ ᠳᠡᠪᠰᠢᠭᠦᠯᠵᠦ᠂ ︽ᠬᠤᠤᠰ | ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠠᠵᠤ ᠦᠢᠯᠡᠳᠪᠦᠷᠢ ᠶᠢᠨ | ᠤᠰᠤ ᠠᠷᠪᠢᠯᠠᠬᠤ ᠪᠠᠷ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠦᠨ᠎ᠡ᠃ | |