11 ᠳ᠋ᠦ᠍ᠭᠡᠷ ᠰᠠᠷ᠎ᠠ᠎ᠶᠢᠨ 26 ᠤ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠤᠨᠲ᠎ᠤᠨ ᠬᠡᠯᠲᠡᠰ᠎ᠲᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠪᠠᠢᠩᠭᠤ᠎ᠶᠢᠨ ᠳᠡᠳ᠋ ᠳᠠᠷᠤᠭ᠎ᠠ ᠸᠠᠩ ᠵᠢᠶᠦ᠋ᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠪᠥᠬᠥ ᠬᠦᠴᠦᠨ᠎ᠢᠶᠡᠷ᠎ᠢᠶᠡᠨ ᠰᠠᠢᠲᠤᠷ ᠠᠳᠬᠤᠬᠤ᠎ᠶᠢᠨ ᠲᠣᠭᠣᠷᠢᠨ᠎ᠳᠤ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠯᠲᠠ ᠬᠢᠪᠡ᠃
ᠤᠬᠠᠭᠤᠯᠤᠨ ᠲᠠᠢᠯᠪᠤᠷᠢᠯᠠᠭᠰᠠᠨ ᠨᠢ ᠤᠨᠤᠯ᠎ᠤᠨ ᠥᠨᠳᠥᠷᠴᠡ ᠲᠠᠢ ᠪᠥᠭᠡᠳ ᠦᠢᠯᠡᠳᠦᠯᠭᠡ᠎ᠶᠢᠨ ᠭᠦᠨᠴᠡ᠎ᠲᠠᠢ ᠪᠠᠢᠵᠤ᠂ ᠮᠠᠰᠢ ᠴᠢᠩᠭ᠎ᠠ ᠵᠢᠭᠠᠨ ᠵᠢᠯᠣᠭᠣᠳᠬᠤ ᠠᠴᠢ ᠬᠣᠯᠪᠣᠭᠳᠠᠯ᠎ᠲᠠᠢ ᠪᠠᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠶᠡᠷᠦᠩᠬᠡᠢᠯᠡᠨ ᠵᠣᠬᠢᠴᠠᠭᠤᠯᠬᠤ ᠭᠠᠵᠠᠷ᠎ᠤᠨ ᠳᠠᠷᠤᠭ᠎ᠠ ᠲᠠᠢ ᠵᠢᠢ ᠬᠤᠸᠠ ᠢᠯᠡᠷᠬᠡᠢᠯᠡᠬᠦ᠎ᠳᠦ᠎ᠪᠡᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠯᠤᠭ᠎ᠠ ᠦᠨᠡᠨ ᠬᠦ᠌ ᠨᠢᠭᠡᠳᠬᠡᠵᠦ᠂ ᠤᠯᠤᠰ᠎ᠢᠶᠠᠨ ᠬᠠᠢᠷᠠᠯᠠᠬᠤ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭᠵᠢᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠰᠦᠷ ᠳᠠᠯᠠᠢᠴᠠᠲᠠᠢ ᠬᠦᠴᠦᠨ ᠴᠢᠳᠠᠯ᠎ᠢᠶᠡᠨ ᠬᠤᠷᠠᠮᠳᠤᠭᠤᠯᠤᠨ᠎ᠠ ᠭᠡᠵᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠦᠨ ᠳᠠᠷᠤᠭ᠎ᠠ ᠸᠠᠩ ᠵᠢᠨ ᠪᠦᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠤ᠎ᠪᠠᠨ ᠪᠡᠶᠡᠯᠡᠭᠦᠯᠬᠦ ᠶᠠᠪᠤᠴᠠ᠎ᠳᠠᠬᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠴᠢᠬᠤᠯᠠ ᠪᠠᠢᠷᠢ ᠰᠠᠭᠤᠷᠢ ᠵᠢᠴᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ᠂ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ᠂ ᠴᠢᠬᠤᠯᠠ ᠶᠡᠬᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ᠎ᠶᠢ ᠰᠢᠰᠲᠧᠮ᠎ᠲᠠᠢ ᠲᠣᠳᠣᠷᠬᠠᠢᠯᠠᠨ ᠲᠠᠢᠯᠪᠤᠷᠢᠯᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠬᠦᠷᠢᠶᠡᠨ᠎ᠳᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠤᠨ ᠰᠡᠳᠬᠢᠮᠵᠢ ᠪᠠ ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ᠎ᠶᠢ ᠭᠦᠨᠵᠡᠭᠡᠢ ᠲᠠᠢᠯᠪᠤᠷᠢᠯᠠᠪᠠ᠃
ᠤᠬᠠᠭᠤᠯᠤᠨ ᠲᠠᠢᠯᠪᠤᠷᠢᠯᠠᠭᠰᠠᠨ ᠨᠢ ᠭᠣᠣᠯᠳᠠᠯᠭ᠎ᠠ᠎ᠶᠢ ᠠᠳᠬᠤᠵᠤ᠂ ᠠᠭᠤᠯᠤᠭᠳᠠᠬᠤᠨ᠎ᠢᠶᠠᠷ ᠪᠠᠶᠠᠯᠢᠭ᠋ ᠪᠠᠢᠵᠤ᠂ ᠪᠣᠳᠠᠲᠠᠢ᠎ᠲᠠᠢ ᠤᠶᠠᠯᠳᠤᠭᠤᠯᠤᠨ᠂ ᠵᠢᠭᠠᠨ ᠵᠢᠯᠤᠭᠣᠳᠬᠤ ᠴᠢᠨᠠᠷ᠎ᠢᠶᠠᠷ ᠴᠢᠩᠭ᠎ᠠ ᠪᠠᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠣᠷᠢᠶᠠᠨ᠎ᠤ ᠲᠤᠰᠬᠠᠢ ᠲᠤᠰᠢᠶᠠᠯᠲᠤ ᠳᠡᠳ᠋ ᠱᠦᠵᠢ ᠵᠠᠩ ᠴᠧᠨ᠄ 《ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ᠎ᠢ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ᠎ᠪᠡᠨ ᠪᠣᠯᠭᠠᠵᠤ᠂ ᠭᠤᠷᠪᠠᠨ ᠱᠠᠲᠤᠨ᠎ᠤ ᠬᠣᠯᠪᠤᠭᠠᠯᠠᠨ ᠰᠤᠷᠤᠯᠴᠠᠬᠤ ᠲᠣᠭᠲᠠᠯᠴᠠᠭ᠎ᠠ᠎ᠶᠢ ᠬᠦᠴᠦᠯᠡᠨ ᠪᠠᠢᠭᠤᠯᠵᠤ᠂ 〈ᠤᠨᠤᠯ + ᠦᠢᠯᠡᠳᠦᠯᠭᠡ〉ᠵᠢᠨ ᠰᠤᠷᠤᠯᠴᠠᠯᠭ᠎ᠠ᠎ᠶᠢᠨ ᠬᠡᠪ ᠵᠠᠭᠪᠤᠷ᠎ᠲᠤ ᠰᠢᠨ᠎ᠡ᠎ᠶᠢ ᠡᠭᠦᠳᠴᠦ᠂ 〈ᠰᠦᠯᠵᠢᠶ᠎ᠡ᠎ᠪᠡᠷ + ᠰᠦᠯᠵᠢᠶᠡᠨ ᠭᠠᠳᠠᠭᠤᠷᠬᠢ〉ᠵᠢᠨ ᠰᠤᠷᠤᠯᠴᠠᠯᠭ᠎ᠠ᠎ᠶᠢᠨ ᠵᠢᠭ᠍ᠰᠠᠭᠠᠯ᠎ᠢ ᠡᠭᠦᠳᠴᠦ᠂ ᠳᠠᠪᠬᠤᠷᠭ᠎ᠠ ᠪᠠ ᠲᠦᠷᠦᠯ ᠬᠤᠪᠢᠶᠠᠵᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠥᠷᠨᠢᠭᠦᠯᠦᠨ᠂ ᠪᠥᠬᠥ ᠵᠠᠭᠤᠴᠢᠯᠠᠭᠤᠷ᠎ᠢᠶᠠᠷ ᠤᠬᠠᠭᠤᠯᠬᠤ ᠲᠥᠯᠥᠪ ᠪᠠᠢᠳᠠᠯ᠎ᠢ ᠪᠠᠢᠭᠤᠯᠵᠤ᠂ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠥᠪᠥᠷ ᠮᠣᠩᠭᠣᠯ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠰᠢᠰᠲᠧᠮ᠎ᠦᠨ ᠬᠢᠨ᠎ᠦ ᠰᠡᠳᠬᠢᠯ᠎ᠳᠦ ᠨᠢ ᠬᠠᠳᠠᠩᠰᠢᠭᠤᠯᠵᠤ᠂ ᠪᠤᠲᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠤᠨ᠂ ᠦᠢᠯᠡᠳᠬᠦ ᠦᠢᠯᠡᠰ᠎ᠦᠨ ᠬᠦᠴᠦᠷᠬᠡᠭ ᠣᠷᠣᠨ᠎ᠤ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠬᠦᠴᠦᠨ ᠴᠢᠳᠠᠯ᠎ᠢᠶᠡᠨ ᠨᠡᠮᠡᠷᠢᠯᠡᠨ᠎ᠡ》 ᠭᠡᠵᠦ ᠬᠡᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠳᠡᠳ᠋ ᠵᠠᠬᠢᠷᠤᠯ ᠠᠨ ᠵᠢᠩ ᠽᠧ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠲᠡᠦᠬᠡᠨ ᠣᠷᠣᠨ ᠪᠠᠢᠷᠢ᠎ᠶᠢ ᠣᠨᠣᠪᠴᠢᠲᠠᠶ ᠡᠵᠡᠮᠳᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠡᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠱᠠᠭᠠᠷᠳᠠᠯᠭ᠎ᠠ᠎ᠶᠢ ᠭᠦᠨᠵᠡᠭᠡᠢ ᠣᠢᠯᠠᠭᠠᠨ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠡᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠡᠭᠦᠷᠭᠡ ᠪᠠ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠣᠢᠯᠠᠭᠠᠬᠤ ᠵᠡᠷᠭᠡ ᠭᠤᠷᠪᠠᠨ ᠲᠠᠯ᠎ᠠ᠎ᠠᠴᠠ ᠪᠦᠬᠦ ᠲᠠᠯ᠎ᠠ᠎ᠪᠠᠷ ᠪᠥᠭᠡᠳ ᠭᠦᠨᠵᠡᠭᠡᠢ ᠤᠬᠠᠭᠤᠯᠤᠨ ᠲᠠᠢᠯᠪᠤᠷᠢᠯᠠᠯᠲᠠ ᠬᠢᠪᠡ᠃
ᠡᠨᠡ ᠬᠦ᠌ ᠲᠠᠯᠠᠪᠤᠷ ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠌᠂ ᠠᠭᠤᠯᠤᠭᠳᠠᠬᠤᠨ ᠨᠢ ᠭᠦᠨ ᠭᠦᠨᠵᠡᠭᠡᠢ ᠪᠠᠢᠵᠤ᠂ ᠤᠨᠤᠯ᠎ᠤᠨ ᠥᠨᠳᠥᠷᠴᠡ ᠲᠠᠢ ᠪᠥᠭᠡᠳ ᠦᠢᠯᠡᠳᠦᠯᠭᠡ᠎ᠶᠢᠨ ᠵᠢᠭᠠᠨ ᠵᠢᠯᠤᠭᠣᠳᠬᠤ ᠠᠴᠢ ᠬᠣᠯᠪᠣᠭᠳᠠᠯ᠎ᠲᠠᠢ ᠪᠠᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠪᠠᠢᠭᠤᠯᠭ᠎ᠠ᠎ᠶᠢᠨ ᠨᠠᠮ᠎ᠤᠨ ᠬᠣᠷᠢᠶᠠᠨ᠎ᠤ ᠲᠤᠰᠬᠠᠢ ᠲᠤᠰᠢᠶᠠᠯᠲᠤ ᠳᠡᠳ᠋ ᠱᠦᠵᠢ ᠰᠢᠤᠸᠠᠢ ᠰᠥᠩ ᠬᠡᠯᠡᠬᠦ᠎ᠳᠤ᠎ᠪᠠᠨ᠄ 《ᠪᠢᠳᠡ ᠭᠣᠣᠯ ᠬᠠᠷᠢᠭᠤᠴᠠᠯᠭ᠎ᠠ ᠭᠣᠣᠯ ᠠᠵᠢᠯ᠎ᠳᠤ᠎ᠪᠠᠨ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠰᠢᠰᠲᠧᠮ᠎ᠳᠦ ᠪᠤᠲᠠᠲᠠᠢᠵᠢᠭᠤᠯᠤᠨ ᠦᠨᠳᠦᠰᠦᠯᠡᠭᠦᠯᠦᠨ᠎ᠡ᠃ ᠡᠭᠦᠨ᠎ᠦ ᠬᠠᠮᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯᠳᠤᠭᠠᠨ᠎ᠤ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠭᠣᠣᠯᠳᠠᠯᠭ᠎ᠠ᠎ᠲᠠᠢ᠎ᠪᠠᠷ ᠠᠵᠢᠯ᠎ᠢᠶᠠᠨ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠰᠤᠷᠲᠠᠯ᠎ᠢ ᠨᠢ ᠰᠠᠢᠵᠢᠷᠠᠭᠤᠯᠤᠨ ᠦᠷ᠎ᠡ ᠪᠦᠲᠦᠮᠵᠢ᠎ᠶᠢ ᠨᠢ ᠳᠡᠭᠡᠭᠰᠢᠯᠡᠭᠦᠯᠵᠦ᠂ ᠰᠤᠷᠤᠯᠴᠠᠯᠭ᠎ᠠ᠎ᠶᠢ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ ᠪᠠ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ ᠬᠥᠭᠵᠢᠯᠲᠡ᠎ᠶᠢᠨ ᠦᠢᠯᠡᠳᠦᠯᠭᠡ᠎ᠳᠦ ᠠᠭᠤᠰᠬᠠᠨ ᠣᠷᠣᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠤᠯᠤᠰ᠎ᠤᠨ ᠦᠮᠴᠢᠯᠡᠯᠲᠦ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠬᠦᠴᠦᠨ ᠴᠢᠳᠠᠯ᠎ᠢᠶᠠᠨ ᠡᠷᠭᠦᠨ᠎ᠡ》 ᠭᠡᠵᠡᠢ᠃