ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠥᠯᠵᠡᠶ ᠵᠠᠰᠠᠮᠠᠯ ᠵᠠᠮ᠎ᠤᠨ ᠬᠢᠯᠢ᠎ᠶᠢᠨ ᠪᠣᠭᠤᠮᠲᠠ᠎ᠶ᠋ᠢᠨ ᠭᠠᠳᠠᠭ᠍ᠰᠢ ᠨᠡᠬᠡᠬᠡᠯᠲᠡ ᠨᠢ ᠤᠯᠤᠰ᠎ᠤᠨ ᠱᠢᠯᠭᠠᠨ ᠪᠠᠢᠴᠠᠭᠠᠯᠲᠠ᠎ᠳᠦ ᠪᠠᠲᠤᠯᠠᠭᠳᠠᠪᠠ
ᠨᠡᠶ᠋ᠢᠲᠡᠯᠡᠭᠰᠡᠨ ᠴᠠᠭ᠄ 2025-12-26

  12 ᠳ᠋ᠤᠭ᠋ᠠᠷ ᠰᠠᠷ᠎ᠠ᠎ᠶ᠋ᠢᠨ 25 ᠎ᠤ ᠡᠳᠦᠷ᠂ ᠤᠯᠤᠰ᠎ᠤᠨ ᠬᠢᠯᠢ᠎ᠶ᠋ᠢᠨ ᠪᠣᠭᠤᠮᠲᠠ᠎ᠶ᠋ᠢᠨ ᠬᠠᠮᠢᠶᠠᠷᠤᠯᠲᠠ᠎ᠶ᠋ᠢᠨ ᠠᠯᠪᠠᠨ ᠬᠡᠷ᠎ᠨᠢ ᠭᠠᠳᠠᠭᠠᠳᠤ ᠶᠠᠪᠤᠳᠠᠯ᠎ᠤᠨ ᠶᠠᠮᠤᠨ᠂ ᠪᠣᠭᠤᠮᠲᠠ᠎ᠶ᠋ᠢᠨ ᠶᠡᠷᠦᠩᠬᠡᠶ ᠵᠠᠬᠢᠷᠭ᠎ᠠ᠂ ᠤᠯᠤᠰ᠎ᠤᠨ ᠨᠡᠭᠦᠳᠡᠯ ᠠᠷᠠᠳ᠎ᠤᠨ ᠲᠣᠪᠴᠢᠶ᠎ᠠ ᠵᠡᠷᠭᠡ ᠨᠢᠭᠡᠴᠢ᠎ᠲᠠᠢ ᠬᠠᠮᠲᠤᠷᠠᠨ ᠤᠯᠤᠰ᠎ᠤᠨ ᠱᠢᠯᠭᠠᠨ ᠬᠤᠷᠢᠶᠠᠬᠤ ᠳᠤᠭᠤᠢᠯᠠᠩ ᠪᠠᠢᠭᠤᠯᠵᠤ᠂ ᠦᠯᠵᠡᠢ ᠵᠠᠰᠠᠮᠠᠯ ᠵᠠᠮ᠎ᠤᠨ ᠬᠢᠯᠢ᠎ᠶᠢᠨ ᠪᠣᠭᠤᠮᠲᠠ᠎ᠶ᠋ᠢ ᠲᠤᠬᠠᠶ᠎ᠶ᠋ᠢᠨ ᠭᠠᠵᠠᠷ᠎ᠲᠤᠨᠢ ᠱᠢᠯᠭᠠᠨ ᠠᠪᠤᠪᠠ᠃ ᠠᠬᠤᠢ ᠲᠠᠯᠠᠪᠠᠢ᠎ᠳᠤ ᠪᠠᠢᠴᠠᠭᠠᠨ ᠱᠢᠯᠭᠠᠬᠤ ᠪᠠ ᠲᠥᠪᠯᠡᠷᠡᠭᠦᠯᠦᠨ ᠬᠢᠨᠠᠨ ᠲᠣᠭ᠍ᠲᠠᠭᠠᠬᠤ᠎ᠪᠠᠷ ᠳᠡᠮᠵᠢᠨ᠂ ᠱᠢᠯᠭᠠᠨ ᠠᠪᠬᠤ ᠳᠤᠭᠤᠢᠯᠠᠩ᠎ᠠᠴᠠ ᠥᠯᠵᠡᠶ ᠵᠠᠰᠠᠮᠠᠯ ᠵᠠᠮ᠎ᠤᠨ ᠬᠢᠯᠢ᠎ᠶᠢᠨ ᠪᠣᠭᠤᠮᠲᠠ᠎ᠶ᠋ᠢᠨ ᠪᠠᠢᠴᠠᠭᠠᠨ ᠱᠢᠯᠭᠠᠬᠤ ᠰᠠᠭᠤᠷᠢ ᠲᠥᠬᠦᠭᠡᠷᠦᠮᠵᠢ ᠵᠢᠴᠢ ᠢᠵᠢ ᠪᠥᠷᠢᠳᠦᠭ᠌ᠰᠡᠨ ᠲᠥᠬᠦᠭᠡᠷᠦᠮᠵᠢ᠎ᠶ᠋ᠢ ᠨᠢᠭᠡᠨᠲᠡ ᠪᠠᠢᠭᠤᠯᠤᠨ ᠳᠠᠭᠤᠰᠭᠠᠵᠤ᠂ ᠪᠠᠢᠴᠠᠭᠠᠨ ᠱᠢᠯᠭᠠᠬᠤ ᠲᠥᠬᠦᠭᠡᠷᠦᠮᠵᠢ ᠪᠠ ᠪᠠᠢᠴᠠᠭᠠᠨ ᠱᠢᠯᠭᠠᠬᠤ ᠠᠵᠢᠯᠲᠠᠨ᠎ᠢ ᠨᠢᠭᠡᠨᠲᠡ ᠳᠣᠭᠢᠷᠠᠭᠤᠯᠤᠨ ᠪᠣᠳᠠᠲᠠᠢᠵᠢᠭᠤᠯᠵᠤ᠂ ᠪᠠᠢᠴᠠᠭᠠᠨ ᠱᠢᠯᠭᠠᠬᠤ ᠠᠵᠢᠯ᠎ᠤᠨ ᠬᠡᠷᠡᠭ᠌ᠴᠡᠭᠡ᠎ᠶ᠋ᠢ ᠬᠠᠩᠭᠠᠵᠤ᠂ ᠤᠯᠤᠰ᠎ᠤᠨ ᠬᠠᠮᠢᠶ᠎ᠠ ᠪᠥᠬᠦᠶ ᠱᠠᠭᠠᠷᠳᠠᠯᠭ᠎ᠠ᠎ᠳᠤ ᠨᠡᠢᠴᠡᠭᠦᠯᠵᠦ᠍ ᠴᠢᠳᠠᠨ᠎ᠠ ᠭᠡᠵᠦ᠍ ᠰᠠᠨᠠᠯ ᠨᠢᠭᠡᠲᠡᠶ ᠦᠵᠡᠪᠡ᠃ ᠱᠢᠯᠭᠠᠨ ᠬᠤᠷᠢᠶᠠᠬᠤ ᠳᠤᠭᠤᠢᠯᠠᠩ᠎ᠠᠴᠠ ᠥᠯᠵᠡᠶ ᠵᠠᠰᠠᠮᠠᠯ ᠵᠠᠮ᠎ᠤᠨ ᠬᠢᠯᠢ᠎ᠶᠢᠨ ᠪᠣᠭᠤᠮᠲᠠ᠎ᠶ᠋ᠢᠨ ᠭᠠᠳᠠᠭ᠍ᠰᠢ ᠨᠡᠭᠡᠭᠡᠯᠲᠡ ᠨᠢ ᠤᠯᠤᠰ᠎ᠤᠨ ᠰᠢᠯᠭ᠋ᠠᠨ ᠪᠠᠢᠴᠠᠭᠠᠯᠲᠠ᠎ᠳᠤ ᠪᠠᠲᠤᠯᠠᠭᠳᠠᠬᠤ᠎ᠶᠢ ᠵᠥᠪᠱᠢᠶᠡᠷᠡᠬᠦ᠌᠎ᠶ᠋ᠢᠨ ᠬᠠᠮᠲᠤ ᠠᠬᠤᠢ ᠲᠠᠯᠠᠪᠠᠢ᠎ᠳᠤ ᠭᠠᠷ᠎ᠤᠨ ᠥᠰᠥᠭ ᠵᠢᠷᠤᠵᠤ ᠱᠢᠯᠭᠠᠨ ᠠᠪᠬᠤ ᠬᠤᠷᠠᠯ᠎ᠤᠨ ᠲᠣᠪᠴᠢ ᠲᠡᠮᠳᠡᠭ᠌ᠯᠡᠯ᠎ᠳᠤ ᠭᠠᠷ᠎ᠤᠨ ᠥᠰᠥᠭ ᠵᠢᠷᠤᠪᠠ᠃

 

 

  ᠥᠯᠵᠡᠶ ᠬᠢᠯᠢ᠎ᠶᠢᠨ ᠪᠣᠭᠤᠮᠲᠠ᠎ᠶ᠋ᠢᠨ ᠭᠠᠳᠠᠭᠰᠢ ᠨᠡᠭᠡᠭᠡᠯᠲᠡ ᠬᠢᠬᠦ᠌ ᠪᠣᠯ ᠳᠤᠮᠳᠠᠳᠤ ᠮᠣᠩᠭᠤᠯ ᠬᠤᠶᠠᠷ ᠤᠯᠤᠰ᠎ᠤᠨ ᠲᠡᠷᠢᠭᠦᠨ᠎ᠤ 2014 ᠣᠨ᠎ᠤ ᠴᠢᠬᠤᠯᠠ ᠬᠠᠮᠲᠤ᠎ᠶ᠋ᠢᠨ ᠲᠠᠨᠢᠯᠲᠠ᠎ᠲᠠᠢ ᠪᠣᠯᠤᠭ᠍ᠰᠠᠨ ᠶᠠᠪᠤᠳᠠᠯ ᠪᠣᠯᠤᠨ᠎ᠠ᠃ 2016 ᠣᠨ᠎ᠤ᠋ 1 ᠳ᠋ᠦ᠍ᠭᠡᠷ ᠰᠠᠷ᠎ᠠ᠎ᠳ᠋ᠤ ᠲᠥᠷᠥ᠎ᠶᠢᠨ ᠶᠠᠪᠤᠳᠠᠯ᠎ᠤ᠋ᠨ ᠬᠣᠷᠢᠶ᠎ᠠ ᠵᠢᠩᠬᠢᠨᠢ᠎ᠪᠡᠷ ᠵᠦᠪᠰᠢᠶᠡᠷᠡᠭᠰᠡᠨ ᠎ᠦ᠌ ᠳᠠᠷᠠᠭ᠎ᠠ ᠲᠥᠯᠥᠪᠵᠢᠭᠦᠯᠭᠡ ᠪᠦᠲᠦᠭᠡᠨ ᠪᠠᠢᠭᠤᠯᠤᠯᠲᠠ᠎ᠶᠢ ᠡᠬᠢᠯᠡᠭᠦᠯᠵᠦ᠍ ᠂ 2020 ᠣᠨ᠎ᠤ᠋ 12 ᠳ᠋ᠤᠭ᠋ᠠᠷ ᠰᠠᠷ᠎ᠠ᠎ᠳ᠋ᠤ ᠲᠦᠷ ᠴᠠᠭ᠎ᠤ᠋ᠨ ᠪᠣᠭᠣᠮᠲᠠ᠎ᠶᠢ ᠪᠡᠶᠡᠯᠡᠭᠦᠯᠵᠦ᠍᠂ ᠲᠠᠪᠤᠨ ᠵᠢᠯ᠎ᠦ᠋ᠨ ᠬᠥᠭ᠌ᠵᠢᠯᠲᠡ᠎ᠶᠢ ᠥᠩᠭᠡᠷᠡᠭᠡᠭᠡᠳ᠂ ᠳᠠᠬᠢᠨᠲᠠ ᠰᠢᠨ᠎ᠡ ᠬᠥᠰᠢᠶ᠎ᠡ ᠳᠤᠷᠠᠰᠬᠠᠯ᠎ᠤᠨ ᠵᠠᠮ᠎ᠳᠤ ᠠᠯᠬᠤᠨ ᠣᠷᠣᠯ᠎ᠠ᠃ ᠥᠯᠵᠡᠶ ᠬᠢᠯᠢ᠎ᠶᠢᠨ ᠪᠣᠭᠤᠮᠲᠠ᠎ᠨᠢ ᠭᠠᠭ᠍ᠴᠠᠮᠣᠳᠣ᠂ ᠴᠡᠭᠡ ᠬᠢᠯᠢ᠎ᠶᠢᠨ ᠪᠣᠭᠤᠮᠲᠠ ᠯᠤᠭ᠎ᠠ ᠴᠢᠳᠠᠮᠵᠢ᠎ᠪᠠᠨ ᠬᠠᠷᠢᠯᠴᠠᠨ  ᠨᠦᠬᠦᠪᠦᠷᠢᠯᠡᠭᠰᠡᠨ᠂ ᠪᠠᠢᠷᠢ ᠰᠣᠯᠪᠢᠴᠠᠨ ᠬᠦᠭᠵᠢᠭᠰᠡᠨ᠂ ᠣᠨᠴᠠᠯᠢᠭ᠎ᠢᠶᠠᠷ ᠳᠤᠪᠤᠢ᠌ᠮ᠎ᠠ ᠮᠠᠨ᠎ᠤ ᠣᠷᠣᠨ᠎ᠤ ᠪᠠᠷᠠᠭᠤᠨ ᠣᠷᠣᠨ᠎ᠤ ᠬᠢᠯᠢ᠎ᠶ᠋ᠢᠨ ᠪᠣᠭᠤᠮᠲᠠ᠎ᠶ᠋ᠢᠨ ᠰᠦᠷᠦᠭ᠌ᠵᠢᠯ᠎ᠢ ᠪᠣᠢ ᠪᠣᠯᠭ᠋ᠠᠵᠤ᠂ ᠳᠤᠮᠳᠠᠳᠤ ᠮᠣᠩᠭᠤᠯ᠎ᠤᠨ ᠡᠨᠧᠷᠭᠢ᠂ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ᠎ᠶ᠋ᠢᠨ ᠵᠠᠮ᠎ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠍᠂ ᠣᠯᠠᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌᠎ᠶ᠋ᠢ ᠠᠬᠢᠭᠤᠯᠤᠨ᠂ ᠥᠪᠥᠷ ᠮᠣᠩᠭᠤᠯ᠎ᠤᠨ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠳᠤ ᠭᠦᠨᠵᠡᠭᠡᠶ ᠠᠭᠤᠰᠤᠯᠴᠠᠬᠤ᠎ᠶ᠋ᠢ ᠬᠦᠴᠦᠲᠡᠶ ᠠᠬᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠪᠥᠲᠥᠭᠡᠨ ᠪᠠᠢᠭᠤᠯᠬᠤ᠎ᠳᠤ ᠴᠢᠬᠤᠯᠠ ᠲᠤᠯᠭᠠᠭᠤᠷᠢᠯᠠᠯ ᠪᠠᠳᠠᠷᠠᠭᠤᠯᠤᠨ᠎ᠠ᠃

ᠢᠷᠡᠯᠲᠡ᠄ ᠬᠢᠯᠢ᠎ᠶᠢᠨ ᠪᠣᠭᠤᠮᠲᠠ᠎ᠶ᠋ᠢᠨ ᠠᠯᠪᠠᠨ ᠬᠡᠷ
          
ᠬᠠᠮᠢᠶ᠎ᠡ ᠪᠦᠬᠦᠢ ᠰᠣᠨᠢᠨ
 
            