ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠳᠦ ᠬᠦᠷᠴᠦ ᠤᠬᠠᠭᠤᠯᠤᠨ ᠲᠠᠢᠯᠪᠤᠷᠢᠯᠠᠪᠠ
ᠨᠡᠶ᠋ᠢᠲᠡᠯᠡᠭᠰᠡᠨ ᠴᠠᠭ᠄ 2025-11-26

  11 ᠳ᠋ᠦ᠍ᠭᠡᠷ ᠰᠠᠷ᠎ᠠ᠎ᠶᠢᠨ 24᠂ 25᠎ᠤ ᠡᠳᠦᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠳᠦ ᠬᠦᠷᠴᠦ ᠤᠬᠠᠭᠤᠯᠤᠨ ᠲᠠᠢᠯᠪᠤᠷᠢᠯᠠᠪᠠ᠃ 

  ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠳᠠᠷᠤᠭ᠎ᠠ ᠯᠥᠸᠧ ᠴᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠡᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ ᠪᠠ ᠭᠣᠣᠯ ᠬᠠᠷᠠᠯᠲᠠ᠂ ᠪᠠᠢᠯᠳᠤᠬᠤ ᠪᠣᠳᠣᠯᠭ᠎ᠠ᠎ᠶᠢᠨ ᠡᠭᠦᠷᠭᠡ ᠵᠢᠴᠢ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠭᠦᠨᠵᠡᠭᠡᠢ ᠣᠢᠯᠠᠭᠠᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠵᠡᠷᠭᠡ ᠲᠠᠯ᠎ᠠ᠎ᠡᠴᠡ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠢᠰᠲᠧᠮ ᠲᠡᠢ ᠲᠣᠳᠣᠷᠬᠠᠢᠯᠠᠨ ᠥᠭᠦᠯᠡᠵᠦ ᠭᠦᠨᠵᠡᠭᠡᠢ ᠲᠠᠢᠯᠤᠮᠵᠢ ᠬᠢᠵᠡᠢ᠃ 

  ᠤᠬᠠᠭᠤᠯᠤᠨ ᠲᠠᠢᠯᠪᠤᠷᠢᠯᠠᠭᠰᠠᠨ ᠮᠡᠳᠡᠭᠦᠯᠦᠯᠲᠡ᠎ᠶᠢᠨ ᠭᠣᠣᠯ ᠰᠡᠳᠦᠪ ᠨᠢ ᠢᠯᠡ ᠲᠣᠳᠣ᠌᠂ ᠲᠣᠭ᠎ᠠ ᠪᠠᠷᠢᠮᠲᠠ ᠨᠢ ᠨᠠᠷᠢᠨ ᠪᠣᠳᠠᠲᠠᠢ᠂ ᠣᠨᠴᠠᠭᠠᠢᠯᠠᠨ ᠪᠦᠬᠦ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠢ ᠥᠷᠨᠢᠭᠦᠯᠬᠦ᠎ᠳᠦ ᠮᠠᠰᠢ ᠴᠢᠩᠭ᠎ᠠ ᠵᠢᠯᠤᠭᠣᠳᠬᠤ ᠴᠢᠨᠠᠷ ᠪᠠ ᠬᠠᠨᠳᠤᠯᠭᠠᠲᠤ ᠴᠢᠨᠠᠷ᠎ᠲᠠᠢ ᠪᠠᠢᠪᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠴᠢᠯᠦᠭᠡᠲᠦ ᠠᠷᠠᠯᠵᠢᠶᠠᠨ᠎ᠤ ᠭᠠᠵᠠᠷ᠎ᠤᠨ ᠳᠠᠷᠤᠭ᠎ᠠ ᠳᠦ ᠸᠧᠢ ᠸᠧᠢ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠡᠨ ᠪᠡᠶᠡᠯᠡᠭᠦᠯᠬᠦ ᠰᠠᠭᠤᠷᠢ᠎ᠶᠢ ᠪᠠᠲᠤᠳᠬᠠᠵᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠬᠤᠷᠠᠯᠳᠤᠭᠤᠯᠤᠭᠰᠠᠨ ᠨᠢᠭᠡ ᠤᠳᠠᠭᠠᠨ᠎ᠤ ᠲᠤᠢᠯ᠎ᠤᠨ ᠴᠢᠬᠤᠯᠠ ᠬᠤᠷᠠᠯᠳᠤᠭᠠᠨ ᠪᠣᠯᠣᠨ᠎ᠠ᠃ ᠬᠣᠢᠰᠢᠳᠠ᠂ ᠪᠢᠳᠡ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠬᠦᠴᠦᠨ᠎ᠢᠶᠡᠨ ᠲᠥᠪᠯᠡᠷᠡᠭᠦᠯᠦᠨ ᠥᠷᠭᠡᠳᠬᠡᠵᠦ᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢᠶᠠᠷ ᠬᠥᠲᠥᠯᠥᠮᠵᠢ ᠪᠣᠯᠭᠠᠨ᠂ ᠳᠦᠷᠢᠮ᠂ ᠳᠦᠷᠢᠮᠯᠡᠯ᠂ ᠪᠠᠷᠢᠮᠵᠢᠶ᠎ᠠ ᠵᠡᠷᠭᠡ ᠳᠦᠷᠢᠮ᠎ᠦᠨ ᠴᠢᠨᠠᠷᠲᠠᠢ ᠨᠡᠭᠡᠭᠡᠯᠲᠡ᠎ᠶᠢ ᠲᠣᠭᠲᠠᠭᠤᠨ᠎ᠢᠶᠠᠷ ᠥᠷᠭᠡᠳᠬᠡᠵᠦ᠂ ᠠᠷᠠᠯᠵᠢᠶᠠᠨ᠎ᠤ ᠰᠢᠨ᠎ᠡ ᠡᠭᠦᠳᠦᠯᠲᠡ ᠲᠡᠢ ᠬᠥᠭᠵᠢᠯᠲᠡ᠎ᠶᠢ ᠠᠬᠢᠭᠤᠯᠵᠤ᠂ ᠬᠣᠣᠰ ᠴᠢᠭᠯᠡᠯᠲᠦ ᠪᠡᠯᠡ ᠣᠷᠣᠭᠤᠯᠤᠯᠲᠠ᠎ᠶᠢᠨ ᠣᠷᠣᠨ ᠵᠠᠢ᠎ᠶᠢ ᠥᠷᠭᠡᠳᠬᠡᠨ᠂ ᠳᠣᠲᠣᠭᠠᠳᠤ ᠭᠠᠳᠠᠭᠠᠳᠤ᠎ᠶᠢ ᠬᠣᠯᠪᠣᠨ ᠨᠡᠪᠲᠡᠷᠡᠭᠦᠯᠦᠭᠰᠡᠨ᠂ ᠡᠷᠬᠢᠨ ᠲᠣᠭᠣᠷᠢᠨ᠎ᠢ ᠨᠥᠯᠥᠭᠡᠯᠡᠨ ᠳᠠᠢᠴᠢᠯᠠᠭᠰᠠᠨ᠂ ᠡᠬᠢ ᠪᠠᠶᠠᠯᠢᠭ᠋᠎ᠢ ᠲᠥᠪᠯᠡᠷᠡᠭᠦᠯᠵᠦ ᠬᠤᠪᠢᠶᠠᠷᠢᠯᠠᠭᠰᠠᠨ᠂ ᠬᠦᠴᠦᠨ ᠵᠦᠢᠯ᠎ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠪᠦᠬᠦ ᠣᠷᠣᠨ ᠪᠦᠰᠡ᠎ᠶᠢᠨ ᠨᠡᠭᠡᠭᠡᠯᠲᠡᠲᠦ ᠲᠠᠪᠴᠠᠩ᠎ᠢ ᠲᠦᠷᠭᠡᠳᠬᠡᠨ ᠪᠠᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠪᠡᠷ ᠪᠦᠬᠦ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠬᠦᠴᠦᠨ ᠴᠢᠳᠠᠮᠵᠢ᠎ᠶᠢ ᠨᠢ ᠡᠷᠴᠢᠮᠯᠡᠨ᠎ᠡ᠃》 ᠭᠡᠪᠡ᠃ 

  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠳᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠳᠡᠳ᠋ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠳᠡᠳ᠋ ᠡᠷᠬᠢᠯᠡᠭᠴᠢ ᠴᠧᠨ ᠵᠢᠢ ᠴᠢᠩ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠵᠡᠢ᠃ ᠴᠧᠨ ᠵᠢᠢ ᠴᠢᠩ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠢᠯᠤᠭᠣᠳᠬᠤ ᠴᠢᠭᠯᠡᠯᠲᠡ᠂ ᠭᠣᠣᠯ ᠬᠠᠷᠠᠯᠲᠠ ᠪᠠ ᠪᠠᠢᠯᠳᠤᠬᠤ ᠪᠣᠳᠣᠯᠭ᠎ᠠ᠎ᠶᠢᠨ ᠡᠭᠦᠷᠭᠡ ᠯᠦ᠍ᠭᠡ ᠨᠢᠭ᠍ᠲᠠ ᠤᠶᠠᠯᠳᠤᠭᠤᠯᠤᠨ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠭᠣᠣᠯ ᠱᠠᠭᠠᠷᠳᠠᠯᠭ᠎ᠠ᠎ᠶᠢ ᠭᠦᠨᠵᠡᠭᠡᠢ ᠲᠣᠳᠣᠷᠬᠠᠢᠯᠠᠨ ᠥᠭᠦᠯᠡᠵᠦ᠂ ᠥᠪᠥᠷ ᠮᠣᠩᠭᠣᠯ᠎ᠤᠨ 《ᠬᠣᠶᠠᠷ ᠬᠠᠯᠬᠠᠪᠴᠢ᠂ ᠬᠣᠶᠠᠷ ᠰᠠᠭᠤᠷᠢᠨ᠂ ᠨᠢᠭᠡ ᠪᠡᠬᠢᠯᠡᠯᠲᠡ》ᠵᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠡᠭᠦᠷᠭᠡ ᠬᠠᠷᠢᠭᠤᠴᠠᠯᠭ᠎ᠠ ᠯᠤᠭ᠎ᠠ ᠤᠶᠠᠯᠳᠤᠭᠤᠯᠤᠨ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠯᠤᠰ᠎ᠤᠨ ᠵᠠᠰᠠᠯᠲᠠ᠎ᠶᠢᠨ ᠣᠳᠣᠬᠢᠴᠢᠯᠠᠯᠲᠠ᠎ᠶᠢ ᠠᠬᠢᠭᠤᠯᠬᠤ ᠵᠡᠷᠭᠡ ᠴᠢᠬᠤᠯᠠ ᠶᠡᠬᠡ ᠪᠠᠢᠷᠢᠯᠠᠭᠤᠯᠤᠯᠲᠠ᠎ᠳᠤ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠪᠤᠷᠢᠯᠠᠯᠲᠠ ᠬᠢᠵᠡᠢ᠃ 

  ᠮᠡᠳᠡᠭᠦᠯᠦᠯᠲᠡ᠎ᠶᠢᠨ ᠵᠣᠭᠰᠣᠴᠠ ᠨᠢ ᠥᠨᠳᠥᠷ᠂ ᠠᠭᠤᠯᠤᠭᠳᠠᠬᠤᠨ ᠨᠢ ᠭᠦᠨᠵᠡᠭᠡᠢ᠂ ᠯᠣᠭᠢᠭ᠋ ᠨᠢ ᠴᠢᠩᠭ᠎ᠠ᠂ ᠭᠣᠣᠯᠳᠠᠯᠭ᠎ᠠ᠎ᠶᠢ ᠳᠣᠪᠣᠢᠯᠭᠠᠭᠰᠠᠨ ᠪᠠᠢᠪᠠ᠃ ᠲᠠᠢᠯᠤᠮᠵᠢ᠎ᠶᠢ ᠰᠣᠨᠣᠰᠤᠭᠰᠠᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠪᠠᠢᠭᠤᠯᠭ᠎ᠠ᠎ᠶᠢᠨ ᠨᠠᠮ᠎ᠤᠨ ᠬᠣᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠼᠤᠤ ᠹᠧᠢ ᠬᠣᠩ᠄ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠠᠢᠲᠤᠷ ᠰᠤᠷᠤᠯᠴᠠᠵᠦ᠂ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ᠂ ᠵᠠᠩᠭᠢᠯᠠᠭ᠎ᠠ ᠨᠢ ᠠᠵᠢᠯᠯᠠᠬᠤ᠎ᠳᠤ ᠪᠤᠢ᠂ ᠵᠠᠩᠭᠢᠯᠠᠭ᠎ᠠ ᠨᠢ ᠬᠠᠷᠢᠭᠤᠴᠠᠯᠭ᠎ᠠ ᠡᠭᠦᠷᠭᠡᠯᠡᠬᠦ᠎ᠳᠦ ᠪᠤᠢ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠹᠷᠣᠨᠲ᠎ᠤᠨ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ᠂ ᠡᠷᠬᠡᠪᠰᠢ ᠪᠣᠳᠠᠲᠠᠢ ᠠᠵᠢᠯᠯᠠᠬᠤ ᠵᠣᠷᠢᠭ᠋ ᠰᠠᠨᠠᠭ᠎ᠠ᠎ᠶᠢ ᠲᠦᠷᠦᠭᠦᠯᠡᠨ ᠪᠠᠳᠠᠷᠠᠭᠤᠯᠵᠤ᠂ ᠴᠢᠩᠭ᠎ᠠ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠨᠢᠭᠡ᠎ᠳᠦ᠂ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ 〈ᠬᠣᠶᠠᠷ᠎ᠢ ᠬᠠᠮᠠᠭᠠᠯᠠᠬᠤ〉ᠶ᠋ᠢ ᠪᠡᠶᠡᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ᠎ᠪᠡᠨ ᠨᠠᠮ᠎ᠤᠨ ᠲᠥᠪ ᠬᠣᠷᠢᠶ᠎ᠠ ᠯᠤᠭ᠎ᠠ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠢᠯ᠎ᠦᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠬᠦᠷᠢᠶᠡᠨ᠎ᠳᠦ ᠲᠡᠷᠡ ᠴᠡᠭ᠎ᠢᠶᠡᠷ ᠨᠢ ᠨᠠᠢᠳᠠᠪᠤᠷᠢᠵᠢᠭᠤᠯᠬᠤ᠎ᠪᠠᠨ ᠪᠠᠲᠤᠯᠠᠨ᠎ᠠ᠃ ᠬᠣᠶᠠᠷ᠎ᠲᠤ᠂ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠵᠦ᠂ ᠵᠣᠷᠢᠭ᠍ᠲᠠᠢ᠎ᠪᠠᠷ ᠬᠦᠴᠢᠷ᠎ᠢ ᠲᠤᠭᠤᠯᠤᠨ ᠪᠡᠷᠬᠡ᠎ᠶᠢ ᠳᠠᠪᠠᠨ᠎ᠠ᠃ ᠵᠣᠷᠢᠭ᠍ᠲᠠᠢ᠎ᠪᠠᠷ ᠬᠠᠷᠢᠭᠤᠴᠠᠵᠤ᠂ ᠴᠢᠳᠠᠮᠠᠭᠠᠢ᠎ᠪᠠᠷ ᠠᠵᠢᠯᠯᠠᠨ᠂ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠂ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭᠠᠴᠠᠬᠤ ᠳᠤᠮᠳᠠ ᠡᠮᠦᠨ᠎ᠡ ᠨᠢ ᠭᠠᠪᠰᠢᠭᠠᠢᠯᠠᠨ ᠵᠢᠳᠬᠦᠯ ᠭᠠᠷᠭᠠᠵᠤ ᠦᠢᠯᠡᠰ ᠪᠦᠲᠦᠭᠡᠨ᠎ᠡ᠃ ᠭᠤᠷᠪᠠ᠎ᠳᠤ᠂ ᠪᠠᠲᠤ ᠴᠢᠩᠭ᠎ᠠ ᠬᠡᠪ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠵᠤ᠂ ᠠᠷᠢᠭᠤᠨ ᠴᠢᠬᠡᠴᠢ ᠣᠣᠷ ᠴᠢᠨᠠᠷ᠎ᠢᠶᠠᠨ ᠡᠭᠦᠷᠢᠳᠡ ᠬᠠᠳᠠᠭᠠᠯᠠᠨ᠂ ᠨᠠᠮ᠎ᠤᠨ ᠰᠠᠬᠢᠯᠭ᠎ᠠ ᠪᠠᠲᠤ ᠶᠣᠰᠣ᠌ ᠳᠦᠷᠢᠮ᠎ᠢ ᠴᠢᠩᠭ᠎ᠠ ᠰᠠᠬᠢᠵᠤ᠂ ᠪᠢᠰᠢᠷᠡᠨ ᠵᠢᠷᠦᠬᠡᠰᠢᠶᠡᠵᠦ᠂ ᠰᠡᠷᠡᠮᠵᠢᠯᠡᠨ ᠬᠢᠴᠢᠶᠡᠵᠦ᠂ ᠬᠣᠷᠢᠭ᠎ᠠ ᠱᠤᠭᠤᠮ᠎ᠢ ᠰᠠᠬᠢᠵᠤ᠂ ᠲᠥᠪ ᠭᠣᠣᠯᠴᠢ ᠠᠷᠢᠭᠤᠨ ᠴᠢᠬᠡᠴᠢ ᠪᠠᠢᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠺᠠᠳ᠋ᠷᠴᠤᠳ᠎ᠤᠨ ᠰᠠᠢᠨ ᠰᠠᠢᠬᠠᠨ ᠳᠦᠷᠢ ᠲᠥᠷᠬᠦ᠎ᠪᠡᠨ ᠰᠠᠢᠲᠤᠷ ᠬᠠᠮᠠᠭᠠᠯᠠᠵᠤ᠂ 2035 ᠣᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠦ᠎ᠪᠠᠨ ᠪᠡᠶᠡᠯᠡᠭᠦᠯᠬᠦ᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ᠃》 ᠭᠡᠵᠡᠢ᠃ 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            