ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢᠨ ᠦᠢᠯᠡᠴᠢᠯᠡᠭᠡᠨ᠎ᠦ ᠲᠥᠷᠥᠯ ᠵᠦᠢᠯ᠎ᠦᠨ ᠠᠳᠠᠯᠢᠳᠭᠠᠨ ᠰᠣᠩᠭᠣᠬᠤ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2026-01-19

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠠᠳᠠᠯᠢᠳᠭᠠᠨ ᠰᠣᠩᠭᠤᠬᠤ ᠠᠷᠭ᠎ᠠ ᠮᠠᠶᠢᠭ᠎ᠢ ᠠᠪᠴᠤ᠌ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢᠨ ᠦᠶ᠋ᠯᠡᠴᠢᠯᠡᠭᠡᠨ᠎ᠤ ᠲᠥᠷᠥᠯ ᠵᠦᠶ᠋ᠯ᠎ᠢ ᠥᠪᠡᠰᠦᠪᠡᠨ ᠵᠣᠬᠢᠶᠠᠨ ᠪᠠᠢᠭᠤᠯᠵᠤ ᠬᠤᠳᠠᠯᠳᠤᠨ ᠠᠪᠤᠨ᠎ᠠ᠃ ᠬᠢᠷᠢ ᠬᠡᠮ᠎ᠤᠨ ᠨᠥᠬᠦᠴᠡᠯ᠎ᠳᠤ ᠨᠡᠢᠴᠡᠬᠦ᠌ ᠬᠠᠩᠭᠠᠯᠭ᠎ᠠ᠎ᠶ᠋ᠢᠨ ᠬᠤᠳᠠᠯᠳᠤᠭᠠᠴᠢᠨ ᠢᠷᠡᠵᠦ᠍ ᠨᠡᠷ᠎ᠡ ᠮᠡᠳᠡᠭᠦᠯᠵᠦ᠍ ᠣᠷᠣᠯᠴᠠᠬᠤ᠎ᠶ᠋ᠢ ᠪᠠᠶᠠᠷᠯᠠᠨ ᠤᠭ᠍ᠲᠤᠨ᠎ᠠ᠃

  ᠨᠢᠭᠡ᠂ ᠲᠦᠷᠦᠯ ᠵᠦᠢᠯ᠎ᠤᠨ ᠲᠦᠢᠮᠦ᠍ ᠪᠠᠢᠳᠠᠯ

  1. ᠨᠡᠷ᠎ᠡ ᠪᠠ ᠳ᠋ᠤᠭᠠᠷᠯᠠᠯ

  ᠲᠥᠷᠥᠯ ᠵᠦᠢᠯ᠎ᠤᠨ ᠨᠡᠷᠡᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢᠨ ᠦᠢᠯᠡᠴᠢᠯᠡᠭᠡ

  ᠠᠭᠤᠯᠭ᠎ᠠ ᠪᠠ ᠬᠤᠪᠢᠶᠠᠨ ᠳᠠᠭᠠᠭᠠᠴᠢᠯᠠᠭ᠍ᠰᠠᠨ ᠪᠠᠢᠳᠠᠯ (ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ)

  ᠪᠤᠭᠤᠳᠠᠯ᠎ᠤᠨ ᠨᠤᠮᠸᠷ᠄1

  ᠡᠳ᠋ ᠪᠠᠷᠠᠭ᠎ᠠ᠂ ᠦᠢᠯᠡᠴᠢᠯᠡᠭᠡ ᠪᠠ ᠢᠨᠵᠧᠨᠧᠷᠢᠩ᠎ᠤᠨ ᠨᠡᠷᠡᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢᠨ ᠦᠢᠯᠡᠴᠢᠯᠡᠭᠡ

  ᠲᠤᠭ᠎ᠠ ᠬᠡᠮᠵᠢᠶ᠎ᠡ᠄ 1

  ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠤᠭ᠎ᠠ ᠵᠢᠴᠢ ᠱᠠᠭᠠᠷᠳᠠᠯᠭ᠎ᠠ᠄ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠭᠡ ᠵᠠᠰᠠᠭ ᠵᠠᠬᠢᠷᠭᠠᠨ᠎ᠤ ᠱᠢᠢᠳᠪᠦᠷᠢᠲᠦ ᠪᠣᠳᠣᠯᠭ᠎ᠠ᠂ ᠭᠡᠷ᠎ᠡ ᠬᠡᠯᠡᠯᠴᠡᠭᠡᠷ ᠵᠡᠷᠭᠡ ᠬᠠᠤᠯᠢ ᠴᠠᠭᠠᠵᠠ᠎ᠳᠤ ᠬᠤᠯᠪᠣᠭ᠍ᠳᠠᠬᠤ ᠡᠯ᠎ᠡ ᠲᠥᠷᠥᠯ᠎ᠤᠨ ᠵᠦᠢᠯᠡᠰ᠎ᠲᠤ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ ᠰᠠᠨᠠᠯ ᠬᠠᠩᠭᠠᠨ᠎ᠠ

  ᠲᠥᠰᠦᠪ᠎ᠤᠨ ᠵᠣᠭᠤᠰ᠎ᠤᠨ ᠲᠤᠭ᠎ᠠ (ᠲᠥᠭᠦᠷᠢᠭ)᠄ 60000.00

  ᠬᠤᠶᠠᠷ᠂ ᠦᠢᠯᠡᠴᠢᠯᠡᠭᠡᠨ᠎ᠤ ᠨᠢᠭᠡᠴᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  1. ᠲᠤᠰᠠᠭᠠᠷ ᠬᠠᠤᠯᠢ᠎ᠶ᠋ᠢᠨ ᠡᠷᠬᠡᠲᠡᠨ᠎ᠤ ᠬᠢᠷᠢ ᠭᠡᠮ᠎ᠲᠠᠢ᠂ 《ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠠᠵᠢᠯ ᠡᠷᠬᠢᠯᠡᠬᠦ᠌ ᠵᠥᠪᠱᠢᠶᠡᠷᠡᠯ᠎ᠤᠨ ᠦᠨᠡᠮᠯᠡᠯ》 ᠎ᠲᠠᠢ;

  2. ᠰᠠᠢᠨ ᠰᠠᠢᠬᠠᠨ ᠬᠤᠳᠠᠯᠳᠤᠭᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭ᠍ᠲᠠᠯᠠᠨ ᠪᠣᠳᠣᠬᠤ ᠳᠦᠷᠢᠮ᠎ᠲᠠᠢ ;

  3. ᠭᠡᠷ᠎ᠡ᠎ᠶ᠋ᠢ ᠭᠦᠢᠴᠡᠳᠭᠡᠬᠦ᠌᠎ᠳᠦ ᠵᠠᠪᠠᠯ ᠱᠠᠭᠠᠷᠳᠠᠭ᠍ᠳᠠᠬᠤ ᠲᠥᠬᠥᠭᠡᠷᠦᠮᠵᠢ ᠪᠠ ᠲᠤᠰᠭᠠᠢ ᠮᠡᠷᠭᠡᠵᠢᠯ᠎ᠦᠨ ᠴᠢᠳᠠᠪᠤᠷᠢ᠎ᠲᠠᠢ;

  4. ᠬᠠᠤᠯᠢ ᠶᠣᠰᠣᠭᠠᠷ ᠭᠠᠢᠯᠢ ᠲᠠᠲᠠᠪᠤᠷᠢ ᠪᠣᠯᠤᠨ ᠨᠡᠢᠭᠡᠮ᠎ᠦᠨ ᠪᠠᠲᠤᠯᠠᠭ᠎ᠠ᠎ᠶ᠋ᠢᠨ ᠪᠡᠯᠡ ᠮᠥᠩᠭᠥ᠌ ᠲᠤᠱᠢᠶᠠᠭ᠍ᠰᠠᠨ ᠰᠠᠢᠨ ᠰᠠᠢᠬᠠᠨ ᠲᠡᠮᠳᠡᠭ᠌ᠯᠡᠯ᠎ᠲᠡᠶ ᠪᠠᠢᠬᠤ;

  5. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ᠎ᠶ᠋ᠢᠨ ᠠᠵᠢᠯᠯᠠᠭ᠎ᠠ ᠳᠤᠮᠳᠠ ᠬᠠᠤᠯᠢ᠎ᠶ᠋ᠢ ᠵᠥᠷᠢᠴᠡᠭ᠌ᠰᠡᠨ ᠬᠦᠨᠳᠦ ᠶᠡᠭᠡ ᠲᠡᠮᠳᠡᠭ᠌ᠯᠡᠯ ᠦᠭᠡᠢ;

  6. 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠎ᠶ᠋ᠢᠨ ᠬᠤᠷᠢᠨ ᠬᠤᠶᠠᠳᠤᠭᠠᠷ ᠵᠦᠢᠯ᠎ᠤᠨ ᠬᠢᠷᠢ ᠬᠡᠮ᠎ᠤᠨ ᠨᠥᠬᠦᠴᠡᠯ᠎ᠢ ᠪᠦᠷᠢᠯᠳᠦᠭᠦᠯᠬᠦ᠌᠎ᠠᠴᠠ ᠭᠠᠳᠠᠨ᠎ᠠ᠂ ᠪᠠᠰᠠ ᠡᠷᠬᠡᠪᠰᠢ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠵᠥᠪᠱᠢᠶᠡᠷᠡᠨ ᠪᠠᠢᠭᠤᠯᠤᠭ᠍ᠰᠠᠨ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ ᠲᠠᠢ ᠪᠠᠢᠵᠤ᠂ ᠪᠠᠢᠭᠤᠯᠤᠭ᠍ᠰᠠᠨ ᠴᠠᠭ᠎ᠨᠢ 3 ᠵᠢᠯ᠎ᠠᠴᠠ ᠳᠡᠭᠡᠭ᠌ᠰᠢ (ᠲᠣᠰ ᠠᠯᠪᠠᠨ ᠵᠠᠷ᠎ᠢ ᠨᠡᠢᠲᠡᠯᠡᠭ᠌ᠰᠡᠨ ᠡᠳᠦᠷ)᠂ ᠲᠤᠰᠭᠠᠶ ᠲᠤᠱᠢᠶᠠᠯᠲᠤ ᠬᠠᠤᠯᠢᠴᠢ᠎ᠶ᠋ᠢᠨ ᠬᠥᠮᠦᠨ᠎ᠤ ᠲᠤᠭ᠎ᠠ᠎ᠨᠢ 10 ᠬᠥᠮᠦᠨ᠎ᠠᠴᠠ ᠳᠡᠭᠡᠭ᠌ᠰᠢ ᠪᠠᠢᠬᠤ ᠬᠡᠷᠡᠭ᠌ᠲᠡᠶ;

  7. ᠲᠣᠰ ᠤᠳᠠᠭᠠᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ᠎ᠪᠠᠨ ᠡᠮᠦᠨᠡᠬᠢ 3 ᠵᠢᠯ᠎ᠤᠨ ᠳᠣᠲᠣᠷ᠎ᠠ᠂ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ ᠪᠠ ᠦᠶ᠋ᠯᠡᠴᠢᠯᠡᠭᠡᠨ᠎ᠤ ᠪᠦᠯᠬᠦᠮ᠎ᠤᠨ ᠭᠡᠰᠢᠭᠦᠨ᠎ᠨᠢ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ᠂ ᠡᠷᠡᠭᠦᠦ᠍᠎ᠶ᠋ᠢᠨ ᠱᠢᠢᠳᠭᠡᠯ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠵᠠᠰᠠᠭ ᠵᠠᠬᠢᠷᠭᠠᠨ᠎ᠤ ᠱᠢᠢᠳᠭᠡᠯ ᠪᠤᠶᠤ ᠬᠠᠤᠯᠢᠴᠢ᠎ᠶ᠋ᠢᠨ ᠨᠡᠢᠭᠡᠮᠯᠢᠭ᠎ᠤᠨ ᠠᠵᠢᠯ ᠲᠥᠷᠥᠯ᠎ᠤᠨ ᠱᠢᠢᠳᠭᠡᠯ ᠵᠡᠷᠭᠡ᠎ᠶᠢ ᠣᠯᠵᠤ ᠦᠩᠭᠡᠷᠡᠭᠰᠡᠨ ᠦᠭᠡᠢ ;

  8. ᠲᠣᠰ ᠲᠥᠷᠥᠯ ᠵᠦᠢᠯ᠎ᠨᠢ ᠬᠤᠯᠪᠣᠭᠠᠲᠤ ᠴᠣᠭ᠍ᠴᠠ᠎ᠶ᠋ᠢᠨ ᠳᠠᠭᠠᠭᠠᠴᠢᠯᠠᠯᠲᠠ ᠬᠦᠯᠢᠶᠡᠬᠦ᠌᠎ᠶ᠋ᠢ ᠬᠦᠯᠢᠶᠡᠬᠦ᠌ ᠥᠬᠡᠶ᠃

  ᠭᠤᠷᠪᠠ᠂ ᠨᠡᠷ᠎ᠡ ᠮᠡᠳᠡᠭᠦᠯᠬᠦ᠌᠎ᠳᠤ ᠳᠣᠤᠷᠠᠬᠢ ᠮᠠᠲ᠋ᠧᠷᠢᠶᠠᠯ᠎ᠢ ᠬᠠᠩᠭᠠᠬᠤ ᠬᠡᠷᠡᠭ᠌ᠲᠡᠶ

  1. ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ;

  2. ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠶ᠋ᠢᠨ ᠪᠡᠶ᠎ᠡ᠎ᠶ᠋ᠢᠨ ᠦᠨᠡᠮᠯᠡᠯ;

  3. ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠦᠨᠳᠦᠰᠦᠨ ᠪᠠᠢᠳᠠᠯ᠎ᠤᠨ ᠲᠠᠨᠢᠯᠴᠠᠭᠤᠯᠭ᠎ᠠ ᠵᠢᠴᠢ ᠠᠵᠢᠯᠲᠠᠳ᠎ᠤᠨ ᠲᠣᠢᠮᠣ ᠪᠠᠢᠳᠠᠯ ᠵᠡᠷᠭᠡ;

  4. ᠥᠩᠭᠡᠷᠡᠭ᠌ᠰᠡᠨ᠎ᠳᠤ ᠵᠠᠰᠠᠭ᠎ᠤᠨ ᠣᠷᠳᠣᠨ᠎ᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡ᠎ᠳᠤ ᠣᠷᠣᠯᠴᠠᠭ᠍ᠰᠠᠨ ᠪᠠᠢᠳᠠᠯ ᠵᠢᠴᠢ ᠲᠥᠯᠥᠭᠡᠯᠡᠬᠦ᠌ ᠴᠢᠨᠠᠷᠲᠠᠶ ᠬᠡᠷᠡᠭ᠎ᠤᠨ ᠵᠢᠱ᠌ᠢᠶ᠎ᠡ;

  5. ᠲᠤᠰ ᠪᠠᠢᠭᠤᠯᠭ᠎ᠠ᠎ᠳᠠᠭᠠᠨ ᠬᠠᠤᠯᠢ ᠴᠠᠭᠠᠵᠠ᠎ᠶ᠋ᠢᠨ ᠦᠢᠯᠡᠴᠢᠯᠡᠭᠡ ᠬᠠᠩᠭᠠᠬᠤ ᠠᠵᠢᠯ᠎ᠤᠨ ᠲᠥᠰᠦᠯ ᠪᠠ ᠦᠨ᠎ᠡ ᠮᠡᠳᠡᠭᠦᠯᠬᠦ;

  6. ᠬᠠᠤᠯᠢ ᠴᠠᠭᠠᠵᠠ᠎ᠶ᠋ᠢᠨ ᠦᠢᠯᠡᠴᠢᠯᠡᠭᠡᠨ᠎ᠤ ᠪᠠᠢᠭᠤᠯᠤᠮᠵᠢ ᠪᠠ ᠭᠤᠣᠯᠯᠠᠨ ᠡᠷᠬᠢᠯᠡᠭ᠌ᠰᠡᠨ ᠠᠵᠢᠯ ᠡᠷᠬᠢᠯᠡᠭ᠌ᠰᠡᠳ ᠣᠢᠷ᠎ᠠ᠎ᠶ᠋ᠢᠨ 3 ᠵᠢᠯ᠎ᠳᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠨ ᠱᠢᠢᠳᠭᠡᠯ ᠲᠣᠷᠭᠠᠭᠤᠯᠢ ᠥᠭ᠌ᠭᠦᠭ᠌ᠰᠡᠨ ᠪᠤᠶᠤ ᠬᠠᠤᠯᠢᠴᠢ᠎ᠶ᠋ᠢᠨ ᠨᠡᠢᠭᠡᠮᠯᠢᠭ᠎ᠤᠨ ᠠᠵᠢᠯ ᠲᠥᠷᠥᠯ᠎ᠤᠨ ᠱᠢᠢᠳᠭᠡᠯ᠎ᠢ ᠣᠯᠤᠭ᠍ᠰᠠᠨ ᠦᠭᠡᠢ᠂ ᠥᠪᠡᠷ᠎ᠢᠶᠡᠨ ᠠᠮᠠᠯᠠᠯᠲᠠ᠎ᠶᠢᠨ ᠪᠢᠴᠢᠭ ᠭᠠᠷᠭᠠᠵᠤ ᠠᠮᠠᠯᠠᠯᠲᠠ ᠬᠢᠭᠰᠡᠨ ᠴᠦ᠍ ᠪᠣᠯᠣᠨ᠎ᠠ;

  7. ᠦᠢᠯᠡᠴᠢᠯᠡᠭᠡᠨ᠎ᠦ ᠨᠢᠭᠡᠴᠢ᠎ᠶ᠋ᠢᠨ ᠬᠢᠷᠢ ᠭᠡᠮ᠎ᠦᠨ ᠱᠠᠭᠠᠷᠳᠠᠯᠭ᠎ᠠ᠎ᠳᠤ ᠪᠤᠰᠤᠳ ᠭᠡᠷᠡᠴᠢᠯᠡᠬᠦ᠌ ᠮᠠᠲ᠋ᠧᠷᠢᠶᠠᠯ᠃

  ᠲᠣᠳᠣᠷᠬᠠᠢᠯᠠᠯ᠄ ᠳᠡᠭᠡᠷᠡᠬᠢ ᠮᠠᠲ᠋ᠧᠷᠢᠶᠠᠯ᠎ᠤᠨ ᠪᠠᠭᠤᠯᠭᠠᠪᠤᠷᠢ ᠨᠢ ᠨᠢᠭᠡᠴᠢ᠎ᠶ᠋ᠢᠨ ᠲᠠᠮᠠᠭ᠎ᠠ᠎ᠶ᠋ᠢ ᠳᠠᠷᠤᠬᠤ ᠴᠢᠬᠤᠯᠠ᠎ᠲᠠᠶ ᠪᠥᠭᠡᠳ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠤᠨ ᠠᠮᠠᠯᠠᠯᠲᠠ᠎ᠶ᠋ᠢᠨ ᠪᠢᠴᠢᠭ ᠬᠠᠩᠭᠠᠬᠤ ᠬᠡᠷᠡᠭ᠌ᠲᠡᠶ᠃

  ᠳᠥᠷᠪᠡ᠂ ᠠᠳᠠᠯᠢᠳᠬᠠᠨ ᠰᠤᠩᠭᠤᠬᠤ ᠪᠢᠴᠢᠭ ᠮᠠᠲ᠋ᠧᠷᠢᠶᠠᠯ᠎ᠤᠨ ᠴᠠᠭ ᠪᠠ ᠭᠠᠵᠠᠷ

  1. 2026 ᠣᠨ᠎ᠤ 1  ᠳ᠋ᠦ᠍ᠭᠡᠷ ᠰᠠᠷ᠎ᠠ᠎ᠶ᠋ᠢᠨ 23 ᠎ᠤ ᠡᠳᠦᠷ᠎ᠤᠨ 17᠄ 00

  2. ᠭᠠᠵᠠᠷ ᠣᠷᠣᠨ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ 7 ᠳ᠋ᠤᠭᠠᠷ ᠠᠰᠠᠷ᠎ᠤᠨ 717  ᠳ᠋ᠤᠭ᠋ᠠᠷ ᠲᠠᠰᠤᠭ

  ᠲᠠᠪᠤ᠂ ᠳᠠᠭᠠᠭᠠᠴᠢᠯᠠᠯᠲᠠ ᠨᠡᠢᠲᠡᠯᠡᠬᠦ᠌ ᠴᠠᠭ ᠵᠢᠴᠢ ᠭᠠᠵᠠᠷ

  1. ᠳᠠᠭᠠᠭᠠᠴᠢᠯᠠᠯᠲᠠ ᠨᠡᠢᠲᠡᠯᠡᠬᠦ᠌ ᠴᠠᠭ᠄ 2026 ᠣᠨ᠎ᠤ 1 ᠳ᠋ᠦ᠍ᠭᠡᠷ ᠰᠠᠷ᠎ᠠ᠎ᠶ᠋ᠢᠨ 27 ᠎ᠤ ᠡᠳᠦᠷ

  2. ᠳᠠᠭᠠᠭᠠᠴᠢᠯᠠᠯᠲᠠ ᠨᠡᠢᠲᠡᠯᠡᠬᠦ᠌ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ

  3. ᠠᠳᠠᠯᠢᠳᠬᠠᠨ ᠰᠤᠩᠭᠤᠬᠤ ᠭᠤᠶᠤᠴᠢᠯᠠᠭ᠍ᠴᠢ᠎ᠶ᠋ᠢᠨ ᠮᠡᠳᠡᠭᠦᠯᠦᠭ᠌ᠰᠡᠨ ᠦᠨ᠎ᠡ᠂ ᠦᠢᠯᠡᠴᠢᠯᠡᠭᠡᠨ᠎ᠤ ᠲᠥᠰᠦᠯ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠠᠭᠤᠯᠭ᠎ᠠ᠎ᠶ᠋ᠢ ᠶᠡᠷᠦᠩᠬᠡᠢ᠌ᠯᠡᠨ ᠠᠳᠠᠯᠢᠳᠬᠠᠨ ᠰᠤᠩᠭᠤᠵᠤ  ᠪᠠᠢᠭᠠᠳ ᠳᠠᠭᠠᠭᠠᠴᠢᠯᠠᠯᠲᠠ ᠣᠯᠣᠭ᠍ᠰᠠᠳ᠎ᠢ ᠰᠣᠩᠭᠤᠨ ᠲᠣᠭ᠍ᠲᠠᠭᠠᠨ᠎ᠠ᠃

  ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ

  ᠬᠠᠷᠢᠯᠴᠠᠬᠤ ᠬᠥᠮᠥᠨ᠄ ᠭᠥᠸᠧ ᠨᠢᠩ ᠱᠢᠨ᠂ ᠯᠢ ᠵᠢᠩ

  ᠬᠠᠷᠢᠯᠴᠠᠬᠤ ᠤᠲᠠᠰᠤ᠄ 4895312  6945181

ᠢᠷᠡᠯᠲᠡ᠄ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
 
            