ᠣᠢᠷ᠎ᠠ᠎ᠶ᠋ᠢᠨ ᠬᠤᠭᠤᠴᠠᠭᠠᠨ᠎ᠳᠤ᠂ ᠬᠠᠤᠯᠢ ᠪᠤᠰᠤ ᠡᠲᠡᠭᠡᠳ APP(ᠱᠢᠯᠵᠢᠮᠡᠯ ᠢᠨᠲ᠋ᠧᠷ ᠰᠦᠯᠵᠢᠶᠡᠨ᠎ᠤ ᠬᠡᠷᠡᠭ᠌ᠯᠡᠭᠡᠨ᠎ᠤ ᠫᠷᠤᠭ᠌ᠷᠠᠮ)᠎ᠪᠠᠷ ᠠᠴᠢᠶᠠᠯᠠᠪᠤᠷᠢ ᠪᠣᠯᠭᠠᠨ ᠬᠠᠤᠯᠢ ᠪᠤᠰᠤ ᠮᠥᠩᠭᠦᠨ ᠭᠦᠢᠯᠭᠡᠭᠡᠨ᠎ᠤ ᠠᠵᠢᠯᠯᠠᠭ᠎ᠠ ᠬᠢᠵᠦ᠍᠂ APP ᠶ᠋ᠢ 《ᠡᠳ᠋᠎ᠤᠨ ᠶᠠᠪᠤᠳᠠᠯ᠎ᠤᠨ ᠬᠠᠮᠢᠶᠠᠷᠤᠯᠲᠠ᠎ᠶ᠋ᠢᠨ ᠲᠠᠪᠴᠠᠩ 》ᠭᠡᠳᠡᠭ᠎ᠢᠶᠠᠷ ᠬᠠᠭᠤᠷᠮᠠᠭ᠍ᠯᠠᠵᠤ᠂ ᠥᠨᠳᠥᠷ ᠲᠣᠭᠠᠨ᠎ᠤ ᠬᠠᠷᠢᠭᠤᠯᠲᠠ᠎ᠪᠠᠷ ᠣᠯᠠᠨ ᠲᠦᠮᠡᠨ᠎ᠤ ᠪᠠᠯᠠ ᠣᠷᠣᠭᠤᠯᠤᠯᠲᠠ᠎ᠶ᠋ᠢ ᠲᠠᠲᠠᠬᠤ᠂ ᠡᠰᠡᠬᠦᠯ᠎ᠡ ᠬᠤᠳᠠᠯ᠎ᠢᠶᠠᠷ ᠠᠷᠠᠯᠵᠢᠶᠠᠯᠠᠬᠤ ᠲᠠᠪᠴᠠᠩ᠎ᠢᠶᠠᠷ ᠣᠯᠠᠨ ᠲᠦᠮᠡᠨ᠎ᠤ ᠪᠠᠯᠠ ᠮᠥᠩᠭᠦ᠎ᠶ᠋ᠢ ᠮᠡᠬᠡᠯᠡᠨ ᠠᠪᠴᠤ᠌᠂ ᠣᠯᠠᠨ ᠲᠦᠮᠡᠨ᠎ᠤ ᠡᠷᠬᠡ ᠠᠱᠢᠭ᠎ᠢ ᠬᠦᠨᠳᠦ ᠨᠣᠴᠢᠲᠠᠶ ᠬᠤᠬᠢᠷᠠᠭᠤᠯᠤᠨ᠂ ᠮᠥᠩᠭᠦᠨ ᠭᠦᠢᠯᠭᠡᠭᠡᠨ᠎ᠤ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠰᠠᠮᠠᠭᠤᠷᠠᠭᠤᠯᠵᠤ᠂ ᠰᠦᠯᠵᠢᠶᠡᠨ᠎ᠤ ᠣᠷᠣᠨ ᠵᠠᠶ᠎ᠶ᠋ᠢᠨ ᠣᠷᠴᠢᠨ ᠨᠥᠬᠦᠴᠡᠯ᠎ᠢ ᠡᠪᠳᠡᠪᠡ᠃ ᠣᠯᠠᠨ ᠲᠦᠮᠡᠨ᠎ᠤ 《ᠵᠣᠭᠤᠰᠣᠨ ᠤᠭᠤᠲᠠ》᠎ᠶ᠋ᠢ ᠰᠠᠢᠲᠤᠷ ᠰᠠᠬᠢᠨ ᠬᠠᠮᠠᠭᠠᠯᠠᠬᠤ᠎ᠶ᠋ᠢᠨ ᠲᠥᠯᠥᠭᠡ᠂ ᠡᠳᠦᠭᠡ ᠰᠠᠨᠠᠭᠤᠯᠬᠤ ᠲᠦᠭᠰᠢᠭᠦᠷᠢ ᠨᠢ ᠳᠣᠣᠷᠠᠬᠢ ᠮᠡᠲᠦ ᠄
ᠨᠢᠭᠡ᠂ ᠭᠤᠣᠯ ᠠᠷᠭ᠎ᠠ ᠵᠠᠮ
(ᠨᠢᠭᠡ) ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠲᠥᠭᠡᠷᠢᠭᠦᠯᠦᠨ ᠪᠠᠭᠤᠯᠭ᠋ᠠᠨ᠎ᠠ᠃ ᠬᠠᠤᠯᠢ ᠪᠤᠰᠤ ᠡᠲᠡᠭᠡᠳ ᠰᠦᠯᠵᠢᠶᠡᠨ ᠳᠡᠭᠡᠷ᠎ᠡ ᠣᠬᠤᠷ ᠮᠡᠳᠡᠭᠡᠨ᠎ᠤ ᠴᠦᠷᠬᠡᠯᠡᠭᠡ᠂ ᠨᠡᠢᠭᠡᠮ᠎ᠤᠨ ᠬᠠᠷᠢᠯᠴᠠᠭᠠᠨ᠎ᠤ ᠵᠥᠭᠡᠯᠡᠨ ᠲᠣᠨᠤᠭ᠂ ᠰᠦᠯᠵᠢᠶᠡᠨ᠎ᠤ ᠨᠢᠭᠤᠷ᠎ᠤᠨ ᠵᠠᠷ ᠮᠡᠳᠡᠭᠡ ᠵᠡᠷᠭᠡ ᠰᠦᠯᠵᠢᠶᠡᠨ᠎ᠤ ᠠᠷᠭ᠎ᠠ ᠵᠠᠮ᠎ᠢᠶᠠᠷ ᠳᠠᠮᠵᠢᠭᠤᠯᠤᠨ᠂ ᠭᠠᠵᠠᠷ ᠣᠷᠣᠨ ᠠᠯᠤᠰᠯᠠᠭ᠍ᠰᠠᠨ ᠪᠤᠶᠤ ᠴᠢᠨᠠᠭ᠍ᠰᠢᠯᠠᠪᠠᠯ ᠤᠯᠤᠰ ᠠᠯᠤᠰᠯᠠᠭ᠍ᠰᠠᠨ ᠬᠢᠯᠢ᠎ᠳᠤ ᠨᠠᠷᠢᠯᠢᠭ ᠣᠨᠣᠴᠠᠲᠠᠶ᠎ᠪᠠᠷ ᠬᠦᠷᠭᠡᠵᠦ᠍᠂ ᠣᠯᠠᠨ ᠲᠦᠮᠡᠨ ᠢ᠋ ᠥᠳᠥᠭᠡᠵᠦ ᠪᠠᠢᠭᠠᠳ ᠬᠠᠤᠯᠢ ᠪᠤᠰᠤ APP ᠶ᠋ᠢ ᠪᠠᠭᠤᠯᠭᠠᠨ᠎ᠠ; ᠰᠦᠯᠵᠢᠶᠡᠨ ᠭᠠᠳᠠᠨ᠎ᠠ 《 ᠰᠲ᠋ᠣᠺ᠎ᠤᠨ ᠡᠷᠬᠡ᠎ᠶᠢ ᠬᠤᠳᠠᠯᠳᠤᠨ ᠠᠪᠬᠤ 》 ᠵᠡᠷᠭᠡ᠎ᠪᠡᠷ ᠬᠠᠯᠬᠠᠪᠴᠢ ᠪᠣᠯᠭᠠᠵᠤ᠂ ᠬᠦᠮᠦᠰ᠎ᠢ ᠲᠠᠲᠠᠵᠤ ᠪᠠᠢ᠌ᠭ᠋ᠠᠳ ᠭᠡᠰᠢᠭᠦᠨ ᠡᠯᠰᠡᠨ᠎ᠡ ; ᠴᠢᠨᠠᠭ᠍ᠰᠢᠯᠠᠪᠠᠯ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠮᠲᠤ᠎ᠪᠠᠷ ᠤᠯᠠᠮᠵᠢᠯᠠᠵᠤ᠂ ᠡᠵᠡᠩᠨᠡᠯᠲᠡ ᠶ᠋ᠢᠨ ᠡᠬᠢᠨ᠎ᠦ ᠬᠤᠭᠤᠴᠠᠭᠠᠨ᠎ᠳᠤ ᠪᠠᠭ᠎ᠠ ᠬᠡᠮᠵᠢᠶᠡᠨ᠎ᠦ ᠠᠰᠢᠭ᠋ ᠣᠷᠣᠯᠭ᠎ᠠ ᠶ᠋ᠢᠨ ᠢᠲᠡᠭᠡᠯ ᠢ᠋ ᠣᠯᠭᠤᠯᠵᠦ᠂ ᠣᠯᠠᠨ ᠲᠦᠮᠡᠨ ᠢ᠋ ᠥᠳᠥᠭᠡᠨ APP ᠶ᠋ᠢ ᠪᠠᠭᠤᠯᠭ᠋ᠠᠨ ᠠᠪᠤᠭᠤᠯᠤᠨ᠎ᠠ᠃
(ᠬᠤᠶᠠᠷ) ᠬᠠᠯᠠᠮᠰᠢᠯ ᠴᠡᠭ᠎ᠢᠶᠡᠷ ᠣᠪᠯᠠᠵᠤ ᠥᠨᠳᠥᠷ ᠬᠦᠦ᠎ᠪᠡᠷ ᠥᠳᠥᠭᠡᠨ ᠲᠠᠲᠠᠨ᠎ᠠ᠃ ᠬᠠᠤᠯᠢ ᠪᠤᠰᠤ ᠡᠲᠡᠭᠡᠳ 《ᠣᠷᠣᠨ ᠬᠡᠰᠡᠭ᠎ᠤᠨ ᠬᠡᠯᠬᠢᠶ᠎ᠡ》᠂ 《ᠬᠡᠢᠰᠪᠦᠷᠢ ᠵᠣᠭᠤᠰ》᠂ 《ᠺᠠᠩ ᠶᠠᠩ ᠠᠵᠤ ᠠᠬᠤᠢ》᠂ 《ᠡᠨᠧᠷᠭᠢ ᠠᠭᠤᠷᠬᠠᠢ᠎ᠶ᠋ᠢᠨ ᠭᠠᠷᠤᠯᠲᠠ》 ᠵᠡᠷᠭᠡ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠲᠤᠭ᠎ᠢ ᠠᠱᠢᠭ᠍ᠯᠠᠵᠤ᠂ ᠤᠯᠠᠨ ᠲᠦᠮᠡᠨ᠎ᠤ ᠱᠢᠨ᠎ᠡ ᠤᠬᠠᠭ᠍ᠳᠠᠬᠤᠨ᠎ᠤ ᠲᠦᠷᠦᠯ ᠵᠦᠢᠯ᠎ᠢ ᠬᠥᠭᠡᠭᠡᠴᠡᠯᠳᠦᠬᠦ᠌ ᠰᠡᠳᠭᠢᠴᠡ᠎ᠶ᠋ᠢ ᠠᠱᠢᠭ᠍ᠯᠠᠨ᠂ ᠥᠨᠳᠥᠷ ᠬᠡᠮᠵᠢᠶᠡᠨ᠎ᠤ ᠬᠠᠷᠢᠭᠤ ᠠᠪᠬᠤ᠎ᠪᠠᠷ ᠠᠮᠠᠯᠠᠯᠲᠠ᠎ᠪᠠᠨ ᠪᠣᠯᠭᠠᠵᠤ᠂ APP ᠶ᠋ᠢ ᠠᠱᠢᠭ᠍ᠯᠠᠨ ᠬᠤᠳᠠᠯ ᠬᠠᠭᠤᠷᠮᠠᠭ ᠡᠳ᠋᠎ᠤᠨ ᠶᠠᠪᠤᠳᠠᠯ᠎ᠢ ᠬᠠᠮᠢᠶᠠᠷᠬᠤ ᠦᠢᠯᠡᠳᠬᠦᠨ᠎ᠢ ᠤᠬᠠᠭᠤᠯᠵᠤ᠂ ᠪᠣᠳᠠᠲᠠᠢ ᠬᠠᠤᠯᠢ ᠪᠤᠰᠤ᠎ᠪᠠᠷ ᠪᠡᠯᠡ ᠴᠤᠭ᠍ᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ᠎ᠤ ᠠᠵᠢᠯᠯᠠᠭ᠎ᠠ᠎ᠶ᠋ᠢ ᠬᠢᠵᠦ᠍᠂ ᠤᠯᠠᠨ ᠲᠦᠮᠡᠨ᠎ᠤ 《ᠪᠡᠯᠡ ᠣᠷᠣᠭᠤᠯᠤᠯᠲᠠ》 ᠶ᠋ᠢ ᠮᠡᠬᠡᠯᠡᠨ ᠥᠨᠳᠥᠷ ᠠᠱᠢᠭ ᠬᠦᠷᠲᠡᠨ᠎ᠡ᠃
(ᠭᠤᠷᠪᠠ) ᠠᠷᠭ᠎ᠠ ᠪᠠᠷᠢᠯ ᠠᠷᠭ᠎ᠠ ᠬᠡᠯᠪᠡᠷᠢ ᠨᠢ ᠨᠠᠷᠢᠨ ᠪᠤᠳᠤᠯᠢᠶᠠᠨᠲᠠᠢ ᠪᠥᠭᠡᠳ ᠨᠢᠭᠤᠴᠠ ᠳᠠᠯᠳᠠ ᠪᠠᠢᠳᠠᠭ᠃ ᠡᠢᠮᠦᠷᠬᠦᠦ ᠲᠥᠷᠥᠯ᠎ᠤᠨ APP ᠨᠢ 《ᠡᠳ᠋ ᠪᠠᠶᠠᠯᠢᠭ᠎ᠢ ᠬᠠᠮᠲᠤ᠎ᠪᠠᠷ ᠡᠳ᠋ᠯᠡᠬᠦ᠌》᠂ 《ᠡᠳᠦᠷ ᠲᠤᠲᠤᠮ᠎ᠤᠨ ᠠᠱᠢᠭ ᠤᠯᠵᠤ》᠂ 《ᠨᠠᠢᠵᠠ ᠨᠥᠬᠦᠳ᠎ᠢᠶᠠᠨ ᠲᠠᠨᠢᠯᠴᠠᠭᠤᠯᠵᠤ ᠵᠣᠭᠤᠰ ᠤᠯᠬᠤ》 ᠵᠡᠷᠭᠡ ᠲᠥᠭᠡᠷᠢᠭ᠌ᠳᠡᠭᠦᠯᠬᠦ᠌ ᠴᠢᠨᠠᠷ᠂ ᠠᠵᠢᠯᠯᠠᠭᠠᠨ᠎ᠤ ᠴᠢᠨᠠᠷᠲᠠᠶ ᠤᠬᠠᠭᠤᠯᠭ᠎ᠠ᠎ᠶ᠋ᠢᠨ ᠠᠩᠬᠠᠷᠤᠯ᠎ᠢ ᠲᠠᠲᠠᠵᠤ ᠪᠠᠢᠨ᠎ᠠ᠂ ᠱᠠᠩᠨᠠᠨ ᠬᠥᠬᠢᠭᠦᠯᠬᠦ᠌ ᠵᠠᠭ᠍ᠪᠤᠷ᠎ᠢ ᠠᠱᠢᠭ᠍ᠯᠠᠨ ᠲᠥᠷᠥᠯ ᠰᠠᠳᠤᠨ ᠨᠠᠢᠵᠠ ᠨᠥᠬᠦᠳ᠎ᠢ ᠥᠳᠥᠭᠡᠨ ᠲᠠᠲᠠᠵᠤ ᠪᠠᠢᠭᠠᠳ ᠣᠷᠣᠯᠴᠠᠭᠤᠯᠵᠤ᠂ ᠵᠠᠷᠢᠮ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠂ ᠵᠠᠰᠠᠭ᠎ᠤᠨ ᠣᠷᠳᠣᠨ᠎ᠤ ᠲᠡᠳᠬᠦᠨ ᠳᠡᠮᠵᠢᠬᠦ᠌ ᠲᠥᠷᠥᠯ ᠵᠦᠢᠯ ᠪᠤᠶᠤ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠨᠡᠷᠡᠢᠳᠦᠯ᠎ᠢ ᠳᠠᠭᠤᠷᠢᠶᠠᠨ ᠲᠦᠰᠤᠪᠯᠡᠵᠦ᠍᠂ ᠠᠯᠪᠠᠨ᠎ᠤ ᠲᠠᠯ᠎ᠠ᠎ᠶ᠋ᠢᠨ ᠲᠡᠮᠳᠡᠭ᠎ᠲᠠᠢ ᠳᠡᠭᠡᠳᠦ ᠬᠡᠮᠵᠢᠶ᠎ᠡ᠎ᠪᠠᠷ ᠠᠳᠠᠯᠢᠪᠲᠤᠷ ᠲᠠᠰ ᠳᠠᠷᠠᠭᠠᠯᠠᠯ᠎ᠤᠨ ᠵᠢᠷᠤᠭ ᠲᠡᠮᠳᠡᠭ᠎ᠢ ᠵᠢᠷᠤᠵᠤ ᠲᠥᠯᠥᠪᠯᠡᠬᠦ᠌᠎ᠨᠢ ᠢᠲᠡᠭᠡᠯ᠎ᠢ ᠮᠡᠬᠡᠯᠡᠵᠦ᠍ ᠪᠠᠢᠳᠠᠭ᠃ ᠬᠡᠰᠡᠭ APP ᠶ᠋ᠢ ᠵᠢᠩᠬᠢᠨᠢ ᠬᠡᠷᠡᠭᠯᠡᠭᠡᠨ᠎ᠦ ᠳᠡᠯᠭᠡᠭᠦᠷ᠎ᠲᠦ ᠲᠠᠯᠪᠢᠭ᠍ᠰᠠᠨ ᠦᠭᠡᠢ ᠪᠥᠭᠡᠳ ᠴᠠᠬᠢᠯᠭᠠᠨ ᠬᠣᠯᠪᠣᠭᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠦ ᠴᠦ᠍ ᠳᠠᠩᠰᠠᠯᠠᠭᠤᠯᠤᠭᠰᠠᠨ ᠦᠭᠡᠢ ᠪᠠᠢ᠌ᠳᠠᠭ᠃
ᠬᠤᠶᠠᠷ᠂ ᠰᠡᠷᠭᠡᠢᠯᠡᠬᠦ᠌ ᠠᠷᠭ᠎ᠠ ᠬᠡᠮᠵᠢᠶ᠎ᠡ
(ᠨᠢᠭᠡ) ᠵᠢᠩᠬᠢᠨᠢ ᠪᠠᠭᠤᠯᠭᠠᠬᠤ ᠵᠠᠮ᠎ᠢ ᠰᠤᠩᠭᠤᠨ᠎ᠠ᠃ APP ᠶ᠋ᠢ ᠪᠠᠭᠤᠯᠭᠠᠬᠤ᠎ᠳᠤ ᠭᠠᠷ ᠤᠲᠠᠰᠤᠨ᠎ᠤ ᠥᠪᠡᠷ᠎ᠢᠶᠡᠨ ᠪᠠᠢ᠌ᠬᠤ᠂ ᠵᠥᠭᠡᠯᠡᠨ ᠬᠡᠷᠡᠭᠰᠡᠯ᠎ᠦᠨ ᠠᠯᠪᠠᠨ᠎ᠤ ᠰᠦᠯᠵᠢᠶ᠎ᠡ ᠵᠡᠷᠭᠡ ᠵᠢᠩᠬᠢᠨᠢ ᠬᠡᠷᠡᠭᠯᠡᠭᠡᠨ᠎ᠦ ᠳᠡᠯᠭᠡᠭᠦᠷ᠎ᠢ ᠤᠷᠢᠳ᠎ᠢᠶᠠᠷ ᠬᠡᠷᠡᠭᠯᠡᠵᠦ᠂ ᠲᠠᠨᠢᠯ ᠪᠤᠰᠤ ᠬᠣᠶᠠᠷ ᠬᠡᠮᠵᠢᠯᠲᠦ ᠺᠣᠳ᠋᠎ᠢ ᠰᠢᠷᠪᠢᠵᠦ ᠪᠠᠭᠤᠯᠭᠠᠬᠤ ᠦᠭᠡᠢ᠂ ᠭᠤᠷᠪᠠᠳᠠᠬᠢ ᠡᠲᠡᠭᠡᠳ᠎ᠤᠨ ᠰᠦᠯᠵᠢᠶᠡᠨ ᠥᠷᠲᠡᠭᠡ᠂ ᠴᠣᠩᠬᠤᠨ᠎ᠤ ᠵᠠᠷ ᠮᠡᠳᠡᠭᠡ᠂ ᠨᠡᠢᠭᠡᠮ᠎ᠤᠨ ᠬᠠᠷᠢᠯᠴᠠᠭᠠᠨ᠎ᠤ ᠬᠤᠪᠢᠶᠠᠨ ᠡᠳ᠋ᠯᠡᠬᠦ᠌ ᠴᠥᠷᠬᠡᠯᠡᠭᠡ᠂ ᠣᠬᠤᠷ ᠮᠡᠳᠡᠭᠡ ᠬᠦᠷᠭᠡᠬᠦ᠌ ᠵᠡᠷᠭᠡ ᠠᠯᠪᠠᠨ᠎ᠤ ᠪᠤᠰᠤ ᠠᠷᠭ᠎ᠠ ᠵᠠᠮ᠎ᠢᠶᠠᠷ ᠪᠠᠭᠤᠯᠭᠠᠬᠤ᠎ᠠᠴᠠ ᠵᠠᠢᠯᠠᠰᠭᠢᠵᠦ᠍᠂ 《ᠬᠢᠨᠠᠨ ᠬᠠᠷᠭᠤᠭᠤᠯᠬᠤ ᠴᠢᠬᠤᠯᠠ ᠦᠭᠡᠢ ᠪᠠᠷ ᠤᠭ᠍ᠰᠠᠷᠠᠵᠤ ᠪᠣᠯᠬᠤ》 ᠵᠢᠩᠬᠢᠨᠢ ᠪᠤᠰᠤ ᠬᠡᠷᠡᠭ᠌ᠯᠡᠭᠡᠨ᠎ᠤ ᠤᠭ᠍ᠰᠠᠷᠠᠯᠲᠠ᠎ᠶ᠋ᠢᠨ ᠪᠠᠭ᠍ᠯᠠᠭ᠎ᠠ᠎ᠶ᠋ᠢ ᠲᠡᠪᠴᠢᠨ᠎ᠡ᠃ ᠵᠢᠩᠬᠢᠨᠢ ᠫᠠᠢᠰᠠ᠎ᠲᠠᠢ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ APP ᠶ᠋ᠢ ᠰᠣᠩᠭᠣᠵᠤ ᠪᠡᠯᠡ ᠣᠷᠣᠭᠤᠯᠤᠨ ᠡᠳ᠋᠎ᠦᠨ ᠶᠠᠪᠤᠳᠠᠯ᠎ᠢ ᠬᠠᠮᠢᠶᠠᠷᠬᠤ ᠲᠤᠬᠠᠢᠯᠠᠭᠰᠠᠨ ᠠᠵᠢᠯ᠎ᠢ ᠭᠦᠢᠴᠡᠳᠬᠡᠨ᠎ᠡ᠃
(ᠬᠤᠶᠠᠷ) ᠪᠠᠭᠤᠯᠭᠠᠬᠤ ᠠᠭᠤᠯᠭ᠎ᠠ᠎ᠶ᠋ᠢ ᠪᠣᠯᠭᠣᠮᠵᠢᠲᠠᠢ ᠬᠡᠷᠡᠭ᠌ᠯᠡᠨ᠎ᠡ᠃ ᠴᠠᠬᠢᠯᠭᠠᠨ ᠬᠤᠯᠪᠣᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠠᠷ ᠳᠡᠮᠵᠢᠨ APP ᠶ᠋ᠢᠨ ᠪᠦᠷᠢᠳᠭᠡᠨ ᠳᠠᠩᠰᠠᠯᠠᠬᠤ ᠨᠣᠮᠧᠷ᠎ᠢ ᠪᠠᠭᠤᠯᠭᠠᠨ ᠠᠪᠴᠤ᠌᠂ ᠲᠣᠳᠣᠷᠬᠠᠶ ᠬᠢᠷᠢ ᠬᠡᠮ ᠥᠬᠡᠶ ᠬᠡᠷᠡᠭ᠌ᠯᠡᠭᠡᠨ᠎ᠤ ᠫᠷᠣᠭ᠌ᠷᠠᠮ᠎ᠢ ᠬᠡᠷᠡᠭ᠌ᠯᠡᠬᠦ᠌᠎ᠠᠴᠠ ᠵᠠᠢᠯᠠᠰᠭᠢᠨ᠎ᠡ᠃ ᠬᠡᠷᠡᠭ᠌ᠯᠡᠬᠦ᠌ ᠶᠠᠪᠤᠴᠠ᠎ᠳᠤ ᠴᠢᠬᠤᠯᠠ ᠪᠤᠰᠤ ᠡᠷᠬᠡ ᠮᠡᠳᠡᠯ᠎ᠤᠨ ᠬᠡᠪᠴᠢᠶ᠎ᠡ᠎ᠶ᠋ᠢ ᠬᠠᠭᠠᠵᠤ᠂ 《ᠳᠠᠬᠢᠨ ᠳᠠᠪᠲᠠᠨ ᠲᠣᠷᠬᠤ᠂ ᠠᠯᠪᠠᠳᠠᠯᠭ᠎ᠠ᠎ᠪᠠᠷ ᠱᠢᠨᠡᠳᠭᠡᠬᠦ᠌》 ᠵᠡᠷᠭᠡ ᠬᠡᠪ᠎ᠤᠨ ᠪᠤᠰᠤ ᠦᠢᠯᠡ ᠠᠵᠢᠯᠯᠠᠭ᠎ᠠ᠎ᠶ᠋ᠢ ᠰᠡᠷᠡᠮᠵᠢᠯᠡᠵᠦ᠍᠂ APP ᠶ᠋ᠢᠨ ᠠᠭᠤᠯᠭ᠎ᠠ᠎ᠳᠤ ᠲᠥᠭᠡᠷᠢᠭ᠌ᠳᠡᠭᠦᠯᠬᠦ᠂ ᠠᠱᠢᠭ ᠬᠤᠨᠵᠢᠪᠣᠷᠢ᠎ᠪᠠᠷ ᠪᠡᠯᠡ ᠣᠷᠣᠭᠤᠯᠤᠯᠲᠠ᠎ᠶ᠋ᠢ ᠲᠠᠲᠠᠵᠤ ᠥᠨᠳᠥᠷ ᠠᠱᠢᠭ ᠤᠯᠬᠤ ᠬᠤᠯᠪᠣᠭ᠍ᠳᠠᠯ ᠪᠦᠬᠦᠢ ᠠᠭᠤᠯᠭ᠎ᠠ᠎ᠶ᠋ᠢ ᠣᠯᠵᠤ ᠮᠡᠳᠡᠪᠡᠯ᠂ ᠲᠡᠷᠡ ᠳᠠᠷᠤᠢ᠎ᠳᠤ᠎ᠨᠢ ᠬᠡᠷᠡᠭ᠌ᠯᠡᠬᠦ᠌᠎ᠪᠠᠨ ᠵᠣᠭ᠍ᠰᠣᠭᠠᠷᠠᠢ᠃
(ᠭᠤᠷᠪᠠ) ᠲᠦᠭᠰᠢᠭᠦᠷᠢ᠎ᠶᠢ ᠣᠯᠵᠤ ᠮᠡᠳᠡᠪᠡᠯ ᠬᠣᠬᠢᠷᠠᠯ᠎ᠢ ᠴᠠᠭ ᠲᠤᠬᠠᠢ ᠳ᠋ᠤᠨᠢ ᠵᠤᠭᠰᠤᠭ᠋ᠠᠨ᠎ᠠ᠃ ᠬᠡᠷᠪᠡ APP ᠶ᠋ᠢᠨ ᠳᠤᠮᠳᠠ ᠪᠠᠩᠬᠢ᠎ᠶ᠋ᠢᠨ ᠺᠠᠷᠲ᠎ᠢ ᠤᠶᠠᠬᠤ᠂ ᠪᠡᠶ᠎ᠡ᠎ᠶ᠋ᠢᠨ ᠦᠨᠡᠮᠯᠡᠯ᠎ᠤᠨ ᠨᠣᠮᠧᠷ᠂ ᠭᠠᠷ ᠤᠲᠠᠰᠤᠨ᠎ᠤ ᠨᠣᠮᠧᠷ ᠵᠡᠷᠭᠡ ᠮᠡᠳᠡᠭᠡ ᠵᠠᠩᠭᠢ᠎ᠶ᠋ᠢ ᠬᠠᠩᠭᠠᠪᠠᠯ᠂ ᠲᠡᠷᠡ ᠳᠠᠷᠤᠶᠳᠤᠨᠢ ᠬᠦᠯᠢᠶᠡᠰᠦᠯᠡᠬᠦ᠌ᠶ᠋ᠢᠨ ᠬᠠᠮᠲᠤ ᠪᠠᠩᠬᠢ᠎ᠶ᠋ᠢᠨ ᠺᠠᠷᠲ᠎ᠤᠨ ᠨᠢᠭᠤᠴᠠ ᠨᠣᠮᠧᠷᠲᠤ ᠵᠠᠰᠠᠪᠤᠷᠢ ᠣᠷᠣᠭᠤᠯᠵᠤ᠂ ᠲᠣᠳᠣᠷᠬᠠᠶ ᠥᠬᠡᠶ ᠣᠬᠤᠷ ᠮᠡᠳᠡᠭᠡ᠂ ᠤᠲᠠᠰᠤ᠎ᠶ᠋ᠢ ᠰᠡᠷᠡᠮᠵᠢᠯᠡᠬᠦ᠌᠎ᠶ᠋ᠢᠨ ᠬᠠᠮᠲᠤ 《12378 ᠮᠥᠩᠭᠦᠨ ᠭᠦᠢᠯᠭᠡᠭᠡᠨ᠎ᠤ ᠬᠡᠷᠡᠭ᠌ᠯᠡᠭᠡᠨ᠎ᠤ ᠵᠠᠭᠠᠯᠳᠤᠯᠭ᠎ᠠ᠎ᠶ᠋ᠢᠨ ᠬᠠᠯᠠᠮᠱᠢᠯ ᠤᠲᠠᠰᠤ》᠂ 《12321 ᠰᠦᠯᠵᠢᠶᠡᠨ᠎ᠤ ᠡᠷᠡᠭᠦᠯ ᠪᠤᠰᠤ ᠪᠠ ᠬᠤᠭ ᠨᠣᠪᠰᠢ᠎ᠶ᠋ᠢᠨ ᠮᠡᠳᠡᠭᠡ ᠵᠠᠩᠭᠢ᠎ᠶ᠋ᠢ ᠢᠯᠡᠴᠢᠯᠡᠨ ᠮᠡᠳᠡᠭᠦᠯᠬᠦ᠌ ᠲᠥᠪ》᠂ 《ᠤᠯᠤᠰ᠎ᠤᠨ ᠮᠡᠬᠡᠯᠡᠯ᠎ᠢ ᠡᠰᠡᠷᠭᠦᠴᠡᠬᠦ᠌ ᠲᠥᠪ᠎ᠤᠨ APP》 ᠵᠡᠷᠭᠡ᠎ᠪᠠᠷ ᠳᠠᠮᠵᠢᠭᠤᠯᠤᠨ ᠲᠣᠰ APP ᠶ᠋ᠢ ᠢᠯᠡᠴᠢᠯᠡᠨ ᠮᠡᠳᠡᠭᠦᠯᠵᠦ᠍᠂ ᠮᠡᠬᠡᠯᠡᠯ᠎ᠳᠤ ᠬᠤᠯᠪᠣᠭ᠍ᠳᠠᠭ᠍ᠰᠠᠨ ᠪᠠᠢᠪᠠᠯ᠂ 110 ᠴᠠᠭ᠍ᠳᠠᠭ᠎ᠠ᠎ᠳᠤ ᠱᠢᠭᠤᠳ ᠤᠳᠠᠰᠤᠳᠠᠨ᠎ᠠ᠃
( ᠳᠥᠷᠪᠡ ) ᠣᠶᠤᠨᠴᠢ᠎ᠪᠠᠷ ᠪᠡᠯᠡ ᠣᠷᠣᠭᠤᠯᠬᠤ ᠦᠵᠡᠯᠲᠡ᠎ᠶᠢ ᠪᠣᠶ ᠪᠣᠯᠭᠠᠨ᠎ᠠ᠃ 《ᠲᠡᠭᠷᠢ ᠳᠡᠭᠡᠷ᠎ᠡ᠎ᠡᠴᠡ ᠱᠠᠯᠪᠢᠩ ᠤᠨᠠᠬᠤ ᠦᠭᠡᠢ 》 ᠭᠡᠳᠡᠭ᠎ᠢ ᠪᠠᠲᠤ ᠴᠡᠭᠡᠵᠢᠯᠡᠵᠦ ᠂ 《ᠥᠨᠳᠥᠷ ᠬᠦᠦ᠎ᠲᠠᠢ ᠪᠡᠯᠡ᠎ᠪᠠᠨ ᠪᠠᠲᠤᠯᠠᠬᠤ 》᠂ 《ᠵᠢᠯ᠎ᠦᠨ ᠠᠰᠢᠭ᠋ ᠣᠷᠣᠯᠭ᠎ᠠ᠎ᠶᠢᠨ ᠨᠣᠷᠮ᠎ᠠ ᠨᠢ ᠠᠵᠢᠯ ᠲᠥᠷᠥᠯ᠎ᠦᠨ ᠬᠢᠷᠢ ᠲᠦᠪᠰᠢᠨ᠎ᠡᠴᠡ ᠬᠣᠯᠠ ᠳᠠᠪᠠᠬᠤ 》᠂ 《 ᠳᠣᠲᠣᠭᠠᠳᠤ᠎ᠶᠢᠨ ᠮᠡᠳᠡᠭᠡ 》᠂ 《 ᠲᠤᠰᠬᠠᠢ ᠮᠡᠷᠭᠡᠵᠢᠯᠲᠡᠨ᠎ᠦ ᠲᠠᠨᠢᠯᠴᠠᠭᠤᠯᠭ᠎ᠠ 》 ᠵᠡᠷᠭᠡ ᠤᠬᠠᠭᠤᠯᠭ᠎ᠠ᠎ᠶᠢᠨ ᠦᠭᠡᠰ᠎ᠲᠦ ᠰᠣᠨᠣᠷ ᠰᠡᠷᠡᠮᠵᠢ᠎ᠲᠠᠢ ᠪᠠᠢᠵᠤ᠂ ᠣᠯᠠᠩᠬᠢ ᠨᠢ ᠬᠠᠤᠯᠢ ᠪᠤᠰᠤ ᠮᠥᠩᠭᠥᠨ ᠭᠦᠢᠯᠭᠡᠭᠡᠨ᠎ᠦ ᠠᠵᠢᠯᠯᠠᠭ᠎ᠠ᠎ᠶᠢᠨ ᠮᠡᠬᠡᠨ᠎ᠳᠦ ᠲᠣᠭᠠᠴᠠᠭᠳᠠᠨ᠎ᠠ᠃
ᠥᠷᠭᠡᠨ ᠣᠯᠠᠨ ᠲᠦᠮᠡᠨ ᠡᠷᠬᠡᠪᠰᠢ ᠰᠣᠨᠣᠷ ᠰᠡᠷᠡᠮᠵᠢ᠎ᠪᠠᠨ ᠳᠡᠭᠡᠭ᠌ᠰᠢᠯᠡᠭᠦᠯᠵᠦ᠍᠂ ᠢᠷᠡᠯᠲᠡ ᠲᠣᠳᠣᠷᠬᠠᠢ ᠦᠭᠡᠢ APP ᠶ᠋ᠢ ᠳᠤᠷ᠎ᠠ᠎ᠪᠠᠷ᠎ᠢᠶᠠᠨ ᠪᠠᠭᠤᠯᠭᠠᠨ ᠠᠪᠴᠤ᠌ ᠪᠣᠯᠬᠤ ᠦᠭᠡᠢ᠂ ᠡᠨᠡ ᠲᠥᠷᠥᠯ᠎ᠤᠨ APP ᠶ᠋ᠢᠨ ᠵᠣᠭᠤᠰ ᠣᠯᠬᠤ ᠤᠬᠠᠭᠤᠯᠭ᠎ᠠ᠂ ᠨᠠᠩ ᠴᠤ᠌ ᠱᠢᠯᠵᠢᠭᠦᠯᠦᠨ ᠲᠠᠷᠬᠠᠭᠠᠬᠤ ᠪᠤᠶᠤ ᠳᠠᠯᠳᠠᠭᠤᠷ ᠳᠠᠩᠰᠠ ᠱᠢᠯᠵᠢᠭᠦᠯᠵᠦ᠍ ᠪᠣᠯᠬᠤ ᠦᠭᠡᠢ᠂ ᠰᠦᠪᠡᠭ᠌ᠴᠢ ᠣᠯᠵᠤ ᠮᠡᠳᠡᠬᠦ᠌ ᠪᠤᠶᠤ ᠬᠤᠬᠢᠷᠠᠯ ᠠᠮᠰᠠᠭ᠍ᠰᠠᠨᠢ ᠣᠯᠵᠤ ᠮᠡᠳᠡᠪᠡᠯ ᠴᠠᠭ ᠲᠤᠬᠠᠶ᠎ᠳᠤᠨᠢ ᠢᠯᠡᠴᠢᠯᠡᠨ ᠮᠡᠳᠡᠭᠦᠯᠬᠦ᠌ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠮᠥᠩᠭᠦᠨ ᠭᠦᠢᠯᠭᠡᠭᠡᠨ᠎ᠤ ᠠᠯᠪᠠᠨ ᠬᠡᠷ᠎ᠤᠨ ᠢᠯᠡᠴᠢᠯᠡᠨ ᠮᠡᠳᠡᠭᠦᠯᠬᠦ᠌ ᠤᠲᠠᠰᠤ (0471 - 4827793) ᠪᠤᠶᠤ ᠠᠯᠪᠠᠨ᠎ᠤ ᠰᠦᠯᠵᠢᠶ᠎ᠡ(jrj.nmg.gov.cn) 《ᠬᠠᠤᠯᠢ ᠪᠤᠰᠤ᠎ᠪᠠᠷ ᠪᠠᠯᠠ ᠴᠤᠭ᠍ᠯᠠᠭᠤᠯᠬᠤ᠎ᠶ᠋ᠢ ᠢᠯᠡᠴᠢᠯᠡᠨ ᠮᠡᠳᠡᠭᠦᠯᠬᠦ᠌》 ᠬᠡᠰᠡᠭ᠎ᠤᠨ ᠢᠯᠡᠴᠢᠯᠡᠨ ᠮᠡᠳᠡᠭᠦᠯᠦᠭ᠌ᠰᠡᠨ ᠰᠦᠪᠡᠭ᠌ᠴᠢ᠎ᠶ᠋ᠢ ᠪᠠᠢᠴᠠᠭᠠᠨ ᠳᠣᠲᠣᠯᠠᠮᠠᠭ᠍ᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠪᠤᠰᠤ᠎ᠪᠠᠷ ᠪᠠᠯᠠ ᠴᠤᠭ᠍ᠯᠠᠭᠤᠯᠬᠤ᠎ᠶ᠋ᠢ ᠢᠯᠡᠴᠢᠯᠡᠨ ᠮᠡᠳᠡᠭᠦᠯᠦᠭ᠌ᠰᠡᠨ᠎ᠢ ᠱᠠᠩᠨᠠᠬᠤ ᠠᠷᠭ᠎ᠠ》 ᠶᠣᠰᠣᠭᠠᠷ᠂ ᠵᠣᠬᠢᠬᠤ ᠱᠠᠩᠨᠠᠯ ᠣᠯᠭᠤᠨ᠎ᠠ᠃
ᠺᠤᠳ᠋᠎ᠢ ᠰᠢᠷᠪᠢᠵᠦ᠂ ᠭᠠᠷ ᠤᠳᠠᠰᠦᠨ ᠳᠡᠭᠡᠷ᠎ᠡ ᠲᠤᠬᠠᠢ᠎ᠶᠢᠨ ᠨᠢᠭᠤᠷ᠎ᠢ ᠨᠡᠬᠡᠭᠡᠷᠡᠢ
ᠢᠷᠡᠯᠳᠡ᠄ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠷᠢᠶ᠎ᠠ᠎ᠶ᠋ᠢᠨ ᠮᠦᠩᠭᠦᠨ ᠭᠦᠢᠯᠬᠡᠬᠡᠨᠤ ᠬᠤᠷᠢᠶ᠎ᠠ᠎ᠶ᠋ᠢᠨ ᠠᠯᠪᠠᠨ ᠬᠡᠷ