ᠥᠨᠳᠥᠷ ᠬᠢᠷᠢ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ ᠲᠤᠬᠠᠶ ᠤᠯᠤᠰ᠎ᠤᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ᠎ᠳᠤ ᠪᠡᠯᠡ ᠣᠷᠣᠭᠤᠯᠤᠨ ᠬᠠᠮᠲᠤᠷᠠᠯᠴᠠᠨ ᠬᠥᠭ᠌ᠵᠢᠬᠦ᠌ ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠦᠢᠯᠡᠴᠢᠯᠡᠭᠡ᠎ᠪᠠᠨ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠨ᠂ ᠲᠦᠭ᠌ᠰᠢᠭᠦᠷᠢ᠎ᠶ᠋ᠢ ᠰᠡᠷᠭᠡᠢᠯᠡᠵᠦ᠍᠂ ᠪᠥᠬᠦ᠌ ᠣᠷᠣᠨ᠎ᠤ ᠭᠠᠳᠠᠭᠠᠳᠤ᠎ᠳᠤ ᠪᠡᠯᠡ ᠣᠷᠣᠭᠤᠯᠬᠤ ᠪᠠ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ 12 ᠳ᠋ᠤᠭᠠᠷ ᠰᠠᠷ᠎ᠠ᠎ᠶ᠋ᠢᠨ 24 ᠤ ᠡᠳᠦᠷ᠎ᠠᠴᠠ 25 ᠤ ᠡᠳᠦᠷ ᠪᠣᠯᠲᠠᠯ᠎ᠠ ᠪᠥᠬᠦ᠌ ᠣᠷᠣᠨ᠎ᠤ ᠭᠠᠳᠠᠭᠠᠳᠤ᠎ᠳᠤ ᠪᠠᠯᠠ ᠣᠷᠣᠭᠤᠯᠬᠤ ᠪᠠ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠠᠵᠢᠯ᠎ᠤᠨ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠬᠤ᠎ᠶ᠋ᠢᠨ ᠬᠠᠮᠲᠤ ᠭᠠᠳᠠᠭᠠᠳᠤ᠎ᠳᠤ ᠪᠠᠯᠠ ᠣᠷᠣᠭᠤᠯᠬᠤ᠎ᠶᠢᠨ ᠲᠥᠷᠥ᠎ᠶ᠋ᠢᠨ ᠪᠣᠳᠣᠯᠭ᠎ᠠ᠎ᠶ᠋ᠢᠨ ᠪᠣᠯᠪᠠᠰᠤᠷᠠᠯ᠎ᠤᠨ ᠬᠤᠷᠠᠯ ᠡᠷᠭᠢᠯᠡᠪᠡ᠃ ᠡᠯ᠎ᠡ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠭᠤᠤᠯᠳᠠᠯᠭ᠎ᠠ᠎ᠲᠠᠢ 《ᠭᠠᠳᠠᠭ᠍ᠰᠢ ᠭᠠᠷᠬᠤ》 ᠠᠵᠤ ᠠᠬᠤᠢᠯᠠᠯ᠎ᠤᠨ ᠲᠥᠯᠥᠭᠡᠯᠡᠭ᠌ᠴᠢ ᠬᠤᠷᠠᠯ ᠵᠢᠴᠢ ᠪᠣᠯᠪᠠᠰᠤᠷᠠᠯ᠎ᠳᠤ ᠣᠷᠣᠯᠴᠠᠵᠠᠶ᠃
ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠲᠢᠩᠬᠢᠮ᠎ᠤᠨ ᠳᠡᠳ᠋ ᠳᠠᠷᠤᠭ᠎ᠠ ᠬᠤ᠌ ᠶᠢᠩ ᠹᠧᠩ ᠬᠤᠷᠠᠯ᠎ᠳᠤ ᠤᠷᠤᠯᠴᠠᠵᠠᠦ᠂ ᠣᠢᠷ᠎ᠠ᠎ᠶ᠋ᠢᠨ ᠵᠢᠯ᠎ᠤᠳ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ᠎ᠳᠤ ᠪᠠᠯᠠ ᠣᠷᠣᠭᠤᠯᠬᠤ ᠪᠠ ᠠᠵᠤ ᠠᠬᠤᠶ᠎ᠶ᠋ᠢᠨ ᠬᠠᠮᠲᠤᠷᠠᠯᠴᠠᠭ᠎ᠠ ᠶᠡᠷᠦᠩᠬᠡᠶ᠎ᠳᠡᠭᠡᠨ ᠲᠣᠭ᠍ᠲᠠᠭᠤᠨ ᠪᠥᠭᠡᠳ ᠡᠷᠡᠭᠦᠯ᠎ᠢᠶᠠᠷ ᠬᠥᠭ᠌ᠵᠢᠬᠦ᠌ ᠪᠠᠢᠳᠠᠯ᠎ᠢᠶᠠᠨ ᠪᠠᠲᠤᠯᠠᠵᠤ᠂ ᠦᠢᠯᠡᠳᠬᠦᠨ᠂ ᠮᠡᠷᠭᠡᠵᠢᠯ᠂ ᠪᠠᠷᠢᠮᠵᠢᠶ᠎ᠠ᠂ ᠦᠢᠯᠡᠴᠢᠯᠡᠭᠡ᠎ᠶ᠋ᠢᠨ 《ᠭᠠᠳᠠᠭ᠍ᠰᠢ ᠭᠠᠷᠬᠤ》 ᠶ᠋ᠢ ᠳᠠᠢᠴᠢᠯᠠᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ ᠪᠠ ᠣᠯᠠᠨ ᠤᠯᠤᠰ᠎ᠤᠨ ᠠᠵᠤ ᠦᠢᠯᠡᠰ᠎ᠤᠨ ᠬᠡᠯᠬᠢᠶ᠎ᠡ᠎ᠳᠤ ᠭᠦᠨᠵᠡᠭᠡᠶ ᠠᠭᠤᠰᠤᠯᠴᠠᠬᠤ᠎ᠳᠤ ᠢᠳᠡᠪᠬᠢᠲᠡᠶ ᠦᠢᠯᠡᠳᠦᠯ ᠦᠵᠡᠭᠦᠯᠪᠡ᠃ ᠱᠢᠨ᠎ᠡ ᠪᠠᠢᠳᠠᠯ᠂ ᠱᠢᠨ᠎ᠡ ᠡᠭᠦᠷᠭᠡ᠂ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ᠂ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ ᠪᠠ ᠬᠠᠮᠢᠶ᠎ᠠ ᠪᠥᠬᠦᠶ ᠠᠵᠤ ᠠᠬᠤᠢᠯᠠᠯ᠎ᠤᠳ ᠵᠣᠭ᠍ᠰᠣᠴᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠣᠨᠣᠪᠴᠢᠲᠠᠶ ᠡᠵᠡᠮᠳᠡᠨ᠂ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠢᠳᠡᠪᠬᠢᠲᠡᠶ ᠠᠷᠭᠠᠴᠠᠭᠠᠵᠤ᠂ ᠭᠠᠳᠠᠭᠠᠳᠤ᠎ᠳᠤ ᠪᠠᠯᠠ ᠣᠷᠣᠭᠤᠯᠬᠤ ᠬᠠᠮᠲᠤᠷᠠᠯᠴᠠᠭ᠎ᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠠᠬᠢᠭᠤᠯᠬᠤ ᠬᠡᠷᠡᠭ᠌ᠲᠡᠶ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠣᠳᠣᠬᠠᠨ᠎ᠤ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ᠎ᠳᠤ ᠪᠡᠯᠡ ᠤᠷᠤᠭᠤᠯᠬᠤ ᠪᠠ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠠᠵᠢᠯ᠎ᠳᠤ ᠲᠤᠯᠭᠠᠷᠠᠵᠤ ᠪᠠᠢᠭ᠎ᠠ ᠪᠠᠢᠳᠠᠯ᠂ ᠣᠯᠤᠭ᠍ᠰᠠᠨ ᠦᠷ᠎ᠡ ᠪᠦᠲᠦᠮᠵᠢ ᠵᠢᠴᠢ ᠣᠷᠣᠱᠢᠵᠤ ᠪᠠᠢᠭ᠎ᠠ ᠥᠷᠢᠰᠥᠯᠳᠦᠭᠡᠨ᠎ᠢ ᠪᠥᠬᠦ᠌ ᠲᠠᠯ᠎ᠠ᠎ᠪᠠᠷ ᠳ᠋ᠦᠩᠨᠡᠨ ᠵᠠᠳᠠᠯᠪᠠ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠤᠯᠤᠰ᠎ᠤᠨ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭᠠᠳᠤ ᠬᠡᠷᠬᠢᠨ ᠨᠡᠩ ᠰᠠᠢᠨ ᠦᠢᠯᠡᠴᠢᠯᠡᠬᠦ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ᠎ᠶ᠋ᠢᠨ ᠬᠤᠩᠭᠢᠯ᠎ᠤᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢ ᠠᠬᠢᠭᠤᠯᠬᠤ᠂ ᠠᠵᠤ ᠠᠬᠤᠢᠯᠠᠯ᠎ᠢ ᠬᠦᠳᠦᠯᠦᠨ ᠵᠢᠯᠣᠭᠤᠳᠴᠤ᠌ ᠪᠠᠢᠭᠠᠳ ᠤᠯᠠᠨ ᠤᠯᠤᠰ᠎ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠬᠠᠮᠲᠤᠷᠠᠯᠴᠠᠭ᠎ᠠ᠎ᠶ᠋ᠢ ᠡᠮᠬᠢ ᠵᠢᠷᠤᠮ᠎ᠲᠠᠢ ᠥᠷᠨᠢᠭᠦᠯᠬᠦ᠂ ᠭᠠᠳᠠᠭᠠᠳᠤ᠎ᠳᠤ ᠪᠡᠯᠡ ᠣᠷᠣᠭᠤᠯᠬᠤ ᠪᠦᠲᠦᠴᠡ᠎ᠶ᠋ᠢ ᠱᠢᠯᠢᠳᠡᠭ᠌ᠵᠢᠭᠦᠯᠬᠦ᠂ ᠬᠢᠯᠢ᠎ᠶ᠋ᠢᠨ ᠭᠠᠳᠠᠨᠠᠬᠢ ᠲᠦᠷᠦᠯ ᠵᠦᠢᠯ᠎ᠤᠨ ᠶᠠᠰᠤ ᠴᠢᠨᠠᠷ ᠪᠣᠯᠤᠨ ᠠᠮᠤᠷ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠵᠥᠪᠯᠡᠬᠦ᠌ ᠰᠡᠳᠦᠪ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠪᠠ᠃ ᠬᠡᠰᠡᠭ ᠠᠢᠮᠠᠭ ᠬᠤᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ ᠠᠵᠤ ᠠᠬᠤᠢᠯᠠᠯ᠎ᠤᠨ ᠭᠠᠳᠠᠭᠠᠳᠤ᠎ᠳᠤ ᠪᠡᠯᠡ ᠣᠷᠣᠭᠤᠯᠤᠨ ᠡᠵᠡᠩᠨᠡᠬᠦ᠂ ᠣᠯᠠᠨ ᠤᠯᠤᠰ᠎ᠤᠨ ᠦᠢᠯᠡᠳᠪᠦᠷᠢᠯᠡᠬᠦ᠌ ᠴᠢᠳᠠᠪᠤᠷᠢ᠎ᠶ᠋ᠢᠨ ᠬᠠᠮᠲᠤᠷᠠᠯᠴᠠᠭ᠎ᠠ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠵᠡᠷᠭᠡ ᠲᠠᠯ᠎ᠠ᠎ᠶ᠋ᠢᠨ ᠲᠤᠷᠱᠢᠯᠭ᠎ᠠ ᠪᠠ ᠠᠷᠭ᠎ᠠ ᠬᠢᠳᠡᠯ᠎ᠢ ᠬᠤᠪᠢᠶᠠᠯᠴᠠᠪᠠ᠃

ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠳᠠᠷᠠᠭᠠᠴᠢ᠎ᠶ᠋ᠢᠨ ᠱᠠᠲᠤᠨ᠎ᠳᠤ ᠳᠣᠣᠷᠠᠬᠢ ᠬᠡᠳᠦᠨ ᠲᠠᠯ᠎ᠠ᠎ᠶ᠋ᠢᠨ ᠠᠵᠢᠯ᠎ᠢ ᠭᠤᠣᠯᠳᠠᠯᠭ᠎ᠠ᠎ᠲᠠᠢ ᠰᠠᠢᠲᠤᠷ ᠬᠢᠬᠦ᠌ ᠬᠡᠷᠡᠭ᠌ᠲᠡᠢ᠄ ᠨᠢᠭᠡ᠎ᠳᠤ᠂ ᠲᠥᠯᠥᠪᠵᠢᠭᠦᠯᠦᠨ ᠬᠦᠳᠦᠯᠦᠨ ᠵᠢᠯᠣᠭᠤᠳᠭᠤ ᠪᠠ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠦᠵᠡᠭᠦᠯᠬᠦ᠌᠎ᠶ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠵᠤ ᠦᠢᠯᠡᠰ ᠪᠣᠯᠤᠨ ᠳᠠᠪᠠᠭᠤᠯᠢᠭ ᠬᠦᠷᠢᠶ᠎ᠡ᠎ᠶ᠋ᠢᠨ ᠲᠣᠭᠤᠷᠢᠨ᠎ᠳᠤ᠂ ᠠᠵᠤ ᠠᠬᠤᠢᠯᠠᠯ᠎ᠤᠨ ᠪᠣᠬᠢᠷᠲᠤᠯ ᠦᠭᠡᠢ ᠡᠨᠧᠷᠭᠢ᠂ ᠤᠳᠤ ᠦᠶ᠎ᠡ᠎ᠶ᠋ᠢᠨ ᠲᠠᠷᠢᠶᠠᠯᠠᠩ᠂ ᠰᠠᠭᠤᠷᠢ ᠲᠥᠬᠦᠭᠡᠷᠦᠮᠵᠢ ᠵᠡᠷᠭᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠤᠨ ᠬᠡᠷᠡᠭ᠌ᠴᠡᠭᠡ᠎ᠳᠤ ᠨᠡᠢᠴᠡᠭ᠌ᠰᠡᠨ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠬᠤᠶᠠᠷ᠎ᠲᠤ᠌᠂ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠴᠢᠳᠠᠪᠤᠷᠢ᠎ᠶᠢᠨ ᠪᠠᠢᠭᠤᠯᠤᠯᠲᠠ ᠶᠢ ᠴᠢᠩᠭᠠᠳᠬᠠᠵᠤ᠂ ᠤᠯᠤᠰ᠎ᠤᠨ ᠢᠯᠭᠠᠯ᠎ᠤᠨ ᠵᠦᠭ᠌ᠯᠡᠭᠦᠷ᠂ ᠪᠡᠯᠡ ᠲᠣᠬᠢᠷᠠᠭᠤᠯᠭ᠎ᠠ᠎ᠶ᠋ᠢᠨ ᠳᠡᠮᠵᠢᠯᠭᠡ᠂ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ ᠵᠡᠷᠭᠡ ᠦᠢᠯᠡᠴᠢᠯᠡᠭᠡᠨ᠎ᠤ ᠬᠠᠩᠭᠠᠯᠭ᠎ᠠ᠎ᠶ᠋ᠢ ᠴᠢᠩᠭᠠᠳᠭᠠᠨ᠎ᠠ᠃ ᠭᠤᠷᠪᠠ᠎ᠳᠤ᠂ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠲᠣᠭ᠍ᠲᠠᠭᠠᠯ᠎ᠳᠤ ᠨᠡᠢᠴᠡᠭᠦᠯᠦᠨ ᠡᠵᠡᠩᠨᠡᠬᠦ᠌᠎ᠶ᠋ᠢ ᠴᠢᠩᠭᠠᠳᠭᠠᠵᠤ᠂ ᠠᠵᠤ ᠠᠬᠤᠢᠯᠠᠯ᠎ᠢ ᠵᠢᠯᠣᠭᠤᠳᠴᠤ᠌ ᠪᠠᠢᠭᠠᠳ ᠲᠦᠭ᠌ᠰᠢᠭᠦᠷᠢ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠵᠤ᠂ ᠭᠠᠳᠠᠭᠠᠳᠤ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠂ ᠲᠤᠬᠠᠶ᠎ᠶ᠋ᠢᠨ ᠭᠠᠵᠠᠷ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠵᠢᠷᠤᠮᠯᠠᠵᠤ᠂ ᠨᠡᠢᠭᠡᠮ᠎ᠤᠨ ᠬᠠᠷᠢᠭᠤᠴᠠᠯᠭ᠎ᠠ᠎ᠪᠠᠨ ᠢᠳᠡᠪᠬᠢᠲᠡᠶ ᠭᠦᠢᠴᠡᠳᠭᠡᠨ᠂ ᠥᠪᠥᠷ ᠮᠣᠩᠭᠤᠯ᠎ᠤᠨ ᠠᠵᠤ ᠠᠬᠤᠢᠯᠠᠯ᠎ᠤᠨ ᠰᠠᠢᠨ ᠰᠠᠢᠬᠠᠨ ᠣᠯᠠᠨ ᠤᠯᠤᠰ᠎ᠤᠨ ᠳᠦᠷᠢ ᠲᠥᠷᠬᠦ᠌᠎ᠶ᠋ᠢ ᠪᠣᠶ ᠪᠣᠯᠭᠠᠬᠤ ᠬᠡᠷᠡᠭ᠌ᠲᠡᠶ᠃ ᠲᠦᠷᠪᠡ᠎ᠳᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠪᠣᠯᠤᠨ ᠳᠡᠭᠡᠳᠦ ᠲᠤᠤᠷᠠᠳᠤ ᠱᠠᠳᠤ᠎ᠪᠠᠷ᠎ᠢᠶᠠᠨ ᠬᠤᠯᠪᠣᠭᠠᠯᠠᠨ ᠬᠥᠳᠡᠯᠦᠯᠴᠡᠬᠦ᠌᠎ᠶ᠋ᠢ ᠭᠦᠨᠵᠡᠭᠡᠢᠷᠡᠭᠦᠯᠵᠦ᠍᠂ ᠭᠠᠳᠠᠭᠠᠳᠤ᠎ᠳᠤ ᠪᠡᠯᠡ ᠣᠷᠣᠭᠤᠯᠵᠤ ᠬᠠᠮᠲᠤᠷᠠᠯᠴᠠᠬᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠦᠨ᠎ᠡ᠃
ᠳᠠᠷᠠᠭ᠎ᠠ᠎ᠨᠢ ᠬᠢᠭ᠌ᠰᠡᠨ ᠲᠥᠷᠥ᠎ᠶ᠋ᠢᠨ ᠪᠣᠳᠣᠯᠭ᠎ᠠ᠎ᠶ᠋ᠢᠨ ᠪᠣᠯᠪᠠᠰᠤᠷᠠᠯ᠎ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠶᠠᠪᠤᠳᠠᠯ᠎ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠂ ᠤᠯᠤᠰ᠎ᠤᠨ ᠭᠠᠳᠠᠭᠠᠳᠤ ᠭᠤᠪᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠂ ᠤᠯᠤᠰ᠎ᠤᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠩᠬᠢ᠎ᠶ᠋ᠢᠨ ᠥᠪᠥᠷ ᠮᠣᠩᠭᠤᠯ᠎ᠤᠨ ᠬᠤᠪᠢᠶᠠᠷᠢ ᠪᠠᠩᠬᠢ ᠵᠢᠴᠢ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠲᠤᠬᠠᠢᠯᠠᠭ᠍ᠰᠠᠨ ᠠᠵᠢᠯ᠎ᠤᠨ ᠭᠠᠵᠠᠷ ᠠᠯᠪᠠᠨ ᠲᠠᠰᠤᠭ᠎ᠠᠴᠠ ᠬᠠᠮᠤᠭ᠎ᠤᠨ ᠱᠢᠨ᠎ᠡ ᠭᠠᠳᠠᠭᠠᠳᠤ᠎ᠳᠤ ᠪᠠᠯᠠ ᠣᠷᠣᠭᠤᠯᠬᠤ ᠬᠠᠮᠢᠶᠠᠷᠤᠯᠲᠠ᠎ᠶ᠋ᠢᠨ ᠲᠥᠷᠥ᠎ᠶ᠋ᠢᠨ ᠪᠣᠳᠣᠯᠭ᠎ᠠ᠂ ᠬᠢᠯᠢ᠎ᠶ᠋ᠢᠨ ᠭᠠᠳᠠᠨᠠᠬᠢ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠪᠠᠴᠢᠮ ᠪᠠᠢᠳᠠᠯ᠎ᠢ ᠠᠷᠭ᠋ᠠᠴᠠᠭ᠋ᠠᠨ ᠱᠢᠶ᠋ᠳᠪᠦᠷᠢᠯᠡᠬᠦ᠂ 《ᠨᠢᠭᠡ ᠪᠦᠰᠡ ᠨᠢᠭᠡ ᠵᠠᠮ》 ᠤᠨ ᠠᠷᠢᠭᠤᠨ ᠴᠢᠬᠡᠴᠢ᠎ᠶ᠋ᠢᠨ ᠪᠠᠢᠭᠤᠯᠤᠯᠲᠠ᠂ ᠭᠠᠳᠠᠭᠠᠳᠤ ᠭᠤᠪᠢᠭᠤᠯᠭ᠎ᠠ᠎ᠶ᠋ᠢᠨ ᠬᠠᠮᠢᠶᠠᠷᠤᠯᠲᠠ᠎ᠶ᠋ᠢᠨ ᠪᠣᠳᠠᠲᠤ ᠶᠠᠪᠤᠳᠠᠯ᠂ ᠬᠢᠯᠢ ᠠᠯᠤᠰᠯᠠᠭ᠍ᠰᠠᠨ ᠮᠥᠩᠭᠦᠨ ᠭᠦᠶ᠋ᠯᠭᠡᠭᠡᠨ᠎ᠤ ᠳᠡᠮᠵᠢᠯᠭᠡ᠎ᠶ᠋ᠢᠨ ᠪᠠᠭᠠᠵᠢ᠂ ᠭᠠᠳᠠᠭᠠᠳᠤ᠎ᠳᠤ ᠱᠢᠭᠤᠳ ᠪᠠᠯᠠ ᠣᠷᠣᠭᠤᠯᠬᠤ ᠲᠤᠭ᠎ᠠ ᠪᠦᠷᠢᠳᠭᠡᠯ᠎ᠤᠨ ᠲᠦᠷᠢᠮ᠂ ᠬᠢᠯᠢ ᠠᠯᠤᠰᠯᠠᠭ᠍ᠰᠠᠨ ᠭᠠᠢᠯᠢ᠎ᠶ᠋ᠢᠨ ᠶᠠᠪᠤᠳᠠᠯ᠎ᠤᠨ ᠲᠥᠷᠥ᠎ᠶ᠋ᠢᠨ ᠪᠣᠳᠣᠯᠭ᠎ᠠ ᠵᠡᠷᠭᠡ ᠠᠭᠤᠯᠭ᠎ᠠ᠎ᠶ᠋ᠢᠨ ᠲᠤᠬᠠᠶ ᠱᠢᠰᠲ᠋ᠧᠮ᠎ᠲᠠᠢ ᠲᠠᠢᠯᠤᠮᠵᠢ ᠪᠠ ᠲᠤᠰᠭᠠᠶ ᠰᠡᠳᠦᠪᠲᠦ ᠵᠢᠯᠣᠭᠤᠳᠣᠯᠭ᠎ᠠ ᠬᠢᠪᠠ᠃ ᠪᠣᠯᠪᠠᠰᠤᠷᠠᠯ᠎ᠤᠨ ᠠᠭᠤᠯᠭ᠎ᠠ᠎ᠨᠢ ᠠᠵᠤ ᠠᠬᠤᠢᠯᠠᠯ᠎ᠤᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠬᠠᠨᠳᠤᠯᠭᠠᠲᠤ ᠴᠢᠨᠠᠷ᠂ ᠪᠣᠳᠠᠲᠤ ᠠᠵᠢᠯᠯᠠᠭᠠᠨ᠎ᠤ ᠴᠢᠨᠠᠷ᠎ᠢᠶᠠᠷ ᠴᠢᠩᠭ᠎ᠠ ᠪᠠᠢᠵᠤ᠂ ᠠᠵᠤ ᠠᠬᠤᠢᠯᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠴᠢᠭ᠌ᠯᠡᠯ᠎ᠢ ᠣᠨᠣᠪᠴᠢᠲᠠᠶ ᠡᠵᠡᠮᠳᠡᠵᠦ᠍᠂ ᠤᠯᠤᠰ ᠠᠯᠤᠰᠯᠠᠭ᠍ᠰᠠᠨ ᠡᠵᠡᠩᠨᠡᠯᠲᠡ ᠬᠠᠮᠢᠶᠠᠷᠤᠯᠲᠠ ᠪᠠ ᠲᠦᠭ᠌ᠰᠢᠭᠦᠷᠢ᠎ᠶ᠋ᠢ ᠠᠷᠭ᠋ᠠᠴᠠᠭ᠋ᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠤ ᠠᠱᠢᠭ᠍ᠲᠠᠶ ᠶᠤᠮ᠃

ᠲᠣᠰ ᠤᠳᠠᠭᠠᠨ᠎ᠤ ᠶᠠᠷᠢᠯᠴᠠᠬᠤ ᠬᠤᠷᠠᠯ ᠪᠠ ᠪᠣᠯᠪᠠᠰᠤᠷᠠᠯ᠎ᠤᠨ ᠬᠤᠷᠠᠯ᠎ᠢ ᠠᠮᠵᠢᠯᠲᠠ᠎ᠲᠠᠢ ᠡᠷᠬᠢᠯᠡᠭ᠌ᠰᠡᠨ᠎ᠨᠢ ᠪᠥᠬᠦ᠌ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠱᠢᠰᠲ᠋ᠧᠮ ᠪᠠ ᠠᠵᠤ ᠠᠬᠤᠢᠯᠠᠯ᠎ᠳᠤ ᠨᠡᠪᠲᠡᠷᠡᠯᠴᠡᠨ ᠰᠣᠯᠢᠯᠴᠠᠬᠤ᠂ ᠰᠤᠷᠤᠯᠴᠠᠵᠤ ᠳᠡᠭᠡᠭ᠌ᠰᠢᠯᠡᠭᠦᠯᠬᠦ᠌ ᠪᠦᠲᠦᠮᠵᠢᠲᠡᠶ ᠲᠠᠪᠴᠠᠩ᠎ᠢ ᠪᠠᠢᠭᠤᠯᠤᠨ ᠥᠭ᠌ᠴᠦ᠂ ᠦᠵᠡᠯ ᠰᠠᠨᠠᠭ᠎ᠠ᠎ᠪᠠᠨ ᠨᠢᠭᠡᠳᠭᠡᠨ᠂ ᠴᠢᠭ᠌ᠯᠡᠯ᠎ᠢᠶᠠᠨ ᠲᠣᠳᠣᠷᠬᠠᠢᠯᠠᠵᠤ᠂ ᠢᠲᠡᠭᠡᠯ ᠵᠣᠷᠢᠭ᠎ᠢᠶᠠᠨ ᠨᠡᠮᠡᠭ᠌ᠳᠡᠭᠦᠯᠪᠡ᠃ ᠬᠤᠷᠠᠯ᠎ᠳᠤ ᠣᠷᠣᠯᠴᠠᠭ᠍ᠰᠠᠳ ᠢᠯᠡᠷᠬᠡᠢᠯᠡᠬᠦ᠌᠎ᠳᠡᠭᠡᠨ᠂ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠣᠢᠯᠠᠭᠠᠵᠤ᠂ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ᠎ᠶ᠋ᠢ ᠭᠦᠢᠴᠡᠳ ᠰᠠᠢᠲᠤᠷ ᠬᠡᠷᠡᠭ᠌ᠯᠡᠵᠦ᠍᠂ ᠤᠯᠤᠰ ᠠᠯᠤᠰᠯᠠᠭ᠍ᠰᠠᠨ ᠡᠵᠡᠩᠨᠡᠯᠲᠡ᠎ᠶ᠋ᠢᠨ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ᠎ᠳᠤ ᠪᠠᠯᠠ ᠣᠷᠣᠭᠤᠯᠬᠤ ᠪᠠ ᠠᠵᠤ ᠠᠬᠤᠶ᠎ᠶ᠋ᠢᠨ ᠬᠠᠮᠲᠤᠷᠠᠯᠴᠠᠭ᠎ᠠ᠎ᠶ᠋ᠢᠨ ᠱᠢᠨ᠎ᠡ ᠳᠡᠭ᠌ᠲᠡᠷ᠎ᠲᠤ ᠭᠠᠷᠬᠤ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠨ᠎ᠡ ᠭᠡᠵᠡᠶ᠃