ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ | ︵ 2025 ᠣᠨ ᠤ 5 ᠳ᠋ᠤᠭᠠᠷ ᠰᠠᠷ᠎ᠠ ᠶᠢᠨ 27 ᠤ ᠡᠳᠦᠷ᠂ ᠺᠦᠸᠠᠯᠠ ᠯᠦᠮᠫᠦ᠋ᠷ ︶ | ᠬᠦᠨᠳᠦᠲᠦ ᠠᠨᠸᠠᠷ ᠶᠡᠷᠦᠩᠬᠡᠢ ᠰᠠᠶᠢᠳ᠂ | ᠡᠷᠬᠢᠮ ᠵᠣᠴᠢᠳ᠂ ᠠᠵᠤ ᠠᠬᠤᠶᠢᠯᠠᠯᠲᠠᠳ᠂ ᠠᠪᠠᠭ᠋ᠠᠢ ᠨᠠᠷ᠂ ᠠᠪᠤᠭᠠᠢ ᠨᠠᠷ ᠠ᠋ ᠄ | ᠲᠠ ᠪᠥᠬᠦᠨ ᠲᠠᠢ ᠺᠦᠸᠠᠯᠠ ᠯᠦᠮᠫᠦ᠋ᠷ ᠲᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — | ᠳᠤᠮᠳᠠᠳᠤ ᠤᠯᠤᠰ — ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ | ᠭᠤᠷᠪᠠᠨ ᠲᠠᠯ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ | ᠣᠷᠣᠯᠴᠠᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃ | ᠥᠨᠥᠳᠥᠷ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ — | ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ | ᠠᠮᠵᠢᠯᠲᠠ ᠲᠠᠢ ᠬᠤᠷᠠᠯᠳᠤᠵᠤ᠂ ᠭᠤᠷᠪᠠᠨ ᠲᠠᠯ᠎ᠠ ᠶᠢᠨ ᠬᠠᠨᠢᠲᠠᠨ ᠤ ᠬᠠᠷᠢᠴᠠᠭ᠎ᠠ ᠶᠢ ᠴᠢᠩᠭᠠᠳᠬᠠᠬᠤ ᠶᠢ | ᠵᠥᠪᠰᠢᠶᠡᠷᠡᠵᠦ᠂ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠬᠤᠷᠠᠯ ᠳᠡᠭᠡᠷ᠎ᠡ᠂ | ᠡᠯ᠎ᠡ ᠤᠯᠤᠰ ᠤᠨ ᠤᠳᠤᠷᠢᠳᠬᠤ ᠬᠥᠮᠥᠰ ︽ᠠᠵᠠ ᠲᠣᠬᠢᠶᠠᠯ ᠢ ᠬᠠᠮᠲᠤ ᠪᠠᠷ ᠡᠭᠦᠳᠴᠦ ᠬᠥᠭᠵᠢᠯ ᠴᠡᠴᠡᠭᠯᠡᠯ ᠢ | ᠬᠠᠮᠲᠤ ᠪᠠᠷ ᠡᠳ᠋ᠯᠡᠶ᠎ᠡ︾ ᠭᠡᠬᠦ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃ | ᠣᠳᠣᠬᠠᠨ ᠳᠠᠬᠢ ᠪᠦᠬᠦ ᠪᠥᠮᠪᠥᠷᠴᠡᠭ ᠤᠨ ᠤᠯᠤᠰ ᠲᠦᠷᠦ ᠠᠵᠤ ᠠᠬᠤᠢ ᠶᠢᠨ ᠲᠥᠯᠥᠪ ᠪᠠᠶᠢᠳᠠᠯ ᠳᠤ ᠶᠠᠭ ᠭᠦᠨᠵᠡᠭᠡᠢ | ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ | ᠬᠠᠮᠲᠤ ᠶᠢᠨ ᠬᠠᠲᠠᠭᠤ ᠰᠢᠯᠭᠠᠯᠲᠠ ᠢᠯᠡᠳᠲᠡ ᠨᠡᠮᠡᠭᠳᠡᠵᠦ᠂ ᠬᠥᠭᠵᠢᠯᠲᠡ ᠶᠢᠨ ᠠᠵᠠ ᠲᠣᠬᠢᠶᠠᠯ ᠤᠯᠠᠮ ᠢᠶᠠᠷ ᠬᠤᠪᠣᠷ | ᠨᠠᠨᠳᠢᠨ ᠪᠣᠯᠵᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠨᠡᠩ ᠲᠤᠯᠭᠠᠮ᠎ᠠ ᠪᠣᠯᠵᠤ᠂ ᠨᠡᠩ ᠬᠤᠯᠠ ᠶᠢᠨ | ᠬᠠᠷᠠᠴᠠ ᠲᠠᠢ ᠪᠠᠶᠢᠬᠤ ᠶᠢ ᠱᠠᠭᠠᠷᠳᠠᠵᠤ ᠪᠠᠶᠢᠨ᠎ᠠ ᠭᠡᠵᠦ ᠣᠯᠠᠨ ᠢᠶᠠᠷ ᠢᠶᠠᠨ ᠦᠵᠡᠵᠡᠭᠡᠵᠦ ᠪᠤᠢ᠃ ᠢᠩᠭᠢᠵᠦ ᠭᠦᠨᠵᠡᠭᠡᠢ | ᠰᠤᠳᠤᠯᠤᠨ ᠶᠠᠷᠢᠯᠴᠠᠬᠤ ᠨᠢ ᠮᠠᠰᠢ ᠤᠳᠬ᠎ᠠ ᠠᠭᠤᠯᠭ᠎ᠠ ᠲᠠᠢ᠂ ᠲᠡᠭᠦᠨ ᠢ ᠪᠠᠨ ᠦᠢᠯᠡᠳᠪᠦᠷᠢ ᠬᠤᠳᠠᠯᠳᠤᠭᠠᠨ ᠤ | ᠡᠲᠡᠭᠡᠳ ᠢ ᠪᠠᠭᠲᠠᠭᠠᠭᠰᠠᠨ ᠡᠯ᠎ᠡ ᠲᠠᠯ᠎ᠠ ᠳᠤ ᠬᠦᠷᠲᠡᠯ᠎ᠡ ᠥᠷᠭᠡᠳᠬᠡᠵᠦ᠂ ᠡᠭᠦᠨ ᠤ ᠤᠯᠠᠮ ᠠᠴᠠ ᠨᠡᠩ ᠶᠡᠭᠡ | ᠬᠡᠪᠴᠢᠶᠡᠨ ᠳᠤ ᠤᠶᠤᠨ ᠤᠬᠠᠭᠠᠨ ᠪᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠪᠠᠯ ᠵᠣᠬᠢᠨ᠎ᠠ ᠭᠡᠵᠦ ᠪᠢ ᠪᠤᠳᠤᠵᠦ | ᠪᠠᠶᠢᠨ᠎ᠠ᠃ ᠡᠨᠡ ᠲᠠᠰᠢᠷᠠᠮ ᠢᠶᠠᠷ ᠲᠠ ᠨᠠᠷ ᠤᠯᠠᠨ ᠲᠠᠢ ᠭᠤᠷᠪᠠᠨ ᠲᠠᠯ᠎ᠠ ᠶᠢᠨ ᠦᠵᠡᠯᠲᠡ ᠪᠠᠨ ᠳᠤᠷᠠᠲᠠᠶ᠎ᠠ | ᠬᠤᠪᠢᠶᠠᠯᠴᠠᠶ᠎ᠠ᠃ | ᠨᠢᠭᠡᠳᠦᠭᠡᠷ ᠲᠤ᠂ ᠣᠳᠣᠬᠠᠨ ᠤ ᠴᠠᠭ ᠤᠨ ᠪᠠᠶᠢᠳᠠᠯ ᠳᠣᠣᠷ᠎ᠠ᠂ ᠪᠢᠳᠡ ᠬᠠᠲᠠᠭᠤ ᠰᠢᠯᠭᠠᠯᠲᠠ ᠶᠢ ᠬᠠᠮᠲᠤ ᠪᠠᠷ | ᠠᠷᠭᠠᠴᠠᠭᠠᠵᠤ ᠴᠢᠳᠠᠭᠰᠠᠨ ᠨᠢ ᠳᠠᠷᠤᠢ ᠠᠵᠠ ᠲᠣᠬᠢᠶᠠᠯ ᠢ ᠡᠭᠦᠳᠴᠦ ᠪᠠᠶᠢᠭ᠎ᠠ ᠶᠠᠪᠤᠳᠠᠯ ᠮᠥᠨ᠃ ᠣᠳᠣᠬᠠᠨ ᠳᠤ᠂ | ᠠᠵᠤ ᠠᠬᠤᠢ ᠶᠢᠨ ᠳᠡᠯᠡᠬᠡᠶᠢᠵᠢᠯᠲᠡ ᠶᠠᠭ ᠤᠷᠢᠳᠤ ᠡᠮᠦᠨ᠎ᠡ ᠪᠠᠶᠢᠭ᠎ᠠ ᠦᠭᠡᠢ ᠴᠢᠬᠤᠯᠠ ᠶᠡᠭᠡ ᠳᠠᠭᠠᠷᠢᠯᠲᠠ ᠶᠢ | ᠥᠩᠭᠡᠷᠡᠭᠡᠵᠦ᠂ ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠡᠷᠭᠡ ᠤᠷᠳᠤ | ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠦᠷᠳᠡᠭ ᠤᠨ ᠣᠨᠣᠯᠵᠢᠬᠤᠨ ᠬᠦᠨᠳᠦ ᠪᠡᠷᠬᠡ ᠬᠠᠲᠠᠭᠤ | ᠰᠢᠯᠭᠠᠯᠲᠠ ᠳᠤ ᠤᠴᠠᠷᠠᠵᠤ ᠪᠠᠶᠢᠨ᠎ᠠ᠃ ᠪᠢᠳᠡ ᠡᠳᠡᠭᠡᠷ ᠠᠰᠠᠭᠤᠳᠠᠯ ᠢ ᠬᠠᠮᠲᠤ ᠪᠠᠷ ᠰᠠᠶᠢᠲᠤᠷ ᠠᠷᠭᠠᠴᠠᠭᠠᠬᠤ ᠨᠢ | ᠭᠤᠷᠪᠠᠨ ᠲᠠᠯ᠎ᠠ ᠶᠢᠨ ᠤᠯᠤᠰ ᠤᠳ ᠲᠤ ᠴᠢᠬᠤᠯᠠ ᠠᠵᠠ ᠲᠣᠬᠢᠶᠠᠯ ᠠᠪᠴᠢᠷᠠᠬᠤ ᠪᠣᠯᠣᠨ᠎ᠠ᠃ ᠭᠠᠵᠠᠷ ᠣᠷᠣᠨ ᠤ | ᠮᠥᠷᠭᠦᠯᠳᠦᠭᠡᠨ ᠪᠠ ᠡᠰᠡᠷᠭᠦᠴᠡᠯᠳᠦᠯ ᠬᠤᠷᠴᠠᠳᠴᠤ ᠪᠠᠶᠢᠭ᠎ᠠ ᠪᠠᠶᠢᠳᠠᠯ ᠤᠨ ᠡᠮᠦᠨ᠎ᠡ ᠪᠢᠳᠡ ᠢᠲᠡᠭᠡᠯᠴᠡᠭᠡ ᠪᠠᠨ | ᠭᠦᠨᠵᠡᠭᠡᠶᠢᠷᠡᠭᠦᠯᠦᠨ᠂ ᠪᠦᠯᠬᠦᠮᠳᠡᠯ ᠢᠶᠠᠨ ᠴᠢᠩᠭᠠᠳᠬᠠᠪᠠᠯ ᠰᠠᠶ᠋ᠢ ᠠᠯᠤᠰ ᠤᠨ ᠪᠠᠶᠢᠯᠳᠤᠬᠤ ᠪᠣᠳᠣᠯᠭ᠎ᠠ ᠶᠢᠨ ᠠᠵᠠ | ᠲᠣᠬᠢᠶᠠᠯ ᠢ ᠡᠭᠦᠳᠴᠦ ᠴᠢᠳᠠᠬᠤ ᠶᠤᠮ᠃ ᠥᠩᠭᠡᠷᠡᠭᠰᠡᠨ ᠬᠡᠳᠦᠨ ᠠᠷᠪᠠᠨ ᠵᠢᠯ ᠤᠨ ᠠᠽᠢᠶ᠎ᠠ ᠲᠢᠪ ᠤᠨ ᠲᠦᠷᠭᠡᠨ | ᠬᠥᠭᠵᠢᠯᠲᠡ ᠶᠢᠨ ᠥᠩᠭᠡᠷᠡᠯᠲᠡ ᠨᠢ ᠪᠦᠯᠬᠦᠮᠳᠡᠨ ᠢᠲᠡᠭᠡᠯᠴᠡᠬᠦ ᠪᠠ ᠡᠩᠬᠡ ᠲᠣᠭᠲᠠᠭᠤᠨ ᠪᠠᠶᠢᠪᠠᠯ ᠰᠠᠶ᠋ᠢ ᠬᠥᠭᠵᠢᠯ | ᠴᠡᠴᠡᠭᠯᠡᠯ ᠢ ᠠᠪᠴᠢᠷᠠᠵᠤ ᠴᠢᠳᠠᠨ᠎ᠠ ᠭᠡᠳᠡᠭ ᠢ ᠭᠦᠨᠵᠡᠭᠡᠢ ᠬᠠᠷᠠᠭᠤᠯᠤᠭᠰᠠᠨ ᠪᠠᠶᠢᠨ᠎ᠠ᠃ ᠡᠯ᠎ᠡ ᠤᠯᠤᠰ ᠪᠣᠯ ᠬᠤᠪᠢ | ᠵᠠᠶᠠᠭ᠎ᠠ ᠪᠠᠨ ᠬᠤᠯᠪᠣᠭᠰᠠᠨ ᠪᠦᠬᠦᠯᠢ ᠴᠣᠭᠴᠠ ᠮᠥᠨ᠂ ᠬᠡᠷᠪᠡ ᠢᠲᠡᠭᠡᠯᠴᠡᠭᠡ ᠳᠤᠲᠠᠭᠳᠠᠪᠠᠯ ᠵᠥᠷᠢᠴᠡᠯ ᠡᠭᠦᠰᠦᠨ | ᠶᠡᠬᠡᠰᠴᠦ᠂ ᠬᠠᠮᠲᠤᠷᠠᠯᠴᠠᠭ᠎ᠠ ᠬᠢᠬᠦ ᠶᠢᠨ ᠠᠷᠭ᠎ᠠ ᠦᠭᠡᠢ ᠪᠣᠯᠣᠨ᠎ᠠ︔ ᠪᠦᠯᠬᠦᠮᠳᠡᠨ ᠢᠲᠡᠭᠡᠯᠴᠡᠬᠦ ᠪᠠᠨ ᠴᠢᠩᠭᠠᠳᠬᠠᠪᠠᠯ᠂ | ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠠᠷᠢᠯᠴᠠᠨ ᠳᠡᠮᠵᠢᠵᠦ᠂ ᠨᠡᠩ ᠶᠡᠭᠡ ᠬᠡᠪᠴᠢᠶᠡᠨ ᠤ᠂ ᠨᠡᠩ | ᠦᠷᠭᠦᠯᠵᠢᠯᠡᠬᠦᠶᠢᠴᠡ ᠥᠨᠳᠥᠷ ᠲᠦᠪᠰᠢᠨᠲᠦ ᠠᠵᠤ ᠠᠬᠤᠢ ᠶᠢᠨ ᠬᠠᠮᠲᠤᠷᠠᠯᠴᠠᠭ᠎ᠠ ᠶᠢ ᠪᠤᠢ ᠪᠣᠯᠭᠠᠵᠤ᠂ ᠤᠷᠳᠤ | ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠬᠠᠮᠠᠭᠠᠯᠠᠬᠤ ᠦᠵᠡᠯ ᠪᠠ ᠭᠠᠭᠴᠠ | ᠲᠠᠯᠠᠲᠤ ᠦᠵᠡᠯ ᠴᠣᠬᠤᠶᠢᠨ ᠥᠨᠳᠡᠶᠢᠵᠦ ᠪᠠᠶᠢᠭ᠎ᠠ ᠦᠶ᠎ᠡ ᠳᠤ ᠪᠢᠳᠡ ᠨᠡᠭᠡᠭᠡᠯᠲᠡ ᠶᠢ ᠥᠷᠭᠡᠳᠬᠡᠬᠦ᠂ ᠬᠤᠷᠢᠭ᠎ᠠ ᠶᠢ | ᠠᠷᠢᠯᠭᠠᠬᠤ ᠶᠢ ᠪᠠᠷᠢᠮᠲᠠᠯᠠᠪᠠᠯ ᠰᠠᠶ᠋ᠢ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠭᠦᠳᠴᠦ | ᠴᠢᠳᠠᠨ᠎ᠠ᠃ ᠭᠤᠷᠪᠠᠨ ᠲᠠᠯ᠎ᠠ ᠶᠢᠨ ᠤᠯᠤᠰ ᠤᠳ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ | ᠬᠦᠷᠳᠡᠭᠴᠢ ᠮᠥᠨ᠂ ᠳᠡᠯᠡᠬᠡᠢ ᠶᠢᠨ ᠵᠠᠬ᠎ᠠ ᠳᠡᠯᠭᠡᠭᠦᠷ ᠲᠤ ᠠᠭᠤᠰᠤᠯᠴᠠᠬᠤ ᠶᠠᠪᠤᠴᠠ ᠳᠤ ᠬᠥᠭᠵᠢᠯᠲᠡ ᠶᠢᠨ ᠮᠠᠰᠢ ᠶᠡᠭᠡ | ᠠᠵᠠ ᠲᠣᠬᠢᠶᠠᠯ ᠢ ᠣᠯᠪᠠ ᠃ ᠭᠤᠷᠪᠠᠨ ᠲᠠᠯ᠎ᠠ ᠶᠢᠨ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠨᠢ ᠪᠦᠬᠦ | ᠪᠥᠮᠪᠥᠷᠴᠡᠭ ᠲᠠᠬᠢ ᠬᠡᠪᠴᠢᠶ᠎ᠡ ᠪᠠᠷ ᠬᠠᠮᠤᠭ ᠤᠨ ᠶᠡᠭᠡ ᠣᠷᠣᠨ ᠪᠦᠰᠡ ᠶᠢᠨ ᠵᠠᠬ᠎ᠠ ᠳᠡᠯᠭᠡᠭᠦᠷ ᠤᠨ ᠨᠢᠭᠡ ᠶᠢ | ᠪᠦᠷᠢᠯᠳᠦᠭᠦᠯᠵᠦ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠤᠨ ᠲᠣᠮᠣ ᠵᠠᠬ᠎ᠠ | ᠳᠡᠯᠭᠡᠭᠦᠷ ᠢ ᠬᠠᠮᠲᠤ ᠪᠠᠷ ᠪᠠᠶᠢᠭᠤᠯᠬᠤ ᠶᠠᠪᠤᠴᠠ ᠳᠤ ᠪᠠᠨ ᠨᠡᠩ ᠡᠯᠪᠡᠭ ᠠᠰᠢᠭ ᠲᠤᠰᠠ ᠶᠢ ᠬᠠᠮᠲᠤ ᠪᠠᠷ ᠡᠳ᠋ᠯᠡᠬᠦ | ᠪᠣᠯᠣᠨ᠎ᠠ ᠃ ︽ᠬᠠᠷᠢᠴᠠᠭ᠎ᠠ ᠪᠠᠨ ᠰᠠᠯᠭᠠᠵᠤ ᠬᠡᠯᠬᠢᠶ᠎ᠡ ᠪᠠᠨ ᠲᠠᠰᠤᠯᠬᠤ︾ ᠪᠠ ︽ᠬᠡᠷᠡᠮ ᠪᠣᠰᠬᠠᠨ ᠬᠤᠷᠢᠭ᠎ᠠ | ᠪᠠᠶᠢᠭᠤᠯᠬᠤ ︾ ᠪᠠᠶᠢᠳᠠᠯ ᠣᠯᠠᠰᠢᠷᠠᠭᠰᠠᠨ ᠪᠠᠶᠢᠳᠠᠯ ᠤᠨ ᠡᠮᠦᠨ᠎ᠡ ᠪᠢᠳᠡ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠂ | ᠬᠠᠷᠢᠯᠴᠠᠨ ᠡᠷᠴᠢᠮᠵᠢᠭᠦᠯᠬᠦ ᠶᠢ ᠪᠠᠷᠢᠮᠲᠠᠯᠠᠪᠠᠯ ᠰᠠᠶ᠋ᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠵᠠ | ᠲᠣᠬᠢᠶᠠᠯ ᠢ ᠡᠭᠦᠳᠴᠦ ᠴᠢᠳᠠᠨ᠎ᠠ᠃ ᠡᠯ᠎ᠡ ᠤᠯᠤᠰ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ | ᠪᠦᠲᠦᠴᠡ ᠨᠢ ᠪᠦᠷ ᠠᠳᠠᠯᠢ ᠪᠤᠰᠤ ᠪᠠᠶᠢᠳᠠᠭ᠃ ᠤᠯᠠᠨ ᠤᠯᠤᠰ ᠤᠨ ᠠᠵᠤ ᠦᠢᠯᠡᠰ ᠤᠨ ᠬᠠᠮᠲᠤᠷᠠᠯᠴᠠᠭ᠎ᠠ ᠳᠤ | ᠢᠳᠡᠪᠬᠢᠲᠡᠢ ᠣᠷᠣᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠷ ᠢᠶᠠᠨ ᠪᠤᠰᠤᠳ ᠤᠯᠤᠰ ᠢ ᠡᠷᠴᠢᠮᠵᠢᠭᠦᠯᠵᠦ ᠂ | ᠪᠤᠰᠤᠳ ᠤᠯᠤᠰ ᠤᠨ ᠳᠠᠪᠠᠭᠤᠯᠢᠭ ᠢᠶᠠᠷ ᠥᠪᠡᠷ ᠢ ᠪᠠᠨ ᠬᠥᠭᠵᠢᠭᠦᠯᠪᠡᠯ᠂ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠪᠡᠶᠡᠯᠡᠭᠦᠯᠵᠦ᠂ ᠡᠯ᠎ᠡ ᠤᠯᠤᠰ ᠤᠨ ᠠᠵᠤ ᠦᠢᠯᠡᠰ ᠤᠨ ᠦᠢᠯᠡᠳᠦᠯ ᠴᠢᠳᠠᠪᠤᠷᠢ ᠪᠠ | ᠦᠷᠭᠦᠯᠵᠢᠯᠡᠬᠦᠶᠢᠴᠡ ᠬᠥᠭᠵᠢᠯᠲᠡ ᠶᠢᠨ ᠬᠥᠳᠡᠯᠭᠡᠭᠴᠢ ᠬᠦᠴᠦᠨ ᠢ ᠨᠡᠮᠡᠭᠳᠡᠭᠦᠯᠵᠦ ᠴᠢᠳᠠᠨ᠎ᠠ᠃ | ᠬᠤᠶᠠᠳᠤᠭᠠᠷ ᠲᠤ᠂ ᠳᠤᠮᠳᠠᠳᠤ ᠤᠯᠤᠰ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ | ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠤᠨ ᠨᠥᠬᠦᠷᠰᠡᠭ | ᠬᠠᠮᠲᠤᠷᠠᠯᠴᠠᠭ᠎ᠠ ᠥᠨᠢ ᠤᠳᠠᠭᠠᠨ ᠲᠡᠦᠬᠡ ᠲᠠᠢ ᠪᠠᠶᠢᠵᠤ᠂ ᠨᠡᠩ ᠰᠠᠶᠢᠨ ᠢᠷᠡᠭᠡᠳᠦᠢ ᠲᠠᠢ ᠪᠣᠯᠬᠤ ᠪᠣᠯᠣᠨ᠎ᠠ ᠃ | 2000 ᠭᠠᠷᠤᠢ ᠵᠢᠯ ᠤᠨ ᠡᠮᠦᠨ᠎ᠡ ᠳᠤᠮᠳᠠᠳᠤ ᠤᠯᠤᠰ ᠤᠨ ᠠᠩᠬᠠᠳᠠᠭᠴᠢ ᠲᠡᠮᠡᠭᠡᠨ ᠵᠢᠩ ᠳᠤᠮᠳᠠᠳᠤ ᠳᠣᠷᠣᠨᠠᠲᠤ ᠳᠤ | ᠬᠦᠷᠴᠦ᠂ ᠠᠩᠬᠠᠳᠠᠭᠴᠢ ᠣᠩᠭᠤᠴᠠᠨ ᠠᠩᠭᠢ ᠡᠮᠦᠨᠡᠲᠦ ᠲᠠᠯᠠᠢ ᠳᠠᠭᠠᠤ ᠣᠷᠣᠨ ᠳᠤ ᠬᠦᠷᠦᠭᠰᠡᠨ ᠠᠴᠠ ᠡᠬᠢᠯᠡᠨ᠂ | ᠭᠤᠷᠪᠠᠨ ᠲᠠᠯ᠎ᠠ ᠶᠢᠨ ᠤᠯᠤᠰ ᠤᠳ ᠤᠨ ᠠᠵᠤ ᠠᠬᠤᠢ ᠠᠷᠠᠯᠵᠢᠶ᠎ᠠ ᠪᠠ ᠬᠥᠮᠥᠨ ᠰᠣᠶᠣᠯ ᠤᠨ ᠶᠠᠪᠤᠯᠴᠠᠭ᠎ᠠ 20 | ᠭᠠᠷᠤᠢ ᠵᠠᠭᠤᠨ ᠢ ᠳᠠᠪᠠᠵᠤ᠂ ᠢᠮᠠᠭᠲᠠ ᠲᠠᠰᠤᠷᠠᠯᠳᠡ ᠦᠭᠡᠢ ᠦᠷᠭᠦᠯᠵᠢᠯᠡᠵᠦ᠂ ᠶᠠᠪᠤᠬᠤ ᠳᠤᠳᠤᠮ ᠰᠢᠨᠡᠳᠴᠦ | ᠢᠷᠡᠪᠡ᠃ ᠲᠡᠦᠬᠡ ᠶᠢᠨ ᠭᠦᠨ ᠵᠤᠵᠠᠭᠠᠨ ᠥᠪ ᠤᠯᠠᠮᠵᠢᠯᠠᠯ ᠠᠴᠠ ᠦᠵᠡᠬᠦ ᠳᠤ ᠭᠤᠷᠪᠠᠨ ᠲᠠᠯ᠎ᠠ ᠶᠢᠨ | ᠬᠠᠮᠲᠤᠷᠠᠯᠴᠠᠭ᠎ᠠ ᠯᠠᠪᠳᠠᠶ᠎ᠠ ᠦᠷᠭᠦᠯᠵᠢᠯᠡᠨ ᠭᠢᠯᠠᠯᠵᠠᠮ᠎ᠠ ᠠᠮᠵᠢᠯᠲᠠ ᠣᠯᠬᠤ ᠶᠤᠮ ᠃ ᠪᠢᠳᠡ ᠨᠡᠩ ᠭᠦᠢᠴᠡᠳ | ᠬᠥᠭᠵᠢᠯᠲᠡ ᠶᠢᠨ ᠣᠷᠣᠨ ᠵᠠᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠶᠡᠷᠦᠩᠬᠡᠢ ᠬᠥᠮᠥᠨ | ᠠᠮᠠ ᠪᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢ ᠪᠦᠬᠦ ᠪᠥᠮᠪᠥᠷᠴᠡᠭ ᠤᠨ ᠳᠥᠷᠪᠡᠨ ᠤ ᠨᠢᠭᠡ ᠶᠢ ᠡᠵᠡᠯᠡᠵᠦ | ᠪᠠᠶᠢᠭ᠎ᠠ ᠪᠣᠯᠪᠠᠴᠤ᠂ ᠣᠳᠣᠬᠠᠨ ᠳᠤ ᠠᠷᠠᠯᠵᠢᠶᠠᠨ ᠤ ᠶᠡᠷᠦᠩᠬᠡᠢ ᠬᠡᠮᠵᠢᠶ᠎ᠡ ᠨᠢ ᠪᠦᠬᠦ ᠪᠥᠮᠪᠥᠷᠴᠡᠭ ᠤᠨ ᠪᠠᠷᠤᠭ | 5% ᠶᠢ ᠯᠠ ᠡᠵᠡᠯᠡᠵᠦ ᠪᠠᠶᠢᠭ᠎ᠠ ᠪᠣᠯᠬᠤᠷ ᠪᠠᠰᠠ ᠮᠠᠰᠢ ᠶᠡᠭᠡ ᠳᠠᠯᠳᠠ ᠬᠦᠴᠦᠨ ᠲᠠᠢ ᠪᠢᠯᠡ᠃ ᠭᠤᠷᠪᠠᠨ ᠲᠠᠯ᠎ᠠ ᠶᠢᠨ | ᠬᠠᠮᠲᠤᠷᠠᠯᠴᠠᠭ᠎ᠠ ᠶᠢᠨ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ | ᠲᠠᠰᠤᠷᠠᠰᠢ ᠦᠭᠡᠢ ᠨᠡᠮᠡᠭᠳᠡᠯ ᠢ ᠪᠣᠢ ᠪᠣᠯᠭᠠᠵᠤ ᠂ ᠡᠯ᠎ᠡ ᠤᠯᠤᠰ ᠤᠨ ᠬᠥᠭᠵᠢᠯᠲᠡ ᠵᠢᠴᠢ ᠠᠵᠤ ᠠᠬᠤᠶᠢᠯᠠᠯ ᠤᠨ | ᠪᠤᠶᠢᠵᠢᠯᠲᠠ ᠶᠢ ᠬᠦᠴᠦᠲᠡᠢ ᠠᠬᠢᠭᠤᠯᠬᠤ ᠪᠣᠯᠣᠨ᠎ᠠ᠃ ᠪᠢᠳᠡ ᠨᠡᠩ ᠥᠨᠳᠥᠷ ᠬᠢᠷᠢ ᠲᠦᠪᠰᠢᠨ ᠪᠦᠬᠦᠢ ᠠᠵᠤ | ᠠᠬᠤᠢ ᠶᠢᠨ ᠦᠷ᠎ᠡ ᠠᠰᠢᠭ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠬᠦᠴᠦᠨ ᠵᠦᠢᠯ ᠤᠨ | ᠰᠠᠭᠠᠳ ᠦᠭᠡᠢ ᠰᠢᠯᠵᠢᠯᠲᠡ ᠪᠠ ᠠᠵᠤ ᠦᠢᠯᠡᠰ ᠤᠨ ᠵᠣᠯᠭᠠᠯᠴᠠᠭ᠎ᠠ ᠬᠠᠮᠵᠢᠯᠴᠠᠭ᠎ᠠ ᠨᠢ ᠥᠪᠡᠷ ᠤᠨ ᠦᠷᠳᠡᠭ ᠢᠶᠠᠷ | ᠨᠡᠩ ᠳᠣᠣᠷ᠎ᠠ ᠡᠨᠧᠷᠭᠢ ᠶᠢᠨ ᠡᠬᠢ ᠪᠠᠶᠠᠯᠢᠭ᠂ ᠪᠠᠷᠠᠭᠠᠨ ᠤ ᠭᠦᠢᠯᠭᠡᠭᠡᠨ ᠤ ᠨᠡᠩ ᠥᠨᠳᠥᠷ ᠪᠦᠲᠦᠮᠵᠢᠲᠡᠢ | ᠲᠣᠭᠲᠠᠯᠴᠠᠭ᠎ᠠ ᠂ ᠮᠥᠩᠭᠦᠨ ᠭᠦᠢᠯᠭᠡᠭᠡᠨ ᠤ ᠨᠡᠩ ᠳᠥᠭᠦᠮ ᠳᠥᠲᠡ ᠦᠢᠯᠡᠴᠢᠯᠡᠭᠡ᠂ ᠨᠡᠩ ᠲᠡᠷᠢᠭᠦᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠣᠢ ᠪᠣᠯᠭᠠᠬᠤ ᠶᠢ ᠬᠠᠷᠠᠭᠤᠯᠵᠤ ᠪᠣᠢ ᠂ ᠡᠨᠡ ᠨᠢ ᠭᠤᠷᠪᠠᠨ | ᠲᠠᠯ᠎ᠠ ᠶᠢᠨ ᠠᠵᠤ ᠠᠬᠤᠢ ᠶᠢᠨ ᠥᠷᠢᠰᠦᠯᠳᠦᠬᠦ ᠬᠦᠴᠦᠨ ᠪᠠ ᠤᠶᠠᠨ ᠬᠠᠳᠠᠨ ᠴᠢᠨᠠᠷ ᠢ ᠢᠯᠡᠳᠲᠡ ᠳᠡᠭᠡᠭᠰᠢᠯᠡᠭᠦᠯᠵᠦ᠂ | ᠨᠡᠩ ᠦᠷ᠎ᠡ ᠠᠰᠢᠭ ᠲᠠᠢ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃ ᠪᠢᠳᠡ ᠨᠡᠩ ᠰᠠᠶᠢᠨ | ᠠᠮᠢᠵᠢᠷᠠᠯ ᠤᠨ ᠬᠦᠴᠦᠨ ᠲᠠᠢ ᠰᠢᠨ᠎ᠡ ᠡᠭᠦᠳᠦᠯᠲᠡ ᠶᠢᠨ ᠠᠮᠢ ᠠᠬᠤᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ | ᠤᠯᠤᠰ ᠤᠳ ᠤᠨ ᠰᠢᠨ᠎ᠡ ᠡᠭᠦᠳᠦᠯᠲᠡ ᠨᠢ ᠴᠥᠮ ᠮᠠᠰᠢ ᠬᠥᠭᠵᠢᠶᠡᠨᠲᠡᠢ ᠪᠥᠭᠡᠳ ᠥᠪᠡᠷ ᠥᠪᠡᠷ ᠤᠨ ᠣᠨᠴᠠᠯᠢᠭ ᠲᠠᠢ | ᠶᠤᠮ᠃ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠡᠯ᠎ᠡ ᠤᠯᠤᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ | ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ᠂ ᠳᠠᠪᠠᠭᠤᠯᠢᠭ ᠢᠶᠠᠨ ᠠᠭᠤᠰᠤᠯᠴᠠᠭᠤᠯᠤᠨ ᠬᠠᠷᠢᠯᠴᠠᠨ | ᠨᠥᠬᠦᠪᠦᠷᠢᠯᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠰᠤᠳᠤᠯᠤᠨ ᠨᠡᠭᠡᠭᠡᠬᠦ ᠴᠢᠨᠠᠷᠯᠢᠭ | ᠲᠤᠯᠭᠠᠭᠤᠷᠢᠯᠠᠯ ᠪᠠ ᠬᠡᠷᠡᠭᠯᠡᠯᠲᠡ ᠶᠢᠨ ᠣᠯᠠᠨ ᠠᠬᠤᠢ ᠪᠠᠶᠢᠳᠠᠯ ᠢ ᠬᠠᠩᠭᠠᠨ ᠥᠭᠴᠦ ᠂ ᠨᠡᠩ ᠤᠯᠠᠨ ᠰᠢᠨ᠎ᠡ ᠠᠵᠤ | ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠶᠢᠵᠢᠭᠤᠯᠵᠤ᠂ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ | ᠲᠥᠯᠥᠪ ᠪᠠᠶᠢᠳᠠᠯ ᠳᠠᠬᠢ ᠭᠤᠷᠪᠠᠨ ᠲᠠᠯ᠎ᠠ ᠶᠢᠨ ᠬᠢᠨ ᠤ ᠪᠣᠳᠠᠲᠤ ᠬᠦᠴᠦᠨ ᠪᠠ ᠪᠠᠶᠢᠷᠢ ᠰᠠᠭᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠪᠣᠯᠣᠨ᠎ᠠ᠃ | ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠢᠯᠡᠷᠡᠭᠡᠳᠦᠢ ᠣᠷᠣᠨ ᠵᠠᠢ ᠬᠢᠵᠠᠭᠠᠷ ᠦᠭᠡᠢ ᠪᠠᠶᠢᠵᠤ ᠂ ᠪᠢᠳᠡ | ᠪᠣᠳᠠᠲᠤ ᠠᠵᠢᠯᠯᠠᠭ᠎ᠠ ᠪᠠᠷ ᠢᠷᠡᠭᠡᠳᠦᠢ ᠪᠠᠨ ᠨᠡᠩ ᠰᠠᠶᠢᠲᠤᠷ ᠡᠵᠡᠮᠳᠡᠨ ᠴᠣᠭᠴᠠᠯᠠᠬᠤ ᠴᠢᠬᠤᠯᠠᠲᠠᠢ ᠪᠠᠶᠢᠨ᠎ᠠ ᠃ | ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ | ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠯᠤᠭ᠎ᠠ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠬᠠᠮᠲᠤ ᠪᠠᠷ ᠴᠢᠩᠭᠠᠳᠬᠠᠵᠤ᠂ ᠣᠷᠣᠨ | ᠪᠦᠰᠡ ᠶᠢᠨ ᠨᠢᠭᠡ ᠴᠣᠭᠴᠠᠵᠢᠯᠲᠠ ᠶᠢᠨ ᠬᠠᠮᠲᠤᠷᠠᠯᠴᠠᠭ᠎ᠠ ᠶᠢ ᠬᠠᠮᠲᠤ ᠪᠠᠷ ᠭᠦᠨᠵᠡᠭᠡᠶᠢᠷᠡᠭᠦᠯᠵᠦ᠂ ᠠᠷᠠᠯᠵᠢᠶ᠎ᠠ ᠪᠠ | ᠪᠡᠯᠡ ᠣᠷᠣᠭᠤᠯᠤᠯᠲᠠ ᠶᠢᠨ ᠴᠢᠯᠦᠭᠡᠵᠢᠯᠲᠡ ᠪᠠ ᠳᠥᠭᠦᠮᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠡᠭᠦᠨ ᠤ ᠵᠡᠷᠭᠡ ᠪᠠᠷ ᠪᠢᠳᠡ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠤᠯᠠᠨ | ᠤᠯᠤᠰ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠬᠤ ᠶᠢ ᠠᠬᠢᠭᠤᠯᠬᠤ ᠴᠢᠬᠤᠯᠠᠲᠠᠢ ᠪᠠᠶᠢᠨ᠎ᠠ᠃ | ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ | ᠬᠤᠪᠢᠰᠤᠯᠲᠠ ᠶᠢᠨ ᠡᠮᠦᠨ᠎ᠡ᠂ ᠪᠢᠳᠡ ᠬᠠᠮᠲᠤ ᠪᠠᠷ ᠲᠡᠷᠢᠭᠦᠨ ᠲᠣᠬᠢᠶᠠᠯ ᠢ ᠠᠮᠵᠢᠵᠤ᠂ ᠳᠡᠭᠡᠳᠦ ᠮᠡᠷᠭᠡᠵᠢᠯ ᠤᠨ | ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶᠡᠨ ᠤ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠭᠤᠷᠪᠠᠨ ᠲᠠᠯ᠎ᠠ ᠶᠢᠨ ᠬᠠᠮᠲᠤ ᠶᠢᠨ | ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ ᠃ | ᠭᠤᠷᠪᠠᠳᠤᠭᠠᠷ ᠲᠤ᠂ ᠳᠤᠮᠳᠠᠳᠤ ᠤᠯᠤᠰ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠢᠶᠠᠨ ᠭᠤᠷᠪᠠᠨ | ᠲᠠᠯ᠎ᠠ ᠶᠢᠨ ᠬᠠᠮᠲᠤᠷᠠᠯᠴᠠᠭ᠎ᠠ ᠳᠤ ᠲᠠᠰᠤᠷᠠᠯᠲᠠ ᠦᠭᠡᠢ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠨ᠎ᠡ᠃ | ᠬᠥᠭᠵᠢᠯᠲᠡ ᠶᠢᠨ ᠪᠠᠶᠢᠳᠠᠯ ᠠᠴᠠ ᠠᠪᠴᠤ ᠬᠡᠯᠡᠪᠡᠯ᠂ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠤᠨ ᠠᠵᠤ | ᠠᠬᠤᠢ ᠦᠷᠭᠦᠯᠵᠢᠯᠡᠨ ᠰᠠᠶᠢᠵᠢᠷᠠᠵᠤ᠂ ᠨᠢᠭᠡᠳᠦᠭᠡᠷ ᠤᠯᠠᠷᠢᠯ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠪᠦᠬᠦ ᠪᠥᠮᠪᠥᠷᠴᠡᠭ ᠤᠨ ᠭᠤᠣᠯ | ᠪᠣᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠵᠠᠢ᠃ ᠠᠵᠤ ᠦᠢᠯᠡᠳᠪᠦᠷᠢ ᠡᠷᠴᠢᠮᠲᠡᠢ | ᠬᠥᠭᠵᠢᠯᠲᠡ ᠪᠠᠨ ᠪᠠᠲᠤᠯᠠᠵᠤ᠂ 1 – 4 ᠳ᠋ᠦ᠋ᠭᠡᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠡᠢ᠃ ᠭᠠᠳᠠᠭᠠᠳᠤ | ᠠᠷᠠᠯᠵᠢᠶᠠᠨ ᠤ ᠭᠠᠳᠠᠭᠠᠳᠤ ᠭᠠᠷᠭᠠᠯᠲᠠ ᠨᠢ ᠭᠠᠳᠠᠭᠠᠳᠤ ᠳᠠᠷᠤᠯᠲᠠ ᠶᠢᠨ ᠳᠣᠣᠷ᠎ᠠ ᠴᠤ ᠨᠡᠯᠢᠶᠡᠳ ᠴᠢᠩᠭ᠎ᠠ ᠤᠶᠠᠨ | ᠬᠠᠳᠠᠨ ᠴᠢᠨᠠᠷ ᠲᠠᠢ ᠪᠠᠶᠢᠵᠤ᠂ 1 – 4 ᠳ᠋ᠦ᠋ᠭᠡᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 7.5% ᠪᠠᠷ | ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠲᠠᠰᠤᠷᠠᠯᠳᠠ ᠦᠭᠡᠢ ᠬᠥᠭᠵᠢᠨ ᠪᠤᠵᠠᠭᠠᠶᠢᠷᠠᠵᠤ᠂ 1 – 4 ᠳ᠋ᠦ᠋ᠭᠡᠷ | ᠰᠠᠷ᠎ᠠ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ | 9.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 11. | 3% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠠ ᠪᠣᠷᠤᠯᠠᠭᠤᠯᠭ᠎ᠠ ᠴᠥᠮ | 400 ᠲᠦᠮᠡ ᠶᠢ ᠳᠠᠪᠠᠵᠤ᠂ ᠣᠶᠤᠨᠴᠢ ᠦᠢᠯᠡᠳᠪᠦᠷᠢ ᠶᠢᠨ ᠪᠦᠷᠬᠦᠴᠡ ᠨᠢ ᠦᠢᠯᠡᠳᠬᠦ ᠦᠢᠯᠡᠰ ᠤᠨ ᠠᠵᠢᠯ | ᠲᠦᠷᠦᠯ ᠤᠨ ᠶᠡᠭᠡ ᠲᠦᠷᠦᠯ ᠤᠨ 80% ᠶᠢ ᠳᠠᠪᠠᠪᠠ᠃ ᠡᠳᠡᠭᠡᠷ ᠠᠮᠵᠢᠯᠲᠠ ᠪᠦᠲᠦᠮᠵᠢ ᠨᠢ ᠳᠤᠮᠳᠠᠳᠤ ᠤᠯᠤᠰ ᠤᠨ | ᠠᠵᠤ ᠠᠬᠤᠢ ᠶᠢᠨ ᠬᠦᠴᠦᠷᠬᠡᠭ ᠶᠡᠭᠡ ᠲᠣᠭᠲᠠᠭᠤᠨ ᠴᠢᠨᠠᠷ ᠢ ᠭᠦᠢᠴᠡᠳ ᠬᠠᠷᠠᠭᠤᠯᠵᠤ ᠪᠠᠶᠢᠨ᠎ᠠ᠃ ᠶᠠᠭ | ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨ ︽ᠳᠤᠮᠳᠠᠳᠤ ᠤᠯᠤᠰ ᠤᠨ ᠠᠵᠤ ᠠᠬᠤᠢ ᠪᠣᠯ ᠨᠡᠯᠦᠭᠡᠷ | ᠶᠡᠭᠡ ᠲᠠᠯᠠᠢ ᠶᠤᠮ ᠂ ᠬᠠᠷᠢᠨ ᠵᠢᠵᠢᠭ ᠴᠥᠭᠦᠷᠥᠮ ᠪᠢᠰᠢ᠃ ︾ ᠭᠡᠳᠡᠭ ᠢᠶᠠᠷ ᠡᠨᠡ ᠬᠦ ᠶᠡᠭᠡ ᠲᠡᠯᠡᠶ ᠨᠢ ᠳᠣᠭᠰᠢᠨ | ᠰᠠᠯᠬᠢ ᠰᠢᠷᠦᠭᠦᠨ ᠪᠣᠷᠣᠭᠠᠨ ᠤ ᠰᠢᠯᠭᠠᠯᠲᠠ ᠶᠢ ᠥᠩᠭᠡᠷᠡᠭᠡᠵᠦ ᠂ ᠤᠳᠠᠭ᠎ᠠ ᠪᠦᠷᠢ ᠶᠢᠨ ᠰᠠᠯᠬᠢ ᠳᠠᠪᠠᠯᠭᠠᠨ ᠤ ᠳᠠᠷᠠᠭ᠎ᠠ | ᠂ ᠨᠠᠩ ᠨᠡᠯᠦᠭᠡᠷ ᠭᠦᠨ ᠂ ᠪᠠᠭᠲᠠᠭᠠᠮᠵᠢᠲᠠᠢ ᠨᠡᠭᠡᠭᠡᠯᠲᠡ ᠲᠠᠢ ᠪᠣᠯᠬᠤ ᠪᠣᠯᠣᠨ᠎ᠠ ᠃ | ᠬᠤᠷᠸ᠎ᠠ ᠲᠥᠷᠥ ᠶᠢᠨ ᠪᠣᠳᠣᠯᠭ᠎ᠠ ᠠᠴᠠ ᠠᠪᠴᠤ ᠬᠡᠯᠡᠪᠡᠯ᠂ ᠭᠠᠳᠠᠭᠠᠳᠤ ᠣᠷᠴᠢᠨ ᠨᠥᠬᠦᠴᠡᠯ ᠠᠴᠠ | ᠪᠣᠯᠤᠭᠰᠠᠨ ᠲᠦᠭᠰᠢᠭᠦᠷᠢ ᠪᠠ ᠥᠷᠢᠰᠦᠯᠳᠦᠭᠡᠨ ᠤ ᠡᠮᠦᠨ᠎ᠡ᠂ ᠪᠢᠳᠡ ᠨᠡᠩ ᠢᠳᠡᠪᠬᠢᠲᠡᠢ ᠪᠥᠭᠡᠳ ᠪᠦᠲᠦᠮᠵᠢᠲᠡᠶ | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠨᠡᠩ ᠢᠳᠡᠪᠬᠢᠲᠡᠢ | ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠦᠭᠡᠳ᠂ ᠡᠳ᠋ ᠤᠨ ᠵᠠᠰᠠᠭ ᠤᠨ ᠵᠠᠷᠤᠯᠭ᠎ᠠ ᠶᠢᠨ ᠬᠡᠪᠴᠢᠶᠡᠵᠢᠯ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠴᠦ᠂ ᠵᠣᠭᠤᠰ ᠪᠠ ᠮᠥᠩᠭᠦᠨ ᠭᠦᠢᠯᠭᠡᠭᠡᠨ ᠤ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ | ᠡᠷᠴᠢᠮ ᠢᠶᠠᠨ ᠢᠯᠡᠳᠲᠡ ᠴᠢᠩᠭᠠᠷᠠᠭᠤᠯᠵᠤ᠂ ᠨᠡᠶᠢᠭᠡᠮ ᠤᠨ ᠶᠡᠷᠦᠩᠬᠡᠢ ᠬᠡᠷᠡᠭᠴᠡᠭᠡ ᠶᠢᠨ ᠥᠷᠭᠡᠳᠬᠦ ᠳᠤ ᠬᠦᠴᠦᠲᠡᠢ | ᠲᠤᠯᠭᠠᠭᠤᠷᠢᠯᠠᠯ ᠬᠠᠩᠭᠠᠪᠠ᠃ ᠳᠠᠷᠠᠭᠠᠴᠢ ᠶᠢᠨ ᠠᠯᠬᠤᠮ ᠳᠤ᠂ ᠪᠢᠳᠡ ᠪᠠᠰᠠ ᠪᠠᠶᠢᠳᠠᠯ ᠤᠨ ᠬᠤᠪᠢᠷᠠᠯᠲᠠ ᠶᠢ | ᠦᠨᠳᠦᠰᠦᠯᠡᠨ᠂ ᠰᠥᠷᠭᠡᠦ ᠦᠶᠡᠯᠡᠯ ᠤᠨ ᠬᠤᠭᠤᠴᠠᠭᠠᠨ ᠳᠠᠬᠢ ᠲᠣᠬᠢᠷᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠤᠨ᠎ᠠ᠃ ᠢᠷᠡᠭᠡᠳᠦᠢ ᠳᠤ ᠶᠠᠮᠠᠷᠪᠠ ᠥᠷᠢᠰᠦᠯᠳᠦᠭᠡᠨ ᠳᠤ ᠲᠤᠯᠭᠠᠷᠠᠭᠰᠠᠨ ᠴᠤ ᠪᠢᠳᠡᠨ ᠳᠤ ᠳᠤᠮᠳᠠᠳᠤ | ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠪᠠᠨ ᠯᠠᠪᠳᠠᠭᠤᠨ ᠢᠶᠠᠷ ᠬᠤᠯᠠ ᠠᠶᠠᠯᠠᠭᠤᠯᠬᠤ ᠪᠠᠲᠤᠯᠠᠬᠤ | ᠴᠢᠳᠠᠪᠤᠷᠢ ᠪᠠ ᠢᠲᠡᠭᠡᠯ ᠪᠠᠶᠢᠨ᠎ᠠ ᠃ | ᠪᠠᠶᠢᠯᠳᠤᠬᠤ ᠪᠣᠳᠣᠯᠭ᠎ᠠ ᠶᠢᠨ ᠬᠠᠨᠳᠤᠰᠢ ᠠᠴᠠ ᠠᠪᠴᠤ ᠬᠡᠯᠡᠪᠡᠯ᠂ ᠳᠤᠮᠳᠠᠳᠤ ᠤᠯᠤᠰ ᠪᠣᠯ ᠭᠡᠳᠤ ᠶᠡᠭᠡ | ᠬᠡᠪᠴᠢᠶᠡᠵᠢᠯ ᠤᠨ ᠠᠵᠤ ᠠᠬᠤᠢ ᠶᠢᠨ ᠴᠣᠭᠴᠠ ᠮᠥᠨ᠂ ᠳᠣᠲᠣᠭᠠᠳᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠂ | ᠳᠣᠲᠣᠭᠠᠳᠤ ᠳᠤ ᠪᠠᠨ ᠣᠷᠴᠢᠯᠳᠤᠬᠤᠶᠢᠴᠠ ᠪᠣᠯᠭᠠᠬᠤ ᠪᠣᠯ ᠲᠣᠮᠣ ᠤᠯᠤᠰ ᠤᠨ ᠠᠵᠤ ᠠᠬᠤᠢ ᠶᠢᠨ ᠥᠪᠡᠷᠮᠢᠴᠡ | ᠳᠠᠪᠠᠭᠤᠯᠢᠭ ᠮᠥᠨ᠃ ᠪᠢᠳᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠭᠰᠣᠴᠠ ᠪᠠᠨ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠳᠤ ᠨᠡᠩ | ᠢᠯᠡᠭᠦᠦ ᠬᠦᠴᠦ ᠲᠠᠯᠪᠢᠵᠤ᠂ ᠳᠤᠮᠳᠠᠳᠤ ᠤᠯᠤᠰ ᠤᠨ ᠠᠵᠤ ᠠᠬᠤᠢ ᠶᠢᠨ ᠳᠣᠲᠣᠭᠠᠳᠤ ᠬᠥᠳᠡᠯᠭᠡᠭᠴᠢ ᠬᠦᠴᠦᠨ ᠢᠶᠠᠨ | ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ ᠃ ᠪᠢᠳᠡ ᠤᠳᠤ ᠶᠠᠭ ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠪᠠᠶᠢᠯᠳᠤᠬᠤ ᠪᠣᠳᠣᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ | ᠥᠷᠨᠢᠭᠦᠯᠵᠦ᠂ ᠲᠦᠷᠦ ᠶᠢᠨ ᠪᠣᠳᠣᠯᠭ᠎ᠠ ᠶᠢᠨ ᠡᠬᠢ ᠪᠠᠶᠠᠯᠢᠭ ᠢ ᠬᠡᠷᠡᠭᠯᠡᠭᠡᠨ ᠤ ᠬᠦᠷᠢᠶ᠎ᠡ ᠲᠡᠶᠢᠰᠢ ᠨᠡᠩ ᠢᠯᠡᠭᠦᠦ | ᠬᠡᠯᠪᠡᠶᠢᠯᠭᠡᠵᠦ ᠪᠠᠶᠢᠨ᠎ᠠ᠂ ᠡᠨᠡ ᠨᠢ ᠬᠡᠷᠡᠭᠴᠡᠭᠡᠨ ᠤ ᠯᠤᠲᠤ ᠶᠡᠭᠡ ᠲᠠᠯᠳᠠ ᠬᠦᠴᠦᠨ ᠢ ᠪᠠᠳᠠᠷᠠᠭᠤᠯᠬᠤ ᠪᠣᠯᠣᠨ᠎ᠠ᠃ | ᠪᠢᠳᠡ ᠪᠠᠰᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ | ᠦᠢᠯᠡᠰ ᠤᠨ ᠳᠡᠭᠡᠳᠦ ᠳᠡᠰᠵᠢᠬᠦ ᠂ ᠣᠶᠤᠨᠴᠢᠯᠠᠬᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ ᠪᠠᠶᠢᠨ᠎ᠠ᠂ ᠡᠨᠡ ᠨᠢ ᠪᠠᠰᠠ ᠨᠡᠩ ᠤᠯᠠᠨ ᠰᠢᠨ᠎ᠡ ᠬᠡᠷᠡᠭᠴᠡᠭᠡ ᠶᠢ ᠡᠭᠦᠳᠬᠦ ᠪᠣᠯᠣᠨ᠎ᠠ᠃ | ᠳᠤᠮᠳᠠᠳᠤ ᠤᠯᠤᠰ ᠤᠨ ᠠᠵᠤ ᠠᠬᠤᠢ ᠶᠢᠨ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠯ ᠨᠢ ᠡᠯ᠎ᠡ ᠤᠯᠤᠰ ᠤᠨ ᠴᠢᠨᠠᠷ | ᠰᠠᠶᠢᠲᠠᠢ ᠦᠢᠯᠡᠳᠬᠦᠨ ᠳᠤ ᠯᠤᠲᠤ ᠶᠡᠭᠡ ᠵᠠᠬ᠎ᠠ ᠳᠡᠯᠭᠡᠭᠦᠷ ᠬᠠᠩᠭᠠᠵᠤ ᠴᠢᠳᠠᠬᠤ ᠶᠤᠮ᠃ ᠪᠢᠳᠡ ᠥᠨᠳᠥᠷ ᠲᠦᠪᠰᠢᠨ | ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠪᠠ | ᠭᠠᠭᠴᠠ ᠲᠠᠯ᠎ᠠ ᠠᠴᠠ ᠨᠡᠭᠡᠭᠡᠯᠲᠡ ᠬᠢᠬᠦ ᠨᠡᠩ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠬᠠᠷᠢᠯᠴᠠᠨ ᠠᠬᠢᠬᠤ ᠶᠢ ᠠᠬᠢᠭᠤᠯᠵᠤ᠂ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠ ᠲᠠᠯᠠᠢ ᠶᠢᠨ ᠪᠣᠯᠣᠩ ᠤᠨ ᠠᠷᠠᠪ ᠤᠯᠤᠰ ᠤᠳ ᠤᠨ | ᠬᠠᠮᠲᠤᠷᠠᠯᠴᠠᠭᠠᠨ ᠤ ᠵᠥᠪᠯᠡᠯ ᠤᠨ ᠤᠯᠤᠰ ᠵᠢᠴᠢ ᠳᠡᠯᠡᠬᠡᠢ ᠶᠢᠨ ᠡᠯ᠎ᠡ ᠤᠯᠤᠰ ᠤᠨ ᠠᠵᠤ ᠠᠬᠤᠶᠢᠯᠠᠯ ᠳᠤ ᠳᠤᠮᠳᠠᠳᠤ | ᠤᠯᠤᠰ ᠤᠨ ᠬᠥᠭᠵᠢᠯᠲᠡ ᠶᠢᠨ ᠠᠵᠠ ᠲᠣᠬᠢᠶᠠᠯ ᠢ ᠭᠦᠢᠴᠡᠳ ᠡᠳ᠋ᠯᠡᠭᠦᠯᠬᠦ ᠪᠣᠯᠣᠨ᠎ᠠ ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠂ | ᠬᠠᠮᠲᠤᠷᠠᠯᠴᠠᠭ᠎ᠠ ᠪᠣᠯ ᠬᠠᠮᠲᠤ ᠶᠢᠨ ᠬᠠᠲᠠᠭᠤ ᠰᠢᠯᠭᠠᠯᠲᠠ ᠶᠢ ᠲᠤᠭᠤᠯᠤᠨ ᠭᠠᠷᠬᠤ ᠴᠣᠷᠢ ᠶᠢᠨ ᠭᠠᠭᠴᠠ ᠵᠥᠪ | ᠬᠠᠷᠢᠭᠤᠯᠲᠠ ᠪᠣᠯᠣᠨ᠎ᠠ ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ | ᠤᠯᠤᠰ ᠤᠳ ᠲᠠᠢ ᠬᠠᠮᠲᠤ ᠪᠠᠷ ᠴᠢᠷᠮᠠᠶᠢᠵᠤ᠂ ᠨᠡᠭᠡᠭᠡᠯᠲᠡ ᠬᠠᠮᠲᠤᠷᠠᠯᠴᠠᠭ᠎ᠠ ᠪᠠᠷ ᠢᠶᠠᠨ ᠣᠯᠠᠨ ᠠᠴᠠ | ᠭᠦᠨᠵᠡᠭᠡᠶᠢᠷᠡᠭᠦᠯᠵᠦ ᠪᠠᠶᠢᠭᠠᠳ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠵᠤ᠂ ᠭᠠᠷ ᠬᠤᠯᠪᠣᠨ ᠠᠵᠠ | ᠲᠣᠬᠢᠶᠠᠯ ᠢ ᠬᠠᠮᠲᠤ ᠪᠠᠷ ᠡᠭᠦᠳᠴᠦ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠶ᠎ᠡ ᠃ | ᠪᠠᠶᠠᠷᠯᠠᠯ᠎ᠠ︕ | |