ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ᠂ ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ | ᠡᠳ᠋ᠯᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠪᠠ ︶ ᠢ ᠨᠡᠶᠢᠲᠡᠯᠡᠵᠦ᠂ 2025 ᠣᠨ ᠤ 8 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠳᠦᠷᠢᠮ︾ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠨᠳᠥᠷ | ᠪᠦᠲᠦᠮᠵᠢᠲᠡᠶ ᠬᠠᠮᠲᠤ ᠪᠠᠷ ᠡᠳ᠋ᠯᠡᠵᠦ ᠠᠰᠢᠭᠯᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠳ᠋ᠢᠭᠢᠲᠴᠢᠯᠡᠭᠰᠡᠨ | ᠵᠠᠰᠠᠯᠲᠠ ᠶᠢᠨ ᠴᠢᠳᠠᠪᠤᠷᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ | ᠳᠡᠭᠡᠭᠰᠢᠯᠡᠭᠦᠯᠵᠦ᠂ ᠳ᠋ᠢᠭᠢᠲ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠬᠤ ᠪᠠᠷ ᠵᠣᠷᠢᠯᠭ᠎ᠠ ᠪᠣᠯᠭᠠᠪᠠ᠃ ︽ | ᠳᠦᠷᠢᠮ︾ ᠨᠢ ᠨᠡᠶᠢᠲᠡ 8 ᠪᠦᠯᠦᠭ 44 ᠵᠦᠢᠯ ᠲᠠᠢ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠪᠠ ᠃ | | ᠨᠢᠭᠡ ᠳᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠠᠮᠲᠤ ᠪᠠᠷ ᠡᠳ᠋ᠯᠡᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠠᠷᠢᠮᠵᠢᠶ᠎ᠠ ᠶᠢ ᠨᠢᠭᠡᠳᠬᠡᠬᠦ᠂ ᠬᠠᠤᠯᠢ ᠶᠣᠰᠣᠭᠠᠷ ᠬᠠᠮᠲᠤ ᠪᠠᠷ ᠡᠳ᠋ᠯᠡᠬᠦ᠂ | ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠡᠵᠡᠮᠳᠡᠬᠦᠶᠢᠴᠡ ᠵᠠᠷᠴᠢᠮ ᠢ ᠵᠢᠷᠤᠮᠯᠠᠨ᠎ᠠ ᠭᠡᠵᠦ ᠲᠣᠭᠲᠠᠭᠠᠪᠠ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠠᠵᠢᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ | ᠨᠠᠷᠢᠯᠢᠭᠵᠢᠭᠤᠯᠪᠠ᠃ | ᠬᠤᠶᠠᠷ ᠲᠤ ᠭᠠᠷᠴᠠᠭ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ ᠃ ᠵᠠᠰᠠᠭ ᠤᠨ ᠶᠠᠪᠤᠳᠠᠯ ᠤᠨ ᠳ᠋ᠠᠶᠢᠲ᠋ᠠ ᠳᠤ | ᠨᠢᠭᠡᠳᠦᠯᠲᠡᠢ ᠭᠠᠷᠴᠠᠭ ᠤᠨ ᠬᠠᠮᠢᠶᠠᠷᠤᠯᠲᠠ ᠬᠡᠷᠡᠭᠵᠢᠭᠦᠯᠬᠦ ᠶᠢ ᠲᠣᠭᠲᠠᠭᠠᠵᠤ ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠭᠠᠷᠴᠠᠭ ᠢ ᠨᠠᠶᠢᠷᠠᠭᠤᠯᠤᠨ ᠵᠣᠬᠢᠶᠠᠬᠤ᠂ ᠨᠡᠶᠢᠲᠡᠯᠡᠬᠦ ᠵᠢᠴᠢ ᠬᠥᠳᠡᠯᠦᠩᠭᠦᠢ ᠪᠠᠷ ᠰᠢᠨᠡᠳᠬᠡᠬᠦ ᠵᠡᠷᠭᠡ ᠱᠠᠭᠠᠷᠳᠠᠯᠭ᠎ᠠ ᠶᠢ | ᠲᠣᠳᠣᠷᠬᠠᠶᠢᠯᠠᠪᠠ ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠠᠷᠢᠶᠠᠯᠠᠯ ᠤᠨ ᠠᠩᠭᠢᠯᠠᠯ ᠢ | ᠲᠣᠭᠲᠠᠭᠠᠵᠤ᠂ ᠳᠤᠷ᠎ᠠ ᠪᠠᠷ ᠢᠶᠠᠨ ᠨᠥᠬᠦᠴᠡᠯ ᠨᠡᠮᠡᠵᠦ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ | ᠡᠳ᠋ᠯᠡᠬᠦ ᠶᠢ ᠬᠠᠷᠰᠢᠯᠠᠬᠤ ᠪᠠ ᠨᠥᠯᠥᠭᠡᠯᠡᠬᠦ ᠶᠢ ᠨᠢ ᠬᠤᠷᠢᠭᠯᠠᠬᠤ ᠪᠠᠷ ᠲᠣᠭᠲᠠᠭᠠᠪᠠ᠃ | ᠭᠤᠷᠪᠠ ᠳᠤ ᠬᠠᠮᠲᠤ ᠪᠠᠷ ᠡᠳ᠋ᠯᠡᠵᠦ ᠬᠡᠷᠡᠭᠯᠡᠬᠦ ᠱᠠᠭᠠᠷᠳᠠᠯᠭ᠎ᠠ ᠶᠢ ᠨᠠᠷᠢᠯᠢᠭᠵᠢᠭᠤᠯᠪᠠ ᠃ ᠬᠠᠮᠲᠤ ᠳᠤ ᠪᠠᠨ | ᠡᠳ᠋ᠯᠡᠬᠦ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠣᠯᠵᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠳᠤ ᠭᠦᠷᠪᠡᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠳᠠᠬᠢᠨ | ᠳᠠᠪᠲᠠᠨ ᠴᠤᠭᠯᠠᠭᠤᠯᠵᠤ ᠪᠣᠯᠬᠤ ᠦᠭᠡᠢ ᠭᠡᠵᠦ ᠲᠣᠭᠲᠠᠭᠠᠭᠰᠠᠨ ᠪᠥᠭᠡᠳ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠲᠦᠷᠦᠭᠦᠯᠡᠨ ᠴᠤᠭᠯᠠᠭᠤᠯᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ | ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠡᠳ᠋ᠯᠡᠬᠦ ᠪᠠᠷ ᠭᠤᠶᠤᠴᠢᠯᠠᠬᠤ ᠂ | ᠬᠠᠷᠢᠭᠤᠯᠬᠤ ᠴᠤᠪᠤᠷᠠᠯ ᠵᠢᠴᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠨᠢ ᠨᠠᠷᠢᠯᠢᠭᠵᠢᠭᠤᠯᠪᠠ ᠃ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ᠂ ᠬᠠᠷᠭᠤᠭᠤᠯᠤᠨ ᠵᠠᠯᠠᠷᠠᠭᠤᠯᠬᠤ ᠵᠢᠴᠢ ᠬᠠᠮᠲᠤ ᠪᠠᠷ | ᠡᠳ᠋ᠯᠡᠬᠦ ᠳᠤ ᠡᠭᠦᠰᠦᠭᠰᠡᠨ ᠮᠠᠷᠭᠤᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠨᠢ ᠲᠣᠳᠣᠷᠬᠠᠶᠢᠯᠠᠪᠠ ᠃ ᠳᠡᠭᠡᠳᠦ | ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠳᠣᠣᠷᠠᠳᠤ ᠱᠠᠲᠤᠨ ᠤ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠷᠡᠭᠴᠡᠭᠡ ᠶᠢ ᠦᠨᠳᠦᠰᠦᠯᠡᠨ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠠᠮᠢᠶ᠎ᠠ ᠪᠦᠬᠦᠢ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠴᠠᠭ ᠲᠤᠬᠠᠢ ᠳᠤ ᠨᠢ᠂ ᠪᠦᠷᠢᠨ ᠪᠦᠲᠦᠨ ᠢᠶᠠᠷ ᠪᠤᠴᠠᠭᠠᠯᠭᠠᠬᠤ ᠶᠢ ᠲᠣᠭᠲᠠᠭᠠᠪᠠ᠃ | ᠳᠥᠷᠪᠡ ᠳᠤ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠪᠠ ᠃ ᠪᠥᠬᠦ ᠤᠯᠤᠰ ᠤᠨ ᠨᠢᠭᠡ ᠴᠣᠭᠴᠠᠵᠢᠭᠰᠠᠨ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠨᠡᠶᠢᠳᠬᠡᠵᠦ ᠪᠠᠶᠢᠭᠤᠯᠬᠤ ᠪᠠᠷ ᠲᠣᠭᠲᠠᠭᠠᠵᠤ᠂ | ᠪᠠᠶᠢᠭᠤᠯᠤᠭᠠᠳ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠢ ᠨᠢ ᠪᠥᠬᠦ ᠤᠯᠤᠰ ᠤᠨ ᠨᠢᠭᠡ | ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠣᠷᠣᠭᠤᠯᠬᠤ ᠪᠠᠷ ᠱᠠᠭᠠᠷᠳᠠᠵᠤ᠂ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠰᠢᠰᠲ᠋ᠧᠮ ᠢ ᠵᠠᠷᠴᠢᠮ ᠳᠡᠭᠡᠷ᠎ᠡ ᠪᠠᠨ | ᠰᠢᠨ᠎ᠡ ᠪᠠᠷ ᠪᠠᠶᠢᠭᠤᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠪᠥᠬᠦ | ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠪᠠᠷ ᠵᠠᠰᠠᠭ ᠤᠨ | ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠠᠵᠢᠯ ᠢ ᠥᠷᠨᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ | ᠲᠠᠪᠤ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠪᠠ ᠃ ᠬᠡᠨ ᠬᠠᠮᠢᠶᠠᠷᠪᠠᠯ ᠲᠡᠷᠡ ᠬᠠᠷᠢᠭᠤᠴᠠᠬᠤ᠂ | ᠬᠡᠨ ᠬᠡᠷᠡᠭᠯᠡᠪᠡᠯ ᠲᠡᠷᠡ ᠬᠠᠷᠢᠭᠤᠴᠠᠬᠤ ᠵᠠᠷᠴᠢᠮ ᠶᠣᠰᠣᠭᠠᠷ ᠡᠯ᠎ᠡ ᠭᠤᠭᠴᠣᠭᠠᠨ ᠳᠠᠬᠢ ᠠᠮᠤᠷ ᠲᠦᠪᠰᠢᠨ ᠤ | ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠤᠯᠢ | ᠶᠣᠰᠣᠭᠠᠷ ᠬᠠᠮᠲᠤ ᠡᠳ᠋ᠯᠡᠬᠦ ᠶᠠᠪᠤᠴᠠ ᠳᠤᠮᠳᠠᠬᠢ ᠬᠡᠷᠡᠭᠴᠡᠭᠡ ᠲᠠᠢ ᠰᠠᠯᠠᠭ᠎ᠠ ᠮᠥᠴᠢᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠬᠤᠯᠠᠴᠢᠯᠠᠪᠠ ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ | ᠨᠠᠶᠢᠳᠠᠯᠭ᠎ᠠ ᠬᠦᠯᠢᠶᠡᠭᠰᠡᠨ ᠲᠠᠯ᠎ᠠ ᠶᠢᠨ ᠬᠢᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠢ | ᠬᠠᠮᠠᠭᠠᠯᠠᠬᠤ ᠡᠭᠦᠷᠭᠡ ᠶᠢ ᠨᠢ ᠨᠠᠷᠢᠯᠢᠭᠵᠢᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠵᠢᠴᠢ | ᠵᠠᠭᠠᠯᠳᠤᠵᠤ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠱᠠᠭᠠᠷᠳᠠᠯᠭ᠎ᠠ ᠶᠢ ᠨᠢ ᠲᠣᠳᠣᠷᠬᠠᠶᠢᠯᠠᠪᠠ᠃ ᠵᠠᠰᠠᠭ ᠤᠨ | ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠵᠠᠷᠤᠳᠠᠯ ᠤᠨ ᠪᠠᠲᠤᠯᠠᠭ᠎ᠠ ᠪᠠ ᠲᠥᠰᠥᠪ ᠤᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠳᠤᠷᠠᠳᠪᠠ᠃ | |