ᠠᠷᠠᠳ ᠤᠨ ᠡᠳᠦᠷ ᠤᠨ ᠰᠣᠨᠢᠨ᠄ ᠤᠰᠤᠨ ᠠᠰᠢᠭᠯᠠᠯᠲᠠ ᠶᠢᠨ ᠶᠠᠮᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠤ ᠰᠢᠷᠦᠭᠦᠨ ᠪᠣᠷᠣᠭᠠᠨ ᠢ ᠰᠡᠷᠭᠡᠶᠢᠯᠡᠨ ᠠᠷᠭᠠᠴᠠᠭᠠᠬᠤ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/5/30
        ︽ᠠᠷᠠᠣᠠ ᠤᠨ ᠡᠳᠦᠷ ᠤᠨ ᠰᠣᠨᠢᠠ︾ ︵2025 ᠣᠨ ᠤ 05 ᠳ᠋ᠤᠭᠠᠷ ᠰᠠᠷ᠎ᠠ ᠶᠢᠨ 30 ᠤ ᠡᠳᠦᠷ 04 ᠳ᠋ᠦ᠋ᠭᠡᠷ ᠬᠡᠪᠯᠡᠯ︶   ᠲᠤᠰ ᠰᠤᠨᠢᠨ ᠪᠡᠭᠡᠵᠢᠩ ᠤᠨ 5 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ︵ᠰᠣᠷᠪᠤᠯᠵᠢᠯᠠᠬᠴᠢ ᠸᠠᠩ ᠬᠤᠤ︶ ᠰᠣᠷᠪᠤᠯᠵᠢᠯᠠᠬᠴᠢ ᠣᠰᠣᠠ ᠠᠰᠢᠬᠯᠠᠯᠲᠠ ᠶᠢᠨ ᠶᠠᠮᠣᠠ ᠠᠴᠠ ᠣᠢᠢᠯᠠᠭᠠᠵᠤ ᠮᠡᠳᠡᠭᠰᠡᠨ ᠨᠢ᠄ ᠣᠰᠣᠠ ᠠᠰᠢᠬᠯᠠᠯᠲᠠ ᠶᠢᠨ ᠶᠠᠮᠣᠠ 29 ᠤ ᠡᠳᠦᠷ ᠲᠤᠰᠬᠠᠢ ᠰᠡᠳᠦᠪ ᠢᠶᠠᠷ ᠵᠥᠪᠳᠡᠯᠴᠡᠨ ᠰᠤᠳᠤᠯᠵᠤ ᠮᠠᠭᠠᠳᠯᠠᠨ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠭᠠᠷᠴᠤ ᠮᠡᠳᠡᠬᠦ ᠰᠢᠷᠦᠭᠦᠨ ᠪᠣᠷᠣᠭᠠᠨ ᠳᠤ ᠴᠢᠭᠯᠡᠭᠦᠯᠦᠨ ᠬᠠᠨᠳᠤᠯᠭᠠᠲᠤ ᠴᠢᠨᠠᠷᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ       ᠬᠢᠪᠡ᠃  ᠤᠷᠢᠳᠴᠢᠯᠠᠭᠰᠠᠨ ᠮᠡᠳᠡᠭᠡ ᠶᠢ ᠦᠨᠲᠦᠰᠦᠯᠡᠪᠡᠯ᠂ 5 ᠳ᠋ᠤᠭᠠᠷ ᠰᠠᠷ᠎ᠠ ᠶᠢᠨ 30 ᠤ ᠡᠲᠦᠷ ᠠᠴᠠ 6 ᠳ᠋ᠤᠭᠠᠷ ᠰᠠᠷ᠎ᠠ ᠶᠢᠨ 2 ᠤᠨ ᠡᠳᠦᠷ ᠪᠤᠯᠲᠠᠯ᠎ᠠ᠂ ᠮᠠᠨ ᠤ ᠤᠯᠤᠰ ᠤᠨ ᠪᠠᠷᠠᠭᠤᠨ ᠬᠤᠶᠢᠲᠤ ᠬᠡᠰᠡᠭ᠂ ᠪᠠᠷᠠᠭᠤᠨ ᠡᠮᠦᠨᠡᠲᠦ ᠬᠡᠰᠡᠭ᠂ ᠵᠢᠶᠠᠩᠨᠠᠨ᠂ ᠵᠢᠶᠠᠩ ᠬᠤᠸᠠᠢ ᠶᠢᠨ ᠪᠠᠷᠠᠭᠤᠨ ᠡᠮᠦᠨ᠎ᠡ ᠬᠡᠰᠡᠭ᠂ ᠡᠮᠦᠨᠡᠲᠦ ᠣᠷᠣᠨ ᠤ ᠪᠠᠷᠠᠭᠤᠨ ᠬᠡᠰᠡᠭ ᠤᠨ ᠳᠤᠮᠳᠠ ᠬᠡᠰᠡᠭ ᠪᠤᠯᠤᠨ ᠬᠤᠪᠸᠢ ᠵᠡᠷᠬᠡ ᠭᠠᠵᠠᠷ ᠲᠤ ᠨᠢᠬᠡ ᠤᠲᠠᠭ᠎ᠠ ᠶᠡᠭᠡ ᠪᠤᠷᠤᠭᠠᠨ ᠤᠷᠤᠬᠤ ᠪᠤᠯᠤᠨ᠎ᠠ᠂ ᠡᠭᠦᠨ ᠳᠤ ᠬᠤᠪᠸᠢ ᠶᠢᠨ ᠵᠡᠭᠦᠨ ᠬᠡᠰᠡᠭ ᠤᠨ ᠡᠮᠦᠨ᠎ᠡ ᠬᠡᠰᠡᠭ᠂ ᠠᠨᠾᠦ᠋ᠢ ᠮᠤᠵᠢ ᠶᠢᠨ ᠳᠤᠮᠲᠠ ᠬᠡᠰᠡᠭ ᠤᠨ ᠡᠮᠦᠨ᠎ᠡ ᠬᠡᠰᠡᠭ᠂ ᠬᠤᠨᠠᠨ ᠤ ᠬᠤᠶᠢᠲᠤ ᠬᠡᠰᠡᠭ᠂ ᠵᠢᠶᠠᠩᠰᠢ ᠶᠢᠨ ᠡᠮᠦᠨ᠎ᠡ ᠬᠡᠰᠡᠭ᠂ ᠵᠢᠶᠠᠩᠰᠦ ᠶᠢᠨ ᠡᠮᠦᠨ᠎ᠡ ᠬᠡᠰᠡᠭ᠂ ᠱᠠᠩᠬᠠᠢ ᠂ ᠵᠧᠵᠢᠶᠠᠩ ᠤᠨ ᠬᠤᠶᠢᠲᠤ ᠬᠡᠰᠡᠭ᠂ ᠭᠦᠢᠵᠸᠦ ᠶᠢᠨ ᠵᠡᠭᠦᠨ ᠡᠮᠦᠨ᠎ᠡ ᠬᠡᠰᠡᠭ ᠵᠡᠷᠬᠡ ᠭᠠᠵᠠᠷ ᠲᠤ ᠪᠤᠷᠤᠭᠠᠨ ᠤᠷᠤᠵᠤ ᠶᠡᠭᠡ ᠪᠤᠷᠤᠭᠠᠨ ᠤᠷᠤᠬᠤ ᠪᠤᠯᠤᠨ᠎ᠠ᠃ ᠬᠤᠷ᠎ᠠ ᠪᠣᠷᠣᠭᠠᠨ ᠤ ᠨᠥᠯᠥᠭᠡ ᠪᠠᠷ ᠬᠥᠬᠡᠮᠥ᠋ᠷᠡᠨ ᠤ ᠰᠠᠪᠠ ᠭᠠᠵᠠᠷ ᠤᠨ ᠳᠡᠭᠡᠳᠦ ᠤᠷᠤᠰᠬᠠᠯ ᠤᠨ ᠰᠠᠯᠪᠤᠷᠢ ᠤᠷᠤᠰᠬᠠᠯ ᠦᠵᠢᠶᠠᠩ᠂ ᠳᠤᠮᠳᠠᠳᠤ ᠳᠣᠣᠷᠠᠳᠤ ᠤᠷᠤᠰᠬᠠᠯ ᠮᠥᠷᠡᠨ ᠳᠠᠭᠠᠤ᠂ ᠬᠠᠨᠵᠢᠶᠠᠩ ᠮᠥᠷᠡᠨ ᠤ ᠳᠣᠣᠷᠠᠲᠤ ᠤᠷᠤᠰᠬᠠᠯ ᠳᠠᠭᠠᠤ ᠮᠥᠷᠡᠨ᠂ ᠳ᠋ᠦᠩ ᠲᠢᠩ ᠬᠤ᠋ ᠨᠠᠭᠤᠷ ᠤᠨ ᠣᠷᠣᠨ ᠵᠢᠴᠢ ᠯᠢ ᠱᠦᠢ᠂ ᠶᠤᠸᠠᠨᠵᠢᠶᠠᠩ ᠮᠥᠷᠡᠨ᠂ ᠽᠢ ᠱᠦᠢ᠂ ᠰᠢᠶᠠᠩᠵᠢᠶᠠᠩ ᠮᠥᠷᠡᠨ᠂ ᠫᠦᠸᠧ ᠶᠠᠩ ᠬᠤ᠋ ᠨᠠᠭᠤᠷ ᠤᠨ ᠣᠷᠣᠨ ᠵᠢᠴᠢ ᠷᠤᠤ ᠡᠾᠧ᠂ ᠰᠢᠨᠵᠢᠶᠠᠩ ᠮᠥᠷᠡᠨ᠂ ᠹᠦ᠋ ᠾᠧ ᠭᠤᠣᠯ᠂ ᠰᠢᠦ ᠱᠦᠢ᠂ ᠭᠠᠨᠵᠢᠶᠠᠩ ᠮᠥᠷᠡᠨ︔ ᠵᠦᠵᠢᠶᠠᠩ ᠮᠥᠷᠡᠨ ᠤ ᠰᠠᠪᠠ ᠭᠠᠵᠠᠷ ᠤᠨ ᠪᠧᠢ ᠵᠢᠶᠠᠩ ᠪᠣᠯᠤᠨ ᠰᠢ ᠵᠢᠶᠠᠩ ᠤᠨ ᠰᠠᠯᠪᠤᠷᠢ ᠤᠷᠤᠰᠬᠠᠯ ᠤᠨ ᠯᠢᠦ ᠵᠢᠶᠠᠩ᠂ ᠬᠦᠢ ᠵᠢᠶᠠᠩ︔ ᠵᠧᠵᠢᠶᠠᠩ ᠹᠦᠵᠢᠶᠠᠨ ᠭᠠᠵᠠᠷ ᠤᠷᠤᠨ ᠤ ᠴᠢᠶᠠᠨ ᠳᠠᠩ ᠵᠢᠶᠠᠩ ᠮᠥᠷᠡᠨ ᠵᠢᠴᠢ ᠲᠠᠢ ᠬᠤ᠋ ᠨᠠᠭᠤᠷ ᠤᠨ ᠡᠷᠭᠢᠨ ᠲᠣᠭᠤᠷᠢᠨ ᠵᠡᠷᠭᠡ ᠭᠤᠣᠯ ᠮᠥᠷᠡᠨ ᠤ ᠤᠰᠤᠨ ᠤᠷᠤᠰᠬᠠᠯ ᠢᠯᠡᠳᠲᠡ ᠨᠡᠮᠡᠭᠳᠡᠬᠦ ᠪᠣᠯᠤᠨ᠎ᠠ᠃ ᠰᠢᠷᠦᠭᠦᠨ ᠪᠣᠷᠣᠭᠠᠨ ᠤ ᠣᠷᠣᠨ ᠳᠤ ᠬᠡᠰᠡᠭ ᠭᠤᠣᠯ ᠮᠥᠷᠡᠨ ᠳᠤ ᠰᠡᠷᠡᠮᠵᠢᠯᠡᠭᠦᠯᠬᠦ ᠱᠣᠭᠤᠮ ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃  ᠲᠣᠰ ᠤᠳᠠᠭᠠᠨ ᠤ ᠪᠣᠷᠣᠭᠠᠨ ᠣᠷᠣᠬᠤ ᠶᠠᠪᠤᠴᠠ ᠶᠢᠨ ᠬᠠᠮᠤᠷᠬᠤ ᠬᠡᠪᠴᠢᠶ᠎ᠡ ᠥᠷᠭᠡᠨ᠂ ᠬᠡᠰᠡᠭ ᠭᠠᠵᠠᠷ ᠤᠨ ᠪᠣᠷᠣᠭᠠᠨ ᠬᠦᠴᠦᠷᠬᠡᠭ ᠪᠠᠶᠢᠵᠤ᠂ ᠳᠤᠮᠳᠠ ᠪᠠᠭ᠎ᠠ ᠭᠤᠤᠯ ᠮᠥᠷᠡᠨ ᠤ ᠦᠶᠡᠷ᠂ ᠠᠭᠤᠯᠠᠨ ᠦᠶᠡᠷ ᠵᠡᠷᠭᠡ ᠭᠠᠮᠰᠢᠭ ᠢ ᠠᠮᠠᠷᠬᠠᠨ ᠪᠣᠶ ᠪᠣᠯᠭᠠᠬᠤ ᠶᠢᠨ ᠬᠠᠮᠲᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠲᠣᠬᠢᠶᠠᠯᠳᠤᠪᠠᠯ᠂ ᠠᠭᠤᠯᠠᠷᠬᠠᠭ ᠣᠷᠣᠨ ᠤ ᠦᠵᠡᠮᠵᠢ ᠶᠢᠨ ᠣᠷᠣᠨ᠂ ᠪᠢᠨ ᠾᠧ ᠦᠵᠡᠮᠵᠢ ᠶᠢᠨ ᠣᠷᠣᠨ ᠵᠡᠷᠭᠡ ᠭᠠᠵᠠᠷ ᠲᠤ ᠬᠥᠮᠦᠰ ᠴᠤᠭᠯᠠᠷᠠᠵᠤ ᠮᠡᠳᠡᠨ᠎ᠡ᠃ ᠤᠰᠤᠨ ᠠᠰᠢᠭᠯᠠᠯᠲᠠ ᠶᠢᠨ ᠶᠠᠮᠤᠨ ᠠᠴᠠ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠷᠢᠳᠴᠢᠯᠠᠨ ᠡᠵᠡᠮᠳᠡᠵᠦ᠂ ᠴᠠᠭ ᠠᠭᠤᠷ ᠤᠨ ᠬᠤᠪᠢᠷᠠᠯᠲᠠ ᠪᠣᠯᠤᠨ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠤᠨ ᠬᠥᠭᠵᠢᠯᠲᠡ ᠶᠢ ᠨᠢᠭᠲᠠ ᠬᠢᠨᠠᠨ ᠠᠵᠢᠭᠯᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ ᠭᠡᠵᠦ ᠱᠠᠭᠠᠷᠳᠠᠪᠠ︔ ᠳᠤᠮᠳᠠ ᠵᠢᠵᠢᠭ ᠤᠰᠤᠨ ᠴᠥᠭᠦᠷᠥᠮ᠂ ᠠᠶᠤᠯ ᠭᠡᠮ ᠲᠠᠢ ᠤᠰᠤᠨ ᠴᠥᠭᠦᠷᠥᠮ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠰᠠᠬᠢᠬᠤ ᠶᠢ ᠴᠢᠩᠭᠠᠳᠬᠠᠨ᠎ᠠ︔ ᠠᠭᠤᠯᠠᠨ ᠦᠶᠡᠷ ᠤᠨ ᠭᠠᠮᠰᠢᠭ ᠢ ᠴᠢᠩᠭ᠎ᠠ ᠰᠡᠷᠭᠡᠶᠢᠯᠡᠵᠦ᠂ ᠤᠷᠢᠳᠴᠢᠯᠠᠨ ᠰᠡᠷᠡᠮᠵᠢᠯᠡᠭᠦᠯᠵᠦ ︽ᠴᠤᠤᠷᠢᠶᠠᠳᠤᠨ ᠳᠠᠭᠠᠬᠤ︾ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠳᠤᠮᠳᠠ ᠵᠢᠵᠢᠭ ᠭᠤᠤᠯ ᠮᠥᠷᠡᠨ ᠤ ᠦᠶᠡᠷ ᠤᠨ ᠰᠡᠷᠭᠡᠶᠢᠯᠡᠯᠲᠡ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠠᠶᠤᠯᠲᠠᠶ ᠪᠠᠷᠢᠯᠭ᠎ᠠ ᠶᠢᠨ ᠠᠶᠤᠯᠲᠠᠶ ᠬᠡᠰᠡᠭ᠂ ᠬᠤᠲᠣᠭᠤᠷ ᠭᠠᠵᠠᠷ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠳᠣᠪᠤᠶᠢᠯᠭᠠᠨ ᠴᠢᠩᠭᠠᠳᠬᠠᠬᠤ ᠬᠡᠷᠡᠭᠲᠡᠶ᠃          ᠵᠣᠬᠢᠶᠠᠭᠴᠢ᠄     ᠬᠠᠷᠢᠭᠤᠴᠠᠭᠰᠠᠨ ᠨᠠᠶᠢᠷᠠᠭᠤᠯᠤᠭᠴᠢ᠄ ᠶᠣᠣ ᠸᠧᠶ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号