ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 4 ᠤ ᠴᠠᠭᠢᠯᠭᠠᠨ ᠮᠡᠳᠡᠭᠡ 6 ᠰᠠᠷ᠎ᠠ ᠶᠢᠨ 4 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠯᠢ ᠽᠠᠢ ᠮᠢᠩ ᠳᠤ ᠴᠠᠭᠢᠯᠭᠠᠨ ᠴᠢᠮᠡᠭᠡ ᠶᠠᠪᠤᠭᠤᠯᠵᠤ᠂ | ᠲᠡᠭᠦᠨ ᠤ ᠺᠤᠷᠢᠶᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠺᠤᠷᠢᠶᠠ ᠪᠣᠯ ᠴᠢᠬᠤᠯᠠ ᠬᠥᠷᠰᠢ ᠤᠯᠤᠰ ᠪᠥᠭᠡᠳ ᠬᠠᠮᠲᠤᠷᠠᠯᠴᠠᠭᠠᠨ ᠤ | ᠬᠠᠨᠢᠲᠠᠨ ᠮᠥᠨ᠃ ᠬᠠᠷᠢᠯᠴᠠᠭ᠎ᠠ ᠪᠠᠶᠢᠭᠤᠯᠤᠭᠰᠠᠨ 33 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠦᠵᠡᠯ | ᠤᠬᠠᠮᠰᠠᠷ ᠤᠨ ᠭᠡᠯᠪᠡᠷᠢ ᠪᠣᠯᠣᠨ ᠨᠡᠶᠢᠭᠡᠮ ᠤᠨ ᠪᠠᠶᠢᠭᠤᠯᠤᠯ ᠤᠨ ᠵᠥᠷᠢᠶ᠎ᠡ ᠶᠢ ᠳᠠᠪᠠᠵᠤ᠂ ᠭᠠᠷ ᠬᠤᠯᠪᠣᠨ ᠬᠠᠮᠲᠤ ᠪᠠᠷ | ᠤᠷᠤᠭᠰᠢᠯᠠᠵᠤ᠂ ᠬᠠᠷᠢᠯᠴᠠᠨ ᠠᠮᠵᠢᠯᠲᠠ ᠪᠦᠲᠦᠮᠵᠢ ᠣᠯᠭᠤᠬᠤ ᠶᠢ ᠠᠬᠢᠭᠤᠯᠵᠤ᠂ ᠬᠤᠶᠠᠷ ᠤᠯᠤᠰ ᠤᠨ | ᠬᠠᠷᠢᠯᠴᠠᠭ᠎ᠠ ᠶᠢᠨ ᠲᠣᠭᠲᠠᠭᠤᠨ ᠡᠷᠡᠭᠦᠯ ᠬᠥᠭᠵᠢᠯᠲᠡ ᠶᠢ ᠪᠡᠶᠡᠯᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ | ᠠᠵᠠ ᠵᠢᠷᠭᠠᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ | ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠪᠢ ᠳᠤᠮᠳᠠᠳᠤ ᠺᠤᠷᠢᠶᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠃ ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠰᠦᠨ ᠤᠯᠠᠷᠢᠵᠤ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠠᠬᠢ ᠲᠣᠬᠲᠠᠭᠠᠯᠲᠦ ᠪᠤᠰᠤ ᠡᠯᠧᠮᠧᠨ᠋ᠲ | ᠨᠡᠮᠡᠭᠳᠡᠵᠦ ᠪᠠᠶᠢᠨ᠎ᠠ᠃ ᠪᠦᠭᠦ ᠪᠥᠮᠪᠥᠷᠴᠡᠭ ᠪᠠ ᠭᠠᠵᠠᠷ ᠣᠷᠣᠨ ᠤ ᠴᠢᠬᠤᠯᠠ ᠤᠯᠤᠰ ᠪᠣᠯᠤᠭᠰᠠᠨ ᠤ ᠬᠤᠪᠢ ᠳᠤ᠂ | ᠳᠤᠮᠳᠠᠳᠤ ᠤᠯᠤᠰ ᠳᠤᠷᠠᠲᠠᠶ᠎ᠠ ᠺᠤᠷᠢᠶᠠ ᠶᠢᠨ ᠬᠢᠨ ᠲᠠᠢ ᠬᠠᠮᠲᠤ ᠪᠠᠷ᠂ ᠬᠠᠷᠢᠯᠴᠠᠭ᠎ᠠ ᠪᠠᠶᠢᠭᠤᠯᠤᠭᠰᠠᠨ ᠤᠭ | ᠰᠠᠨᠠᠭ᠎ᠠ ᠪᠠᠨ ᠪᠠᠲᠤ ᠰᠠᠬᠢᠵᠤ᠂ ᠡᠶᠡᠯᠳᠡᠭ ᠬᠥᠷᠰᠢ ᠶᠢᠨ ᠨᠥᠭᠦᠷᠰᠡᠭ ᠴᠢᠭᠯᠡᠯ ᠢ ᠪᠠᠲᠤᠳᠬᠠᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠷᠠᠯᠲᠠ ᠶᠢ ᠪᠠᠷᠢᠮᠲᠠᠯᠠᠵᠤ᠂ ᠳᠤᠮᠳᠠᠳᠤ ᠺᠤᠷᠢᠶᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠤᠷᠤᠭᠰᠢ ᠬᠥᠭᠵᠢᠬᠦ ᠶᠢ | ᠬᠠᠮᠲᠤ ᠪᠠᠷ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ | ᠴᠢᠬᠤᠯᠠᠴᠢᠯᠠᠪᠠ᠃ | |