ᠰᠤᠷᠪᠤᠯᠵᠢᠯᠠᠭᠴᠢ ᠶᠦᠩ ᠳ᠋ᠢᠩ ᠾᠧ ᠭᠤᠣᠯ ᠤᠨ ᠰᠠᠪᠠ ᠭᠠᠵᠠᠷ ᠤᠨ ᠪᠡᠯᠡ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ ᠂ ᠶᠦᠩ ᠳ᠋ᠢᠩ ᠾᠧ ᠭᠤᠣᠯ ᠬᠤᠶᠠᠷ ᠵᠢᠯ ᠳᠠᠷᠠᠭᠠᠯᠠᠨ ᠪᠦᠬᠦ ᠵᠢᠯ | ᠪᠦᠬᠦ ᠱᠤᠭᠤᠮ ᠢᠶᠠᠷ ᠢᠶᠠᠨ ᠤᠰᠤ ᠲᠠᠢ ᠪᠣᠯᠬᠤ ᠶᠢ ᠪᠡᠶᠡᠯᠡᠭᠦᠯᠪᠡ ᠃ 2024 ᠣᠨ ᠳᠤ ᠶᠦᠩ ᠳ᠋ᠢᠩ ᠾᠧ ᠭᠤᠣᠯ | ᠪᠦᠬᠦ ᠱᠤᠭᠤᠮ ᠢᠶᠠᠷ ᠢᠶᠠᠨ 261 ᠡᠳᠦᠷ ᠤᠷᠤᠰᠪᠠ ᠃ | ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠣᠶᠢᠷ᠎ᠠ ᠶᠢᠨ ᠵᠢᠯ ᠠᠴᠠ | ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠶᠦᠩ ᠳ᠋ᠢᠩ | ᠾᠧ ᠭᠤᠣᠯ ᠢ ᠶᠡᠷᠦᠩᠬᠡᠶᠢᠯᠡᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ | ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ︽ᠬᠤᠶᠠᠷ ᠲᠠᠯ᠎ᠠ ᠪᠠᠷ ᠬᠦᠴᠦᠯᠡᠬᠦ︾ ᠪᠠᠷ ᠳᠠᠮᠵᠢᠭᠤᠯᠤᠨ ᠂ | ᠰᠠᠪᠠ ᠭᠠᠵᠠᠷ ᠢ ᠬᠠᠮᠵᠢᠯᠴᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠭᠠᠮᠰᠢᠭ ᠤᠨ ᠳᠠᠷᠠᠭ᠎ᠠ ᠰᠡᠷᠭᠦᠭᠡᠵᠦ ᠳᠠᠬᠢᠨ | ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ ᠂ ᠶᠦᠩ ᠳ᠋ᠢᠩ ᠾᠧ ᠭᠤᠣᠯ ᠢ ᠶᠡᠷᠦᠩᠬᠡᠶᠢᠯᠡᠨ ᠵᠠᠰᠠᠬᠤ ᠪᠠ | ᠠᠮᠢ ᠠᠬᠤᠶ ᠶᠢ ᠰᠡᠷᠭᠦᠭᠡᠬᠦ ᠠᠵᠢᠯ ᠢᠯᠡᠳᠲᠡ ᠦᠷ᠎ᠡ ᠪᠦᠲᠦᠮᠵᠢ ᠣᠯᠪᠠ ᠃ | ᠪᠦᠷᠢᠳᠬᠡᠯ ᠢ ᠦᠨᠳᠦᠰᠦᠯᠡᠪᠡᠯ ᠂ ᠶᠦᠩ ᠳ᠋ᠢᠩ ᠾᠧ ᠭᠤᠣᠯ ᠤᠨ ᠰᠠᠪᠠ ᠭᠠᠵᠠᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠴᠢᠳᠠᠪᠤᠷᠢ ᠶᠡᠭᠡ ᠪᠠᠷ ᠳᠡᠭᠡᠭᠰᠢᠯᠡᠵᠦ ᠂ ᠭᠤᠣᠯ ᠤᠷᠤᠰᠬᠠᠯ ᠤᠨ ᠬᠠᠰᠢᠯᠭ᠎ᠠ ᠶᠢᠨ | ᠪᠠᠷᠢᠮᠵᠢᠶ᠎ᠠ ᠳᠤ ᠬᠦᠷᠦᠭᠰᠡᠨ ᠨᠤᠷᠮ᠎ᠠ ᠨᠢ 99.7% ᠳᠤ ᠬᠦᠷᠪᠡ︔ ᠰᠠᠪᠠ ᠭᠠᠵᠠᠷ ᠳᠠᠭᠠᠤ ᠶᠢᠨ ᠲᠠᠷᠢᠶᠠᠯᠠᠩ ᠤᠨ | ᠰᠢᠨ᠎ᠡ ᠪᠠᠷ ᠨᠡᠮᠡᠭᠳᠡᠭᠰᠡᠨ ᠤᠰᠤ ᠠᠷᠪᠢᠯᠠᠬᠤ ᠴᠢᠳᠠᠪᠤᠷᠢ ᠨᠢ 8354.4 ᠲᠦᠮᠡᠨ ᠪᠣᠰᠤᠭ᠎ᠠ ᠳᠥᠷᠪᠡᠯᠵᠢᠨ ᠮᠧᠲᠷ | ᠪᠣᠯᠪᠠ︔ ᠲᠠᠯ᠎ᠠ ᠭᠠᠵᠠᠷ ᠤᠨ ᠤᠰᠤᠨ ᠤ ᠲᠦᠪᠰᠢᠨ ᠳᠤᠮᠳᠠᠴᠢ ᠪᠠᠷ 4.7 ᠮᠧᠲᠷ ᠨᠡᠮᠡᠭᠳᠡᠵᠦ ᠂ 2020 | ᠣᠨ ᠤ ᠬᠢ ᠠᠴᠠ 176% ᠪᠠᠷ ᠨᠡᠮᠡᠭᠳᠡᠪᠡ︔Ⅲ ᠲᠥᠷᠥᠯ ᠵᠢᠴᠢ ᠲᠡᠭᠦᠨ ᠠᠴᠠ ᠳᠡᠭᠡᠭᠰᠢᠬᠢ ᠤᠰᠤᠨ ᠤ ᠴᠢᠨᠠᠷ | ᠭᠤᠤᠯ ᠤᠨ ᠵᠠᠮ ᠤᠨ ᠣᠷᠳᠣ ᠨᠢ ᠲᠣᠭᠲᠠᠭᠤᠨ ᠢᠶᠠᠷ 95% ᠪᠣᠯᠵᠤ ᠨᠡᠮᠡᠭᠳᠡᠪᠡ︔ ᠭᠤᠤᠯ ᠤᠨ ᠵᠠᠮ ᠤᠨ | ᠬᠠᠯᠬᠠᠪᠴᠢ ᠣᠶ ᠶᠢᠨ ᠲᠠᠯᠠᠪᠠᠶ ᠨᠡᠮᠡᠭᠳᠡᠭᠡᠳ 3.5 ᠲᠦᠮᠡᠨ ᠾᠧᠺᠲ᠋ᠠᠷ ᠪᠣᠯᠵᠤ ᠂ 2021 ᠣᠨ ᠤ ᠬᠢ ᠠᠴᠠ | 94% ᠪᠠᠷ ᠨᠡᠮᠡᠭᠳᠡᠪᠡ ᠃ ︵ᠰᠤᠷᠪᠤᠯᠵᠢᠯᠠᠭᠴᠢ ᠸᠧᠢ ᠬᠤᠩ ᠢ︶ | ᠵᠤᠬᠢᠶᠠᠭᠴᠢ᠄ ᠬᠠᠷᠢᠭᠤᠴᠠᠭᠰᠠᠨ ᠨᠠᠶᠢᠷᠠᠭᠤᠯᠤᠭᠴᠢ᠄ ᠯᠢ ᠱᠠᠨ | |