ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠨᠠᠢ᠍ᠮᠠᠳᠤᠭᠠᠷ ᠪᠦᠯᠦᠭ᠎ᠤᠨ 《ᠦᠪᠦᠷ ᠮᠤᠩᠭᠤᠯ᠎ᠤᠨ ᠬᠠᠭᠤᠴᠢᠨ ᠨᠡᠷᠡᠮᠵᠢᠲᠦ》᠎ᠶᠢᠨ ᠨᠡᠷᠡᠰ᠎ᠤᠨ ᠵᠢᠭᠰᠠᠭ᠋ᠠᠯᠲᠠ ᠎ᠶᠢᠨ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-12-24

  《ᠥᠪᠥᠷ ᠮᠣᠩᠭᠤᠯ᠎ᠤᠨ ᠬᠠᠭᠤᠴᠢᠨ ᠨᠡᠷᠡᠮᠵᠢᠲᠦ᠎ᠶᠢ ᠮᠠᠭᠠᠳᠯᠠᠨ ᠲᠣᠭ᠍ᠲᠠᠭᠠᠬᠤ ᠵᠢᠴᠢ ᠬᠠᠮᠢᠶᠠᠷᠤᠯᠲᠠ᠎ᠶ᠋ᠢᠨ ᠠᠷᠭ᠎ᠠ》 (ᠥᠪᠥᠷ ᠬᠤᠳᠠᠯᠳᠤᠭ᠎ᠠ ᠭᠦᠢᠯᠭᠡᠭᠡᠨ ᠦᠰᠦᠭ[2024]871 ᠳ᠋ᠤᠭᠡᠷ ᠲᠣᠭᠠᠲᠤ)᠂ 《ᠨᠠᠢ᠍ᠮᠠᠳᠤᠭᠠᠷ ᠪᠦᠯᠦᠭ᠎ᠤᠨ ᠥᠪᠥᠷ ᠮᠣᠩᠭᠤᠯ᠎ᠤᠨ ᠬᠠᠭᠤᠴᠢᠨ ᠨᠡᠷᠡᠮᠵᠢᠲᠦ᠎ᠶᠢ ᠮᠠᠭᠠᠳᠯᠠᠨ ᠲᠣᠭ᠍ᠲᠠᠭᠠᠬᠤ ᠠᠵᠢᠯ ᠪᠠ ᠥᠪᠥᠷ ᠮᠣᠩᠭᠤᠯ᠎ᠤᠨ ᠬᠠᠭᠤᠴᠢᠨ ᠨᠡᠷᠡᠮᠵᠢᠲᠦ᠎ᠶᠢ ᠳᠠᠬᠢᠨ ᠬᠢᠨᠠᠬᠤ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 (ᠥᠪᠥᠷ ᠬᠤᠳᠠᠯᠳᠤᠭ᠎ᠠ ᠭᠦᠢᠯᠭᠡᠭᠡᠨ ᠦᠰᠦᠭ[2025]103 ᠳ᠋ᠤᠭᠠᠷ ᠲᠣᠭᠠᠲᠤ)᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠠᠵᠤ ᠠᠬᠤᠢᠯᠠᠯ᠎ᠤᠨ ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ᠂ ᠠᠢᠮᠠᠭ ᠬᠤᠲᠠ᠎ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠩᠬᠠᠨ᠎ᠤ ᠬᠢᠨᠠᠯᠲᠠ᠂ ᠲᠤᠰᠭᠠᠢ ᠮᠡᠷᠭᠡᠵᠢᠯᠲᠡᠨ᠎ᠢ ᠱᠢᠯᠢᠨ ᠰᠣᠩᠭᠤᠵᠤ ᠲᠠᠨᠢᠯᠴᠠᠭᠤᠯᠬᠤ᠂ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢᠶᠠᠷ ᠬᠢᠨᠠᠨ ᠵᠥᠪᠯᠡᠭᠦᠯᠬᠦ᠌᠎ᠪᠠᠷ ᠳᠠᠮᠵᠢᠨ᠂ ᠡᠳᠦᠭᠡ ᠨᠠᠢ᠍ᠮᠠᠳᠤᠭᠠᠷ ᠪᠦᠯᠦᠭ᠎ᠤᠨ《ᠥᠪᠥᠷ ᠮᠣᠩᠭᠤᠯ᠎ᠤᠨ ᠬᠠᠭᠤᠴᠢᠨ ᠨᠡᠷᠡᠮᠵᠢᠲᠦ》᠎ᠶᠢᠨ ᠨᠡᠷᠡᠰ᠎ᠤᠨ ᠵᠢᠭᠰᠠᠭ᠋ᠠᠯᠲᠠ᠎ᠶᠢ ᠵᠠᠷᠯᠠᠨ ᠨᠡᠢᠲᠡᠯᠡᠪᠡ᠃ 

  ᠵᠠᠷᠯᠠᠨ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 12 ᠳ᠋ᠤᠭ᠋ᠠᠷ ᠰᠠᠷ᠎ᠠ᠎ᠶ᠋ᠢᠨ 24 ᠎ᠤ ᠡᠳᠦᠷ᠎ᠠᠴᠠ 2026 ᠣᠨ᠎ᠤ 1 ᠳ᠋ᠦ᠍ᠭᠡᠷ ᠰᠠᠷ᠎ᠠ᠎ᠶ᠋ᠢᠨ 4 ᠎ᠤ ᠡᠳᠦᠷ ᠪᠣᠯᠲᠠᠯ᠎ᠠ ᠶᠠᠪᠤᠭ᠍ᠳᠠᠨ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠵᠠᠷᠯᠠᠨ ᠨᠡᠢᠲᠡᠯᠡᠭ᠌ᠰᠡᠨ ᠠᠭᠤᠯᠭ᠎ᠠ᠎ᠳᠤ ᠣᠨᠳᠣᠤ ᠰᠠᠨᠠᠯ᠎ᠲᠠᠶ ᠪᠣᠯ᠂ ᠵᠠᠷᠯᠠᠨ ᠨᠡᠢᠲᠡᠯᠡᠭ᠌ᠰᠡᠨ ᠬᠤᠭᠤᠴᠠᠭᠠᠨ᠎ᠳᠤ ᠡᠵᠡᠮᠱᠢᠭ᠌ᠰᠡᠨ ᠪᠣᠳᠠᠲᠤ ᠪᠠᠢᠳᠠᠯ᠎ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠳᠦ ᠲᠤᠰᠭᠠᠬᠤ ᠬᠡᠷᠡᠭ᠌ᠲᠡᠶ᠃ ᠲᠤᠰᠭᠠᠭ᠍ᠰᠠᠨ ᠮᠠᠲ᠋ᠧᠷᠢᠶᠠᠯ᠎ᠳᠤ ᠲᠠᠮᠠᠭ᠎ᠠ ᠳᠠᠷᠤᠵᠤ᠂ ᠬᠤᠪᠢ ᠬᠥᠮᠦᠨ ᠭᠠᠷ᠎ᠤᠨ ᠦᠰᠦᠭ ᠵᠢᠷᠤᠬᠤ᠎ᠶ᠋ᠢᠨ ᠬᠠᠮᠲᠤ ᠪᠡᠶ᠎ᠡ᠎ᠶ᠋ᠢᠨ ᠦᠨᠡᠮᠯᠡᠯ᠎ᠤᠨ ᠬᠠᠭᠤᠯᠪᠤᠷᠢ᠂ ᠬᠠᠷᠢᠯᠴᠠᠬᠤ ᠠᠷᠭ᠎ᠠ ᠮᠠᠶᠢᠭ᠎ᠢᠶᠠᠨ ᠳᠠᠭᠠᠯᠳᠤᠭᠤᠯᠤᠨ᠎ᠠ᠃

  ᠬᠠᠷᠢᠯᠴᠠᠬᠤ ᠠᠷᠭ᠎ᠠ ᠮᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠭᠦᠢᠯᠭᠡᠭᠡᠨ᠎ᠤ ᠦᠢᠯᠡᠰ᠎ᠤᠨ ᠬᠦᠭᠵᠢᠭᠦᠯᠦᠯᠲᠡ᠎ᠶ᠋ᠢᠨ ᠭᠠᠵᠠᠷ

  ᠤᠲᠠᠰᠤ᠄ 0471 - 4896508

  ᠬᠠᠷᠢᠯᠴᠠᠬᠤ ᠬᠠᠶᠢᠭ᠄ ᠬᠥᠬᠡᠬᠤᠲᠠ᠎ᠶ᠋ᠢᠨ ᠱᠢᠨᠬᠤᠸᠠ ᠶᠡᠭᠡ ᠵᠡᠭᠡᠯᠢ᠎ᠶ᠋ᠢᠨ 63 ᠳ᠋ᠤᠭᠠᠷ ᠲᠣᠭᠠᠲᠤ ᠬᠦᠷᠢᠶᠡᠨ᠎ᠤ 5 ᠳ᠋ᠤᠭᠠᠷ ᠠᠰᠠᠷ᠎ᠤᠨ 614 ᠳ᠋ᠦ᠍ᠭᠡᠷ ᠥᠷᠥᠭᠡ

  ᠳᠠᠭᠠᠯᠳᠤᠭᠤᠯᠤᠯ᠄ ᠨᠠᠶ᠋ᠮᠠᠳᠤᠭᠠᠷ ᠪᠦᠯᠦᠭ᠎ᠦᠨ 《ᠥᠪᠥᠷ ᠮᠣᠩᠭᠣᠯ᠎ᠤᠨ ᠬᠠᠭᠤᠴᠢᠨ ᠨᠡᠷᠡᠮᠵᠢᠲᠦ》 ᠎ᠶᠢᠨ ᠨᠡᠷᠡᠰ᠎ᠤᠨ ᠵᠢᠭᠰᠠᠭ᠋ᠠᠯᠲᠠ ( ᠳ᠋ᠤᠭᠠᠷᠯᠠᠯ ᠨᠢ ᠡᠮᠦᠨ᠎ᠡ ᠬᠤᠢ᠌ᠨ᠎ᠠ ᠭᠡᠵᠦ  ᠢᠯᠭ᠋ᠠᠬᠤ ᠦᠭᠡᠶ)

  

  2025 ᠣᠨ᠎ᠤ 12 ᠳ᠋ᠤᠭ᠋ᠠᠷ ᠰᠠᠷ᠎ᠠ᠎ᠶ᠋ᠢᠨ 24 ᠎ᠤ ᠡᠳᠦᠷ

  

  ᠳᠠᠭᠠᠯᠳᠤᠭᠤᠯᠤᠯ᠄ ᠨᠠᠶ᠋ᠮᠠᠳᠤᠭᠠᠷ ᠪᠦᠯᠦᠭ᠎ᠦᠨ 《ᠥᠪᠥᠷ ᠮᠣᠩᠭᠣᠯ᠎ᠤᠨ ᠬᠠᠭᠤᠴᠢᠨ ᠨᠡᠷᠡᠮᠵᠢᠲᠦ》 ᠎ᠶᠢᠨ ᠨᠡᠷᠡᠰ᠎ᠤᠨ ᠵᠢᠭᠰᠠᠭ᠋ᠠᠯᠲᠠ.doc

 

ᠢᠷᠡᠯᠲᠡ᠄ ᠭᠦᠢᠯᠭᠡᠭᠡᠨ᠎ᠤ ᠦᠢᠯᠡᠰ᠎ᠤᠨ ᠬᠦᠭᠵᠢᠭᠦᠯᠦᠯᠲᠡ᠎ᠶ᠋ᠢᠨ ᠭᠠᠵᠠᠷ
          
ᠬᠠᠮᠢᠶ᠎ᠡ ᠪᠦᠬᠦᠢ ᠰᠣᠨᠢᠨ
 
            