ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠲᠥᠷᠥᠯ ᠵᠦᠢᠯ ᠠᠵᠢᠯ ᠡᠬᠢᠯᠡᠬᠦ — ᠵᠢᠯ᠎ᠤᠨ 15 ᠲᠦᠮᠡᠨ ᠲᠣᠨ ᠰᠠᠯᠬᠢᠨ ᠬᠦᠴᠦᠨ᠎ᠤ ᠴᠠᠬᠢᠯᠭᠠᠨ᠎ᠤ ᠲᠠᠪᠳᠠᠮᠠᠯ ᠲᠣᠨᠤᠭ ᠦᠢ᠍ᠯᠡᠳᠪᠦᠷᠢᠯᠡᠬᠦ ᠲᠥᠷᠥᠯ ᠵᠦᠢᠯ ᠪᠤᠭᠤᠲᠤ ᠬᠤᠲᠠ᠎ᠳᠤ ᠠᠵᠢᠯ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-10-29

  10 ᠳ᠋ᠤᠭᠠᠷ ᠰᠠᠷ᠎ᠠ᠎ᠶ᠋ᠢᠨ 27 ᠎ᠤ ᠡᠳᠦᠷ᠂ ᠥᠪᠥᠷ ᠮᠣᠩᠭᠤᠯ᠎ᠤᠨ ᠲᠢᠶᠠᠨ ᠪᠦᠦ ᠰᠠᠯᠬᠢᠨ ᠬᠦᠴᠦᠨ᠎ᠤ ᠴᠠᠬᠢᠯᠭᠠᠨ᠎ᠤ ᠬᠢᠵᠠᠭᠠᠷᠲᠤ ᠺᠣᠮᠫᠠᠨᠢ᠎ᠶ᠋ᠢᠨ ᠵᠢᠯ᠎ᠳᠤ 15 ᠲᠦᠮᠡᠨ ᠲᠣᠨ ᠰᠠᠯᠬᠢᠨ ᠬᠦᠴᠦᠨ᠎ᠤ ᠴᠠᠬᠢᠯᠭᠠᠨ᠎ᠤ ᠲᠠᠪᠳᠠᠮᠠᠯ ᠲᠤᠨᠤᠭ ᠎ᠦᠢ᠍ᠯᠡᠳᠪᠦᠷᠢᠯᠡᠬᠦ ᠲᠥᠷᠥᠯ ᠵᠦᠢᠯ ᠪᠤᠭᠤᠲᠤ ᠬᠤᠲᠠ᠎ᠶ᠋ᠢᠨ ᠱᠢᠭᠤᠢᠲᠤ ᠲᠣᠭᠤᠷᠢᠭ᠎ᠲᠤ ᠠᠵᠢᠯ ᠡᠬᠢᠯᠡᠭᠦᠯᠪᠡ᠃

  ᠲᠣᠰ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 20 ᠳ᠋ᠦᠩᠱᠢᠭᠤᠷ ᠲᠥᠭᠦᠷᠢᠭ ᠂ 337 ᠮᠥ᠍ ᠭᠠᠵᠠᠷ ᠡᠵᠡᠯᠡᠵᠦ᠍᠂ ᠵᠢᠯ᠎ᠤᠨ ᠦᠢᠯᠡᠳᠪᠦᠷᠢᠯᠡᠬᠦ᠌ ᠴᠢᠳᠠᠪᠤᠷᠢ᠎ᠨᠢ 15 ᠲᠦᠮᠡᠨ ᠲᠣᠨ᠎ᠳᠤ ᠬᠦᠷᠴᠦ᠍᠂ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠵᠢᠱ᠌ᠢᠯᠲᠡ᠎ᠪᠠᠷ ᠵᠢᠯ᠎ᠤᠨ ᠦᠢᠯᠡᠳᠬᠦᠨ᠎ᠤ ᠥᠷᠲᠡᠭ᠎ᠨᠢ 15 ᠳ᠋ᠦᠩᠱᠢᠭᠤᠷ ᠲᠥᠭᠦᠷᠢᠭ᠎ᠢ ᠳᠠᠪᠠᠬᠤ ᠪᠦᠭᠡᠳ ᠲᠤᠬᠠᠶ᠎ᠶ᠋ᠢᠨ ᠭᠠᠵᠠᠷ᠎ᠲᠤ 500 ᠠᠵᠢᠯ᠎ᠤᠨ ᠪᠠᠢᠷᠢ ᠬᠠᠩᠭᠠᠬᠤ᠎ᠪᠠᠷ ᠲᠥᠯᠥᠪᠯᠡᠵᠦ᠍ ᠪᠣᠶ᠃ ᠤᠯᠤᠰ᠎ᠤᠨ ᠲᠠᠰ᠎ᠤᠨ ᠪᠣᠬᠢᠷᠲᠤᠯ ᠥᠬᠡᠶ ᠤᠢᠯᠡᠤᠡᠪᠤᠷᠢ᠎ᠶ᠋ᠢᠨ ᠳᠡᠭᠡᠳᠦ ᠲᠠᠰ᠎ᠤᠨ ᠲᠣᠨᠤᠭ ᠲᠥᠬᠦᠭᠡᠷᠦᠮᠵᠢ ᠤᠢᠯᠡᠳᠬᠦ᠌ ᠤᠢᠯᠡᠰ᠎ᠤᠨ ᠳᠠᠭᠠᠭᠤᠯᠤᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠱᠠᠨ ᠰᠢ᠎ᠶ᠋ᠢᠨ ᠲᠢᠶᠠᠨ ᠪᠦᠦ ᠪᠦᠯᠦᠭ᠌ᠯᠡᠯ᠎ᠤᠨ ᠲᠣᠰ ᠤᠳᠠᠭ᠎ᠠ ᠪᠤᠭᠤᠲᠤ᠎ᠳᠤ ᠪᠠᠯᠠ ᠣᠷᠣᠭᠤᠯᠤᠨ ᠪᠥᠲᠥᠭᠡᠨ ᠪᠠᠢᠭᠤᠯᠤᠭ᠍ᠰᠠᠨ ᠡᠨᠡ ᠬᠦ᠌ 《ᠣᠶᠤᠨᠴᠢ ᠤᠢᠯᠡᠤᠡᠪᠤᠷᠢᠯᠡᠯ᠂ ᠰᠤᠳᠤᠯᠤᠨ ᠨᠡᠭᠡᠭᠡᠵᠦ᠍ ᠱᠢᠨ᠎ᠡ᠎ᠶ᠋ᠢ ᠡᠭᠦᠳᠬᠦ᠂ ᠪᠣᠬᠢᠷᠲᠤᠯ ᠥᠬᠡᠶ ᠤᠢᠯᠡᠳᠪᠤᠷᠢᠯᠡᠬᠦ᠌》 ᠎ᠶ᠋ᠢ ᠨᠢᠭᠡ ᠴᠣᠭ᠍ᠴᠠᠵᠢᠭᠤᠯᠤᠭ᠍ᠰᠠᠨ ᠰᠠᠯᠬᠢᠨ ᠬᠦᠴᠦᠨ᠎ᠤ ᠴᠠᠬᠢᠯᠭᠠᠨ᠎ᠤ ᠹᠠᠯᠠᠨ᠎ᠤ ᠲᠥᠷᠥᠯ ᠵᠤᠢᠯ᠎ᠨᠢ ᠥᠪᠥᠷ ᠮᠣᠩᠭᠤᠯ᠎ᠤᠨ ᠰᠠᠯᠬᠢᠨ ᠬᠦᠴᠦᠨ᠎ᠤ ᠴᠠᠬᠢᠯᠭᠠᠨ᠎ᠤ ᠹᠠᠯᠠᠨ ᠤᠢᠯᠡᠳᠴᠤ᠌ ᠤᠢᠯᠡᠳᠬᠦ᠌ ᠬᠦᠷᠢᠶᠡᠨ᠎ᠳᠠᠬᠢ 《ᠲᠡᠭ》 ᠱᠢᠪᠲᠤᠯᠤᠯᠲᠠ᠎ᠶ᠋ᠢ ᠪᠡᠶᠡᠯᠡᠭᠦᠯᠵᠦ᠍᠂ ᠪᠤᠭᠤᠲᠤ ᠬᠤᠲᠠ᠎ᠶ᠋ᠢᠨ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ ᠤᠢᠯᠡᠳᠬᠦ᠌ ᠠᠵᠤ ᠤᠢᠯᠡᠰ᠎ᠤᠨ ᠬᠡᠯᠬᠢᠶ᠎ᠡ᠎ᠶ᠋ᠢᠨ ᠪᠢᠲᠡᠭᠦᠮᠵᠢᠯᠡᠭ᠌ᠰᠡᠨ ᠴᠠᠭᠠᠷᠢᠭ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠪᠣᠯᠤᠨ᠎ᠠ᠃

  ᠣᠢᠷ᠎ᠠ᠎ᠶ᠋ᠢᠨ ᠵᠢᠯ᠎ᠤᠨ ᠲᠤᠷᠰᠢ᠂ ᠪᠤᠭᠤᠲᠤ ᠬᠤᠲᠠ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ᠎ᠶ᠋ᠢᠨ ᠠᠵᠤ ᠦᠢᠯᠡᠰ᠎ᠢ ᠶᠡᠬᠡᠪᠡᠷ ᠬᠥᠭ᠌ᠵᠢᠭᠦᠯᠵᠦ᠍᠂ ᠪᠥᠬᠦ᠌ ᠬᠤᠲᠠ᠎ᠶ᠋ᠢᠨ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ ᠦᠶ᠋ᠯᠡᠳᠬᠦ᠌ ᠠᠵᠤ ᠠᠬᠤᠢᠯᠠᠯ 51 ᠪᠣᠯᠵᠣ᠂ ᠭᠤᠤᠯ ᠮᠠᠱᠢᠨ᠎ᠤ ᠰᠡᠯᠪᠢᠭ ᠲᠣᠨᠤᠭ᠎ᠤᠨ ᠢᠵᠢ ᠪᠥᠷᠢᠳᠦᠭ᠌ᠰᠡᠨ ᠨᠣᠷᠮ᠎ᠠ ᠨᠢ 70% ᠎ᠶ᠋ᠢ ᠳᠠᠪᠠᠪᠠ᠃ ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ ᠦᠷᠭᠦᠯᠵᠢᠯᠡᠨ ᠬᠦᠴᠦᠲᠠᠢ ᠨᠡᠮᠡᠭ᠌ᠳᠡᠯ᠎ᠦᠨ ᠪᠠᠢᠳᠠᠯ᠎ᠢᠶᠠᠨ ᠪᠠᠲᠤᠯᠠᠵᠤ᠂ ᠦᠢᠯᠡᠳᠪᠦᠷᠢᠯᠡᠯ᠎ᠦᠨ ᠥᠷᠲᠡᠭ ᠨᠢ 156 ᠳ᠋ᠦᠩᠱᠢᠭᠤᠷ ᠲᠥᠭᠥᠷᠢᠭ᠎ᠢ ᠳᠠᠪᠠᠵᠤ᠂ ᠵᠢᠱ᠌ᠢᠯᠲᠠ᠎ᠪᠠᠷ ᠪᠦᠬᠦ᠌ ᠵᠢᠯ᠎ᠳᠦ 200 ᠳ᠋ᠦᠩᠱᠢᠭᠤᠷ ᠲᠥᠭᠥᠷᠢᠭ᠎ᠢ ᠳᠠᠪᠠᠬᠤ ᠪᠣᠯᠤᠨ᠎ᠠ ᠃

  ᠲᠢᠶᠠᠨ ᠪᠦᠦ ᠪᠦᠯᠦᠭ᠌ᠯᠡᠯ᠎ᠤᠨ ᠲᠦᠷᠦᠯ ᠵᠦᠢᠯ ᠪᠣᠯ ᠪᠤᠭᠤᠲᠤ᠎ᠶ᠋ᠢᠨ ᠰᠠᠯᠬᠢᠨ ᠬᠦᠴᠦᠨ᠎ᠤ ᠴᠠᠬᠢᠯᠭᠠᠨ᠎ᠤ ᠲᠣᠨᠣᠭ᠍ᠯᠠᠯ ᠦᠢᠯᠡᠳᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠲᠥᠪᠯᠡᠷᠡᠨ ᠬᠥᠭ᠌ᠵᠢᠬᠦ᠌᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠨᠢᠭᠡ ᠭᠤᠭ᠍ᠴᠤᠭ᠎ᠠ ᠪᠣᠯᠤᠨ᠎ᠠ᠃ ᠠᠵᠤ ᠦᠢᠯᠡᠰ᠎ᠤᠨ ᠪᠠᠢᠷᠢᠱᠢᠯ᠎ᠠᠴᠠ ᠦᠵᠡᠪᠡᠯ᠂ ᠲᠣᠰ ᠲᠥᠷᠥᠯ ᠵᠦᠢᠯ᠎ᠨᠢ ᠳᠠᠪᠲᠠᠨ ᠪᠣᠯᠪᠠᠰᠤᠷᠠᠭᠤᠯᠬᠤ᠂ ᠬᠠᠯᠠᠭᠤᠨ ᠲᠤᠭᠤᠯᠤᠭᠤᠯᠬᠤ᠂ ᠨᠠᠷᠢᠯᠢᠭ ᠪᠣᠯᠪᠠᠰᠤᠷᠠᠭᠤᠯᠬᠤ ᠵᠡᠷᠭᠡ ᠳᠡᠭᠡᠳᠦ ᠳᠣᠤᠷᠠᠳᠤ ᠤᠷᠤᠰᠭᠠᠯ᠎ᠤᠨ ᠢᠵᠢ ᠪᠥᠷᠢᠳᠦᠭᠦᠯᠬᠦ᠌ ᠠᠵᠤ ᠠᠬᠤᠢᠯᠠᠯ᠎ᠢ ᠲᠡᠳᠡᠨ ᠠᠪᠴᠢᠷᠠᠵᠤ᠂ ᠪᠤᠭᠤᠲᠤ᠎ᠶ᠋ᠢᠨ 《ᠰᠤᠳᠤᠯᠤᠨ ᠨᠡᠭᠡᠭᠡᠬᠦ᠌ — ᠦᠢᠯᠡᠳᠪᠦᠷᠢᠯᠡᠬᠦ᠌ — ᠢᠵᠢ ᠪᠥᠷᠢᠳᠦᠭᠦᠯᠬᠦ᠌ — ᠦᠢᠯᠡᠴᠢᠯᠡᠬᠦ᠌》 ᠪᠥᠬᠦ᠌ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠬᠤ᠎ᠶ᠋ᠢ ᠠᠬᠢᠭᠤᠯᠵᠤ᠂ ᠠᠵᠤ ᠦᠢᠯᠡᠰ᠎ᠤᠨ ᠳᠡᠭᠡᠳᠦ ᠲᠠᠰᠵᠢᠯᠳᠠ᠂ ᠪᠦᠯᠦᠭᠵᠢᠯ ᠲᠡᠢ᠌ᠰᠢ ᠤᠷᠤᠭ᠍ᠰᠢᠯᠠᠬᠤ᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠪᠤᠭᠤᠲᠤ ᠬᠤᠲᠠ᠎ᠶ᠋ᠢᠨ ᠬᠠᠮ ᠵᠠᠭᠤᠴᠢᠯᠠᠭᠤᠷ᠎ᠤᠨ ᠲᠥᠪ
          
ᠬᠠᠮᠢᠶ᠎ᠡ ᠪᠦᠬᠦᠢ ᠰᠣᠨᠢᠨ
 
            