ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ ᠲᠤᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢᠨ《ᠲᠤᠷᠱᠢᠯᠲᠠ᠎ᠶ᠋ᠢᠨ ᠱᠢᠶᠠᠨ》(ᠬᠤᠶᠠᠳᠤᠭᠠᠷ ᠪᠦᠯᠦᠭ)᠎ᠤ ᠨᠡᠷᠡᠰ᠎ᠤᠨ ᠲᠤᠬᠠᠶ ᠠᠯᠪᠠᠨ ᠨᠡᠢᠳᠡᠯᠡᠯ
ᠨᠡᠶ᠋ᠢᠲᠡᠯᠡᠭᠰᠡᠨ ᠴᠠᠭ᠄ 2025-12-05

  《ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ ᠤᠯᠤᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠎ᠶ᠋ᠢᠨ ᠶᠡᠷᠦᠩᠬᠡᠢᠯᠡᠭ᠌ᠰᠡᠨ ᠵᠤᠷᠭᠠᠨ᠎ᠤ ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠶ᠋ᠢ ᠳᠡᠮᠵᠢᠬᠦ᠌ ᠲᠤᠬᠠᠶ ᠮᠡᠳᠡᠭ᠌ᠳᠡᠯ》 ᠂ 《2025 ᠣᠨ᠎ᠤ ᠲᠥᠪ᠎ᠤᠨ ᠦᠢᠯᠡᠴᠢᠯᠡᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠲᠤᠰᠭᠠᠶ (ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ) ᠭᠤᠶᠤᠴᠢᠯᠠᠨ ᠮᠡᠳᠡᠭᠦᠯᠬᠦ᠌ ᠠᠵᠢᠯ᠎ᠢ ᠦᠷᠭᠦᠯᠵᠢᠯᠡᠨ ᠥᠷᠨᠢᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠡᠳ᠋᠎ᠤᠨ ᠵᠠᠰᠠᠭ᠎ᠤᠨ ᠲᠢᠩᠬᠢᠮ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠢᠩᠭᠢᠮ ᠮᠡᠳᠡᠭ᠌ᠳᠡᠯ》 ᠵᠡᠷᠭᠡ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ ᠶᠣᠰᠣᠭᠠᠷ᠂  ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠲᠠᠢ ᠬᠠᠮᠲᠤᠷᠠᠨ 2025 ᠣᠨ᠎ᠤ ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ ᠲᠤᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢᠨ 《ᠲᠤᠷᠱᠢᠯᠲᠠ᠎ᠶ᠋ᠢᠨ ᠱᠢᠶᠠᠨ》 (ᠬᠤᠶᠠᠳᠤᠭᠠᠷ ᠪᠦᠯᠦᠭ) ᠎ᠢᠶᠠᠷ ᠮᠡᠳᠡᠭᠦᠯᠬᠦ᠌ ᠠᠵᠢᠯ᠎ᠢ ᠬᠠᠮᠲᠤᠪᠠᠷ ᠵᠣᠬᠢᠶᠠᠨ ᠪᠠᠢᠭᠤᠯᠵᠤ᠂ ᠠᠢᠮᠠᠭ ᠬᠤᠲᠠ᠎ᠶ᠋ᠢᠨ ᠬᠢᠨᠠᠨ ᠬᠠᠷᠭᠤᠭᠤᠯᠵᠤ ᠲᠠᠨᠢᠯᠴᠠᠭᠤᠯᠬᠤ᠂ ᠲᠤᠰᠭᠠᠶ ᠮᠡᠷᠭᠡᠵᠢᠯᠲᠡᠨ ᠬᠢᠨᠠᠨ ᠲᠣᠭ᠍ᠲᠠᠭᠠᠬᠤ᠂ ᠰᠠᠯᠠᠭ᠎ᠠ ᠮᠥᠴᠢᠷ ᠵᠥᠪᠳᠡᠯᠴᠡᠬᠦ᠌ ᠵᠢᠴᠢ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢᠶᠠᠷ ᠬᠢᠨᠠᠨ ᠲᠣᠭ᠍ᠲᠠᠭᠠᠬᠤ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ 2025 ᠣᠨ᠎ᠤ ᠱᠢᠶᠠᠨ᠎ᠤ ᠬᠡᠪᠴᠢᠶᠡᠨ᠎ᠤ ᠬᠤᠳᠠᠯᠳᠤᠭᠠᠨ᠎ᠤ ᠲᠤᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢᠨ 《ᠲᠤᠷᠱᠢᠯᠲᠠ᠎ᠶ᠋ᠢᠨ ᠱᠢᠶᠠᠨ》 (ᠬᠤᠶᠠᠳᠤᠭᠠᠷ ᠪᠦᠯᠦᠭ) ᠎ᠢ 4 ᠲᠣᠭ᠍ᠲᠠᠭᠠᠵᠤ᠂ ᠣᠲᠣ ᠨᠡᠷᠡᠰ᠎ᠢ ᠢᠯᠡ ᠨᠡᠢ᠌ᠲᠡᠯᠡᠶ᠎ᠡ᠄

  ᠮᠣᠷᠢᠨᠳᠠᠪᠠᠭ᠎ᠠ᠎ᠶ᠋ᠢᠨ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠱᠢᠭᠤ᠂ ᠵᠠᠷᠤᠳ ᠬᠤᠱᠢᠭᠤ᠂ ᠬᠦᠷᠢᠶ᠎ᠡ ᠬᠤᠱᠢᠭᠤ᠂ ᠺᠠᠢᠯᠦ᠍ ᠱᠢᠶᠠᠨ᠃

  ᠢᠯᠡ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 12 ᠳ᠋ᠤᠭ᠋ᠠᠷ ᠰᠠᠷ᠎ᠠ᠎ᠶ᠋ᠢᠨ 5 ᠎ᠤ ᠡᠳᠦᠷ᠎ᠠᠴᠠ 12  ᠳ᠋ᠤᠭ᠋ᠠᠷ ᠰᠠᠷ᠎ᠠ᠎ᠶ᠋ᠢᠨ 9 ᠎ᠤ ᠡᠳᠦᠷ ᠪᠣᠯᠲᠠᠯ᠎ᠠ ᠶᠠᠪᠤᠭ᠍ᠳᠠᠨ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠢᠯᠡ ᠨᠡᠢᠲᠡᠯᠡᠭ᠌ᠰᠡᠨ ᠠᠭᠤᠯᠭ᠎ᠠ᠎ᠳᠤ ᠣᠨᠳᠣᠤ ᠰᠠᠨᠠᠯ᠎ᠲᠠᠶ ᠪᠠᠢ᠌ᠪᠠᠯ᠂ ᠢᠯᠡ ᠨᠡᠢᠲᠡᠯᠡᠭ᠌ᠰᠡᠨ ᠬᠤᠭᠤᠴᠠᠭᠠᠨ᠎ᠳᠤ ᠡᠵᠡᠮᠱᠢᠭ᠌ᠰᠡᠨ ᠪᠣᠳᠠᠲᠤ ᠪᠠᠢᠳᠠᠯ᠎ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠳᠦ ᠲᠤᠰᠭᠠᠬᠤ ᠬᠡᠷᠡᠭ᠌ᠲᠡᠶ᠃ ᠲᠤᠰᠭᠠᠭ᠍ᠰᠠᠨ ᠮᠠᠲ᠋ᠧᠷᠢᠶᠠᠯ᠎ᠳᠤ ᠲᠠᠮᠠᠭ᠎ᠠ᠎ᠪᠠᠨ ᠳᠠᠷᠤᠵᠤ᠂ ᠬᠤᠪᠢ ᠬᠥᠮᠦᠨ ᠭᠠᠷ᠎ᠤᠨ ᠦᠰᠦᠭ ᠵᠢᠷᠤᠬᠤ᠎ᠶ᠋ᠢᠨ ᠬᠠᠮᠲᠤ ᠪᠡᠶ᠎ᠡ᠎ᠶ᠋ᠢᠨ ᠦᠨᠡᠮᠯᠡᠯ᠎ᠤᠨ ᠬᠠᠭᠤᠯᠪᠤᠷᠢ᠂ ᠬᠠᠷᠢᠯᠴᠠᠬᠤ ᠠᠷᠭ᠎ᠠ ᠮᠠᠶᠢᠭ᠎ᠢᠶᠠᠨ ᠳᠠᠭᠠᠯᠳᠤᠭᠤᠯᠤᠨ᠎ᠠ᠃

  ᠬᠠᠷᠢᠯᠴᠠᠬᠤ ᠠᠷᠭ᠎ᠠ ᠮᠠᠶᠢᠭ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠭᠦᠢᠯᠭᠡᠭᠡᠨ᠎ᠤ ᠦᠢᠯᠡᠰ᠎ᠤᠨ ᠬᠦᠭᠵᠢᠭᠦᠯᠦᠯᠲᠡ᠎ᠶ᠋ᠢᠨ ᠭᠠᠵᠠᠷ

  ᠤᠲᠠᠰᠤ᠄ 0471-6945209

  ᠬᠠᠶᠢᠭ᠄ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠬᠦᠷᠢᠶᠡᠨ᠎ᠤ 5 ᠳ᠋ᠤᠭᠠᠷ ᠠᠰᠠᠷ᠎ᠤᠨ 614 ᠳ᠋ᠦ᠍ᠭᠡᠷ ᠥᠷᠥᠭᠡ

ᠢᠷᠡᠯᠲᠡ᠄ ᠭᠦᠢᠯᠭᠡᠭᠡᠨ᠎ᠤ ᠦᠢᠯᠡᠰ᠎ᠤᠨ ᠬᠦᠭᠵᠢᠭᠦᠯᠦᠯᠲᠡ᠎ᠶ᠋ᠢᠨ ᠭᠠᠵᠠᠷ
          
ᠬᠠᠮᠢᠶ᠎ᠡ ᠪᠦᠬᠦᠢ ᠰᠣᠨᠢᠨ
 
            