ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
2025 ᠣᠨ ᠬᠢᠭᠡᠳ《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠠᠬᠢ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠠᠵᠢᠯ᠎ᠤᠨ ᠡᠷᠭᠢᠴᠡᠭᠦᠯᠦᠯ
ᠨᠡᠶ᠋ᠢᠲᠡᠯᠡᠭᠰᠡᠨ ᠴᠠᠭ᠄ 2026-01-15

  2025 ᠣᠨ ᠪᠣᠯ ᠮᠠᠰᠢ ᠶᠡᠷᠦ᠍ ᠪᠤᠰᠤ᠎ᠶ᠋ᠢᠨ ᠨᠢᠭᠡ ᠵᠢᠯ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠳᠡᠮᠵᠢᠯᠭᠡ ᠵᠢᠯᠣᠭᠤᠳᠣᠯᠭ᠎ᠠ ᠳᠣᠤᠷ᠎ᠠ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ᠎ᠤᠨ᠎ᠬᠢᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠦᠷᠭᠦᠯᠵᠢᠯᠡᠨ ᠠᠬᠢᠭᠤᠯᠵᠤ᠂ ᠴᠢᠯᠥᠭᠡᠲᠦ ᠠᠷᠠᠯᠵᠢᠶᠠᠨ᠎ᠤ ᠲᠣᠭᠤᠷᠢᠭ᠎ᠢ ᠡᠭᠦᠳᠦᠨ ᠪᠠᠢᠭᠤᠯᠬᠤ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠣᠨ᠎ᠤ ᠬᠠᠷᠠᠯᠲᠠ ᠡᠭᠦᠷᠭᠡ᠎ᠶ᠋ᠢ ᠴᠢᠩᠭ᠎ᠠ ᠠᠩᠬᠠᠷᠴᠤ᠌᠂ ᠬᠦᠴᠢᠷ᠎ᠢ ᠰᠥᠷᠦᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠨᠠᠢᠳᠠᠪᠤᠷᠢᠵᠢᠭᠤᠯᠤᠯᠲᠠ᠎ᠶ᠋ᠢ ᠶᠡᠭᠡ᠎ᠪᠠᠷ ᠠᠳᠭᠤᠵᠤ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠱᠢᠨ᠎ᠡ ᠦᠷ᠎ᠡ ᠪᠦᠲᠦᠮᠵᠢ ᠣᠯᠵᠤ᠂ ᠪᠥᠬᠦ᠌ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

  ᠬᠡᠷᠡᠭᠯᠡᠭᠡ᠎ᠶᠢᠨ ᠵᠠᠬ᠎ᠠ ᠳᠡᠯᠭᠡᠭᠦᠷ ᠲᠣᠭ᠍ᠲᠠᠭᠤᠨ᠎ᠢᠶᠠᠷ ᠨᠡᠮᠡᠭ᠌ᠳᠡᠪᠡ

  2025 ᠣᠨ᠎ᠤ 1 - 11 ᠳ᠋ᠦ᠍ᠭᠡᠷ ᠰᠠᠷ᠎ᠠ᠎ᠳᠤ᠂ ᠪᠥᠬᠦ᠌ ᠣᠷᠣᠨ᠎ᠤ ᠨᠡᠢᠭᠡᠮ᠎ᠤᠨ ᠬᠡᠷᠡᠭᠯᠡᠭᠡ᠎ᠶᠢᠨ ᠵᠦᠢᠯ᠎ᠤᠨ ᠵᠢᠵᠢᠭ᠌ᠯᠡᠨ ᠬᠤᠳᠠᠯᠳᠤᠭ᠍ᠰᠠᠨ ᠪᠥᠬᠦ᠌ ᠲᠤᠭ᠎ᠠ 4880.6 ᠳ᠋ᠦᠩᠱᠢᠭᠤᠷ ᠲᠥᠭᠦᠷᠢᠭ᠂ ᠠᠳᠠᠯᠢ ᠬᠤᠭᠤᠴᠠᠭᠠᠨ᠎ᠤ᠎ᠬᠢ᠎ᠠᠴᠠ 5.3% ᠎ᠪᠠᠷ ᠨᠡᠮᠡᠭ᠌ᠳᠡᠪᠡ᠃

  ᠪᠥᠬᠥ ᠤᠯᠤᠰ᠎ᠤᠨ ᠬᠢ᠎ᠡᠴᠡ 1.3 ᠵᠠᠭᠤᠨ᠎ᠤ ᠨᠢᠭᠡᠴᠢ ᠥᠨᠳᠥᠷ ᠪᠣᠯᠪᠠ᠃ ᠨᠡᠢᠭᠡᠮ᠎ᠤᠨ ᠬᠡᠷᠡᠭᠯᠡᠭᠡ᠎ᠶᠢᠨ ᠵᠦᠢᠯ᠎ᠤᠨ ᠵᠢᠵᠢᠭ᠌ᠯᠡᠨ ᠬᠤᠳᠠᠯᠳᠤᠭ᠍ᠰᠠᠨ ᠨᠡᠮᠡᠭ᠌ᠳᠡᠯ᠎ᠦ᠋ᠨ ᠬᠤᠷᠳᠤᠴᠠ ᠨᠢ ᠪᠦᠬᠦ᠌ ᠤᠯᠤᠰ ᠎ᠤᠨ ᠲᠦᠷᠦᠭᠦᠦ ᠠᠷᠪᠠ᠎ᠳ᠋ᠤ ᠵᠢᠭ᠍ᠰᠠᠭᠠᠭ᠍ᠳᠠᠪᠠ᠃

  ᠪᠦᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ ᠬᠠᠭᠤᠴᠢᠨ᠎ᠢᠶᠠᠷ ᠱᠢᠨ᠎ᠡ᠎ᠶ᠋ᠢ ᠰᠤᠯᠢᠭᠰᠠᠨ ᠨᠢ ᠨᠡᠢᠲᠡ 422.8 ᠲᠦᠮᠡᠨ ᠰᠠᠥᠷᠢ / ᠵᠦᠢᠯ᠂ ᠪᠠᠷᠤᠭ 640 ᠳ᠋ᠦᠩᠱᠢᠭᠤᠷ ᠲᠥᠭᠦᠷᠢᠭ᠎ᠤᠨ ᠬᠡᠷᠡᠭ᠌ᠯᠡᠭᠡ᠎ᠶ᠋ᠢ ᠳᠠᠢᠴᠢᠯᠠᠪᠠ᠃

  ᠠᠭᠤᠯᠭ᠎ᠠ ᠨᠢ ᠪᠠᠶᠠᠯᠢᠭ ᠱᠢᠷᠢᠰ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ 5400 ᠭᠠᠷᠤᠢ ᠲᠠᠯᠠᠪᠠᠢ ᠥᠷᠨᠢᠭᠦᠯᠵᠦ᠍᠂ ᠪᠣᠷᠣᠯᠠᠭᠤᠯᠤᠯᠲᠠ᠎ᠶᠢᠨ ᠬᠡᠮᠵᠢᠶ᠎ᠡ᠎ᠶᠢ 400 ᠳ᠋ᠦᠩᠰᠢᠭᠤᠷ ᠲᠥᠭᠥᠷᠢᠭ᠎ᠡᠴᠡ ᠳᠠᠪᠠᠭᠤᠯᠪᠠ ᠃ 

  ᠬᠤᠳᠠᠯᠳᠤᠭ᠋ᠠᠴᠢᠨ ᠤᠷᠢᠵᠤ ᠪᠡᠯᠡ  ᠤᠷᠤᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ

  ᠭᠤᠷᠪᠠᠨ ᠵᠢᠯ᠎ᠳᠤ ᠨᠢᠭᠡ ᠲᠦᠮᠡᠨ ᠳ᠋ᠦᠩᠰᠢᠭᠤᠷ ᠲᠥᠭᠥᠷᠢᠭ᠎ᠤᠨ ᠬᠠᠷᠠᠯᠲᠠ᠎ᠶᠢ ᠣᠷᠣᠭᠤᠯᠵᠤ ᠠᠪᠴᠢᠷᠠᠬᠤ᠎ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠵᠢᠱ᠌ᠢᠯᠲᠡ᠎ᠪᠠᠷ ᠭᠤᠷᠪᠠᠨ ᠵᠢᠯ᠎ᠳᠤ ᠨᠡᠢᠲᠡ 1.6 ᠲᠦᠮᠡᠨ ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠎ᠶ᠋ᠢ ᠣᠷᠣᠭᠤᠯᠤᠨ ᠠᠪᠴᠢᠷᠠᠵᠤ᠂ 60% ᠎ᠶ᠋ᠢ ᠳᠠᠪᠠᠭᠤᠯᠤᠨ ᠪᠡᠶᠡᠯᠡᠭᠦᠯᠵᠦ᠍᠂ ᠪᠡᠯᠡ ᠣᠷᠣᠭᠤᠯᠵᠤ ᠠᠪᠴᠢᠷᠠᠬᠤ ᠬᠡᠪᠴᠢᠶ᠎ᠡ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠪᠡ᠃ 

  ᠵᠢᠱ᠌ᠢᠯᠲᠡ᠎ᠪᠠᠷ ᠪᠥᠬᠦ᠌ ᠣᠷᠣᠨ᠎ᠤ ᠣᠷᠣᠭᠤᠯᠤᠨ ᠠᠪᠴᠢᠷᠠᠭ᠍ᠰᠠᠨ ᠤᠯᠤᠰ᠎ᠤᠨ ᠳᠣᠲᠣᠭᠠᠳᠤ᠎ᠶ᠋ᠢᠨ ᠪᠣᠳᠠᠲᠠᠢᠵᠢᠭᠤᠯᠤᠭ᠍ᠰᠠᠨ ᠪᠠᠯᠠ ᠮᠥᠩᠭᠦ᠌ 5700 ᠳ᠋ᠦᠩᠱᠢᠭᠤᠷ ᠲᠥᠭᠦᠷᠢᠭ᠎ᠲᠤ ᠬᠥᠷᠬᠦ᠌ ᠪᠣᠯᠤᠨ᠎ᠠ᠃

  10 ᠲᠣᠮᠣ᠌ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠯᠦᠭᠵᠢᠯ᠎ᠦᠨ ᠪᠡᠯᠡ ᠣᠷᠣᠭᠤᠯᠤᠭᠰᠠᠨ ᠲᠣᠭ᠎ᠠ 60% ᠎ᠶᠢ ᠡᠵᠡᠯᠡᠪᠡ᠃ 

  ᠭᠠᠳᠠᠭᠠᠳᠤ ᠠᠷᠠᠯᠵᠢᠶᠠᠨ᠎ᠤ ᠬᠦᠴᠢᠷ ᠪᠡᠷᠬᠡᠰᠢᠶᠡᠯ᠎ᠢ ᠢᠯᠠᠨ ᠳᠠᠪᠠᠪᠠ

  2025 ᠣᠨ᠎ᠳᠤ᠂ ᠪᠥᠬᠦ᠌ ᠣᠷᠣᠨ᠎ᠤ ᠭᠠᠳᠠᠭᠠᠲᠦ᠎ᠠᠴᠠ ᠤᠷᠤᠭᠤᠯᠵᠦ ᠭᠠᠳᠠᠭᠠᠳᠦ᠎ᠳᠤ ᠭᠠᠷᠭᠠᠬᠤ ᠲᠤᠭ᠎ᠠ 2206.7 ᠳ᠋ᠦᠩᠱᠢᠭᠤᠷ ᠲᠥᠭᠦᠷᠢᠭ᠂ ᠠᠳᠠᠯᠢ ᠬᠤᠭᠤᠴᠠᠭᠠᠨ᠎ᠤ᠎ᠬᠢ᠎ᠠᠴᠠ 6.4% ᠎ᠪᠠᠷ ᠨᠡᠮᠡᠭ᠌ᠳᠡᠪᠡ᠃ ᠪᠦᠬᠦ᠌ ᠤᠯᠤᠰ᠎ᠤᠨ ᠨᠡᠮᠡᠭ᠌ᠳᠡᠯ᠎ᠤᠨ ᠬᠤᠷᠳᠤᠴᠠ᠎ᠠᠴᠠ 2.6 ᠵᠠᠭᠤᠨ᠎ᠤ ᠨᠢᠭᠡᠴᠢ ᠥᠨᠳᠥᠷ ᠪᠣᠯᠵᠤ᠂ ᠭᠠᠳᠠᠭᠠᠲᠦ᠎ᠠᠴᠠ ᠤᠷᠤᠭᠤᠯᠵᠦ ᠭᠠᠳᠠᠭᠠᠳᠦ᠎ᠳᠤ ᠭᠠᠷᠭᠠᠬᠤ ᠨᠡᠮᠡᠭ᠌ᠳᠡᠯ᠎ᠤᠨ ᠬᠤᠷᠳᠤᠴᠠ᠂ ᠬᠡᠪᠴᠢᠶ᠎ᠡ᠎ᠨᠢ ᠲᠤᠰ ᠲᠤᠰ ᠪᠦᠬᠦ᠌ ᠤᠯᠤᠰ᠎ᠤᠨ 12 ᠳ᠋ᠤᠭᠠᠷ ᠪᠠ 24 ᠳ᠋ᠦ᠍ᠭᠡᠷ ᠨᠡᠷᠡᠰ᠎ᠲᠦ ᠵᠢᠭᠰᠠᠭ᠋ᠠᠭᠳᠠᠪᠠ᠃ ᠭᠠᠷ ᠳᠠᠮᠵᠢᠭ᠍ᠰᠠᠨ ᠮᠠᠰᠢᠨ ᠲᠡᠷᠭᠡᠨ᠎ᠦ ᠭᠠᠳᠠᠭᠠᠳᠤ ᠭᠠᠷᠭᠠᠯᠲᠠ᠎ᠶᠢᠨ ᠲᠠᠪᠠᠯᠳᠠᠳᠤ ᠮᠠᠶᠢᠭ᠋᠎ᠤᠨ ᠨᠡᠮᠡᠭᠳᠡᠯ᠎ᠢ ᠪᠡᠶᠡᠯᠡᠭᠦᠯᠵᠦ᠂ ᠪᠥᠬᠦ᠌ ᠣᠷᠣᠨ᠎ᠤ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠭᠠᠳᠠᠭᠠᠳᠤ᠎ᠳᠤ ᠭᠠᠷᠭᠠᠬᠤ ᠲᠡᠷᠭᠡ 1.55 ᠲᠦᠮᠡ ᠪᠣᠯᠵᠤ᠂ ᠠᠳᠠᠯᠢ ᠬᠤᠭᠤᠴᠠᠭᠠᠨ᠎ᠤ᠎ᠬᠢ᠎ᠠᠴᠠ 85.6% ᠎ᠪᠠᠷ ᠨᠡᠮᠡᠭ᠌ᠳᠡᠪᠡ; ᠭᠠᠳᠠᠭᠠᠳᠤ᠎ᠳᠤ ᠭᠠᠷᠭᠠᠭ᠍ᠰᠠᠨ ᠲᠤᠭ᠎ᠠ 17.34 ᠳ᠋ᠦᠩᠱᠢᠭᠤᠷ ᠲᠥᠭᠦᠷᠢᠭ᠂ ᠠᠳᠠᠯᠢ ᠬᠤᠭᠤᠴᠠᠭᠠᠨ᠎ᠤ᠎ᠬᠢ᠎ᠠᠴᠠ 86.5% ᠎ᠪᠠᠷ ᠨᠡᠮᠡᠭ᠌ᠳᠡᠪᠡ᠃

  ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ ᠲᠦᠷᠭᠡᠨ ᠨᠡᠮᠡᠭ᠌ᠳᠡᠯ᠎ᠤᠨ ᠪᠠᠢᠳᠠᠯ᠎ᠢᠶᠠᠨ ᠪᠠᠲᠤᠯᠠᠵᠤ᠂ ᠡᠷᠢᠶᠡᠨ ᠬᠤᠲᠠ ᠤᠯᠤᠰ᠎ᠤᠨ ᠲᠠᠰ᠎ᠤᠨ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ᠎ᠢᠶᠠᠷ ᠵᠥᠪᠱᠢᠶᠡᠷᠡᠭ᠌ᠳᠡᠪᠡ᠃ ᠪᠥᠬᠦ᠌ ᠣᠷᠣᠨ᠎ᠤ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭᠠᠨ᠎ᠤ ᠠᠷᠠᠯᠵᠢᠶᠠᠨ᠎ᠤ ᠲᠤᠭ᠎ᠠ 46.8 ᠳ᠋ᠦᠩᠱᠢᠭᠤᠷ ᠲᠥᠭᠦᠷᠢᠭ᠂ ᠠᠳᠠᠯᠢ ᠬᠤᠭᠤᠴᠠᠭᠠᠨ᠎ᠤ᠎ᠬᠢ᠎ᠠᠴᠠ 95 % ᠎ᠪᠠᠷ ᠨᠡᠮᠡᠭ᠌ᠳᠡᠪᠡ᠃

  ᠬᠢᠯᠢ᠎ᠶ᠋ᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠤᠨ ᠠᠷᠠᠯᠵᠢᠶ᠎ᠠ ᠢᠯᠡᠳᠲᠡ ᠦᠷ᠎ᠡ ᠪᠦᠲᠦᠮᠵᠢ ᠣᠯᠵᠤ᠂ ᠪᠦᠬᠦ᠌ ᠣᠷᠣᠨ᠎ᠤ ᠬᠢᠯᠢ᠎ᠶ᠋ᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠤᠭ᠎ᠠ 12.9 ᠳ᠋ᠦᠩᠱᠢᠭᠤᠷ ᠲᠥᠭᠦᠷᠢᠭ᠂ ᠠᠳᠠᠯᠢ ᠬᠤᠭᠤᠴᠠᠭᠠᠨ᠎ᠤ᠎ᠬᠢ᠎ᠠᠴᠠ 65.4% ᠎ᠪᠠᠷ ᠨᠡᠮᠡᠭ᠌ᠳᠡᠪᠡ᠃

  ᠬᠢᠯᠢ᠎ᠶᠢᠨ ᠪᠣᠭᠤᠮᠲᠠ᠎ᠶ᠋ᠢᠨ ᠲᠡᠭᠡᠭᠡᠪᠦᠷᠢ᠎ᠶ᠋ᠢᠨ ᠬᠡᠮᠵᠢᠶ᠎ᠡ ᠲᠣᠭ᠍ᠲᠠᠭᠤᠨ᠎ᠢᠶᠠᠷ ᠳᠡᠭᠡᠭ᠌ᠰᠢᠯᠡᠪᠡ

  ᠵᠢᠱ᠌ᠢᠯᠲᠡ᠎ᠪᠠᠷ ᠪᠥᠬᠦ᠌ ᠣᠷᠣᠨ᠎ᠤ ᠬᠢᠯᠢ᠎ᠶᠢᠨ ᠪᠣᠭᠤᠮᠲᠠ᠎ᠪᠠᠷ ᠣᠷᠣᠭᠤᠯᠵᠤ ᠭᠠᠷᠭᠠᠬᠤ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 1.32 ᠳ᠋ᠦᠩᠱᠢᠭᠤᠷ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 8.45% ᠎ᠪᠠᠷ ᠨᠡᠮᠡᠭ᠌ᠳᠡᠨ᠂ ᠭᠤᠷᠪᠠᠨ ᠵᠢᠯ ᠳᠠᠷᠠᠭᠠᠯᠠᠨ ᠬᠠᠭᠤᠷᠠᠶ ᠵᠠᠮ᠎ᠤᠨ ᠪᠣᠭᠤᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ ᠳ᠋ᠦᠩᠱᠢᠭᠤᠷ ᠲᠣᠨ᠎ᠢ ᠳᠠᠪᠠᠵᠤ᠂ ᠵᠠᠯᠭᠠᠭ᠎ᠠ᠎ᠪᠠᠷ ᠪᠦᠬᠦ ᠤᠯᠤᠰ᠎ᠤᠨ ᠬᠠᠭᠤᠷᠠᠢ ᠵᠠᠮ᠎ᠤᠨ ᠪᠣᠭᠣᠮᠲᠠ᠎ᠶᠢᠨ ᠨᠢᠭᠡᠳᠦᠭᠡᠷ᠎ᠲᠦ ᠣᠷᠣᠪᠠ᠃ 

  ᠪᠥᠬᠦ᠌ ᠣᠷᠣᠨ᠎ᠤ ᠬᠢᠯᠢ᠎ᠪᠠᠷ ᠣᠷᠣᠵᠤ ᠭᠠᠷᠬᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 8612 ᠴᠤᠪᠤᠭ᠎ᠠ ᠪᠣᠯᠵᠤ᠂ ᠠᠳᠠᠯᠢ ᠬᠤᠭᠤᠴᠠᠭᠠᠨ᠎ᠤ᠎ᠬᠢ᠎ᠠᠴᠠ 14.3% ᠎ᠪᠠᠷ ᠨᠡᠮᠡᠭ᠌ᠳᠡᠵᠦ᠍᠂ ᠪᠥᠬᠦ᠌ ᠤᠯᠤᠰ᠎ᠤᠨ ᠡᠵᠡᠯᠡᠬᠦ᠌ ᠬᠠᠷᠢᠴᠠᠯ 47.5% ᠎ᠳᠤ ᠬᠦᠷᠴᠦ᠍᠂ ᠶᠡᠷᠦᠩᠬᠡᠶ ᠬᠡᠮᠵᠢᠶ᠎ᠡ ᠪᠠ ᠪᠥᠬᠦ᠌ ᠤᠯᠤᠰ᠎ᠤᠨ ᠡᠵᠡᠯᠡᠬᠦ᠌ ᠬᠠᠷᠢᠴᠠᠯ ᠴᠥᠮ ᠲᠡᠤᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ 2025 ᠣᠨ᠎ᠳᠤ ᠪᠥᠬᠦ᠌ ᠤᠯᠤᠰ᠎ᠤᠨ ᠬᠢᠯᠢ᠎ᠪᠠᠷ ᠥᠩᠭᠡᠷᠡᠬᠦ᠌ ᠡᠭᠡᠯᠵᠢ᠎ᠶ᠋ᠢᠨ ᠲᠤᠭ᠎ᠠ ᠡᠶᠡᠷᠭᠦ᠌ ᠨᠡᠮᠡᠭ᠌ᠳᠡᠯ᠎ᠢ ᠪᠡᠶᠡᠯᠡᠭᠦᠯᠦᠭ᠌ᠰᠡᠨ ᠬᠢᠯᠢ᠎ᠶ᠋ᠢᠨ ᠬᠠᠭᠤᠷᠠᠶ ᠵᠠᠮ᠎ᠤᠨ ᠪᠣᠭᠤᠮᠲᠠ᠎ᠶ᠋ᠢᠨ ᠮᠤᠵᠢ ᠣᠷᠣᠨ ᠪᠣᠯᠤᠨ᠎ᠠ᠃

  ᠥᠪᠥᠷ ᠮᠣᠩᠭᠤᠯ᠎ᠤᠨ ᠤᠶᠤᠨᠲᠤ ᠪᠣᠭᠤᠮᠲᠠ᠎ᠶ᠋ᠢᠨ ᠪᠥᠲᠥᠭᠡᠨ ᠪᠠᠢᠭᠤᠯᠤᠯᠲᠠ᠎ᠳᠤ 《ᠭᠤᠷᠪᠠᠨ ᠪᠥᠬᠦ᠌ ᠤᠯᠤᠰ᠎ᠲᠤ ᠲᠡᠷᠢᠭᠦᠯᠡᠬᠦ᠌》 ᠎ᠶ᠋ᠢ ᠪᠡᠶᠡᠯᠡᠭᠦᠯᠦᠨ᠎ᠡ᠄ ᠵᠢᠯᠣᠭᠤᠴᠢ ᠥᠬᠡᠶ ᠣᠶᠤᠨᠴᠢ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠵᠠᠭ᠍ᠪᠤᠷ᠂ ᠬᠥᠮᠦᠨ ᠪᠠ ᠲᠡᠷᠭᠡᠨ᠎ᠤ ᠬᠢᠨᠠᠨ ᠱᠢᠯᠭᠠᠯᠲᠠ᠎ᠶ᠋ᠢᠨ ᠤᠶᠤᠨᠴᠢᠯᠠᠭ᠍ᠰᠠᠨ ᠪᠠᠢᠴᠠᠭᠠᠯᠲᠠ᠎ᠶ᠋ᠢᠨ ᠱᠢᠰᠲ᠋ᠧᠮ᠂ 《  ᠤᠶᠤᠨᠴᠢᠯᠠᠯᠲᠠ᠎ᠶᠢᠨ ᠨᠢᠭᠡ ᠥᠷᠲᠡᠭᠡ ᠮᠠᠶᠢᠭ᠎ᠤᠨ ᠲᠦᠷᠭᠡᠨ ᠨᠡᠪᠲᠡᠷᠡᠯ ᠵᠠᠮ》 ᠎ᠢ ᠤᠷᠢᠳᠠᠪᠠᠷ ᠬᠡᠷᠡᠭ᠌ᠵᠢᠭᠦᠯᠬᠦ᠌᠎ᠪᠠᠷ ᠪᠠᠷᠠᠬᠤ ᠥᠬᠡᠶ᠂ ᠮᠠᠨ᠎ᠤ ᠣᠷᠣᠨ᠎ᠤ ᠤᠶᠤᠨᠲᠤ  ᠬᠢᠯᠢ ᠎ᠶᠢᠨ ᠪᠣᠭᠤᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠢᠷᠢ ᠲᠦᠪᠱᠢᠨ ᠨᠢᠭᠡᠨᠲᠡ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠭ᠍ᠰᠠᠨ᠎ᠢ ᠬᠠᠷᠠᠭᠤᠯᠵᠤ ᠪᠠᠢᠨ᠎ᠠ᠃ 

  ᠲᠠᠪᠤᠨ ᠵᠢᠯ᠎ᠤᠨ ᠲᠤᠷᠰᠢ᠂ ᠪᠢᠳᠡ ᠳᠣᠲᠣᠭᠠᠳᠤ ᠬᠡᠷᠡᠭ᠌ᠴᠡᠭᠡ᠎ᠶ᠋ᠢ ᠡᠷᠡᠰ ᠭᠤᠢᠪᠢᠰᠢ ᠦᠭᠡᠢ ᠥᠷᠭᠡᠳᠭᠡᠵᠦ᠍᠂ ᠬᠡᠷᠡᠭ᠌ᠯᠡᠭᠡ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠠᠬᠢ ᠰᠠᠭᠤᠷᠢ ᠴᠢᠨᠠᠷᠲᠠᠢ ᠦᠢᠯᠡᠳᠦᠯ ᠤᠯᠠᠮ᠎ᠠᠴᠠ ᠤᠯᠠᠮ ᠲᠤᠪᠤᠢᠮ᠎ᠠ ᠪᠣᠯᠪᠠ᠃

  ᠲᠠᠪᠤᠨ ᠵᠢᠯ᠎ᠤᠨ ᠲᠤᠷᠰᠢ᠂ ᠪᠢᠳᠡ ᠬᠤᠳᠠᠯᠳᠤᠭᠠᠴᠢᠨ ᠤᠷᠢᠬᠤ᠎ᠶ᠋ᠢ ᠡᠷᠡᠰ ᠭᠤᠢᠪᠢᠰᠢ ᠦᠭᠡᠢ ᠴᠢᠩᠭ᠎ᠠ ᠠᠳᠭᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠎ᠶ᠋ᠢ ᠠᠬᠢᠭᠤᠯᠬᠤ ᠦᠢᠯᠡᠳᠦᠯ ᠢᠯᠡᠳᠲᠡ ᠴᠢᠩᠭᠠᠷᠠᠪᠠ᠃

  ᠨᠡᠮᠡᠭᠳᠡᠯ᠎ᠦᠨ ᠬᠡᠮᠵᠢᠶ᠎ᠡ ᠨᠢ ᠬᠣᠶᠠᠷ ᠳᠠᠬᠢᠨ ᠠ᠋ᠴᠠ ᠳᠠᠪᠠᠵᠤ᠂ ᠵᠢᠯ ᠳᠤᠮᠳᠠᠴᠢ᠎ᠪᠠᠷ 25.1% ᠪᠠᠷ ᠨᠡᠮᠡᠭᠳᠡᠪᠡ 

  2023 ᠣᠨ ᠠ᠋ᠴᠠ ᠨᠠᠭ᠋ᠠᠰᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ᠎ᠡᠴᠡ ᠪᠣᠶ ᠪᠣᠯᠤᠭᠰᠠᠨ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠪᠥᠬᠥ ᠣᠷᠣᠨ᠎ᠤ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠳᠠᠬᠢ ᠡᠵᠡᠯᠡᠬᠦ ᠬᠠᠷᠢᠴᠠᠯ 60% ᠎ᠶᠢ ᠳᠠᠪᠠᠪᠠ ᠃ 

  2025 ᠣᠨ᠎ᠤ 1 ᠳ᠋ᠦ᠍ᠭᠡᠷ ᠰᠠᠷ᠎ᠠ᠎ᠠᠴᠠ 11 ᠳ᠋ᠦ᠍ᠭᠡᠷ ᠰᠠᠷ᠎ᠠ ᠪᠣᠯᠲᠠᠯ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠲᠥᠷᠥᠯ᠎ᠤᠨ ᠲᠥᠷᠥᠯ ᠵᠦᠢᠯ᠎ᠤᠨ ᠪᠣᠳᠠᠲᠠᠢᠵᠢᠭᠤᠯᠤᠭ᠍ᠰᠠᠨ ᠪᠡᠯᠡ ᠮᠥᠩᠭᠦ᠌ ᠠᠳᠠᠯᠢ ᠬᠤᠭᠤᠴᠠᠭᠠᠨ᠎ᠤ᠎ᠬᠢ᠎ᠠᠴᠠ 5.9% ᠎ᠪᠠᠷ ᠨᠡᠮᠡᠭ᠌ᠳᠡᠵᠦ᠍᠂ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠤᠨ ᠬᠤᠷᠳᠤᠴᠠ᠎ᠠᠴᠠ 2.4 ᠵᠠᠭᠤᠨ᠎ᠤ ᠨᠢᠭᠡᠴᠢ ᠥᠨᠳᠥᠷ ᠪᠣᠯᠵᠤ᠂ ᠪᠦᠬᠦ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠨᠡᠮᠡᠭ᠌ᠳᠡᠯ᠎ᠢ ᠳᠠᠢᠴᠢᠯᠠᠬᠤ᠎ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠪᠡ᠃

ᠢᠷᠡᠯᠲᠡ᠄ ᠠᠯᠪᠠᠨ ᠭᠡᠷ
          
ᠬᠠᠮᠢᠶ᠎ᠡ ᠪᠦᠬᠦᠢ ᠰᠣᠨᠢᠨ
 
            