2026 ᠣᠨ᠎ᠤ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠬᠤᠷᠠᠯ 1 ᠳ᠋ᠦ᠍ᠭᠡᠷ ᠰᠠᠷ᠎ᠠ᠎ᠶ᠋ᠢᠨ 15 ᠤ ᠡᠳᠦᠷ ᠬᠥᠬᠡᠬᠤᠲᠠ᠎ᠳᠤ ᠬᠤᠷᠠᠯᠳᠤᠪᠠ᠃ ᠬᠤᠷᠠᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠤᠨ ᠠᠵᠤ ᠠᠬᠤᠢ᠎ᠶ᠋ᠢᠨ ᠠᠵᠢᠯ᠎ᠤᠨ ᠬᠤᠷᠠᠯ᠂ ᠪᠦᠬᠦ᠌ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 2025 ᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠢ ᠳ᠋ᠦᠩᠨᠡᠵᠦ᠍᠂ 2026 ᠣᠨ᠎ᠤ ᠭᠤᠣᠯᠳᠠᠯᠭ᠎ᠠ᠎ᠲᠠᠢ ᠡᠭᠦᠷᠭᠡ᠎ᠶ᠋ᠢ ᠲᠤᠬᠢᠷᠠᠭᠤᠯᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠨᠥᠬᠦᠷ ᠠᠵᠢᠯ᠎ᠤᠨ ᠮᠡᠳᠡᠭᠦᠯᠦᠯᠲᠡ ᠬᠢᠵᠦ᠍᠂ ᠬᠠᠮᠢᠶ᠎ᠠ ᠪᠦᠬᠦᠢ ᠨᠢᠭᠡᠴᠢ᠂ ᠠᠢᠮᠠᠭ ᠬᠤᠲᠠ᠎ᠶ᠋ᠢᠨ ᠲᠥᠯᠥᠭᠡᠯᠡᠭ᠌ᠴᠢ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃
ᠬᠤᠷᠠᠯ᠎ᠠᠴᠠ᠂ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠳᠠᠯᠳᠤᠭᠠᠨ᠎ᠤ ᠶᠠᠪᠤᠳᠠᠯ᠎ᠤᠨ ᠬᠡᠯᠲᠡᠰ᠎ᠤᠨ ᠳᠡᠮᠵᠢᠯᠭᠡ ᠵᠢᠯᠣᠭᠤᠳᠣᠯᠭ᠎ᠠ ᠳᠣᠣᠷ᠎ᠠ᠂ ᠪᠦᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ᠎ᠤᠨ᠎ᠬᠢᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠠᠬᠢᠯᠡᠯᠲᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠦᠷᠭᠦᠯᠵᠢᠯᠡᠨ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠣᠭᠤᠷᠢᠭ᠎ᠢ ᠡᠭᠦᠳᠦᠨ ᠪᠠᠢᠭᠤᠯᠬᠤ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠣᠨ᠎ᠤ ᠬᠠᠷᠠᠯᠲᠠ ᠡᠭᠦᠷᠭᠡ᠎ᠶ᠋ᠢ ᠴᠢᠩᠭ᠎ᠠ ᠠᠩᠬᠠᠷᠴᠤ᠌᠂ ᠬᠦᠴᠢᠷ᠎ᠢ ᠰᠦᠷᠦᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠨᠠᠢᠳᠠᠪᠤᠷᠢᠵᠢᠭᠤᠯᠤᠯᠲᠠ᠎ᠶ᠋ᠢ ᠶᠡᠬᠡᠪᠡᠷ ᠠᠳᠭᠤᠵᠤ᠂ ᠪᠦᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠢ ᠬᠥᠭ᠌ᠵᠢᠯᠲᠡ᠎ᠳᠤ ᠱᠢᠨ᠎ᠡ ᠦᠷ᠎ᠡ ᠪᠦᠲᠦᠮᠵᠢ ᠣᠯᠵᠤ᠂ ᠪᠦᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ᠍ ᠵᠢᠭᠠᠵᠤ ᠭᠠᠷᠭᠠᠪᠠ᠃
ᠬᠤᠷᠠᠯ᠎ᠠᠴᠠ᠂ ᠥᠩᠭᠡᠷᠡᠭ᠌ᠰᠡᠨ ᠨᠢᠭᠡ ᠵᠢᠯ᠎ᠳᠤ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠬᠥᠭ᠌ᠵᠢᠯᠲᠡ ᠱᠢᠯᠭᠠᠯᠲᠠ᠎ᠶ᠋ᠢ ᠳᠠᠭᠠᠭᠠᠵᠤ᠂ ᠬᠠᠲᠠᠭᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠠᠪᠤᠨ ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠢ ᠠᠳᠬᠤᠬᠤ ᠬᠡᠷᠡᠭᠲᠡᠢ ᠭᠡᠵᠦ ᠦᠵᠡᠪᠡ᠃ ᠨᠢᠭᠡ᠎ᠳᠦ᠂ ᠨᠢᠭᠡᠳᠦᠯᠲᠡᠢ ᠲᠥᠯᠥᠪᠯᠡᠬᠦ᠎ᠶᠢ ᠬᠦᠴᠦᠯᠡᠨ ᠠᠳᠬᠤᠵᠤ᠂ ᠨᠡᠭᠡᠭᠡᠯᠲᠡ ᠬᠢᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠡᠭᠦᠷᠭᠡ ᠢᠯᠡᠳᠲᠡ ᠦᠷ᠎ᠡ ᠪᠦᠲᠦᠮᠵᠢ ᠣᠯᠪᠠ᠃ ᠬᠤᠶᠠᠷ᠎ᠲᠤ᠌᠂ ᠨᠠᠷᠢᠯᠢᠭ ᠣᠨᠣᠴᠠᠲᠠᠶ᠎ᠪᠠᠷ ᠠᠷᠭ᠎ᠠ ᠠᠪᠴᠤ᠌᠂ ᠥᠨᠳᠥᠷ ᠪᠦᠲᠦᠮᠵᠢᠲᠡᠶ᠎ᠪᠠᠷ ᠨᠠᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭᠰᠢᠯᠡᠭᠦᠯᠦᠨ᠎ᠡ᠃ ᠭᠤᠷᠪᠠ᠎ᠳᠤ᠂ ᠵᠠᠬ᠎ᠠ ᠳᠡᠯᠭᠡᠭᠦᠷ᠎ᠢ ᠥᠷᠭᠡᠳᠭᠡᠨ ᠬᠥᠳᠡᠯᠭᠡᠬᠦ᠌ ᠬᠦᠴᠦᠨ᠎ᠢ ᠪᠤᠢᠵᠢᠭᠤᠯᠵᠤ᠂ ᠭᠠᠳᠠᠭᠠᠳᠤ ᠠᠵᠤ ᠠᠬᠤᠶ ᠠᠷᠠᠯᠵᠢᠶᠠᠨ᠎ᠤ ᠬᠥᠭ᠌ᠵᠢᠯᠲᠡ᠎ᠶ᠋ᠢᠨ ᠨᠡᠮᠡᠭ᠌ᠳᠡᠯ᠎ᠤᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠲᠦᠷᠪᠡ᠎ᠳᠤ᠂ ᠲᠠᠯᠳᠠ ᠬᠦᠴᠦᠨ᠎ᠢ ᠬᠦᠴᠦᠯᠡᠨ ᠠᠭᠤᠳᠠᠯᠵᠤ᠂ ᠳᠤᠲᠠᠭᠤᠳᠠᠯ᠎ᠢ ᠨᠥᠬᠦᠪᠥᠷᠢᠯᠡᠵᠦ᠍᠂ ᠠᠷᠠᠯᠵᠢᠶ᠎ᠠ ᠬᠤᠳᠠᠯᠳᠤᠭᠠᠨ᠎ᠤ ᠬᠡᠷᠡᠭ᠌ᠯᠡᠭᠡ ᠦᠷᠭᠦᠯᠵᠢᠯᠡᠨ ᠰᠠᠢ᠌ᠨ ᠲᠡᠢ᠌ᠰᠢ ᠬᠦᠭᠵᠢᠨ᠎ᠡ᠃ ᠲᠠᠪᠤ᠎ᠳᠤ᠂ ᠰᠠᠭᠠᠳ ᠦᠭᠡᠢ ᠨᠡᠪᠲᠡᠷᠡᠯ ᠵᠠᠮ᠂ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠬᠦᠴᠦᠯᠡᠨ ᠱᠢᠯᠤᠭᠤᠳᠭᠠᠵᠤ᠂ ᠬᠢᠯᠢ᠎ᠶᠢᠨ ᠪᠣᠭᠤᠮᠲᠠ᠎ᠶ᠋ᠢᠨ ᠲᠠᠪᠠᠯᠳᠠᠳᠤ ᠬᠥᠭ᠌ᠵᠢᠯᠲᠡ᠎ᠶ᠋ᠢ ᠪᠡᠶᠡᠯᠡᠭᠦᠯᠦᠨ᠎ᠡ᠃
ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠬᠡᠷᠡᠭ᠌ᠯᠡᠭᠡ᠎ᠶ᠋ᠢᠨ ᠠᠵᠤ ᠠᠬᠤᠶ᠎ᠶ᠋ᠢᠨ ᠨᠡᠮᠡᠭ᠌ᠳᠡᠯ᠎ᠳᠠᠬᠢ ᠰᠠᠭᠤᠷᠢ ᠴᠢᠨᠠᠷᠲᠠᠶ ᠦᠢᠯᠡᠳᠦᠯ ᠤᠯᠠᠮ ᠲᠣᠪᠤᠢᠮ᠎ᠠ ᠪᠣᠯᠵᠣ᠂ ᠭᠠᠳᠠᠭᠠᠳᠤ ᠨᠡᠭᠡᠭᠡᠯᠲᠡ᠎ᠶ᠋ᠢᠨ ᠬᠢᠷᠢ ᠲᠦᠪᠱᠢᠨ ᠲᠠᠰᠤᠷᠠᠯᠲᠠ ᠥᠬᠡᠶ ᠳᠡᠭᠡᠭ᠌ᠰᠢᠯᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠎ᠶ᠋ᠢ ᠠᠬᠢᠭᠤᠯᠬᠤ ᠦᠢᠯᠡᠳᠦᠯ ᠢᠯᠡᠳᠲᠡ ᠴᠢᠩᠭᠠᠷᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠳᠠᠬᠢ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠬᠥᠭ᠌ᠵᠢᠯᠲᠡ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ ᠭᠡᠵᠦ ᠦᠵᠡᠪᠡ᠃
ᠬᠤᠷᠠᠯ᠎ᠠᠴᠠ᠂ 2026 ᠣᠨ᠎ᠤ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠶᠡᠷᠦᠩᠬᠡᠶ ᠱᠠᠭᠠᠷᠳᠠᠯᠭ᠎ᠠ᠄ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ 《ᠭᠤᠷᠪᠠᠨ ᠴᠢᠬᠤᠯᠠ》 ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ (ᠥᠪᠥᠷ ᠮᠣᠩᠭᠤᠯ) ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠴᠣᠭ᠍ᠴᠠᠯᠠᠵᠤ᠂ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠪᠥᠬᠦ᠌ ᠬᠦᠴᠦᠨ᠎ᠢᠶᠠᠷ᠎ᠢᠶᠠᠨ ᠨᠡᠭᠡᠭᠡᠯᠲᠡ᠎ᠶ᠋ᠢ ᠠᠬᠢᠭᠤᠯᠵᠤ᠂ ᠬᠤᠳᠠᠯᠳᠤᠭᠠᠴᠢᠨ ᠤᠷᠢᠬᠤ᠎ᠶ᠋ᠢ ᠠᠳᠭᠤᠵᠤ᠂ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠵᠤ᠂ ᠭᠠᠳᠠᠭᠠᠳᠤ ᠪᠡᠯᠡ᠎ᠶ᠋ᠢ ᠲᠣᠭ᠍ᠲᠠᠪᠤᠷᠢᠵᠢᠭᠤᠯᠵᠤ᠂ ᠬᠡᠷᠡᠭ᠌ᠯᠡᠭᠡ᠎ᠶ᠋ᠢ ᠥᠷᠭᠡᠳᠭᠡᠵᠦ᠍᠂ ᠬᠢᠯᠢ ᠶᠢᠨ ᠪᠣᠭᠤᠮᠲᠠ᠎ᠶ᠋ᠢ ᠬᠦᠴᠦᠷᠬᠡᠭ᠌ᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤᠨ ᠴᠢᠨᠠᠷ ᠰᠠᠢᠲᠠᠢ ᠬᠥᠭᠵᠢᠯᠲᠡ᠎ᠶᠢᠨ ᠰᠠᠢᠨ ᠡᠬᠢᠯᠡᠯᠲᠡ᠎ᠶᠢ ᠠᠬᠢᠭᠤᠯᠵᠤ᠂ ᠰᠠᠢᠨ ᠡᠬᠢᠯᠡᠯᠲᠡ᠎ᠲᠠᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ 2026 ᠣᠨ᠎ᠳᠤ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ᠎ᠤᠨ᠎ᠬᠢᠨ 《ᠨᠢᠭᠡ ᠶᠡᠷᠦᠩᠬᠡᠢᠯᠡᠨ ᠵᠢᠯᠤᠭᠤᠳᠤᠭᠴᠢ》 ᠶ᠋ᠢ ᠪᠠᠷᠢᠮᠲᠠᠯᠠᠵᠤ᠂ 《ᠳᠥᠷᠪᠡᠨ ᠶᠡᠭᠡ ᠢᠨᠵᠧᠨᠧᠷᠢᠩ》 ᠢ ᠬᠡᠷᠡᠭ᠌ᠵᠢᠭᠦᠯᠬᠦ᠌ ᠬᠡᠷᠡᠭ᠌ᠲᠡᠶ᠃ ᠲᠤᠬᠠᠢᠯᠠᠪᠠᠯ ᠬᠦᠬᠦᠷᠭᠡᠨ ᠪᠠᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠪᠠᠷ ᠶᠡᠷᠦᠩᠬᠡᠢᠯᠡᠨ ᠵᠢᠯᠣᠭᠤᠳᠣᠭᠤᠯᠵᠤ᠂ 《 ᠬᠦᠬᠦᠷᠭᠡᠨ ᠪᠠᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠡᠷᠦᠩᠬᠡᠢᠯᠡᠨ ᠵᠠᠬᠢᠷᠬᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠢ ᠤᠯᠠᠮ ᠨᠢᠭᠡ ᠠᠯᠬᠤᠮ ᠲᠣᠳᠣᠷᠬᠠᠢ ᠪᠣᠯᠭᠠᠬᠤ ᠪᠠ ᠡᠵᠡᠮᠳᠡᠵᠦ᠍᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠨᠢ ᠡᠴᠦᠰ᠎ᠲᠡᠭᠡᠨ ᠬᠦᠬᠦᠷᠭᠡᠨ ᠪᠠᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠢᠯᠡᠷᠡᠭᠦᠯᠬᠦ᠌》 ᠶᠡᠷᠦᠩᠬᠡᠢ ᠰᠡᠳᠭᠢᠮᠵᠢ᠎ᠶ᠋ᠢ ᠤᠯᠠᠮ ᠨᠢᠭᠡ ᠠᠯᠬᠤᠮ ᠲᠣᠳᠣᠷᠬᠠᠢ ᠪᠣᠯᠭᠠᠬᠤ ᠪᠠ ᠡᠵᠡᠮᠳᠡᠵᠦ᠍᠂ ᠪᠦᠬᠦ᠌ ᠵᠢᠯ᠎ᠤᠨ ᠡᠭᠦᠷᠭᠡ ᠠᠷᠭ᠎ᠠ ᠬᠡᠮᠵᠢᠶ᠎ᠡ᠎ᠶ᠋ᠢ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠵᠦ᠍᠂ ᠬᠠᠷᠠᠯᠲᠠ ᠡᠭᠦᠷᠭᠡ᠎ᠪᠠᠨ ᠪᠡᠶᠡᠯᠡᠭᠦᠯᠬᠦ᠌᠎ᠶ᠋ᠢ ᠦᠨᠡᠨᠬᠦ᠌ ᠪᠠᠲᠤᠯᠠᠨ᠎ᠠ᠃ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠂ ᠬᠤᠳᠠᠯᠳᠤᠭᠠᠴᠢᠨ ᠤᠷᠢᠬᠤ ᠰᠦᠪᠡᠭ᠌ᠴᠢ᠎ᠶ᠋ᠢ ᠠᠭᠤᠳᠠᠯᠬᠤ ᠢᠨᠵᠧᠨᠧᠷᠢᠩ᠂ ᠠᠵᠤ ᠦᠶ᠋ᠯᠡᠰ᠎ᠤᠨ ᠤᠷᠲᠤᠳᠭᠠᠭ᠍ᠰᠠᠨ ᠢᠨᠵᠧᠨᠧᠷᠢᠩ᠂ ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠡᠭᠦᠨ᠎ᠤ ᠬᠠᠮᠲᠤ ᠨᠠᠢ᠍ᠮᠠᠨ ᠲᠠᠯ᠎ᠠ᠎ᠶ᠋ᠢᠨ ᠭᠤᠣᠯᠳᠠᠯᠭ᠎ᠠ᠎ᠲᠠᠢ ᠠᠵᠢᠯ᠎ᠢ ᠰᠠᠢᠲᠤᠷ ᠬᠢᠨ᠎ᠡ᠄ ᠨᠢᠭᠡ᠎ᠳᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ ᠪᠠ ᠬᠠᠮᠲᠤᠷᠠᠯᠴᠠᠬᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠠᠷ ᠠᠬᠢᠭᠤᠯᠤᠨ᠎ᠠ᠃ ᠬᠤᠶᠠᠷ᠎ᠲᠤ᠌᠂ ᠬᠤᠳᠠᠯᠳᠤᠭᠠᠴᠢᠨ ᠤᠷᠢᠬᠤ ᠰᠦᠪᠡᠭ᠌ᠴᠢ᠎ᠶ᠋ᠢ ᠠᠭᠤᠳᠠᠯᠬᠤ ᠢᠨᠵᠧᠨᠧᠷᠢᠩ ᠪᠠ ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠤᠨ᠎ᠠ᠃ ᠭᠤᠷᠪᠠ᠎ᠳᠤ᠂ ᠭᠠᠳᠠᠭ᠍ᠰᠢ ᠴᠢᠭ᠌ᠯᠡᠭᠦᠯᠦᠭ᠌ᠰᠡᠨ ᠠᠵᠤ ᠦᠢᠯᠡᠰ᠎ᠤᠨ ᠤᠷᠲᠤᠳᠭᠠᠬᠤ ᠢᠨᠵᠧᠨᠧᠷᠢᠩ ᠪᠠ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠳᠠᠭᠠᠳᠤ ᠠᠷᠠᠯᠵᠢᠶᠠᠨ᠎ᠤ ᠬᠡᠮᠵᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠳᠥᠯᠭᠢᠨ ᠠᠬᠢᠭᠤᠯᠤᠨ᠎ᠠ᠃ ᠲᠦᠷᠪᠡ᠎ᠳᠤ᠂ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠯᠵᠢᠶ᠎ᠠ ᠬᠤᠳᠠᠯᠳᠤᠭᠠᠨ᠎ᠤ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠲᠡᠰ ᠳᠡᠪᠱᠢᠭᠦᠯᠬᠦ᠌᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠲᠠᠪᠤ᠎ᠳᠤ᠂ ᠬᠤᠳᠠᠯᠳᠤᠭᠠᠴᠢᠨ ᠤᠷᠢᠬᠤ ᠰᠦᠪᠡᠭ᠌ᠴᠢ᠎ᠶ᠋ᠢ ᠠᠭᠤᠳᠠᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠳᠠᠭᠠᠳᠤ ᠪᠡᠯᠡ᠎ᠶ᠋ᠢ ᠠᠱᠢᠭ᠍ᠯᠠᠬᠤ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠤᠨ᠎ᠠ᠃ ᠵᠢᠷᠭᠤᠭ᠎ᠠ᠎ᠳᠤ᠂ ᠦᠢᠯᠡᠳᠪᠦᠷᠢᠯᠡᠯ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠳᠠᠭᠠᠳᠤ ᠪᠡᠯᠡ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠬᠥᠭ᠌ᠵᠢᠬᠦ᠌᠎ᠶ᠋ᠢ ᠪᠦᠬᠦ᠌ ᠬᠦᠴᠦᠨ᠎ᠢᠶᠠᠷ ᠠᠬᠢᠭᠤᠯᠤᠨ᠎ᠠ᠃ ᠳᠣᠯᠤᠭ᠎ᠠ᠎ᠳᠤ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠯᠢ᠎ᠶᠢᠨ ᠪᠣᠭᠤᠮᠲᠠ᠎ᠶ᠋ᠢᠨ ᠴᠢᠳᠠᠮᠵᠢ᠎ᠶ᠋ᠢ ᠢᠯᠡᠳᠲᠡ ᠳᠡᠭᠡᠭ᠌ᠰᠢᠯᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠨᠠᠢ᠍ᠮᠠ᠎ᠳᠤ᠂ ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃
ᠬᠤᠷᠠᠯ᠎ᠠᠴᠠ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ᠎ᠤᠨ᠎ᠬᠢᠨ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠨ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠥᠪᠥᠷ ᠮᠣᠩᠭᠤᠯ᠎ᠤᠨ ᠬᠤᠳᠠᠯᠳᠤᠭᠠᠨ᠎ᠤ ᠶᠠᠪᠤᠳᠠᠯ᠎ᠤᠨ ᠬᠥᠭ᠌ᠵᠢᠯᠲᠡ᠎ᠶ᠋ᠢᠨ ᠰᠠᠢᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠤ ᠨᠠᠩ ᠣᠯᠠᠨ ᠬᠤᠳᠠᠯᠳᠤᠭᠠᠨ᠎ᠤ ᠶᠠᠪᠤᠳᠠᠯ᠎ᠤᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠬᠡᠰᠡᠭ ᠮᠥᠩᠭᠦᠨ ᠭᠦᠢᠯᠭᠡᠭᠡᠨ᠎ᠤ ᠪᠠᠢᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠬᠠᠷᠢᠭᠤᠴᠠᠯᠭᠠᠲᠠᠨ᠂ ᠨᠡᠭᠡᠭᠡᠯᠲᠡ᠎ᠶ᠋ᠢᠨ ᠲᠠᠪᠴᠠᠩ᠎ᠤᠨ ᠬᠡᠰᠡᠭ ᠬᠠᠷᠢᠭᠤᠴᠠᠯᠭᠠᠲᠠᠨ᠂ ᠡᠯ᠎ᠡ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠂ ᠬᠢᠯᠢ ᠶᠢᠨ ᠪᠣᠭᠤᠮᠲᠠ᠂ ᠪᠠᠯᠠ ᠣᠷᠣᠭᠤᠯᠤᠯᠲᠠ᠎ᠶ᠋ᠢ ᠠᠬᠢᠭᠤᠯᠬᠤ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠬᠢᠯᠢ ᠶᠢᠨ ᠪᠣᠭᠤᠮᠲᠠ᠎ᠶ᠋ᠢᠨ ᠠᠯᠪᠠᠨ ᠬᠡᠷ᠎ᠤᠨ ᠪᠥᠬᠦ᠌ ᠺᠠᠳ᠋ᠷ ᠬᠤᠷᠠᠯ᠎ᠳᠤ ᠣᠷᠣᠯᠴᠠᠵᠠᠶ᠃