ᠨᠢᠭᠡ᠂ ᠦᠨᠳᠦᠰᠦᠨ ᠪᠠᠢᠳᠠᠯ
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ 2026 ᠣᠨ᠎ᠤ ᠭᠠᠳᠠᠭᠠᠳᠤ ᠠᠵᠤ ᠠᠬᠤᠶ ᠠᠷᠠᠯᠵᠢᠶ᠎ᠠ ( ᠭᠠᠳᠠᠭᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ ) ᠶ᠋ᠢᠨ ᠲᠥᠷᠥᠯ ᠵᠦᠢᠯ᠎ᠳᠤ ᠬᠢᠨᠠᠨ ᠲᠣᠭ᠍ᠲᠠᠭᠠᠬᠤ ᠠᠵᠢᠯ᠎ᠢ ᠥᠷᠨᠢᠭᠦᠯᠵᠦ᠍᠂ ᠠᠳᠠᠯᠢᠳᠭᠠᠨ ᠰᠣᠩᠭᠤᠵᠤ ᠬᠤᠪᠢ ᠥᠭ᠌ᠬᠦ ᠠᠷᠭ᠎ᠠ ᠮᠠᠶᠢᠭ᠎ᠢᠶᠠᠷ ᠬᠠᠩᠭᠠᠯᠭ᠎ᠠ ᠶ᠋ᠢᠨ ᠬᠤᠳᠠᠯᠳᠤᠭᠠᠴᠢᠨ᠎ᠢ ᠰᠣᠩᠭᠤᠨ ᠲᠣᠭ᠍ᠲᠠᠭᠠᠵᠤ᠂ ᠣᠲᠣ ᠬᠢᠷᠢ ᠬᠡᠮ᠎ᠤᠨ ᠨᠥᠬᠦᠴᠡᠯ᠎ᠳᠤ ᠨᠡᠢᠴᠡᠬᠦ᠌ ᠬᠠᠩᠭᠠᠯᠭ᠎ᠠ ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠵᠦ᠍ ᠣᠷᠣᠯᠴᠠᠬᠤ ᠶ᠋ᠢ ᠪᠠᠶᠠᠷᠯᠠᠨ ᠤᠭ᠍ᠲᠤᠵᠤ ᠪᠠᠢᠨ᠎ᠠ᠃
ᠬᠤᠶᠠᠷ᠂ ᠲᠥᠷᠥᠯ ᠵᠦᠢᠯ᠎ᠤᠨ ᠲᠦᠢᠮᠣ ᠪᠠᠢᠳᠠᠯ
( ᠨᠢᠭᠡ ) ᠲᠥᠷᠥᠯ ᠵᠦᠢᠯ᠎ᠤᠨ ᠨᠡᠷᠡᠢᠳᠦᠯ᠄ ᠭᠠᠳᠠᠭᠠᠳᠤ ᠠᠵᠤ ᠠᠬᠤᠶ ᠠᠷᠠᠯᠵᠢᠶ᠎ᠠ ( ᠭᠠᠳᠠᠭᠠᠳᠤ᠎ᠳᠤ ᠪᠡᠯᠡ ᠣᠷᠣᠭᠤᠯᠤᠨ ᠬᠠᠮᠲᠤᠷᠠᠯᠴᠠᠬᠤ ) ᠶ᠋ᠢᠨ ᠲᠥᠷᠥᠯ ᠵᠦᠢᠯ᠎ᠢ ᠬᠢᠨᠠᠨ ᠲᠣᠭ᠍ᠲᠠᠭᠠᠬᠤ
( ᠬᠤᠶᠠᠷ ) ᠲᠥᠯᠥᠪᠯᠡᠭ᠌ᠰᠡᠨ ᠪᠡᠯᠡ ᠣᠷᠣᠭᠤᠯᠤᠯᠲᠠ᠄ 4 ᠲᠦᠮᠡᠨ ᠲᠥᠭᠦᠷᠢᠭ
( ᠭᠤᠷᠪᠠ ) ᠪᠡᠯᠡ ᠮᠥᠩᠭᠦ᠎ᠶ᠋ᠢᠨ ᠢᠷᠡᠯᠲᠡ᠄ ᠡᠳ᠋᠎ᠤᠨ ᠵᠠᠰᠠᠭ᠎ᠤᠨ ᠪᠡᠯᠡ ᠮᠥᠩᠭᠦ᠌
ᠭᠤᠷᠪᠠ᠂ ᠬᠤᠳᠠᠯᠳᠤᠨ ᠠᠪᠬᠤ ᠠᠭᠤᠯᠭ᠎ᠠ
ᠭᠠᠳᠠᠭᠠᠳᠤ ᠠᠵᠤ ᠠᠬᠤᠢ ᠠᠷᠠᠯᠵᠢᠶ᠎ᠠ ( ᠭᠠᠳᠠᠭᠠᠳᠤ᠎ᠳᠤ ᠪᠠᠯᠠ ᠣᠷᠣᠭᠤᠯᠤᠨ ᠬᠠᠮᠲᠤᠷᠠᠯᠴᠠᠬᠤ ) ᠶ᠋ᠢᠨ ᠲᠥᠷᠥᠯ ᠵᠦᠢᠯ᠎ᠳᠦ ᠬᠢᠨᠠᠨ ᠲᠣᠭ᠍ᠲᠠᠭᠠᠯᠲᠠ ᠬᠢᠨ᠎ᠡ᠃
ᠳᠥᠷᠪᠡ᠂ ᠬᠠᠩᠭᠠᠯᠭ᠎ᠠ᠎ᠶ᠋ᠢᠨ ᠬᠤᠳᠠᠯᠳᠤᠭᠠᠴᠢᠨ᠎ᠤ ᠬᠢᠷᠢ ᠬᠡᠮ᠎ᠤᠨ ᠱᠠᠭᠠᠷᠳᠠᠯᠭ᠎ᠠ
( ᠨᠢᠭᠡ ) ᠬᠠᠩᠭᠠᠯᠭ᠎ᠠ᠎ᠶ᠋ᠢᠨ ᠬᠤᠳᠠᠯᠳᠤᠭᠠᠴᠢᠨ ᠡᠷᠬᠡᠪᠰᠢ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠬᠠᠮᠢᠶ᠎ᠠ ᠪᠥᠬᠦᠶ ᠲᠣᠭ᠍ᠲᠠᠭᠠᠯ᠎ᠳᠤ ᠨᠡᠢᠴᠡᠭ᠌ᠰᠡᠨ ᠪᠠᠢᠬᠤ ᠬᠡᠷᠡᠭ᠌ᠲᠡᠶ;
( ᠬᠤᠶᠠᠷ ) ᠬᠠᠩᠭᠠᠯᠭ᠎ᠠ᠎ᠶ᠋ᠢᠨ ᠬᠤᠳᠠᠯᠳᠤᠭᠠᠴᠢᠨ ᠡᠷᠬᠡᠪᠰᠢ ᠬᠦᠴᠦᠨ ᠪᠦᠬᠦᠢ ᠡᠵᠡᠩᠨᠡᠯᠲᠡ᠎ᠶ᠋ᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ᠎ᠢ ᠪᠦᠷᠢᠯᠳᠦᠭᠦᠯᠬᠦ᠌ ᠬᠡᠷᠡᠭ᠌ᠲᠡᠢ;
( ᠭᠤᠷᠪᠠ ) ᠬᠦᠴᠦᠨ ᠲᠠᠢ ᠨᠢᠭ᠍ᠲᠠᠯᠠᠨ ᠪᠣᠳᠣᠭ᠍ᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠠᠵᠢᠯ ᠡᠷᠬᠢᠯᠡᠬᠦ᠌ ᠦᠨᠡᠮᠯᠡᠯ ᠲᠡᠢ;
( ᠲᠦᠷᠪᠡ ) ᠲᠥᠷᠥᠯ ᠵᠦᠢᠯ᠎ᠤᠨ ᠬᠠᠷᠢᠭᠤᠴᠠᠯᠭᠠᠲᠠᠨ᠎ᠨᠢ ᠳᠠᠩᠰᠠᠯᠠᠭᠤᠯᠤᠭ᠍ᠰᠠᠨ ᠨᠢᠭ᠍ᠲᠠᠯᠠᠨ ᠪᠣᠳᠣᠭ᠍ᠴᠢ᠎ᠶ᠋ᠢᠨ ᠭᠡᠷᠡᠴᠢ ᠪᠠᠢᠬᠤ ᠬᠡᠷᠡᠭ᠌ᠲᠡᠢ;
( ᠲᠠᠪᠤ ) ᠲᠣᠰ ᠤᠳᠠᠭᠠᠨ᠎ᠤ ᠬᠤᠳᠠᠯᠳᠤᠨ ᠠᠪᠬᠤ᠎ᠳᠤ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ ᠬᠦᠯᠢᠶᠡᠬᠦ᠌ ᠦᠭᠡᠢ᠃
ᠲᠠᠪᠤ᠂ ᠨᠡᠷ᠎ᠡ ᠮᠡᠳᠡᠭᠦᠯᠬᠦ᠌᠎ᠳᠤ ᠠᠩᠬᠠᠷᠬᠤ ᠵᠦᠢᠯ
( ᠨᠢᠭᠡ ) ᠨᠡᠷ᠎ᠡ ᠮᠡᠳᠡᠭᠦᠯᠬᠦ᠌ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠃
( ᠬᠤᠶᠠᠷ ) ᠨᠡᠷ᠎ᠡ ᠮᠡᠳᠡᠭᠦᠯᠬᠦ᠌ ᠬᠠᠶᠢᠭ᠄ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ 706 ᠳ᠋ᠤᠭᠠᠷ ᠲᠠᠰᠤᠭ᠃
( ᠭᠤᠷᠪᠠ ) ᠳᠠᠭᠠᠭᠤᠯᠬᠤ ᠮᠠᠲ᠋ᠧᠷᠢᠶᠠᠯ᠄
1. ᠬᠠᠤᠯᠢ᠎ᠶ᠋ᠢᠨ ᠡᠷᠬᠡᠲᠡᠨ᠎ᠤ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ ᠪᠤᠶᠤ ᠪᠤᠰᠤᠳ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ;
2. ᠠᠵᠤ ᠠᠬᠤᠢᠯᠠᠯ ᠣᠢᠷ᠎ᠠ᠎ᠶ᠋ᠢᠨ ᠬᠠᠭᠠᠰ ᠵᠢᠯ ᠳᠤ 2025 ᠣᠨ᠎ᠤ 1 ᠳ᠋ᠤᠭᠡᠷ ᠰᠠᠷ᠎ᠠ᠎ᠠᠴᠠ 2025 ᠣᠨ᠎ᠤ 6 ᠳ᠋ᠤᠭᠠᠷ ᠰᠠᠷ᠎ᠠ ᠪᠣᠯᠲᠠᠯ᠎ᠠ ᠳᠤᠷ᠎ᠠ᠎ᠶ᠋ᠢᠨ ᠨᠢᠭᠡ ᠰᠠᠷ᠎ᠠ᠎ᠶ᠋ᠢᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠠᠮᠠᠭ᠎ᠠ ᠳᠠᠷᠤᠭ᠍ᠰᠠᠨ ᠪᠤᠶᠤ ᠭᠠᠷᠲᠠᠨ ᠭᠦᠢᠴᠡᠳᠭᠡᠭ᠌ᠰᠡᠨ ᠪᠠᠩᠬᠢ᠎ᠶ᠋ᠢᠨ ᠲᠠᠮᠠᠭ᠎ᠠ ᠳᠠᠷᠤᠭ᠍ᠰᠠᠨ ᠵᠡᠷᠭᠡ ᠭᠠᠢᠯᠢ ᠲᠤᠱᠢᠶᠠᠭ᠍ᠰᠠᠨ ᠭᠡᠷᠡᠴᠢ ᠮᠠᠲ᠋ᠧᠷᠢᠶᠠᠯ᠂ ᠭᠠᠢᠯᠢ ᠲᠤᠱᠢᠶᠠᠬᠤ ᠰᠠᠷ᠎ᠠ᠎ᠶ᠋ᠢᠨ ᠭᠠᠢᠯᠢ ᠲᠤᠱᠢᠶᠠᠬᠤ ᠮᠡᠳᠡᠭᠦᠯᠦᠯᠲᠡ᠎ᠶ᠋ᠢᠨ ᠪᠠᠷᠢᠮᠲᠠ ᠬᠠᠩᠭᠠᠵᠤ ᠥᠭ᠌ᠭᠦᠭᠡᠳᠦᠢ )
3. ᠨᠢᠭ᠍ᠲᠠᠯᠠᠨ ᠪᠣᠳᠣᠭ᠍ᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠠᠵᠢᠯ ᠡᠷᠬᠢᠯᠡᠬᠦ᠌ ᠦᠨᠡᠮᠯᠡᠯ;
4. ᠳᠠᠩᠰᠠᠯᠠᠭᠤᠯᠤᠭ᠍ᠰᠠᠨ ᠨᠢᠭ᠍ᠲᠠᠯᠠᠨ ᠪᠣᠳᠣᠭ᠍ᠴᠢ᠎ᠶ᠋ᠢᠨ ᠦᠨᠡᠮᠯᠡᠯ;
5. 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ ( www.creditchina.gov.cn ) ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ( www.ccgp.gov.cn ) ᠶ᠋ᠢᠨ ᠢᠲᠡᠭᠡᠮᠵᠢ᠎ᠶ᠋ᠢᠨ ᠪᠠᠢᠴᠠᠭᠠᠨ ᠯᠠᠪᠯᠠᠬᠤ ᠲᠡᠮᠳᠡᠭ᠌ᠯᠡᠯᠤᠨᠤᠭ᠍ᠲᠤᠯᠤᠭ᠍ᠰᠠᠨ ᠵᠢᠷᠤᠭ᠎ᠢ ᠬᠠᠩᠭᠠᠨ᠎ᠠ;
6. ᠬᠠᠩᠭᠠᠯᠭ᠎ᠠ᠎ᠶ᠋ᠢᠨ ᠬᠤᠳᠠᠯᠳᠤᠭᠠᠴᠢᠨ ᠣᠢᠷ᠎ᠠ᠎ᠶ᠋ᠢᠨ ᠭᠤᠷᠪᠠᠨ ᠵᠢᠯ᠎ᠤᠨ ᠬᠤᠳᠠᠯᠳᠤᠨ ᠠᠪᠬᠤ ᠠᠵᠢᠯᠯᠠᠭ᠎ᠠ᠎ᠳᠤ ᠬᠠᠤᠯᠢ᠎ᠶ᠋ᠢ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ᠎ᠤᠨ ᠲᠣᠳᠣᠷᠬᠠᠢᠯᠠᠯᠲᠠ᠎ᠶ᠋ᠢᠨ ᠪᠢᠴᠢᠭ ᠦᠭᠡᠢ;
7. ᠬᠠᠩᠭᠠᠯᠭ᠎ᠠ᠎ᠶ᠋ᠢᠨ ᠬᠤᠳᠠᠯᠳᠤᠭᠠᠴᠢᠨ ᠣᠢᠷ᠎ᠠ᠎ᠶ᠋ᠢᠨ ᠭᠤᠷᠪᠠᠨ ᠵᠢᠯ᠎ᠤᠨ ᠡᠢᠮᠦᠷᠬᠦ᠌ ᠲᠥᠷᠥᠯ ᠵᠦᠢᠯ᠎ᠤᠨ ᠠᠮᠵᠢᠯᠲᠠ ᠪᠦᠲᠦᠮᠵᠢ ᠬᠠᠩᠭᠠᠨ᠎ᠠ;
8. ᠮᠡᠳᠡᠭᠦᠯᠬᠦ᠌ ᠦᠨ᠎ᠡ ᠶ᠋ᠢᠨ ᠬᠠᠭᠤᠳᠠᠰᠤ;
9. ᠦᠢᠯᠡᠴᠢᠯᠡᠭᠡᠨ᠎ᠤ ᠲᠥᠰᠦᠯ᠂ ᠦᠢᠯᠡᠴᠢᠯᠡᠭᠡᠨ᠎ᠤ ᠠᠮᠠᠯᠠᠯᠲᠠ ᠵᠢᠴᠢ ᠦᠢᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ;
10. ᠠᠵᠢᠯᠲᠠᠨ᠎ᠤ ᠲᠣᠬᠢᠷᠠᠭᠤᠯᠤᠯᠲᠠ᠃
ᠳᠡᠭᠡᠷᠡᠬᠢ ᠮᠠᠲ᠋ᠧᠷᠢᠶᠠᠯ᠎ᠢ ᠳᠡᠪᠲᠡᠷ ᠪᠣᠯᠭᠠᠨ ᠦᠳᠡᠬᠦ᠌ ᠶ᠋ᠢᠨ ᠬᠠᠮᠲᠤ ᠤᠭᠤᠲᠠᠯᠠᠵᠤ ᠪᠢᠲᠡᠭᠦᠮᠵᠢᠯᠡᠨ᠎ᠡ᠂ ᠪᠢᠲᠡᠭᠦᠮᠵᠢᠯᠡᠬᠦ᠌ ᠬᠡᠰᠡᠭ᠎ᠲᠦ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠵᠤ᠂ ᠮᠠᠲ᠋ᠧᠷᠢᠶᠠᠯ᠎ᠤᠨ ᠳᠣᠲᠣᠷ᠎ᠠ ᠬᠠᠭᠤᠯᠪᠤᠷᠢ᠎ᠨᠢ ᠨᠢᠭᠡᠴᠢ ᠶ᠋ᠢᠨ ᠠᠯᠪᠠᠨ ᠲᠠᠮᠠᠭ᠎ᠠ᠎ᠶ᠋ᠢ ᠳᠠᠷᠤᠬᠤ ᠬᠡᠷᠡᠭ᠌ᠲᠡᠶ᠃
( ᠲᠦᠷᠪᠡ ) ᠮᠠᠲ᠋ᠧᠷᠢᠶᠠᠯ᠎ᠤᠨ ᠭᠠᠷᠳᠠᠭᠤᠯᠤᠨ ᠲᠤᠱᠢᠶᠠᠯᠲᠠ ᠶ᠋ᠢᠨ ᠳᠠᠰᠤᠯᠬᠤ ᠴᠠᠭ᠄ 2025 ᠣᠨ᠎ᠤ 9 ᠳ᠋ᠤᠭᠡᠷ ᠰᠠᠷ᠎ᠠ᠎ᠶ᠋ᠢᠨ 28 ᠤ ᠡᠳᠦᠷ 17᠄ 00 ᠴᠠᠭ᠃
ᠵᠢᠷᠭᠤᠭ᠎ᠠ᠂ ᠬᠠᠷᠢᠯᠴᠠᠬᠤ ᠠᠷᠭ᠎ᠠ ᠮᠠᠶᠢᠭ
ᠬᠤᠳᠠᠯᠳᠤᠨ ᠠᠪᠤᠭ᠍ᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
ᠬᠠᠷᠢᠯᠴᠠᠬᠤ ᠬᠥᠮᠥᠨ᠄ ᠫᠧᠩ ᠬᠠᠢ ᠱᠢᠶᠠ
ᠬᠠᠷᠢᠯᠴᠠᠬᠤ ᠤᠲᠠᠰᠤ᠄ 0471 - 6946140
2025 ᠣᠨ᠎ᠤ 9 ᠳ᠋ᠤᠭᠡᠷ ᠰᠠᠷ᠎ᠠ᠎ᠶ᠋ᠢᠨ 23 ᠤ ᠡᠳᠦᠷ