ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠮᠠᠱᠢᠨ ᠲᠡᠷᠭᠡ᠎ᠶᠢ ᠰᠢᠨᠡᠳᠭᠡᠬᠦ ᠨᠡᠮᠡᠭᠦᠷᠢ᠎ᠶ᠋ᠢᠨ ᠮᠡᠷᠭᠡᠵᠢᠯ᠎ᠤᠨ ᠦᠢᠯᠡᠴᠢᠯᠡᠭᠡᠨ᠎ᠤ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠨᠡᠷ᠎ᠡ ᠮᠡᠳᠡᠭᠦᠯᠬᠦ᠌ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2026-01-16

  ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠬᠤᠳᠠᠯᠳᠤᠨ ᠠᠪᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠂ ᠥᠪᠥᠷ ᠮᠣᠩᠭᠣᠯ᠎ᠤᠨ ᠮᠠᠱᠢᠨ ᠲᠡᠷᠭᠡ᠎ᠶᠢ ᠰᠢᠨᠡᠳᠭᠡᠬᠦ  ᠨᠡᠮᠡᠭᠦᠷᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠲᠥᠷᠥᠯ ᠵᠦᠢᠯ᠎ᠢ ᠬᠤᠳᠠᠯᠳᠤᠨ ᠠᠪᠬᠤ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠬᠦ᠌᠎ᠶ᠋ᠢ ᠦᠨᠡᠨᠬᠦ᠌ ᠪᠠᠲᠤᠯᠠᠬᠤ᠎ᠶ᠋ᠢᠨ ᠲᠤᠰᠠᠳᠠ᠂ ᠡᠳᠦᠭᠡ ᠬᠢᠷᠢ ᠭᠡᠮ᠎ᠦᠨ ᠨᠥᠬᠥᠴᠡᠯ᠎ᠳᠦ ᠨᠡᠢᠴᠡᠬᠦ᠌ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠦᠢᠯᠡᠴᠢᠯᠡᠭᠡᠨ᠎ᠦ ᠪᠠᠢᠭᠤᠯᠤᠮᠵᠢ᠎ᠠᠴᠠ ᠨᠡᠷ᠎ᠡ ᠮᠡᠳᠡᠭᠦᠯᠵᠦ᠍ ᠣᠷᠣᠯᠴᠠᠭᠤᠯᠤᠨ᠎ᠠ᠃

  ᠨᠢᠭᠡ᠂ ᠲᠦᠷᠦᠯ ᠵᠦᠢᠯ᠎ᠤᠨ ᠲᠦᠢᠮᠦ᠍ ᠪᠠᠢᠳᠠᠯ

  1. ᠬᠤᠳᠠᠯᠳᠤᠨ ᠠᠪᠬᠤ ᠲᠥᠷᠥᠯ ᠵᠦᠢᠯ᠎ᠤᠨ ᠨᠡᠷᠡᠢᠳᠦᠯ᠄ 2026 ᠣᠨ᠎ᠳᠤ ᠥᠪᠥᠷ ᠮᠣᠩᠭᠤᠯ᠎ᠤᠨ ᠮᠠᠱᠢᠨ ᠲᠡᠷᠭᠡ᠎ᠶᠢ ᠰᠢᠨᠡᠳᠭᠡᠬᠦ ᠨᠡᠮᠡᠭᠦᠷᠢ᠎ᠶᠢᠨ ᠮᠡᠷᠭᠡᠵᠢᠯ᠎ᠤᠨ ᠦᠢᠯᠡᠴᠢᠯᠡᠭᠡᠨ᠎ᠤ ᠲᠥᠷᠥᠯ ᠵᠦᠢᠯ

  2. ᠠᠭᠤᠯᠭ᠎ᠠ ᠪᠠ ᠬᠤᠪᠢᠶᠠᠨ ᠳᠠᠭᠠᠭᠠᠴᠢᠯᠠᠭᠤᠯᠤᠭ᠍ᠰᠠᠨ ᠪᠠᠢᠳᠠᠯ ( ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ )

  ᠪᠤᠭᠤᠳᠠᠯ᠎ᠤᠨ ᠨᠤᠮᠸᠷ ᠄ 1

  ᠡᠳ᠋ ᠪᠠᠷᠠᠭ᠎ᠠ᠂ ᠦᠢᠯᠡᠴᠢᠯᠡᠭᠡ ᠪᠠ ᠪᠠᠷᠢᠯᠭ᠎ᠠ᠎ᠶ᠋ᠢᠨ ᠨᠡᠷᠡᠢᠳᠦᠯ᠄ 2026 ᠣᠨ᠎ᠳᠤ ᠥᠪᠥᠷ ᠮᠣᠩᠭᠤᠯ᠎ᠤᠨ ᠮᠠᠱᠢᠨ ᠲᠡᠷᠭᠡ᠎ᠶᠢ ᠰᠢᠨᠡᠳᠭᠡᠬᠦ ᠨᠡᠮᠡᠭᠦᠷᠢ᠎ᠶ᠋ᠢᠨ ᠮᠡᠷᠭᠡᠵᠢᠯ᠎ᠤᠨ ᠦᠢᠯᠡᠴᠢᠯᠡᠭᠡᠨ᠎ᠤ ᠲᠥᠷᠥᠯ ᠵᠦᠢᠯ

  ᠲᠤᠭ᠎ᠠ ᠬᠡᠮᠵᠢᠶ᠎ᠡ᠄ 1 ᠵᠦᠢᠯ

  ᠮᠡᠷᠭᠡᠵᠢᠯ᠎ᠦᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ᠄ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠨ ᠦᠢᠯᠡᠴᠢᠯᠡᠬᠦ᠌

  ᠵᠡᠭᠦᠯᠲᠡ

  ᠬᠤᠶᠠᠷ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  ᠴᠤᠤᠷᠢᠶᠠᠳᠤᠨ ᠳᠠᠭᠠᠬᠤ ᠬᠥᠮᠦᠨ᠎ᠨᠢ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠎ᠶ᠋ᠢᠨ ᠬᠤᠷᠢᠨ ᠬᠤᠶᠠᠳᠤᠭᠠᠷ ᠵᠦᠢᠯ᠎ᠳᠤ ᠲᠣᠭ᠍ᠲᠠᠭᠠᠭ᠍ᠰᠠᠨ ᠨᠥᠬᠦᠴᠡᠯ᠎ᠢ ᠪᠦᠷᠢᠯᠳᠦᠭᠦᠯᠵᠦ᠍᠂ ᠡᠯ᠎ᠡ ᠵᠦᠢᠯ᠎ᠤᠨ ᠲᠣᠭ᠍ᠲᠠᠭᠠᠯ᠎ᠳᠤ ᠨᠡᠢᠴᠡᠭ᠌ᠰᠡᠨ ᠬᠠᠩᠭᠠᠯᠭ᠎ᠠ᠎ᠶ᠋ᠢᠨ ᠬᠤᠳᠠᠯᠳᠤᠭᠠᠴᠢᠨ᠎ᠢ ᠮᠡᠳᠡᠷᠡᠬᠦ᠌ ᠪᠥᠭᠡᠳ ᠠᠮᠠᠯᠠᠯᠲᠠ᠎ᠪᠠᠷ ᠭᠦᠢᠴᠡᠳᠭᠡᠬᠦ᠌᠎ᠶ᠋ᠢᠨ ᠬᠠᠮᠲᠤ᠌᠂ ᠳᠣᠤᠷᠠᠬᠢ ᠨᠥᠬᠦᠴᠡᠯ᠎ᠢ ᠪᠦᠷᠢᠯᠳᠦᠭᠦᠯᠬᠦ᠌ ᠬᠡᠷᠡᠭ᠌ᠲᠡᠶ᠄

  1. ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ;

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠎ᠶ᠋ᠢᠨ ᠬᠠᠮᠲᠤ ᠪᠠᠢᠴᠠᠭᠠᠨ ᠯᠠᠪᠯᠠᠬᠤ ᠤᠭ᠍ᠲᠤᠯᠤᠭ᠍ᠰᠠᠨ ᠵᠢᠷᠤᠭ᠎ᠢ ᠬᠠᠩᠭᠠᠨ᠎ᠠ;

  3. ᠣᠢᠷ᠎ᠠ᠎ᠶ᠋ᠢᠨ ᠨᠢᠭᠡ ᠵᠢᠯ᠎ᠦᠨ ᠭᠠᠢᠯᠢ ᠲᠤᠱᠢᠶᠠᠭ᠍ᠰᠠᠨ ᠭᠡᠷᠡᠴᠢ ( ᠭᠠᠢᠯᠢ᠎ᠶ᠋ᠢᠨ ᠶᠠᠪᠤᠳᠠᠯ᠎ᠤᠨ  ᠪᠠᠢᠭᠤᠯᠭ᠎ᠠ᠎ᠶ᠋ᠢᠨ ᠬᠢᠵᠦ᠍ ᠥᠭ᠌ᠭᠦᠭ᠌ᠰᠡᠨ ᠭᠠᠢᠯᠢ ᠲᠤᠱᠢᠶᠠᠭ᠍ᠰᠠᠨ ᠵᠣᠭᠣᠰ ᠲᠤᠱᠢᠶᠠᠭ᠍ᠰᠠᠨ ᠪᠢᠴᠢᠭ ᠪᠤᠶᠤ ᠪᠠᠩᠬᠢ᠎ᠶ᠋ᠢᠨ ᠭᠠᠢᠯᠢ ᠬᠠᠰᠤᠭ᠍ᠰᠠᠨ ᠭᠡᠷᠡᠴᠢ᠎ᠪᠡᠷ ᠪᠠᠷᠢᠮᠵᠢᠶ᠎ᠠ ᠪᠣᠯᠭᠠᠨ᠎ᠠ ) ;

  4. ᠠᠵᠢᠯᠲᠠᠨ᠂ ᠲᠥᠬᠦᠭᠡᠷᠦᠮᠵᠢ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢ ᠪᠦᠷᠢᠯᠳᠦᠭᠦᠯᠵᠦ᠍᠂ ᠲᠦᠷᠦᠯ ᠵᠦᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠦᠭ᠌ᠰᠡᠨ ᠬᠦᠴᠦᠨ ᠪᠦᠬᠦᠢ ᠭᠡᠷᠡᠴᠢᠯᠡᠬᠦ᠌ ᠮᠠᠲ᠋ᠧᠷᠢᠶᠠᠯ ;

  5. ᠵᠠᠷᠯᠢᠭ᠍ᠳᠠᠵᠤ ᠪᠠᠢᠭᠠᠳ ᠠᠵᠢᠯ᠎ᠢ ᠨᠢ ᠵᠣᠭᠰᠤᠭᠠᠬᠤ ᠂ ᠳᠠᠭᠠᠭᠠᠴᠢᠯᠠᠯᠲᠠ᠎ᠳᠤ ᠣᠷᠣᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠬᠤ ᠂ ᠡᠳ᠋ ᠬᠥᠷᠥᠩᠭᠡ᠎ᠶᠢ ᠨᠢ ᠭᠥᠯᠢᠶᠡᠨ ᠠᠪᠴᠤ ᠬᠠᠮᠢᠶᠠᠷᠬᠤ ᠂ ᠴᠡᠪᠳᠡᠭᠯᠡᠬᠦ ᠂ ᠲᠠᠮᠫᠤᠷᠠᠬᠤ ᠵᠡᠷᠭᠡ ᠪᠠᠢᠳᠠᠯ᠎ᠳᠤ ᠣᠷᠣᠭ᠎ᠠ ᠦᠭᠡᠢ ;

  6. 《ᠢᠲᠡᠭᠡᠮᠵᠢᠲᠦ ᠳᠤᠮᠳᠠᠳᠤ ᠤᠯᠤᠰ》ᠰᠦᠯᠵᠢᠶ᠎ᠡ ( http://www.creditchina.gov.cn/) ᠎ᠶ᠋ᠢᠨ ᠳᠤᠮᠳᠠ ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠲᠤ ᠵᠢᠭ᠍ᠰᠠᠭᠠᠭ᠍ᠳᠠᠭ᠍ᠰᠠᠨ ᠬᠠᠩᠭᠠᠯᠭ᠎ᠠ᠎ᠶ᠋ᠢᠨ ᠬᠤᠳᠠᠯᠳᠤᠭᠠᠴᠢᠨ ᠨᠡᠷ᠎ᠡ ᠮᠡᠳᠡᠭᠦᠯᠵᠦ᠍ ᠣᠷᠣᠯᠴᠠᠵᠤ ᠪᠣᠯᠬᠤ ᠥᠬᠡᠶ ;

  7. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ᠎ᠶ᠋ᠢ ᠬᠦᠯᠢᠶᠡᠬᠦ᠌ ᠦᠭᠡᠢ᠃

  ᠭᠤᠷᠪᠠ᠂ ᠣᠷᠣᠯᠠᠬᠤ ᠪᠠᠢᠭᠤᠯᠤᠮᠵᠢ ᠳᠣᠤᠷᠠᠬᠢ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ (ᠳᠣᠤᠷᠠᠬᠢ ᠳᠡᠰ ᠳᠠᠷᠠᠭ᠋ᠠᠯᠠᠯ᠎ᠢᠶᠠᠷ ᠡᠮᠬᠢᠳᠭᠡᠨ᠎ᠡ)

  1. ᠠᠵᠦ  ᠠᠬᠤᠢ᠌ᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠦᠨ ᠬᠠᠭᠤᠯᠪᠤᠷᠢ ᠳᠡᠪᠲᠡᠷ;

  2. ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ ;

  3. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠎ᠶ᠋ᠢᠨ ᠣᠷᠣᠯᠠᠬᠤ ᠪᠠᠢᠭᠤᠯᠤᠮᠵᠢ᠎ᠳᠤ ᠳᠡᠩᠰᠡᠯᠡᠨ ᠲᠡᠮᠳᠡᠭ᠌ᠯᠡᠵᠦ᠍᠂ ᠰᠦᠯᠵᠢᠶᠡᠨ ᠥᠷᠲᠡᠭᠡ᠎ᠶ᠋ᠢᠨ ᠪᠠᠢᠴᠠᠭᠠᠨ ᠯᠠᠪᠯᠠᠬᠤ  ᠤᠭ᠍ᠲᠤᠯᠤᠭ᠍ᠰᠠᠨ ᠵᠢᠷᠤᠭ᠎ᠢ ᠬᠠᠩᠭᠠᠨ᠎ᠠ ;

  4. ᠢᠲᠡᠭᠡᠮᠵᠢᠲᠦ ᠳᠤᠮᠳᠠᠳᠤ ᠤᠯᠤᠰ᠎ᠤᠨ ᠰᠦᠯᠵᠢᠶᠡᠨ ᠥᠷᠲᠡᠭᠡ᠎ᠳᠤ ᠢᠲᠡᠭᠡᠯ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠤᠨ ᠬᠤᠯᠪᠣᠭ᠍ᠳᠠᠯ ᠪᠦᠬᠦᠢ ᠤᠭ᠍ᠲᠤᠯᠤᠭ᠍ᠰᠠᠨ ᠵᠢᠷᠤᠭ᠎ᠲᠤ ᠵᠢᠭ᠍ᠰᠠᠭᠠᠭ᠍ᠳᠠᠭ᠍ᠰᠠᠨ ᠦᠭᠡᠢ ;

  5. ᠳᠠᠭᠠᠭᠠᠴᠢᠯᠠᠯᠲᠠ ᠵᠠᠷᠯᠠᠬᠤ ᠪᠢᠴᠢᠭ ᠬᠠᠷ᠎ᠠ᠎ᠶ᠋ᠢ ᠨᠠᠢᠷᠠᠭᠤᠯᠤᠨ ᠵᠣᠬᠢᠶᠠᠬᠤ ᠦᠢᠯᠡᠴᠢᠯᠡᠭᠡᠨ᠎ᠦ ᠲᠥᠰᠦᠯ ᠵᠢᠴᠢ ᠮᠡᠳᠡᠭᠦᠯᠬᠦ᠌ ᠦᠨ᠎ᠡ ;

  6. ᠲᠣᠰ ᠲᠥᠷᠥᠯ ᠵᠦᠢᠯ᠎ᠤᠨ ᠬᠠᠷᠢᠭᠤᠴᠠᠯᠭᠠᠲᠠᠨ᠎ᠤ ᠲᠤᠱᠢᠶᠠᠯ᠎ᠢ ᠡᠭᠦᠷᠭᠡᠯᠡᠬᠦ᠌᠎ᠪᠠᠷ ᠪᠠᠢᠭ᠎ᠠ ᠠᠵᠢᠯ᠎ᠤᠨ ᠨᠠᠮᠲᠠᠷ᠂ ᠬᠢᠷᠢ ᠬᠡᠮ ᠵᠡᠷᠭᠡ ᠪᠠᠢᠳᠠᠯ; ᠲᠥᠷᠥᠯ ᠵᠦᠢᠯ᠎ᠤᠨ ᠳᠤᠭᠤᠢᠯᠠᠩ᠎ᠤᠨ ᠠᠵᠢᠯᠲᠠᠨ᠎ᠤ ᠬᠢᠷᠢ ᠬᠡᠮ᠂ ᠠᠵᠢᠯ᠎ᠤᠨ ᠨᠠᠮᠲᠠᠷ ;

  7. ᠲᠤᠰᠠᠭᠠᠷ ᠠᠵᠢᠯᠯᠠᠬᠤ ᠭᠠᠵᠠᠷ᠎ᠤᠨ ᠭᠡᠷᠡᠴᠢ᠂ ᠪᠡᠶ᠎ᠡ᠎ᠪᠠᠨ ᠳᠠᠭᠠᠭᠠᠭ᠍ᠰᠠᠨ ᠬᠢᠨᠠᠨ ᠲᠣᠭ᠍ᠲᠠᠭᠠᠬᠤ ᠲᠠᠯᠠᠪᠤᠷ ᠭᠠᠵᠠᠷ᠎ᠤᠨ ᠭᠡᠷᠡᠴᠢ ᠬᠠᠩᠭᠠᠵᠤ᠂ ᠲᠠᠯᠠᠪᠤᠷ ᠭᠠᠵᠠᠷ᠎ᠲᠤ ᠲᠦᠷᠢᠶᠡᠰᠦᠯᠡᠭᠦᠯᠬᠦ᠌ ᠬᠡᠯᠡᠯᠴᠡᠭᠡᠷ ᠪᠤᠶᠤ ᠭᠡᠷ ᠪᠠᠢᠱᠢᠩ ᠬᠤᠳᠠᠯᠳᠤᠨ ᠠᠪᠬᠤ ᠬᠡᠯᠡᠯᠴᠡᠭᠡᠷ ᠪᠤᠶᠤ ᠭᠡᠷ ᠪᠠᠢᠱᠢᠩ᠎ᠤᠨ ᠥᠮᠴᠢᠯᠡᠬᠦ᠌ ᠡᠷᠬᠡ᠎ᠶ᠋ᠢᠨ ᠦᠨᠡᠮᠯᠡᠯ ᠵᠡᠷᠭᠡ ᠭᠡᠷᠡᠴᠢᠯᠡᠬᠦ᠌ ᠮᠠᠲ᠋ᠧᠷᠢᠶᠠᠯ᠎ᠢ ᠬᠠᠩᠭᠠᠨ᠎ᠠ ;

  8. ᠣᠢᠷ᠎ᠠ᠎ᠶ᠋ᠢᠨ ᠭᠤᠷᠪᠠᠨ ᠵᠢᠯ᠎ᠤᠨ ᠳᠣᠲᠣᠷ᠎ᠠ ᠪᠡᠶᠡᠯᠡᠭᠦᠯᠦᠭ᠌ᠰᠡᠨ ᠬᠠᠮᠢᠶ᠎ᠠ ᠪᠦᠬᠦᠢ ᠠᠵᠢᠯ᠎ᠤᠨ ᠠᠮᠵᠢᠯᠲᠠ᠎ᠶ᠋ᠢᠨ ᠭᠡᠷᠡᠴᠢ ᠮᠠᠲ᠋ᠧᠷᠢᠶᠠᠯ ;

  9. ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠎ᠤᠳ ;

  10. ᠬᠠᠷᠢᠯᠴᠠᠬᠤ ᠬᠠᠭᠤᠳᠠᠰᠤ (  ᠪᠠᠢᠭᠤᠯᠭ᠎ᠠ ᠶ᠋ᠢᠨ ᠨᠡᠷᠡᠢᠳᠦᠯ ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ  ᠮᠠᠶᠢᠭ᠎ᠢ ᠪᠠᠭ᠍ᠲᠠᠭᠠᠨ᠎ᠠ ) ᠃

  ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ ᠎ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠ᠎ᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ᠎ᠢ ᠬᠠᠩᠭᠠᠬᠤ ᠬᠡᠷᠡᠭ᠌ᠲᠡᠶ᠃

  ᠳᠥᠷᠪᠡ᠂ ᠨᠡᠷ᠎ᠡ ᠮᠡᠳᠡᠭᠦᠯᠬᠦ᠌ ᠪᠢᠴᠢᠭ ᠮᠠᠲ᠋ᠧᠷᠢᠶᠠᠯ᠎ᠢ ᠭᠠᠷᠳᠠᠭᠤᠯᠬᠤ ᠴᠠᠭ᠂ ᠭᠠᠵᠠᠷ᠂ ᠠᠷᠭ᠎ᠠ ᠮᠠᠶᠢᠭ

  ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠬᠦ᠌ ᠬᠠᠩᠭᠠᠯᠭ᠎ᠠ᠎ᠶ᠋ᠢᠨ ᠬᠤᠳᠠᠯᠳᠤᠭᠠᠴᠢᠨ 2026 ᠣᠨ᠎ᠤ 1 ᠳ᠋ᠦ᠍ᠭᠡᠷ ᠰᠠᠷ᠎ᠠ᠎ᠶ᠋ᠢᠨ 20 ᠎ᠤ ᠡᠳᠦᠷ᠎ᠤᠨ 17 ᠴᠠᠭ ᠪᠣᠯᠲᠠᠯ᠎ᠠ ᠨᠡᠷ᠎ᠡ ᠮᠡᠳᠡᠭᠦᠯᠦᠭ᠌ᠰᠡᠨ ᠮᠠᠲ᠋ᠧᠷᠢᠶᠠᠯ᠎ᠳᠤ ᠠᠯᠪᠠᠨ ᠲᠠᠮᠠᠭ᠎ᠠ ᠳᠠᠷᠤᠭ᠍ᠰᠠᠨ᠎ᠤ ᠳᠠᠷᠠᠭᠠᠬᠢ ᠱᠢᠷᠪᠢᠯᠲᠡ᠎ᠶ᠋ᠢᠨ ᠮᠠᠲ᠋ᠧᠷᠢᠶᠠᠯ᠎ᠢ 649313516@qqcom ᠎ᠳᠤ ᠬᠦᠷᠭᠡᠵᠦ᠍ ᠪᠣᠯᠤᠨ᠎ᠠ᠃

  ᠲᠠᠪᠤ᠂ ᠬᠠᠷᠢᠯᠴᠠᠬᠤ ᠠᠷᠭ᠎ᠠ ᠮᠠᠶᠢᠭ

  ᠨᠢᠭᠡᠴᠢ᠎ᠶ᠋ᠢᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠬᠦᠷᠢᠶᠡᠯᠡᠩ

  ᠬᠠᠷᠢᠯᠴᠠᠬᠤ ᠬᠥᠮᠦᠨ᠄ ᠸᠠᠩ ᠲᠦᠩ

  ᠬᠠᠷᠢᠯᠴᠠᠬᠤ ᠤᠲᠠᠰᠤ᠄ 0471 - 4895378

ᠢᠷᠡᠯᠲᠡ᠄ ᠵᠠᠬ᠎ᠠ ᠳᠡᠯᠭᠡᠭᠦᠷ᠎ᠤᠨ ᠠᠵᠢᠯᠯᠠᠭᠠᠨ ᠪᠠ ᠬᠡᠷᠡᠭ᠌ᠯᠡᠭᠡ᠎ᠶ᠋ᠢ ᠠᠬᠢᠭᠤᠯᠬᠤ ᠭᠠᠵᠠᠷ
          
ᠬᠠᠮᠢᠶ᠎ᠡ ᠪᠦᠬᠦᠢ ᠰᠣᠨᠢᠨ
 
            