ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ | ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ | ᠨᠡᠶᠢᠭᠡᠮᠯᠢᠭ ᠤᠨ ᠳᠠᠷᠤᠭ᠎ᠠ ᠺᠣᠣᠨᠣ᠋ ᠶᠣᠣᠾᠧᠢ ᠶᠢᠨ ᠳᠠᠭᠠᠭᠤᠯᠤᠭᠰᠠᠨ ᠳᠤᠮᠳᠠᠳᠤ ᠤᠯᠤᠰ ᠲᠤ ᠠᠶᠢᠯᠴᠢᠯᠠᠬᠤ | ᠪᠦᠯᠬᠦᠮ ᠤᠨ ᠬᠢᠨ ᠲᠠᠢ ᠠᠭᠤᠯᠵᠠᠯᠲᠠ ᠬᠢᠪᠡ ᠃ | ᠯᠢ ᠴᠢᠶᠠᠩ ᠢᠯᠡᠷᠬᠡᠶᠢᠯᠡᠬᠦ ᠳᠤ ᠪᠠᠨ᠂ ᠨᠢᠳᠤᠨᠤᠨ ᠤ 11 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ | ᠲᠡᠷᠢᠭᠦᠨ ᠰᠠᠶᠢᠳ ᠢᠰᠢᠪᠠ ᠰᠢᠭᠧᠷᠦ᠋ ᠲᠠᠢ ᠯᠢᠮᠠ ᠳᠤ ᠠᠭᠤᠯᠵᠠᠯᠲᠠ ᠬᠢᠵᠦ᠂ ᠳᠤᠮᠳᠠᠳᠤ ᠶᠠᠫᠤᠨ ᠤ ᠪᠠᠶᠢᠯᠳᠤᠬᠤ | ᠪᠣᠳᠣᠯᠭ᠎ᠠ ᠶᠢᠨ ᠬᠠᠷᠢᠯᠴᠠᠨ ᠠᠰᠢᠭᠲᠠᠢ ᠬᠠᠷᠢᠴᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠮᠡᠨ ᠰᠠᠨᠠᠯ ᠨᠢᠭᠡᠲᠡᠢ | ᠵᠥᠪᠰᠢᠶᠡᠷᠡᠵᠦ ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠᠳᠤ ᠶᠠᠫᠤᠨ ᠤ ᠪᠦᠲᠦᠭᠡᠯᠴᠢ ᠂ | ᠲᠣᠭᠲᠠᠭᠤᠨ ᠬᠠᠷᠢᠴᠠᠭ᠎ᠠ ᠶᠢ ᠪᠠᠶᠢᠭᠤᠯᠬᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠤ | ᠶᠡᠭᠡ ᠴᠢᠭᠯᠡᠯ ᠢ ᠵᠢᠭᠠᠵᠤ ᠥᠭᠪᠡ ᠃ ᠳᠤᠮᠳᠠᠳᠤ ᠶᠠᠫᠤᠨ ᠬᠤᠶᠠᠷ ᠤᠯᠤᠰ ᠪᠣᠯ ᠨᠡᠭᠦᠯᠭᠡᠵᠦ ᠴᠢᠳᠠᠰᠢ ᠦᠭᠡᠢ ᠬᠥᠷᠰᠢ | ᠤᠯᠤᠰ ᠮᠥᠨ᠂ ᠨᠡᠭᠦᠯᠭᠡᠵᠦ ᠴᠢᠳᠠᠬᠤ ᠦᠭᠡᠢ ᠶᠤᠮ ᠴᠢᠨᠢ ᠰᠠᠶᠢᠨ ᠬᠥᠷᠰᠢ᠂ ᠰᠠᠶᠢᠨ ᠬᠠᠨᠢᠲᠠᠨ ᠪᠣᠯᠬᠤ ᠬᠡᠷᠡᠭᠲᠡᠢ᠃ | ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠶᠠᠫᠤᠨ ᠤ ᠡᠯ᠎ᠡ ᠡᠲᠡᠭᠡᠳ ᠤᠨ ᠬᠢᠨ ᠲᠠᠢ ᠢᠳᠡᠪᠬᠢᠲᠡᠢ ᠬᠥᠳᠡᠯᠦᠯᠴᠡᠵᠦ᠂ | ︽ ᠬᠠᠮᠲᠤᠷᠠᠯᠴᠠᠭᠠᠨ ᠤ ᠬᠠᠨᠢᠲᠠᠨ ᠪᠣᠯᠵᠠᠭᠠᠵᠤ ᠂ ᠬᠠᠷᠢᠯᠴᠠᠨ ᠰᠦᠷᠳᠡᠭᠦᠯᠬᠦ ᠦᠭᠡᠢ ︾ ᠤᠯᠤᠰ ᠲᠦᠷᠦ ᠶᠢᠨ | ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭᠠᠨ ᠤ ᠦᠷ᠎ᠡ ᠪᠦᠲᠦᠭᠡᠯ ᠢ ᠣᠯᠵᠤ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠪᠠ | ᠠᠷᠠᠳ ᠤᠨ ᠬᠤᠭᠤᠷᠣᠨᠳᠣᠬᠢ ᠨᠥᠬᠦᠷᠯᠡᠯ ᠤᠨ ᠰᠠᠭᠤᠷᠢ ᠶᠢ ᠪᠠᠬᠢᠵᠢᠭᠦᠯᠦᠨ᠎ᠡ ᠃ ᠶᠠᠫᠤᠨ ᠤ ᠲᠠᠯ᠎ᠠ ᠶᠢᠨ ᠬᠢᠨ ᠳᠤ | ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠵᠥᠷᠢᠯᠳᠦᠭᠡᠨ ᠢᠶᠠᠨ ᠪᠦᠲᠦᠭᠡᠯᠴᠢ ᠪᠠᠷ ᠬᠠᠮᠢᠶᠠᠷᠤᠨ ᠡᠵᠡᠮᠳᠡᠵᠦ᠂ | ᠬᠤᠶᠠᠷ ᠤᠯᠤᠰ ᠤᠨ ᠬᠠᠷᠢᠴᠠᠭ᠎ᠠ ᠶᠢᠨ ᠵᠥᠪ ᠴᠢᠭᠯᠡᠯ ᠢ ᠪᠠᠲᠤ ᠡᠵᠡᠮᠳᠡᠵᠦ᠂ ᠬᠤᠶᠠᠷ ᠲᠠᠯ᠎ᠠ ᠶᠢᠨ ᠬᠠᠷᠢᠴᠠᠭ᠎ᠠ ᠶᠢᠨ | ᠡᠷᠡᠭᠦᠯ ᠲᠣᠭᠲᠠᠭᠤᠨ ᠬᠥᠭᠵᠢᠯᠲᠡ ᠪᠠᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | | | | | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠫᠤᠨ ᠤ ᠣᠯᠠᠨ ᠤᠯᠤᠰ ᠤᠨ ᠠᠷᠠᠯᠵᠢᠶ᠎ᠠ ᠶᠢ | ᠠᠬᠢᠭᠤᠯᠬᠤ ᠨᠡᠶᠢᠭᠡᠮᠯᠢᠭ ᠤᠨ ᠳᠠᠷᠤᠭ᠎ᠠ ᠺᠣᠣᠨᠣ᠋ ᠶᠣᠣᠾᠧᠢ ᠶᠢᠨ ᠳᠠᠭᠠᠭᠤᠯᠤᠭᠰᠠᠨ ᠳᠤᠮᠳᠠᠳᠤ ᠤᠯᠤᠰ ᠲᠤ | ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠯᠲᠠ ᠬᠢᠪᠡ ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ | ᠪᠢᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠳᠤ ᠶᠠᠭ ᠭᠦᠨᠵᠡᠭᠡᠢ | ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠮᠠᠰᠢ | ᠬᠠᠲᠠᠭᠤ ᠰᠢᠯᠭᠠᠯᠲᠠ ᠤᠴᠠᠷᠠᠭᠤᠯᠵᠤ ᠪᠠᠶᠢᠨ᠎ᠠ᠃ ᠳᠤᠮᠳᠠᠳᠤ ᠶᠠᠫᠤᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ | ᠮᠠᠰᠢ ᠤᠯᠠᠨ ᠣᠨᠴᠠᠭᠠᠢ ᠳᠠᠪᠠᠭᠤᠯᠢᠭ ᠲᠠᠢ ᠪᠠᠶᠢᠳᠠᠭ ᠂ ᠣᠨᠴᠠᠭᠠᠶᠢᠯᠠᠨ ᠠᠵᠤ ᠦᠢᠯᠡᠰ ᠤᠨ ᠬᠠᠷᠢᠯᠴᠠᠨ | ᠨᠥᠬᠦᠪᠦᠷᠢᠯᠡᠬᠦ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ | ᠬᠦᠷᠢᠶᠡᠨ ᠳᠤ ᠥᠪᠡᠷᠰᠡᠳ ᠤᠨ ᠢᠶᠠᠨ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠡᠳᠡᠭᠡᠷ | ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠦᠢᠯᠡᠰ ᠤᠨ ᠵᠣᠯᠭᠠᠯᠴᠠᠭ᠎ᠠ ᠠᠭᠤᠰᠤᠯᠴᠠᠯ ᠢᠶᠠᠨ ᠴᠢᠩᠭᠠᠳᠬᠠᠵᠤ᠂ | ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ᠳ᠋ᠢᠭᠢᠲ ᠠᠵᠤ ᠠᠬᠤᠢ᠂ ᠪᠣᠬᠢᠷᠲᠤᠯ | ᠦᠭᠡᠢ ᠠᠵᠤ ᠠᠬᠤᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠮᠠᠨᠳᠤᠵᠤ ᠪᠠᠶᠢᠭ᠎ᠠ ᠬᠦᠷᠢᠶ᠎ᠡ ᠪᠠ | ᠭᠤᠷᠪᠠᠳᠤᠭᠠᠷ ᠲᠠᠯ᠎ᠠ ᠶᠢᠨ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠨᠡᠩ ᠥᠨᠳᠥᠷ ᠲᠦᠪᠰᠢᠨ | ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ ᠳᠠᠮᠵᠢᠭᠤᠯᠤᠨ ᠂ ᠲᠤᠰ ᠲᠤᠰ ᠤᠨ | ᠬᠥᠭᠵᠢᠯᠲᠡ ᠳᠤ ᠪᠠᠨ ᠨᠡᠩ ᠤᠯᠠᠨ ᠬᠥᠳᠡᠯᠭᠡᠭᠴᠢ ᠬᠦᠴᠦᠨ ᠨᠡᠮᠡᠷᠢᠯᠡᠵᠦ᠂ ᠳᠡᠯᠡᠬᠡᠢ ᠶᠢᠨ ᠠᠵᠤ ᠠᠬᠤᠢ ᠶᠢᠨ | ᠨᠡᠮᠡᠭᠳᠡᠯ ᠳᠤ ᠨᠡᠩ ᠶᠡᠭᠡ ᠬᠤᠪᠢ ᠨᠡᠮᠡᠷᠢ ᠦᠵᠡᠭᠦᠯᠵᠡᠭᠡᠶ᠎ᠡ ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ | ᠨᠡᠭᠡᠭᠡᠯᠲᠡ ᠪᠠᠨ ᠡᠷᠡᠰ ᠥᠷᠭᠡᠳᠬᠡᠵᠦ᠂ ᠶᠠᠫᠤᠨ ᠤ ᠠᠵᠤ ᠠᠬᠤᠶᠢᠯᠠᠯ ᠢ ᠪᠠᠭᠲᠠᠭᠠᠭᠰᠠᠨ ᠨᠡᠩ ᠤᠯᠠᠨ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠤ ᠬᠥᠭᠵᠢᠬᠦ ᠶᠢ ᠪᠠᠶᠠᠷᠯᠠᠨ ᠤᠭᠲᠤᠨ᠎ᠠ᠃ ᠶᠠᠫᠤᠨ ᠤ | ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠬᠢᠨ ᠳᠤ ᠬᠤᠶᠠᠷ ᠤᠯᠤᠰ ᠤᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠨᠥᠬᠦᠷᠰᠡᠭ ᠢᠲᠡᠭᠡᠯᠴᠡᠭᠡ ᠪᠠᠨ ᠴᠢᠩᠭᠠᠷᠠᠭᠤᠯᠬᠤ ᠳᠤ | ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ᠂ ᠪᠠᠰᠠ ᠶᠠᠫᠤᠨ ᠤ ᠡᠯ᠎ᠡ ᠡᠲᠡᠭᠡᠳ ᠤᠨ | ᠬᠢᠨ ᠤ ᠳᠤᠮᠳᠠᠳᠤ ᠤᠯᠤᠰ ᠯᠤᠭ᠎ᠠ ᠰᠣᠶᠣᠯ᠂ ᠵᠢᠭᠤᠯᠴᠢᠯᠠᠯ ᠂ ᠪᠡᠶ᠎ᠡ ᠶᠢᠨ ᠲᠠᠮᠢᠷ᠂ ᠵᠠᠯᠠᠭᠤᠴᠤᠳ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ | ᠤᠭᠲᠤᠵᠤ ᠪᠠᠶᠢᠨ᠎ᠠ ᠭᠡᠵᠡᠢ᠃ | ᠺᠣᠣᠨᠣ᠋ ᠶᠣᠣᠾᠧᠢ ᠢᠯᠡᠷᠬᠡᠶᠢᠯᠡᠬᠦ ᠳᠤ ᠪᠠᠨ ᠂ ᠳᠤᠮᠳᠠᠳᠤ ᠤᠯᠤᠰ ᠪᠣᠯ ᠶᠠᠫᠤᠨ ᠤ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠬᠠᠮᠤᠭ ᠤᠨ ᠴᠢᠬᠤᠯᠠ ᠬᠠᠨᠢᠲᠠᠨ ᠮᠥᠨ᠂ ᠳᠤᠮᠳᠠᠳᠤ ᠤᠯᠤᠰ ᠤᠨ ᠠᠵᠤ ᠠᠬᠤᠢ ᠬᠦᠴᠦᠷᠬᠡᠭ | ᠶᠡᠭᠡ ᠳᠣᠲᠣᠭᠠᠳᠤ ᠬᠥᠳᠡᠯᠭᠡᠭᠴᠢ ᠬᠦᠴᠦᠨ ᠪᠠ ᠤᠶᠠᠨ ᠬᠠᠳᠠᠨ ᠴᠢᠨᠠᠷ ᠲᠠᠢ ᠶᠤᠮ᠃ ᠣᠳᠣᠬᠠᠨ ᠤ ᠲᠣᠭᠲᠠᠪᠤᠷᠢ | ᠦᠭᠡᠢ ᠴᠢᠨᠠᠷ ᠢᠶᠠᠷ ᠳᠦᠭᠦᠷᠦᠭᠰᠡᠨ ᠳᠡᠯᠡᠬᠡᠢ ᠶᠢᠨ ᠪᠠᠶᠢᠳᠠᠯ ᠳᠣᠣᠷ᠎ᠠ᠂ ᠶᠠᠫᠤᠨ ᠳᠤᠮᠳᠠᠳᠤ ᠬᠤᠶᠠᠷ ᠤᠯᠤᠰ | ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶᠠᠨ ᠤ | ᠲᠣᠭᠲᠠᠯᠴᠠᠭ᠎ᠠ ᠶᠢ ᠬᠠᠮᠲᠤ ᠪᠠᠷ ᠬᠠᠮᠠᠭᠠᠯᠠᠪᠠᠯ ᠵᠣᠬᠢᠨ᠎ᠠ᠃ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ | ᠨᠡᠶᠢᠭᠡᠮᠯᠢᠭ ᠤᠷᠳᠤ ᠬᠤᠭᠤᠴᠠᠭᠠᠨ ᠤ ᠲᠤᠷᠰᠢ ᠶᠠᠫᠤᠨ ᠳᠤᠮᠳᠠᠳᠤ ᠶᠢᠨ ᠨᠥᠬᠦᠷᠯᠡᠯ ᠤᠨ ᠲᠥᠯᠥᠭᠡ ᠵᠢᠳᠬᠦᠵᠦ᠂ | ᠳᠤᠷᠠᠲᠠᠶ᠎ᠠ ᠳᠤᠮᠳᠠᠳᠤ ᠤᠯᠤᠰ ᠯᠤᠭ᠎ᠠ ᠰᠣᠯᠢᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠣᠶᠢᠯᠠᠭᠠᠯᠴᠠᠭ᠎ᠠ ᠪᠠᠨ | ᠨᠡᠮᠡᠭᠳᠡᠭᠦᠯᠵᠦ᠂ ᠬᠤᠶᠠᠷ ᠤᠯᠤᠰ ᠤᠨ ᠠᠷᠠᠳ ᠤᠯᠠᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ᠂ ᠲᠠᠨᠢᠨ | ᠮᠡᠳᠡᠷᠡᠬᠦᠢ ᠶᠢ ᠰᠠᠶᠢᠵᠢᠷᠠᠭᠤᠯᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠬᠤᠪᠢ | ᠨᠡᠮᠡᠷᠢ ᠦᠵᠡᠭᠦᠯᠦᠨ᠎ᠡ ᠭᠡᠪᠡ ᠃ | ᠦ᠋ ᠵᠧᠩ ᠯᠦᠩ ᠠᠭᠤᠯᠵᠠᠯᠲᠠ ᠳᠤ ᠣᠷᠣᠯᠴᠠᠪᠠ᠃ | |