ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠦᠷᠦᠭᠦᠬᠡᠨ ᠵᠠᠷᠯᠢᠭ ᠲᠤ ᠭᠠᠷ ᠤᠨ ᠦᠰᠦᠭ ᠵᠢᠷᠤᠵᠤ᠂ | ︽ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠯ ᠤᠨ ᠳᠦᠷᠢᠮ︾ ᠢ ᠨᠡᠶᠢᠲᠡᠯᠡᠪᠡ᠂ | 2025 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ︽ ᠳᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠱᠠᠩᠨᠠᠯ ᠤᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠭᠦᠨᠵᠡᠭᠡᠢ ᠳ᠋ᠦᠩᠨᠡᠵᠦ᠂ ᠰᠢᠨ᠎ᠡ ᠪᠠᠶᠢᠳᠠᠯ | ᠳᠣᠣᠷᠠᠬᠢ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠠᠵᠢᠯ ᠢ ᠰᠢᠰᠲ᠋ᠧᠮ ᠲᠠᠢ | ᠵᠢᠷᠤᠮᠵᠢᠭᠤᠯᠪᠠ᠂ ᠡᠨᠡ ᠪᠣᠯ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠠᠵᠢᠯ ᠢ | ᠥᠷᠨᠢᠭᠦᠯᠬᠦ ᠦᠨᠳᠦᠰᠦᠨ ᠬᠠᠤᠯᠢ ᠲᠣᠭᠲᠠᠭᠠᠯ ᠤᠨ ᠦᠨᠳᠦᠰᠦᠯᠡᠯ ᠮᠥᠨ᠃ | ︽ᠳᠦᠷᠢᠮ︾ ᠨᠢ ᠨᠡᠶᠢᠳᠡ 8 ᠪᠦᠯᠦᠭ 42 ᠵᠦᠢᠯ ᠢᠶᠠᠷ ᠪᠦᠷᠢᠯᠳᠦᠵᠦ᠂ ᠴᠡᠷᠢᠭ ᠤᠨ ᠶᠠᠪᠤᠳᠠᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠰᠢᠨ᠎ᠡ ᠶᠢ ᠡᠭᠦᠳᠴᠦ ᠬᠥᠭᠵᠢᠬᠦ᠂ ᠪᠠᠶᠢᠯᠳᠤᠭᠠᠨ ᠳᠤ | ᠬᠠᠨᠳᠤᠭᠤᠯᠵᠤ ᠪᠠᠶᠢᠯᠳᠤᠭᠠᠨ ᠤ ᠪᠡᠯᠡᠳᠬᠡᠯ ᠬᠢᠬᠦ ᠪᠠᠶᠢᠳᠠᠯ ᠤᠨ ᠡᠭᠦᠷᠭᠡ ᠶᠢᠨ ᠬᠡᠷᠡᠭᠴᠡᠭᠡ ᠳᠤ ᠵᠣᠬᠢᠴᠠᠵᠤ᠂ | ᠪᠠᠶᠢᠯᠳᠤᠬᠤ ᠬᠦᠴᠦᠨ ᠡᠨᠡᠬᠦ ᠴᠤᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠤ᠂ | ᠴᠡᠷᠢᠭ ᠤᠨ ᠶᠠᠪᠤᠳᠠᠯ ᠤᠨ ᠣᠨᠴᠠᠯᠢᠭ ᠢᠯᠡ ᠲᠣᠳᠣ᠂ ᠪᠦᠲᠦᠴᠡ ᠶᠢᠨ ᠲᠡᠰ ᠳᠠᠪᠬᠤᠷᠭ᠎ᠠ ᠵᠦᠢ ᠵᠣᠬᠢᠰᠲᠠᠢ᠂ | ᠦᠨᠡᠯᠡᠬᠦ ᠪᠠᠷᠢᠮᠵᠢᠶ᠎ᠠ ᠰᠢᠨᠵᠢᠯᠡᠬᠦ ᠤᠬᠠᠭᠠᠨᠴᠢ᠂ ᠤᠯᠤᠰ ᠪᠣᠯᠣᠨ ᠴᠡᠷᠢᠭ ᠠᠩᠭᠢ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠲᠠᠢ ᠨᠢᠭᠲᠠ ᠤᠶᠠᠯᠳᠤᠭᠰᠠᠨ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠱᠠᠩᠨᠠᠬᠤ ᠰᠢᠰᠲ᠋ᠧᠮ ᠢ ᠪᠠᠶᠢᠭᠤᠯᠪᠠ ︔ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠢ᠂ ᠳᠡᠰ | ᠳᠠᠷᠠᠭᠠᠯᠠᠯ ᠨᠢ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠪᠠ ︔ | ᠱᠠᠩᠨᠠᠯ ᠳᠤ ᠳᠡᠪᠰᠢᠭᠦᠯᠬᠦ᠂ ᠬᠢᠨᠠᠨ ᠲᠣᠭᠲᠠᠭᠠᠬᠤ᠂ ᠱᠠᠩᠨᠠᠯ ᠣᠯᠭᠤᠬᠤ ᠪᠠ ᠣᠨᠳᠣᠣ ᠰᠠᠨᠠᠯ ᠢ ᠰᠢᠢᠳᠪᠦᠷᠢᠯᠡᠬᠦ ᠵᠡᠷᠭᠡ | ᠪᠦᠭᠦ ᠶᠠᠪᠤᠴᠠ ᠶᠢᠨ ᠠᠵᠢᠯ ᠢ ᠵᠢᠷᠤᠮᠵᠢᠭᠤᠯᠪᠠ ︔ ᠰᠤᠷᠲᠠᠯ ᠤᠨ ᠰᠠᠬᠢᠯᠭ᠎ᠠ ᠪᠠᠲᠤ᠂ ᠬᠠᠷᠢᠭᠤᠴᠠᠯᠭ᠎ᠠ ᠲᠤᠯᠭᠠᠵᠤ | ᠰᠢᠢᠳᠪᠦᠷᠢᠯᠡᠬᠦ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠲᠡᠭᠦᠯᠳᠡᠷᠵᠢᠭᠦᠯᠦᠭᠰᠡᠨ ᠪᠥᠭᠡᠳ ᠬᠠᠮᠢᠶ᠎ᠠ ᠪᠦᠬᠦᠢ ᠬᠡᠷᠡᠭᠯᠡᠬᠦ ᠳᠤ ᠲᠣᠬᠢᠷᠠᠬᠤ ᠪᠠᠶᠢᠳᠠᠯ ᠢ ᠲᠣᠳᠣᠷᠬᠠᠶᠢᠯᠠᠪᠠ᠃ ︽ | ᠳᠦᠷᠢᠮ ︾ ᠢ ᠨᠡᠶᠢᠲᠡᠯᠡᠨ ᠬᠡᠷᠡᠭᠵᠢᠭᠦᠯᠬᠦ ᠨᠢ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠱᠠᠩᠨᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠵᠤ᠂ ᠴᠡᠷᠢᠭ ᠤᠨ | ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠦᠨ | ᠂ ᠴᠡᠷᠢᠭ ᠤᠨ ᠶᠠᠪᠤᠳᠠᠯ ᠤᠨ ᠣᠨᠣᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠭ᠎ᠠ ᠶᠢ ᠲᠦᠷᠭᠡᠳᠬᠡᠵᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠩᠭᠠᠯᠭ᠎ᠠ ᠪᠠᠷ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ | ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ | |