ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠪᠥᠷ ᠮᠣᠩᠭᠤᠯ ᠤᠨ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠦᠷᠢᠮ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2025/5/30
  5 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ ᠠᠩᠬᠠᠳᠤᠭᠠᠷ ᠪᠥᠬᠦᠳᠡ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠣᠣ ᠶᠢᠦ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠵᠤ ᠬᠡᠷᠡᠭᠯᠡᠬᠦ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠶ ᠲᠣᠳᠣᠷᠬᠠᠶᠢᠯᠠᠯᠲᠠ ᠬᠢᠪᠠ᠃  ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠢᠨᠵᠧᠨᠧᠷᠢᠩ ᠪᠣᠯ ᠤᠯᠤᠰ ᠤᠨ 172 ᠵᠦᠢᠯ ᠤᠨ ᠤᠰᠤ ᠠᠷᠪᠢᠯᠠᠬᠤ ᠤᠰᠤ ᠬᠠᠩᠭᠠᠬᠤ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠢᠭᠡ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠪᠣᠯᠲᠠᠯ᠎ᠠ ᠪᠡᠯᠡ ᠣᠷᠣᠭᠤᠯᠬᠤ ᠬᠡᠪᠴᠢᠶ᠎ᠡ ᠪᠠᠷ ᠬᠠᠮᠤᠭ ᠤᠨ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ᠎ᠠ᠂ ᠢᠨᠵᠧᠨᠧᠷᠢᠩ ᠢ ᠬᠡᠷᠡᠭᠵᠢᠭᠦᠯᠬᠦ ᠨᠢ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠠᠶᠢᠳᠠᠯ ᠢ ᠨᠠᠮᠳᠠᠭᠤᠯᠵᠤ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠢᠨᠵᠧᠨᠧᠷᠢᠩ ᠨᠢ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ 8 ᠬᠤᠰᠢᠭᠤ ᠰᠢᠶᠠᠨ ︵ᠬᠤᠲᠠ᠂ ᠲᠣᠭᠤᠷᠢᠭ︶ ᠪᠠ 10 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠤᠯᠪᠣᠭᠳᠠᠵᠤ᠂ ᠤᠰᠤ ᠲᠤᠬᠢᠷᠠᠭᠤᠯᠬᠤ ᠠᠴᠠ 390 ᠺᠢᠯᠤᠮᠧᠲᠷ ᠵᠠᠶᠢᠲᠠᠢ ᠪᠠᠶᠢᠨ᠎ᠠ᠃ ᠰᠠᠪᠠ ᠭᠠᠵᠠᠷ ᠠᠯᠤᠰᠯᠠᠨ ᠠᠯᠤᠰ ᠠᠴᠠ ᠤᠰᠤ ᠲᠤᠬᠢᠷᠠᠭᠤᠯᠬᠤ ᠢᠨᠵᠧᠨᠧᠷᠢᠩ ᠪᠣᠯᠤᠭᠰᠠᠨ ᠤ ᠬᠤᠪᠢ ᠳᠤ᠂ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠨᠢ ᠵᠠᠮ ᠳᠠᠭᠠᠤ ᠶᠢᠨ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠵᠤ᠂ ᠢᠨᠵᠧᠨᠧᠷᠢᠩ ᠤᠨ ᠪᠡᠯᠡᠳᠬᠡᠮᠵᠢ ᠶᠢ ᠬᠠᠮᠠᠭᠠᠯᠠᠬᠤ᠂ ᠤᠰᠤ ᠬᠠᠩᠭᠠᠬᠤ ᠤᠰᠤᠨ ᠤ ᠰᠦᠢᠳᠬᠡᠯ ᠢ ᠬᠤᠷᠢᠶᠠᠬᠤ ᠵᠡᠷᠭᠡ ᠲᠠᠯ᠎ᠠ ᠪᠠᠷ ᠰᠢᠨ᠎ᠡ ᠠᠰᠠᠭᠤᠳᠠᠯ ᠪᠠ ᠱᠠᠭᠠᠷᠳᠠᠯᠭ᠎ᠠ ᠳᠤ ᠲᠤᠯᠭᠠᠷᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠡᠷᠡᠭᠴᠡᠭᠡ ᠶᠢ ᠪᠦᠷᠢᠮᠦᠰᠦᠨ ᠬᠠᠩᠭᠠᠵᠤ ᠳᠡᠶᠢᠯᠬᠦ ᠥᠬᠡᠶ ᠪᠠᠶᠢᠨ᠎ᠠ᠃ ᠢᠨᠵᠧᠨᠧᠷᠢᠩ ᠤᠨ ᠠᠮᠤᠷ ᠲᠦᠪᠰᠢᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠬᠤ ᠪᠠ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠲᠦᠷᠢᠮ︾ ᠢ ᠲᠣᠭᠲᠠᠭᠠᠬᠤ ᠴᠢᠬᠤᠯᠠᠲᠠᠶ ᠪᠠᠶᠢᠨ᠎ᠠ᠃ ︽ᠲᠦᠷᠢᠮ ︵ᠲᠥᠰᠦᠯ︶︾ ᠳᠤ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠪᠡᠯᠡᠳᠬᠡᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠤᠰᠤ ᠬᠠᠩᠭᠠᠵᠤ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃  2012 ᠣᠨ ᠳᠤ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠵᠤ ᠬᠡᠷᠡᠭᠯᠡᠬᠦ ᠳᠦᠷᠢᠮ︾ ᠨᠢ ᠪᠦᠬᠦ ᠣᠷᠣᠨ ᠤ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠪᠠ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ 2022 ᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠂ 2024 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠤᠰᠤ ᠶᠢ ᠠᠷᠪᠢᠯᠠᠵᠤ ᠬᠡᠷᠡᠭᠯᠡᠬᠦ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠨᠡᠶᠢᠲᠡᠯᠡᠭᠰᠡᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠵᠤ ᠬᠡᠷᠡᠭᠯᠡᠬᠦ ᠲᠦᠷᠢᠮ︾ ᠤᠨ ᠬᠡᠰᠡᠭ ᠠᠭᠤᠯᠭ᠎ᠠ ᠨᠢ ᠳᠡᠭᠡᠳᠦ ᠪᠠᠶᠢᠷᠢ ᠶᠢᠨ ᠬᠠᠤᠯᠢ ᠲᠣᠭᠲᠠᠭᠠᠯ ᠲᠠᠢ ᠨᠢᠭᠡᠳᠦᠯ ᠥᠬᠡᠶ ᠪᠠᠶᠢᠵᠤ᠂ ᠰᠢᠨ᠎ᠡ ᠪᠠᠶᠢᠳᠠᠯ ᠤᠨ ᠳᠣᠤᠷᠠᠬᠢ ᠤᠰᠤ ᠠᠷᠪᠢᠯᠠᠬᠤ ᠠᠵᠢᠯ ᠤᠨ ᠰᠢᠨ᠎ᠡ ᠱᠠᠭᠠᠷᠳᠠᠯᠭ᠎ᠠ ᠲᠠᠢ ᠨᠡᠶᠢᠴᠡᠬᠦ ᠥᠬᠡᠶ ᠪᠠᠶᠢᠵᠤ᠂ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ᠃ ︽ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠳᠤ ᠤᠰᠤ ᠶᠢ ᠠᠷᠪᠢᠯᠠᠨ ᠬᠡᠷᠡᠭᠯᠡᠬᠦ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠰᠤ ᠶᠢ ᠠᠷᠪᠢᠯᠠᠨ ᠬᠡᠷᠡᠭᠯᠡᠬᠦ ᠶᠢ ᠬᠠᠮᠢᠶᠠᠷᠬᠤ ᠳᠦᠷᠢᠮ ᠢ ᠲᠡᠭᠦᠯᠳᠡᠷᠵᠢᠭᠦᠯᠦᠨ᠂ ᠤᠰᠤ ᠶᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠤᠰᠤ ᠶᠢ ᠠᠷᠪᠢᠯᠠᠨ ᠬᠡᠷᠡᠭᠯᠡᠬᠦ ᠶᠢ ᠪᠠᠲᠤᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号