ᠶᠠᠮᠠᠷᠪᠠ ᠪᠣᠯᠪᠠᠰᠤᠷᠠᠯ ᠤᠨ ᠪᠠᠶᠢᠭᠤᠯᠤᠮᠵᠢ ᠪᠤᠶᠤ ᠬᠤᠪᠢ ᠬᠥᠮᠦᠨ ᠳᠤ ᠨᠠᠶᠢᠳᠠᠵᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠬᠢᠯᠭᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠢᠯᠡᠷᠬᠡᠶᠢᠯᠡᠯᠲᠡ
ᠨᠡᠶᠢᠲᠡᠯᠡᠭᠰᠡᠨ ᠴᠠᠭ᠄
2025/6/3
ᠡᠯ᠎ᠡ ᠬᠤᠯᠪᠣᠭᠳᠠᠯ ᠪᠥᠬᠦᠶ ᠨᠢᠭᠡᠴᠢ᠂ ᠥᠷᠭᠡᠨ ᠣᠯᠠᠨ ᠰᠢᠯᠭᠠᠭᠤᠯᠤᠭᠴᠢ ᠳᠤ᠄  ᠣᠶᠢᠷ᠎ᠠ ᠳᠤ᠂ ᠮᠠᠨ ᠤ ᠲᠢᠩᠬᠢᠮ ᠬᠡᠰᠡᠭ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠤ ᠲᠠᠪᠴᠠᠩ ᠢ ᠳᠤᠷ᠎ᠠ ᠪᠠᠷ ᠢᠶᠠᠨ ᠤᠭᠰᠠᠷᠠᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠤ ᠲᠠᠯ᠎ᠠ ᠶᠢᠨ ᠰᠢᠯᠭᠠᠯᠲᠠ ᠶᠢᠨ ᠨᠡᠷ᠎ᠡ ᠮᠡᠳᠡᠭᠦᠯᠬᠦ ᠠᠯᠪᠠᠨ ᠵᠠᠷ ᠤᠨ ᠠᠭᠤᠯᠭ᠎ᠠ ᠶᠢ ᠥᠭᠡᠷᠡᠴᠢᠯᠡᠬᠦ ᠶᠢᠨ ᠬᠠᠮᠲᠤ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠪᠣᠯᠪᠠᠰᠤᠷᠠᠯ ᠤᠨ ᠵᠠᠷ ᠮᠡᠳᠡᠭᠡ ᠶᠢ ᠳᠠᠷᠢᠵᠤ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠯᠲᠠ ︵ᠳᠣᠷᠣᠭᠰᠢ ︽ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ︾ ᠭᠡᠵᠦ ᠲᠣᠪᠴᠢᠯᠠᠨ᠎ᠠ︶ ᠳᠤ ᠨᠡᠷ᠎ᠡ ᠮᠡᠳᠡᠭᠦᠯᠦᠭᠰᠡᠨ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠪᠡ᠃  ᠮᠠᠨ ᠤ ᠲᠢᠩᠬᠢᠮ ᠤᠨ ᠲᠥᠪ ᠴᠢᠩᠭ᠎ᠠ ᠢᠯᠡᠷᠬᠡᠶᠢᠯᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠰᠢᠯᠭᠠᠯᠲᠠ ᠳᠤ ᠨᠡᠷ᠎ᠡ ᠮᠡᠳᠡᠭᠦᠯᠬᠦ ᠳᠡᠭᠡᠨ ᠶᠠᠮᠠᠷ ᠴᠤ ᠰᠦᠢᠳᠬᠡᠯ ᠬᠤᠷᠢᠶᠠᠬᠤ ᠥᠬᠡᠶ ᠪᠥᠭᠡᠳ ᠶᠡᠷᠦ ᠠᠴᠠ ᠡᠷᠬᠡ ᠣᠯᠭᠤᠭᠰᠠᠨ ᠥᠬᠡᠶ ᠪᠤᠶᠤ ᠶᠠᠮᠠᠷᠪᠠ ᠭᠤᠷᠪᠠᠳᠠᠬᠢ ᠡᠲᠡᠭᠡᠳ ᠤᠨ ᠪᠠᠶᠢᠭᠤᠯᠤᠮᠵᠢ᠂ ᠬᠤᠪᠢ ᠬᠥᠮᠦᠨ ᠳᠤ ᠨᠠᠶᠢᠳᠠᠵᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ ᠳᠤ ᠬᠤᠯᠪᠣᠭᠳᠠᠬᠤ ᠪᠣᠯᠪᠠᠰᠤᠷᠠᠯ᠂ ᠮᠠᠲ᠋ᠧᠷᠢᠶᠠᠯ ᠪᠣᠷᠣᠯᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠪᠡ᠃  ᠡᠯ᠎ᠡ ᠨᠢᠭᠡᠴᠢ ᠵᠢᠴᠢ ᠥᠷᠭᠡᠨ ᠣᠯᠠᠨ ᠰᠢᠯᠭᠠᠭᠤᠯᠤᠭᠴᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠢᠷᠡᠯᠲᠡ ᠶᠢ ᠨᠠᠷᠢᠨ ᠨᠢᠮᠪᠠᠶ ᠢᠯᠭᠠᠨ ᠳᠣᠲᠣᠯᠠᠵᠤ᠂ ᠠᠯᠪᠠᠨ ᠤ ᠪᠤᠰᠤ ᠠᠷᠭ᠎ᠠ ᠵᠠᠮ ᠤᠨ ᠮᠡᠳᠡᠭᠡ ᠵᠠᠩᠭᠢ ᠶᠢ ᠶᠠᠭᠠᠬᠢᠭᠰᠠᠨ ᠴᠤ ᠠᠮᠠᠷᠬᠠᠨ ᠢᠲᠡᠭᠡᠵᠦ ᠪᠣᠯᠬᠤ ᠥᠬᠡᠶ᠂ ᠮᠡᠬᠡᠯᠡᠭᠳᠡᠬᠦ ᠠᠴᠠ ᠪᠣᠯᠭᠤᠮᠵᠢᠯᠠᠭᠠᠷᠠᠢ᠃ ᠬᠤᠳᠠᠯ ᠬᠠᠭᠤᠷᠮᠠᠭ ᠮᠡᠳᠡᠭᠡ ᠵᠠᠩᠭᠢ ᠠᠴᠠ ᠪᠣᠯᠤᠭᠰᠠᠨ ᠬᠤᠬᠢᠷᠠᠯ ᠪᠠ ᠦᠷ᠎ᠡ ᠳ᠋ᠦᠩ ᠢ ᠰᠢᠯᠭᠠᠭᠰᠠᠳ ᠥᠪᠡᠰᠦᠪᠡᠨ ᠡᠭᠦᠷᠭᠡᠯᠡᠵᠦ᠂ ᠮᠠᠨ ᠤ ᠲᠢᠩᠬᠢᠮ ᠡᠭᠦᠨ ᠳᠤ ᠶᠠᠮᠠᠷ ᠴᠤ ᠬᠠᠷᠢᠭᠤᠴᠠᠯᠭ᠎ᠠ ᠡᠭᠦᠷᠭᠡᠯᠡᠬᠦ ᠦᠭᠡᠢ᠃ ᠬᠡᠷᠪᠡ ᠮᠠᠳᠠᠭ ᠲᠠᠢ ᠪᠣᠯ ᠤᠲᠠᠰᠤ 0471—5259319᠂ 5259449 ᠮᠠᠨ ᠤ ᠲᠢᠩᠬᠢᠮ ᠲᠠᠢ ᠬᠠᠷᠢᠯᠴᠠᠵᠤ ᠬᠢᠨᠠᠨ ᠬᠠᠷᠭᠤᠭᠤᠯᠵᠤ ᠪᠣᠯᠤᠨ᠎ᠠ᠃  ᠡᠭᠦᠨ ᠤ ᠲᠤᠯᠠ ᠣᠨᠴᠠᠭᠠᠶᠢᠯᠠᠨ ᠢᠯᠡᠷᠬᠡᠶᠢᠯᠡᠪᠡ᠃            ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ          2025 ᠣᠨ ᠤ 6 ᠳ᠋ᠤᠭᠠᠷ ᠰᠠᠷ᠎ᠠ ᠶᠢᠨ 3 ᠤ ᠡᠳᠦᠷ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号