ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠪᠦᠯᠦᠭ ᠤᠯᠤᠰ ᠤᠨ ᠲᠠᠰ ᠤᠨ ᠪᠠ | ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠥᠨᠳᠥᠷ | ᠪᠠᠷᠢᠮᠵᠢᠶ᠎ᠠ ᠪᠠᠷ᠂ ᠴᠢᠨᠠᠷ ᠰᠠᠶᠢᠲᠠᠶ ᠪᠠᠶᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 3 ᠤ ᠡᠳᠦᠷ᠂ ᠥᠪᠥᠷ | ᠮᠣᠩᠭᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠥᠷ ᠮᠣᠩᠭᠤᠯ ᠤᠨ ᠡᠨᠧᠷᠭᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠲᠠᠢ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠴᠢᠨᠠᠷ | ᠰᠠᠶᠢᠲᠠᠶ ᠪᠥᠲᠥᠭᠡᠨ ᠪᠠᠶᠢᠭᠤᠯᠬᠤ ᠠᠵᠢᠯ ᠤᠨ ᠲᠥᠰᠦᠯ︾ ︵ᠳᠣᠷᠣᠭᠰᠢ ︽ᠠᠵᠢᠯ ᠤᠨ ᠲᠥᠰᠦᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠪᠣᠯ ᠥᠪᠥᠷ | ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠰᠢᠨ᠎ᠡ | ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠨ ᠠᠪᠬᠤ ᠶᠢ ᠠᠬᠢᠭᠤᠯᠬᠤ᠂ ᠳᠠᠭᠠᠭᠠᠴᠠ ᠶᠢ ᠲᠠᠲᠠᠵᠤ ᠪᠡᠯᠡ | ᠣᠷᠣᠭᠤᠯᠬᠤ ᠶᠢ ᠲᠥᠪᠯᠡᠷᠡᠭᠦᠯᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠲᠠᠭᠤ | ᠬᠢᠵᠠᠭᠠᠷᠯᠠᠯ ᠢ ᠰᠢᠢᠳᠪᠦᠷᠢᠯᠡᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ︽ᠠᠵᠢᠯ ᠤᠨ ᠲᠥᠰᠦᠯ︾ ᠳᠤ | ᠱᠠᠭᠠᠷᠳᠠᠭᠰᠠᠨ ᠨᠢ᠄ 2022 ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠲᠡᠭ ᠨᠡᠭᠦᠷᠡᠰᠦᠲᠥ᠋ᠷᠥᠭᠴᠢ ᠶᠢᠨ | ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠰᠠᠭᠤᠷᠢᠨ ᠳᠡᠭᠡᠷ᠎ᠡ᠂ ᠤᠯᠤᠰ ᠤᠨ | ᠲᠠᠰ ᠤᠨ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ ᠪᠠᠷ ᠭᠤᠤᠯ ᠡᠭᠦᠷᠭᠡ | ᠪᠣᠯᠭᠠᠵᠤ᠂ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ 2.0 ᠬᠡᠪ ᠢ ᠪᠥᠬᠦ | ᠲᠠᠯ᠎ᠠ ᠪᠠᠷ ᠲᠠᠰ ᠳᠡᠪᠰᠢᠭᠦᠯᠵᠦ᠂ ᠲᠤᠷᠰᠢᠯᠲᠠ ᠶᠢᠨ ᠴᠡᠭ ᠢᠶᠠᠷ ᠠᠬᠢᠭᠤᠯᠬᠤ᠂ ᠵᠢᠱᠢᠶ᠎ᠡ ᠦᠵᠡᠭᠦᠯᠦᠨ ᠬᠥᠲᠥᠯᠦᠨ | ᠳᠠᠭᠠᠭᠤᠯᠬᠤ ᠶᠢ ᠪᠠᠷᠢᠮᠲᠠᠯᠠᠨ᠂ ᠣᠷᠣᠨ ᠨᠤᠲᠤᠭ ᠤᠨ ᠵᠣᠷᠢᠭᠲᠠᠶ ᠪᠠᠷ ᠬᠠᠶᠢᠨ ᠰᠦᠪᠡᠭᠴᠢᠯᠡᠬᠦ᠂ ᠤᠷᠢᠳᠠᠪᠠᠷ | ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠳᠡᠮᠵᠢᠵᠦ᠂ ᠲᠥᠷᠥ ᠶᠢᠨ ᠪᠣᠳᠣᠯᠭ᠎ᠠ᠂ ᠮᠡᠷᠭᠡᠵᠢᠯ᠂ ᠬᠤᠳᠠᠯᠳᠤᠭᠠᠨ ᠤ | ᠵᠠᠭᠪᠤᠷ ᠵᠡᠷᠭᠡ ᠶᠢᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠬᠦᠷᠢᠶᠡᠯᠡᠩ ᠲᠣᠭᠤᠷᠢᠭ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ︽ᠣᠶᠢᠷ᠎ᠠ — ᠴᠡᠪᠡᠷ︾ ᠠᠷᠭ᠎ᠠ ᠵᠠᠮ ᠢ ᠬᠠᠶᠢᠨ | ᠰᠦᠪᠡᠭᠴᠢᠯᠡᠵᠦ᠂ ︽ᠬᠠᠮᠲᠤ ᠪᠠᠷ ᠵᠥᠪᠯᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠠᠰᠢᠭ | ᠭᠥᠷᠳᠡᠬᠦ︾ ᠠᠵᠢᠯ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ | ︽ᠠᠵᠢᠯ ᠤᠨ ᠲᠥᠰᠦᠯ︾ ᠳᠤ ᠱᠠᠲᠤᠴᠢ ᠴᠢᠨᠠᠷᠲᠠᠶ 3 ᠬᠠᠷᠠᠯᠲᠠ ᠶᠢ ᠳᠤᠷᠠᠳᠪᠠ᠄ 2025 ᠣᠨ ᠳᠤ᠂ | ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠬᠤ ᠪᠠᠷ ᠭᠤᠶᠤᠴᠢᠯᠠᠨ ᠮᠡᠳᠡᠭᠦᠯᠬᠦ | ᠰᠢᠯᠢᠨ ᠰᠣᠩᠭᠤᠯᠲᠠ ᠶᠢ ᠤᠷᠢᠳᠠᠪᠠᠷ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠲᠡᠭ | ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠪᠤᠶᠢᠵᠢᠭᠤᠯᠤᠨ ᠪᠥᠲᠥᠭᠡᠨ ᠪᠠᠶᠢᠭᠤᠯᠬᠤ ᠨᠡᠷᠡᠰ ᠢ | ᠲᠣᠭᠲᠠᠭᠠᠵᠤ᠂ ᠨᠢᠭᠡ ᠪᠦᠯᠦᠭ ᠤᠯᠤᠰ ᠤᠨ ᠲᠠᠰ ᠤᠨ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ | ᠡᠭᠦᠳᠦᠨ ᠪᠠᠶᠢᠭᠤᠯᠬᠤ ᠪᠠᠷ ᠴᠢᠷᠮᠠᠶᠢᠨ᠎ᠠ︔ 2027 ᠣᠨ ᠪᠣᠯᠬᠤ ᠳᠤ᠂ ᠨᠢᠭᠡ ᠪᠦᠯᠦᠭ ᠤᠯᠤᠰ ᠤᠨ ᠲᠠᠰ ᠤᠨ ᠪᠠ | ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ᠂ | ᠲᠤᠷᠰᠢᠯᠲᠠ ᠶᠢᠨ ᠴᠡᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ︔ 2030 ᠣᠨ ᠪᠣᠯᠬᠤ ᠳᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠤᠯᠤᠰ ᠤᠨ | ᠲᠠᠰ ᠤᠨ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠪᠣᠯᠭᠠᠨ ᠲᠠᠰ ᠳᠡᠪᠰᠢᠭᠦᠯᠵᠦ᠂ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠲᠣᠭᠲᠠᠴᠠ᠂ ᠮᠡᠷᠭᠡᠵᠢᠯ ᠤᠨ ᠠᠷᠭ᠎ᠠ ᠵᠠᠮ᠂ ᠪᠠᠷᠢᠮᠵᠢᠶ᠎ᠠ ᠶᠢᠨ ᠵᠢᠷᠤᠮᠵᠢᠯ ᠪᠠ | ᠠᠵᠢᠯᠯᠠᠭᠠᠨ ᠤ ᠵᠠᠭᠪᠤᠷ ᠢ ᠨᠠᠩ ᠲᠡᠭᠦᠯᠳᠡᠷᠵᠢᠭᠦᠯᠵᠦ᠂ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ | ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭᠠᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ᠂ ᠰᠢᠨ᠎ᠡ | ᠬᠥᠳᠡᠯᠭᠡᠭᠦᠷ ᠪᠠ ᠰᠢᠨ᠎ᠡ ᠨᠡᠮᠡᠭᠳᠡᠯ ᠤᠨ ᠴᠡᠭ ᠪᠣᠯᠭᠠᠨ᠎ᠠ᠃ | ︽ᠠᠵᠢᠯ ᠤᠨ ᠲᠥᠰᠦᠯ︾ ᠳᠤ 3 ᠲᠠᠯ᠎ᠠ᠂ 10 ᠵᠦᠢᠯ ᠤᠨ ᠭᠤᠤᠯᠳᠠᠯᠭ᠎ᠠ ᠲᠠᠢ ᠠᠵᠢᠯ ᠢ | ᠲᠣᠳᠣᠷᠬᠠᠶᠢᠯᠠᠪᠠ᠄ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ | ᠰᠠᠭᠤᠷᠢ ᠶᠢ ᠪᠠᠬᠢᠵᠢᠭᠦᠯᠬᠦ ᠲᠠᠯ᠎ᠠ ᠪᠠᠷ᠂ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠭᠤᠶᠤᠴᠢᠯᠠᠨ | ᠮᠡᠳᠡᠭᠦᠯᠵᠦ ᠰᠢᠯᠢᠨ ᠰᠣᠩᠭᠤᠬᠤ᠂ ᠪᠤᠶᠢᠵᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ | ᠵᠣᠬᠢᠶᠠᠬᠤ᠂ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠢ ᠪᠤᠶᠢᠵᠢᠭᠤᠯᠤᠨ ᠪᠥᠲᠥᠭᠡᠨ ᠪᠠᠶᠢᠭᠤᠯᠬᠤ | ᠨᠡᠷᠡᠰ ᠢ ᠲᠣᠭᠲᠠᠭᠠᠬᠤ 3 ᠵᠦᠢᠯ ᠤᠨ ᠭᠤᠤᠯᠳᠠᠯᠭ᠎ᠠ ᠲᠠᠢ ᠠᠵᠢᠯ ᠢ ᠤᠷᠢᠳᠠᠪᠠᠷ ᠡᠬᠢᠯᠡᠭᠦᠯᠦᠨ᠎ᠡ ᠭᠡᠵᠦ ᠲᠣᠳᠣᠷᠬᠠᠶ | ᠳᠤᠷᠠᠳᠪᠠ︔ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠥᠷᠨᠢᠭᠦᠯᠬᠦ ᠲᠠᠯ᠎ᠠ ᠪᠠᠷ᠂ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠤᠨ ᠴᠠᠬᠢᠯᠭᠠᠨ | ᠬᠦᠴᠦᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ | ᠴᠠᠬᠢᠯᠭᠠᠨ ᠤ ᠬᠠᠩᠭᠠᠯᠭ᠎ᠠ ᠶᠢ ᠪᠠᠭᠲᠠᠭᠠᠨ ᠠᠪᠬᠤ᠂ ᠣᠯᠠᠨ ᠬᠦᠷᠢᠶ᠎ᠡ ᠴᠠᠷᠠᠭ᠎ᠠ ᠳᠤ ᠬᠠᠮᠵᠢᠯᠴᠠᠨ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠬᠦ 4 ᠵᠦᠢᠯ ᠤᠨ | ᠭᠤᠤᠯᠳᠠᠯᠭ᠎ᠠ ᠲᠠᠢ ᠠᠵᠢᠯ ᠢ ᠲᠦᠷᠭᠡᠳᠬᠡᠨ᠎ᠡ ᠭᠡᠵᠦ ᠳᠤᠷᠠᠳᠪᠠ︔ ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢᠯᠠᠯ ᠢ ᠴᠢᠩᠭᠠᠳᠬᠠᠬᠤ ᠲᠠᠯ᠎ᠠ ᠪᠠᠷ᠂ ᠨᠢᠭᠡᠳᠦᠯᠲᠡᠶ | ᠲᠥᠯᠥᠪᠯᠡᠨ ᠠᠬᠢᠭᠤᠯᠬᠤ ᠲᠣᠭᠲᠠᠴᠠ᠂ ᠴᠠᠬᠢᠯᠭᠠᠨ ᠲᠦᠭᠡᠭᠡᠬᠦ ᠲᠣᠤᠷ ᠤᠨ ᠠᠰᠢᠭ ᠲᠤᠰᠠ ᠶᠢ ᠵᠣᠬᠢᠴᠠᠭᠤᠯᠬᠤ | ᠲᠣᠭᠲᠠᠴᠠ ᠶᠢ ᠪᠠᠶᠢᠭᠤᠯᠬᠤ᠂ ᠬᠥᠳᠡᠯᠦᠩᠭᠦᠶ ᠲᠠᠰ ᠳᠡᠪᠰᠢᠭᠦᠯᠬᠦ ᠲᠣᠭᠲᠠᠴᠠ ᠶᠢ ᠲᠣᠭᠲᠠᠮᠠᠯ ᠬᠤᠭᠤᠴᠠᠭ᠎ᠠ ᠲᠠᠢ ᠪᠠᠷ | ᠦᠨᠡᠯᠡᠨ ᠵᠢᠱᠢᠬᠦ 3 ᠵᠦᠢᠯ ᠤᠨ ᠭᠤᠤᠯᠳᠠᠯᠭ᠎ᠠ ᠲᠠᠢ ᠠᠵᠢᠯ ᠢ ᠳᠤᠷᠠᠳᠪᠠ᠃ | ᠥᠨᠳᠥᠷ ᠪᠠᠶᠢᠷᠢᠨ ᠳᠤ ᠠᠬᠢᠭᠤᠯᠬᠤ᠂ ᠵᠣᠬᠢᠴᠠᠭᠤᠯᠤᠨ ᠬᠠᠮᠲᠤᠷᠠᠯᠴᠠᠬᠤ ᠶᠢᠨ ᠲᠤᠰᠠᠳᠠ᠂ ᠥᠪᠥᠷ ᠮᠣᠩᠭᠤᠯ | ᠲᠡᠭ ᠨᠡᠭᠦᠷᠡᠰᠦᠲᠥ᠋ᠷᠥᠭᠴᠢ ᠶᠢᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠥᠪᠥᠷ ᠮᠣᠩᠭᠤᠯ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠵᠡᠷᠭᠡ ᠣᠯᠠᠨ ᠰᠠᠯᠠᠭ᠎ᠠ ᠮᠥᠴᠢᠷ ᠠᠴᠠ | ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠴᠠ ᠶᠢᠨ ᠪᠦᠷᠢᠯᠳᠦᠬᠦᠨ ᠨᠢᠭᠡᠴᠢ ᠶᠢ ᠲᠣᠮᠢᠯᠠᠵᠤ᠂ ᠴᠢᠬᠤᠯᠠ ᠶᠡᠭᠡ | ᠵᠦᠢᠯᠡᠰ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠦᠷᠢᠶᠡᠯᠡᠩ ᠲᠣᠭᠤᠷᠢᠭ ᠤᠨ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ᠂ ᠰᠦᠪᠡᠭᠴᠢᠯᠡᠨ ᠦᠢᠯᠡᠳᠦᠯᠭᠡᠵᠢᠭᠦᠯᠬᠦ ᠵᠡᠷᠭᠡ ᠲᠠᠯ᠎ᠠ ᠪᠠᠷ | ᠲᠣᠪᠤᠶᠢᠮ᠎ᠠ ᠦᠷ᠎ᠡ ᠪᠦᠲᠦᠮᠵᠢ ᠤᠯᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠪᠠ᠃ | |