2026 ᠣᠨ᠎ᠤ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠲᠣᠬᠢᠷᠠᠭᠤᠯᠤᠯᠲᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
ᠨᠢᠭᠡ᠂ ᠶᠡᠷᠦᠩᠬᠡᠢ ᠱᠠᠭᠠᠷᠳᠠᠯᠭ᠎ᠠ
ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ 《ᠭᠤᠷᠪᠠᠨ ᠴᠢᠬᠤᠯᠠ》 ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠳᠤᠮᠳᠠᠳᠦ ᠤᠯᠤᠰ (ᠥᠪᠥᠷ ᠮᠣᠩᠭᠤᠯ) ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠲᠡ᠎ᠶ᠋ᠢ ᠴᠣᠭ᠍ᠴᠠᠯᠠᠵᠤ᠂ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠤ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠪᠦᠬᠦ᠌ ᠬᠦᠴᠦᠨ᠎ᠢᠶᠠᠷ᠎ᠢᠶᠠᠨ ᠨᠡᠬᠡᠬᠡᠯᠳᠡ᠎ᠶ᠋ᠢ ᠠᠬᠢᠭᠤᠯᠵᠤ᠂ ᠬᠤᠳᠠᠯᠳᠤᠭ᠋ᠠᠴᠢᠨ ᠤᠷᠢᠬᠤ᠎ᠶ᠋ᠢ ᠠᠳᠭᠤᠵᠤ᠂ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠵᠤ᠂ ᠭᠠᠳᠠᠭᠠᠳᠤ ᠪᠡᠯᠡ᠎ᠶ᠋ᠢ ᠲᠣᠭ᠍ᠲᠠᠪᠤᠷᠢᠵᠢᠭᠤᠯᠵᠤ᠂ ᠬᠡᠷᠡᠭ᠌ᠯᠡᠭᠡ᠎ᠶ᠋ᠢ ᠥᠷᠭᠡᠳᠭᠡᠵᠦ᠍᠂ ᠬᠢᠯᠢ᠎ᠶᠢᠨ ᠪᠣᠭᠤᠮᠲᠠ᠎ᠶ᠋ᠢ ᠬᠦᠴᠦᠷᠬᠡᠭ᠌ᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤᠨ ᠴᠢᠨᠠᠷ ᠰᠠᠢᠲᠠᠢ ᠬᠥᠭ᠌ᠵᠢᠯᠲᠡ᠎ᠶ᠋ᠢ ᠰᠠᠢᠲᠤᠷ ᠡᠬᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠦᠭᠡᠢ ᠪᠢᠴᠢᠭ᠌ᠯᠡᠬᠦ᠌᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ᠃
ᠬᠤᠶᠠᠷ᠂ ᠵᠢᠱ᠌ᠢᠭ᠌ᠰᠡᠨ ᠬᠠᠷᠠᠯᠲᠠ
ᠤᠯᠤᠰ᠎ᠤᠨ ᠳᠤᠲᠤᠭ᠋ᠠᠳᠦ ᠶ᠋ᠢᠨ ᠪᠣᠳᠠᠲᠠᠢᠵᠢᠭᠤᠯᠤᠭ᠍ᠰᠠᠨ ᠪᠠᠯᠠ ᠮᠥᠩᠭᠦ᠎ᠶ᠋ᠢ ᠣᠷᠣᠭᠤᠯᠤᠨ ᠠᠪᠴᠢᠷᠠᠬᠤ᠎ᠨᠢ ᠠᠳᠠᠯᠢ ᠬᠤᠭᠤᠴᠠᠭᠠᠨ᠎ᠤ᠎ᠬᠢ᠎ᠠᠴᠠ 8% ᠪᠠᠷ ᠨᠡᠮᠡᠭ᠌ᠳᠡᠪᠡ;
ᠭᠠᠳᠠᠭᠠᠳᠤ ᠠᠷᠠᠯᠵᠢᠶᠠᠨ᠎ᠤ ᠬᠡᠮᠵᠢᠶ᠎ᠡ 2300 ᠳ᠋ᠦᠩᠱᠢᠭᠤᠷ ᠲᠥᠭᠥᠷᠢᠭ᠌᠂ ᠠᠳᠠᠯᠢ ᠬᠤᠭᠤᠴᠠᠭᠠᠨ᠎ᠠᠴᠠ 5% ᠪᠠᠷ ᠨᠡᠮᠡᠭ᠌ᠳᠡᠪᠡ;
ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ᠎ᠶᠢᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 5% ᠪᠡᠷ ᠨᠡᠮᠡᠭᠳᠡᠪᠡ ;
ᠭᠠᠳᠠᠭᠠᠳᠤ᠎ᠳᠤ ᠵᠣᠷᠢᠭᠤᠯᠤᠭ᠍ᠰᠠᠨ ᠪᠣᠳᠠᠲᠠᠢ ᠪᠡᠯᠡ ᠣᠷᠣᠭᠤᠯᠤᠯᠲᠠ᠎ᠶ᠋ᠢᠨ ᠬᠡᠮᠵᠢᠶ᠎ᠡ 5% ᠪᠤᠯᠤᠨ᠎ᠠ;
ᠬᠠᠭᠤᠷᠠᠢ ᠵᠠᠮ᠎ᠤ᠋ᠨ ᠪᠣᠭᠣᠮᠲᠠ᠎ᠶᠢᠨ ᠪᠠᠷᠠᠭ᠎ᠠ ᠲᠡᠭᠡᠭᠡᠪᠦᠷᠢᠯᠡᠬᠦ᠌ ᠬᠡᠮᠵᠢᠶ᠎ᠡ ᠪᠦᠬᠦ᠌ ᠤᠯᠤᠰ᠎ᠲᠤ᠌ ᠦᠷᠭᠦᠯᠵᠢᠯᠡᠨ ᠲᠡᠷᠢᠭᠦᠯᠡᠵᠦ᠍ ᠪᠠᠢᠨ᠎ᠠ᠃
ᠭᠤᠷᠪᠠ᠂ 《ᠨᠢᠭᠡ ᠶᠡᠷᠦᠩᠬᠡᠢᠯᠡᠨ ᠵᠢᠯᠤᠭᠤᠳᠤᠭᠴᠢ》 ᠶ᠋ᠢ ᠪᠠᠷᠢᠮᠲᠠᠯᠠᠵᠤ᠂ 《ᠳᠥᠷᠪᠡᠨ ᠶᠡᠭᠡ ᠢᠨᠵᠧᠨᠧᠷᠢᠩ》 ᠢ ᠬᠡᠷᠡᠭᠵᠢᠭᠦᠯᠦᠨ᠎ᠡ
ᠨᠢᠭᠡ ᠶᠡᠷᠦᠩᠬᠡᠢᠯᠡᠨ ᠵᠢᠯᠤᠭᠤᠳᠤᠭᠴᠢ
ᠲᠤᠬᠠᠢᠯᠠᠪᠠᠯ ᠬᠦᠬᠦᠷᠭᠡᠨ ᠪᠠᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠪᠠᠷ ᠶᠡᠷᠦᠩᠬᠡᠢᠯᠡᠨ ᠵᠢᠯᠣᠭᠤᠳᠣᠭᠤᠯᠵᠤ᠂ 《 ᠬᠦᠬᠦᠷᠭᠡᠨ ᠪᠠᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠡᠷᠦᠩᠬᠡᠢᠯᠡᠨ ᠵᠠᠬᠢᠷᠬᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠢ ᠤᠯᠠᠮ ᠨᠢᠭᠡ ᠠᠯᠬᠤᠮ ᠲᠣᠳᠣᠷᠬᠠᠢ ᠪᠣᠯᠭᠠᠬᠤ ᠪᠠ ᠡᠵᠡᠮᠳᠡᠵᠦ᠍᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠨᠢ ᠡᠴᠦᠰ᠎ᠲᠡᠭᠡᠨ ᠬᠦᠬᠦᠷᠭᠡᠨ ᠪᠠᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠢᠯᠡᠷᠡᠭᠦᠯᠬᠦ᠌》 ᠶᠡᠷᠦᠩᠬᠡᠢ ᠰᠡᠳᠭᠢᠮᠵᠢ᠎ᠶ᠋ᠢ ᠤᠯᠠᠮ ᠨᠢᠭᠡ ᠠᠯᠬᠤᠮ ᠲᠣᠳᠣᠷᠬᠠᠢ ᠪᠣᠯᠭᠠᠬᠤ ᠪᠠ ᠡᠵᠡᠮᠳᠡᠵᠦ᠍᠂ ᠪᠦᠬᠦ᠌ ᠵᠢᠯ᠎ᠤᠨ ᠡᠭᠦᠷᠭᠡ ᠠᠷᠭ᠎ᠠ ᠬᠡᠮᠵᠢᠶ᠎ᠡ᠎ᠶ᠋ᠢ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠵᠦ᠍᠂ ᠬᠠᠷᠠᠯᠲᠠ ᠡᠭᠦᠷᠭᠡ᠎ᠪᠠᠨ ᠪᠡᠶᠡᠯᠡᠭᠦᠯᠬᠦ᠌᠎ᠶ᠋ᠢ ᠦᠨᠡᠨᠬᠦ᠌ ᠪᠠᠲᠤᠯᠠᠨ᠎ᠠ᠃
ᠲᠦᠷᠪᠡᠨ ᠶᠡᠭᠡ ᠢᠨᠵᠧᠨ᠌ᠧᠷᠢᠩ
ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ;
ᠬᠤᠳᠠᠯᠳᠤᠭᠠᠴᠢᠨ ᠤᠷᠢᠬᠤ ᠰᠦᠪᠡᠭ᠌ᠴᠢ᠎ᠶ᠋ᠢ ᠠᠭᠤᠳᠠᠯᠬᠤ ᠢᠨᠵᠧᠨᠧᠷᠢᠩ;
ᠭᠠᠳᠠᠭ᠍ᠰᠢᠯ ᠠᠵᠤ ᠦᠢᠯᠡᠰ᠎ᠤᠨ ᠤᠷᠲᠤᠳᠭᠠᠬᠤ ᠢᠨᠵᠧᠨᠧᠷᠢᠩ;
ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠃
ᠳᠥᠷᠪᠡ᠂ ᠨᠠᠢ᠍ᠮᠠᠨ ᠲᠠᠯ᠎ᠠ᠎ᠶ᠋ᠢᠨ ᠭᠤᠤᠯᠳᠠᠯᠭ᠎ᠠ᠎ᠲᠠᠢ ᠠᠵᠢᠯ᠎ᠢ ᠰᠠᠢᠲᠤᠷ ᠬᠢᠬᠦ᠌ ᠬᠡᠷᠡᠭ᠌ᠲᠡᠶ
1. ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ ᠪᠠ ᠬᠠᠮᠲᠤᠷᠠᠯᠴᠠᠭᠠᠨ᠎ᠤ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠴᠢᠯᠦᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠲᠣᠭᠤᠷᠢᠭ᠎ᠤᠨ ᠳᠦᠷᠢᠮ᠎ᠤᠨ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠢ ᠰᠦᠪᠡᠭ᠌ᠴᠢᠯᠡᠵᠦ᠍᠂ ᠴᠢᠯᠦᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠲᠣᠭᠤᠷᠢᠭ᠎ᠢ ᠡᠭᠦᠳᠦᠨ ᠪᠠᠢᠭᠤᠯᠬᠤ ᠠᠵᠢᠯ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠳᠦᠷᠢᠮ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠵᠢᠷᠤᠮᠯᠠᠨ ᠳᠠᠭᠠᠵᠤ ᠳᠡᠯᠭᠡᠷᠡᠭᠦᠯᠬᠦ᠌ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠳᠤᠮᠳᠠᠳᠤ ᠮᠣᠩᠭᠤᠯ ᠡᠷᠢᠶᠡᠨ ᠬᠤᠲᠠ — ᠵᠠᠮ᠎ᠤᠨ ᠡᠭᠦᠳᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ᠎ᠢ ᠲᠦᠷᠭᠡᠳᠭᠡᠨ ᠪᠠᠢᠭᠤᠯᠤᠨ᠎ᠠ᠃
2. ᠬᠤᠳᠠᠯᠳᠤᠭᠠᠴᠢᠨ ᠤᠷᠢᠬᠤ ᠰᠦᠪᠡᠭ᠌ᠴᠢ᠎ᠶ᠋ᠢ ᠠᠭᠤᠳᠠᠯᠬᠤ ᠢᠨᠵᠧᠨᠧᠷᠢᠩ ᠪᠠ ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠦᠬᠦ᠌ ᠬᠦᠴᠦᠨ᠎ᠢᠶᠠᠷ᠎ᠢᠶᠠᠨ ᠲᠦᠯᠬᠢᠨ ᠠᠬᠢᠭᠤᠯᠤᠨ᠎ᠠ᠃ ᠠᠵᠤ ᠦᠢᠯᠡᠰ᠎ᠤᠨ ᠬᠡᠯᠬᠢᠶ᠎ᠡ᠎ᠶ᠋ᠢᠨ ᠰᠦᠪᠡᠭ᠌ᠴᠢ᠎ᠶ᠋ᠢ ᠢᠳᠡᠪᠬᠢᠲᠡᠶ ᠠᠭᠤᠳᠠᠯᠵᠤ᠂ ᠰᠦᠪᠡᠭ᠌ᠴᠢ᠎ᠶ᠋ᠢᠨ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠭᠡᠨ᠂ ᠬᠤᠳᠠᠯᠳᠤᠭᠠᠴᠢᠨ ᠤᠷᠢᠬᠤ ᠲᠠᠪᠴᠠᠩ᠎ᠤᠨ ᠴᠢᠳᠠᠮᠵᠢ᠎ᠶ᠋ᠢ ᠳᠡᠭᠡᠭ᠌ᠰᠢᠯᠡᠭᠦᠯᠵᠦ᠍᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠢᠯᠡᠴᠢᠯᠡᠭᠡᠨ᠎ᠤ ᠪᠠᠲᠤᠯᠠᠭ᠎ᠠ᠎ᠶ᠋ᠢ ᠴᠢᠩᠭᠠᠳᠭᠠᠨ᠎ᠠ᠃
3. ᠭᠠᠳᠠᠭ᠍ᠰᠢ ᠴᠢᠭ᠌ᠯᠡᠭᠦᠯᠦᠭ᠌ᠰᠡᠨ ᠠᠵᠤ ᠦᠢᠯᠡᠰ᠎ᠤᠨ ᠤᠷᠲᠤᠳᠭᠠᠬᠤ ᠢᠨᠵᠧᠨᠧᠷᠢᠩ ᠪᠠ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠳᠠᠭᠠᠳᠤ ᠠᠷᠠᠯᠵᠢᠶᠠᠨ᠎ᠤ ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠳᠥᠯᠭᠢᠨ ᠠᠬᠢᠭᠤᠯᠤᠨ᠎ᠠ᠃ ᠳᠡᠪᠠᠭᠤᠯᠢᠭ ᠭᠠᠳᠠᠭ᠍ᠰᠢ ᠠᠵᠦ᠍ ᠦᠢᠯᠡᠰ ᠳᠡᠢᠰᠢ ᠣᠷᠳᠣᠳᠭᠠᠬᠤᠶ᠋ᠢ ᠠᠬᠢᠭᠤᠯᠵᠦ᠍᠂ ᠳᠥᠷᠥ᠎ᠶ᠋ᠢᠨ ᠪᠤᠳᠣᠯᠭ᠎ᠠ᠎ᠶ᠋ᠢᠨ ᠨᠡᠢᠳᠡᠪᠦᠷᠢᠵᠢᠭᠤᠯᠥᠯᠳᠡ ᠪᠠ ᠦᠢᠯᠡᠴᠢᠯᠡᠭᠡᠨ᠎ᠤ ᠪᠠᠳᠣᠯᠠᠭ᠎ᠠ᠎ᠶ᠋ᠢ ᠴᠢᠩᠭᠠᠷᠡᠭᠤᠯᠥᠨ᠂ ᠭᠤᠤᠯᠳᠡᠯᠭ᠎ᠠ᠎ᠲᠠᠢ ᠠᠢᠮᠠᠭ ᠬᠤᠳᠡ᠎ᠶ᠋ᠢᠨ ᠭᠠᠳᠠᠭᠠᠳᠣ ᠠᠷᠡᠯᠵᠢᠶ᠎ᠠ᠎ᠶ᠋ᠢᠨ ᠭᠡᠪᠴᠢᠶ᠎ᠠ᠎ᠶ᠋ᠢ ᠦᠷᠭᠡᠳᠭᠡᠵᠦ᠍᠂ ᠭᠠᠷ ᠲᠠᠮᠵᠢᠠᠠᠰᠠᠨ ᠮᠠᠱᠢᠨ ᠳᠡᠷᠬᠡ᠎ᠶ᠋ᠢᠨ ᠭᠠᠳᠠᠭᠠᠳᠣ᠎ᠳᠤ ᠭᠠᠷᠭᠠᠬᠤ ᠭᠡᠮᠵᠢᠶ᠎ᠠ᠎ᠶ᠋ᠢ ᠲᠣᠠᠠᠳᠠᠭᠤᠨ ᠪᠦᠭᠡᠳ ᠶᠠᠰᠣ ᠴᠢᠨᠡᠷ᠎ᠢ ᠳᠡᠭᠡᠭ᠌ᠰᠢᠯᠡᠬᠦᠯᠬᠦ᠌᠎ᠶ᠋ᠢ ᠠᠬᠢᠭᠤᠯᠥᠨ᠂ ᠬᠢᠯᠢ ᠠᠯᠥᠰᠯᠬᠠᠰᠠᠨ ᠡᠯᠧᠺᠲᠷᠣᠨ ᠬᠤᠳᠠᠯᠳᠣᠭᠠᠨ᠎ᠤ ᠭᠡᠪᠴᠢᠶ᠎ᠠ᠎ᠶ᠋ᠢᠨ ᠱᠢᠨ᠎ᠡ ᠱᠢᠪᠳᠣᠯᠥᠯᠳᠡ ᠬᠢᠬᠦ᠌᠎ᠶ᠋ᠢ ᠠᠬᠢᠭᠤᠯᠵᠦ᠍᠂ ᠬᠠᠷᠢᠯᠴᠠᠨ ᠠᠷᠡᠯᠵᠢᠶᠡᠯᠠᠬᠤ ᠲᠤᠭᠤᠷᠢᠭ᠎ᠤᠨ ᠬᠤᠣᠰ ᠴᠢᠭ᠌ᠯᠡᠯ᠎ᠢᠶᠠᠷ ᠨᠡᠪᠳᠡᠷᠡᠬᠦ᠌᠎ᠶ᠋ᠢ ᠭᠦᠭ᠌ᠵᠢᠬᠡᠨ᠂ ᠣᠯᠡᠨ ᠣᠯᠥᠰ᠎ᠤᠨ ᠵᠠᠬ᠎ᠠ ᠳᠡᠯᠭᠡᠬᠦᠷ᠎ᠢ ᠦᠷᠬᠦᠯᠵᠢᠯᠡᠨ ᠦᠷᠭᠡᠳᠭᠡᠵᠦ᠍᠂ ᠲᠣᠠᠠᠳᠠᠭᠠᠯ᠎ᠳᠤ ᠨᠡᠢᠴᠡᠬᠦᠯᠥᠨ ᠬᠢᠨᠡᠨ ᠬᠠᠮᠢᠶᠡᠷᠬᠤ᠎ᠶ᠋ᠢ ᠴᠢᠩᠭᠠᠷᠡᠭᠤᠯᠥᠨ᠂ ᠦᠢᠯᠡᠴᠢᠯᠡᠭᠡᠨ᠎ᠤ ᠠᠷᠡᠯᠵᠢᠶ᠎ᠠ ᠬᠦᠭ᠌ᠵᠢᠬᠦᠯᠬᠦ᠌᠎ᠶ᠋ᠢ ᠠᠬᠢᠭᠤᠯᠥᠨ᠎ᠠ᠃
4. ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠯᠵᠢᠶ᠎ᠠ ᠬᠤᠳᠠᠯᠳᠤᠭᠠᠨ᠎ᠤ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠲᠠᠰ ᠳᠡᠪᠰᠢᠬᠦ᠎ᠶᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠪᠣᠷᠣᠯᠠᠭᠤᠯᠭ᠎ᠠ᠎ᠶ᠋ᠢ ᠠᠬᠢᠭᠤᠯᠬᠤ ᠵᠠᠷᠤᠳᠠᠯ᠎ᠤᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠥᠷᠭᠡᠳᠭᠡᠨ᠂ ᠱᠢᠨ᠎ᠡ ᠬᠡᠷᠡᠭ᠌ᠯᠡᠭᠡ᠎ᠶᠢᠨ ᠠᠬᠤᠢ ᠪᠠᠢᠳᠠᠯ᠎ᠢ ᠲᠦᠷᠭᠡᠪᠴᠢᠯᠡᠨ ᠪᠤᠢᠵᠢᠭᠤᠯᠵᠤ᠂ ᠵᠢᠵᠢᠭ᠌ᠯᠡᠨ ᠬᠤᠳᠠᠯᠳᠤᠬᠤ ᠦᠢᠯᠡᠰ᠎ᠤᠨ ᠱᠢᠨ᠎ᠡ᠎ᠶ᠋ᠢ ᠡᠭᠦᠳᠦᠨ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠂ ᠬᠡᠷᠡᠭ᠌ᠯᠡᠭᠡᠨ᠎ᠤ ᠠᠴᠢᠶᠠᠯᠠᠪᠤᠷᠢ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠪᠥᠭᠡᠮ᠎ᠢᠶᠠᠷ ᠬᠤᠳᠠᠯᠳᠤᠬᠤ ᠪᠠ ᠪᠥᠭᠡᠮ᠎ᠢᠶᠡᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠣᠨᠣᠭ ᠪᠠᠭᠤᠳᠠᠯ᠂ ᠬᠣᠭᠣᠯᠠ ᠤᠮᠳᠠ᠎ᠶᠢᠨ ᠠᠵᠢᠯᠯᠠᠭᠠᠨ᠎ᠤ ᠪᠠᠢᠳᠠᠯ᠎ᠤᠨ ᠵᠠᠳᠠᠯᠤᠯᠲᠠ᠎ᠶ᠋ᠢ ᠴᠢᠩᠭᠠᠳᠭᠠᠵᠤ᠂ 《ᠥᠪᠥᠷ ᠮᠣᠩᠭᠤᠯ᠎ᠤᠨ ᠦᠨᠦᠷ ᠠᠮᠲᠠ》 ᠶ᠋ᠢᠨ ᠨᠥᠯᠥᠭᠡᠯᠡᠬᠦ᠌ ᠬᠦᠴᠦᠨ᠎ᠢ ᠥᠷᠭᠡᠳᠭᠡᠨ᠎ᠡ᠃
5. ᠬᠤᠳᠠᠯᠳᠤᠭᠠᠴᠢᠨ ᠤᠷᠢᠬᠤ ᠰᠦᠪᠡᠭ᠌ᠴᠢ᠎ᠶ᠋ᠢ ᠠᠭᠤᠳᠠᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠳᠠᠭᠠᠳᠤ ᠪᠡᠯᠡ᠎ᠶ᠋ᠢ ᠠᠱᠢᠭ᠍ᠯᠠᠬᠤ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠭᠠᠳᠠᠭᠠᠳᠤ ᠪᠡᠯᠡ᠎ᠶ᠋ᠢ ᠤᠷᠢᠳ᠎ᠢᠶᠠᠷ ᠬᠦᠷᠭᠡᠵᠦ᠍ ᠪᠠᠢᠴᠠᠭᠠᠨ ᠭᠠᠷᠭᠠᠬᠤ᠎ᠶ᠋ᠢ ᠥᠷᠨᠢᠭᠦᠯᠵᠦ᠍᠂ ᠭᠠᠳᠠᠭᠠᠳᠤ ᠪᠡᠯᠡ᠎ᠶ᠋ᠢ ᠣᠷᠣᠭᠤᠯᠤᠨ ᠠᠪᠴᠢᠷᠠᠬᠤ ᠡᠷᠴᠢᠮ᠎ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ᠎ᠶ᠋ᠢᠨ ᠠᠵᠤ ᠠᠬᠤᠢᠯᠠᠯ ᠪᠠ ᠲᠥᠷᠥᠯ ᠵᠦᠢᠯ᠎ᠤᠨ ᠦᠢᠯᠡᠴᠢᠯᠡᠭᠡᠨ᠎ᠤ ᠪᠠᠲᠤᠯᠠᠭ᠎ᠠ᠎ᠶ᠋ᠢ ᠴᠢᠩᠭᠠᠷᠠᠭᠤᠯᠵᠤ᠂ ᠤᠯᠤᠰ᠎ᠤᠨ ᠲᠠᠰ᠎ᠤᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠣᠷᠣᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃
6. ᠦᠢᠯᠡᠳᠪᠦᠷᠢᠯᠡᠯ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠯᠠᠨ ᠤᠯᠤᠰ᠎ᠤᠨ ᠬᠠᠮᠲᠤᠷᠠᠯᠴᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠳᠠᠭᠠᠳᠤ ᠪᠡᠯᠡ ᠣᠷᠣᠭᠤᠯᠤᠯᠲᠠ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠭᠠᠳᠠᠭᠠᠳᠤ᠎ᠳᠤ ᠪᠡᠯᠡ ᠣᠷᠣᠭᠤᠯᠬᠤ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠠᠮᠲᠤᠷᠠᠯᠴᠠᠭ᠎ᠠ ᠰᠣᠯᠢᠯᠴᠠᠭᠠᠨ᠎ᠤ ᠲᠠᠪᠴᠠᠩ᠎ᠢ ᠰᠠᠢᠲᠤᠷ ᠪᠠᠢᠭᠤᠯᠵᠤ᠂ ᠬᠢᠯᠢ᠎ᠶ᠋ᠢᠨ ᠭᠠᠳᠠᠨᠠᠬᠢ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠠ ᠭᠠᠳᠠᠭᠠᠳᠤ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠠᠵᠢᠯ᠎ᠢ ᠰᠠᠢᠲᠤᠷ ᠬᠢᠵᠦ᠍᠂ ᠭᠠᠳᠠᠭᠠᠳᠤ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃
7. ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠭᠤᠮᠲᠠ᠎ᠶ᠋ᠢᠨ ᠴᠢᠳᠠᠮᠵᠢ᠎ᠶ᠋ᠢ ᠢᠯᠡᠳᠲᠡ ᠳᠡᠭᠡᠭ᠌ᠰᠢᠯᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠬᠢᠯᠢ᠎ᠶᠢᠨ ᠪᠣᠭᠤᠮᠲᠠ᠎ᠶ᠋ᠢᠨ ᠰᠠᠭᠤᠷᠢ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠯᠢ᠎ᠶᠢᠨ ᠪᠣᠭᠤᠮᠲᠠ᠎ᠪᠠᠷ ᠥᠩᠭᠡᠷᠡᠬᠦ᠌ ᠦᠢᠯᠡᠴᠢᠯᠡᠭᠡᠨ᠎ᠤ ᠪᠠᠲᠤᠯᠠᠭ᠎ᠠ᠎ᠶ᠋ᠢ ᠱᠢᠯᠢᠳᠡᠭ᠌ᠵᠢᠭᠦᠯᠦᠨ᠂ ᠤᠶᠤᠨᠲᠤ ᠪᠣᠭᠤᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠬᠢᠯᠢ᠎ᠪᠠᠷ ᠣᠷᠣᠭᠤᠯᠬᠤ ᠡᠬᠢ ᠪᠠᠶᠠᠯᠢᠭ᠎ᠢ ᠪᠣᠳᠠᠲᠠᠢᠵᠢᠭᠤᠯᠤᠨ ᠡᠳ᠋ᠱᠢᠭᠦᠯᠬᠦ᠌ ᠠᠵᠤ ᠦᠢᠯᠡᠰ᠎ᠤᠨ ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠶᠡᠷᠦᠩᠬᠡᠢᠯᠡᠭᠰᠡᠨ ᠪᠠᠲᠤᠯᠠᠭ᠎ᠠ᠎ᠶᠢᠨ ᠣᠷᠣᠨ᠎ᠤ ᠭᠠᠢᠯᠢ ᠪᠠᠲᠤᠯᠠᠬᠤ ᠡᠳ᠋ᠰᠢᠭᠦᠯᠬᠦ ᠠᠵᠤ ᠦᠢᠯᠡᠰ᠎ᠢ ᠶᠡᠬᠡᠪᠡᠷ ᠬᠥᠭᠵᠢᠭᠦᠯᠦᠨ᠎ᠡ᠃
8. ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠨᠡᠢᠯᠡᠮᠡᠯ ᠬᠦᠴᠦᠨ᠎ᠢ ᠨᠢᠭ᠍ᠲᠠᠷᠠᠭᠤᠯᠬᠤ᠎ᠶ᠋ᠢ ᠪᠦᠬᠦ᠌ ᠬᠦᠴᠦᠨ᠎ᠢᠶᠠᠷ ᠠᠬᠢᠭᠤᠯᠤᠨ᠎ᠠ᠃ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠡᠩᠨᠡᠭᠡᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ᠃