69 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠵᠦ᠂ ᠮᠠᠨ ᠤ ᠣᠷᠣᠨ ᠨᠢᠭᠡᠳᠦᠯᠲᠡᠶ ᠨᠡᠭᠡᠭᠡᠯᠲᠡ ᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠪᠠ
ᠨᠡᠶᠢᠲᠡᠯᠡᠭᠰᠡᠨ ᠴᠠᠭ᠄
2025/6/3
  ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ       ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ ᠮᠥᠴᠢᠷ ᠬᠠᠮᠲᠤᠷᠠᠨ ︽︿ᠨᠢᠭᠡᠳᠦᠯᠲᠡᠶ ᠨᠡᠭᠡᠭᠡᠯᠲᠡ ᠬᠢᠬᠦ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠲᠤᠬᠠᠶ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ ᠨᠠᠷᠢᠨ ᠲᠠᠩᠰᠠ︾ ︵ᠳᠣᠷᠣᠭᠰᠢ ︽ᠡᠭᠦᠷᠭᠡ ᠶᠢᠨ ᠨᠠᠷᠢᠨ ᠲᠠᠩᠰᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃  ︽ᠡᠭᠦᠷᠭᠡ ᠶᠢᠨ ᠨᠠᠷᠢᠨ ᠬᠠᠭᠤᠳᠠᠰᠤ︾ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ       ᠰᠠᠭᠤᠷᠢᠯᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠠᠬ᠎ᠠ ᠳᠡᠯᠭᠡᠭᠦᠷ ᠤᠨ ᠲᠦᠷᠢᠮ ᠢ ᠲᠡᠭᠦᠯᠳᠡᠷᠵᠢᠭᠦᠯᠬᠦ᠂ ᠡᠯᠧᠮᠧᠨ᠋ᠲ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠵᠡᠷᠭᠡ 5 ᠲᠠᠯ᠎ᠠ ᠠᠴᠠ 69 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠦᠳᠠᠨ ᠵᠡᠷᠭᠡ ᠠᠵᠢᠯ ᠲᠥᠷᠥᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠪᠠᠷ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃  ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠤᠨ ᠬᠠᠷᠢᠭᠤᠴᠠᠯᠭᠠᠲᠠᠨ ᠸᠠᠩ ᠲᠢᠩ ᠤᠨ ᠲᠠᠨᠢᠯᠴᠠᠭᠤᠯᠤᠭᠰᠠᠨ ᠢᠶᠠᠷ᠂ ᠨᠢᠭᠡᠳᠦᠯᠲᠡᠶ ᠨᠡᠭᠡᠭᠡᠯᠲᠡ ᠬᠢᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠪᠣᠯ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠬᠤ᠂ ᠤᠯᠤᠰ ᠠᠷᠠᠳ ᠤᠨ ᠠᠵᠤ ᠠᠬᠤᠶ ᠶᠢᠨ ᠣᠷᠴᠢᠯ ᠤᠨ ᠰᠠᠭᠠᠳ ᠥᠬᠡᠶ ᠨᠡᠪᠲᠡᠷᠡᠬᠦ ᠶᠢ ᠠᠬᠢᠭᠤᠯᠬᠤ ᠴᠢᠬᠤᠯᠠ ᠰᠠᠭᠤᠷᠢ ᠮᠥᠨ᠃ ᠨᠢᠭᠡᠳᠦᠯᠲᠡᠶ ᠪᠥᠭᠡᠳ ᠨᠡᠭᠡᠭᠡᠯᠲᠡ ᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠪᠠᠶᠢᠭᠤᠯᠬᠤ ᠪᠣᠯ ᠪᠦᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ︽ᠲᠠᠷᠠᠭᠠᠴᠢ ᠶᠢᠨ ᠠᠯᠬᠤᠮ ᠳᠤ᠂ ᠪᠢᠳᠡ ︿ᠡᠭᠦᠷᠭᠡ ᠶᠢᠨ ᠨᠠᠷᠢᠨ ᠲᠠᠩᠰᠠ﹀ ᠳᠤ ᠲᠣᠳᠣᠷᠬᠠᠶᠢᠯᠠᠭᠰᠠᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠨᠢᠭᠡᠳᠦᠯᠲᠡᠶ ᠨᠡᠭᠡᠭᠡᠯᠲᠡ ᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠣᠷᠣᠨ ᠪᠦᠰᠡ ᠠᠯᠤᠰᠯᠠᠨ ᠨᠢᠭᠡᠳᠦᠯᠲᠡᠶ ᠲᠥᠯᠥᠪᠯᠡᠨ ᠪᠠᠶᠢᠷᠢᠰᠢᠭᠤᠯᠬᠤ᠂ ᠠᠷᠭ᠎ᠠ ᠮᠠᠶ᠋ᠢᠭ ᠠᠯᠤᠰᠯᠠᠨ ᠨᠢᠭᠡ ᠴᠣᠭᠴᠠᠵᠢᠭᠤᠯᠤᠨ ᠵᠣᠯᠭᠠᠭᠤᠯᠬᠤ᠂ ᠬᠦᠷᠢᠶ᠎ᠡ ᠴᠠᠷᠠᠭ᠎ᠠ ᠠᠯᠤᠰᠯᠠᠨ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠠᠬᠢᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠵᠦ ︿ᠬᠤᠶᠠᠷ ᠶᠡᠭᠡ ᠶᠠᠪᠤᠳᠠᠯ﹀ ᠢ ᠰᠠᠶᠢᠲᠤᠷ ᠡᠷᠭᠢᠯᠡᠬᠦ ᠳᠤ ᠪᠠᠲᠤ ᠪᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠬᠠᠩᠭᠠᠨ᠎ᠠ︾ ᠭᠡᠵᠦ ᠸᠠᠩ ᠲᠢᠩ ᠬᠡᠯᠡᠪᠡ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号