ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠵᠤ ᠦᠢᠯᠡᠰ᠎ᠢ ᠬᠥᠭ᠌ᠵᠢᠭᠦᠯᠬᠦ᠌ — ᠲᠦᠩᠯᠢᠶᠣᠤ ᠬᠤᠲᠠ᠎ᠶ᠋ᠢᠨ ᠨᠠᠢ᠍ᠮᠠᠨ ᠬᠤᠱᠢᠭᠤᠨ᠎ᠤ ᠴᠠᠬᠢᠭᠤᠷ᠎ᠢᠶᠠᠷ ᠰᠠᠭᠤᠷᠢ ᠪᠤᠯᠭ᠋ᠠᠭᠰᠠᠨ ᠱᠢᠨ᠎ᠡ ᠮᠠᠲ᠋ᠧᠷᠢᠶᠠᠯ᠎ᠤᠨ ᠠᠵᠤ ᠦᠢᠯᠡᠰ ᠬᠡᠪᠴᠢᠶᠡᠵᠢᠭ᠌ᠰᠡᠨ ᠳᠡᠭᠡᠳᠦ ᠲᠠᠰ᠎ᠤᠨ ᠬᠥᠭ᠌ᠵᠢᠯᠲᠡ᠎ᠶ᠋ᠢᠨ ᠱᠢᠨ᠎ᠡ ᠱᠠᠲᠤᠨ᠎ᠳᠤ ᠣᠷᠣᠪᠠ
ᠨᠡᠶ᠋ᠢᠲᠡᠯᠡᠭᠰᠡᠨ ᠴᠠᠭ᠄ 2025-11-11

  11 ᠳ᠋ᠦ᠍ᠭᠡᠷ ᠰᠠᠷ᠎ᠠ᠎ᠶ᠋ᠢᠨ 9᠎ᠤ ᠡᠳᠦᠷ᠂ ᠥᠪᠥᠷ ᠮᠣᠩᠭᠤᠯ᠎ᠤᠨ ᠱᠢᠩ ᠬᠥ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠳ᠋ᠦᠩ ᠹᠠᠩ ᠲᠠᠯᠠᠰᠲᠤ ᠴᠠᠬᠢᠭᠤᠷ᠎ᠤᠨ ᠱᠢᠨ᠎ᠡ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠱᠤᠭᠤᠮ᠎ᠤᠨ ᠬᠤᠶᠠᠳᠤᠭᠠᠷ ᠬᠤᠭᠤᠴᠠᠭᠠᠨ᠎ᠤ ᠲᠥᠷᠥᠯ ᠵᠦᠢᠯ᠎ᠤᠨ ᠠᠵᠢᠯ ᠳᠠᠭᠤᠰᠴᠤ᠌᠂ ᠨᠠᠢ᠍ᠮᠠᠨ ᠬᠤᠱᠢᠭᠤᠨ᠎ᠤ ᠴᠠᠬᠢᠭᠤᠷ᠎ᠢᠶᠠᠷ ᠰᠠᠭᠤᠷᠢ ᠪᠤᠯᠭ᠋ᠠᠭᠰᠠᠨ ᠱᠢᠨ᠎ᠡ ᠮᠠᠲ᠋ᠧᠷᠢᠶᠠᠯ᠎ᠤᠨ ᠠᠵᠤ ᠦᠢᠯᠡᠰ ᠬᠡᠪᠴᠢᠶᠡᠵᠢᠭ᠌ᠰᠡᠨ᠂ ᠳᠡᠭᠡᠳᠦ ᠲᠠᠰ᠎ᠤᠨ ᠬᠥᠭ᠌ᠵᠢᠯᠲᠡ᠎ᠶ᠋ᠢᠨ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃

  ᠲᠣᠰ ᠲᠥᠷᠥᠯ ᠵᠦᠢᠯ᠎ᠤᠨ ᠶᠡᠷᠦᠩᠬᠡᠶ ᠪᠡᠯᠡ ᠣᠷᠣᠭᠤᠯᠤᠯᠲᠠ ᠨᠢ 14 ᠳ᠋ᠦᠩᠱᠢᠭᠤᠷ ᠲᠥᠭᠦᠷᠢᠭ᠂ ᠵᠢᠯ᠎ᠤᠨ ᠦᠢᠯᠡᠳᠬᠦᠨ᠎ᠤ ᠥᠷᠲᠡᠭ᠎ᠨᠢ ᠪᠠᠷᠤᠭ 13.2 ᠳ᠋ᠦᠩᠱᠢᠭᠤᠷ ᠲᠥᠭᠦᠷᠢᠭ᠎ᠲᠤ ᠬᠦᠷᠴᠦ᠍᠂ ᠲᠥᠷᠥᠯ ᠵᠦᠢᠯ᠎ᠤᠨ ᠱᠢᠨ᠎ᠡ᠎ᠶ᠋ᠢ ᠡᠭᠦᠳᠴᠦ᠍ ᠪᠠᠢᠭᠠᠳ ᠤᠯᠤᠰ᠎ᠤᠨ ᠳᠣᠲᠣᠭᠠᠳᠤ᠎ᠶ᠋ᠢᠨ ᠠᠩᠬ᠎ᠠ ᠤᠳᠠᠭ᠎ᠠ 《ᠨᠢᠭᠡ ᠤᠭᠤᠷᠭ᠋ᠠᠢ ᠬᠤᠶᠠᠷ ᠱᠤᠭᠤᠮ》 ᠎ᠤᠨ ᠭᠠᠷ ᠤᠷᠠᠯᠠᠯ᠎ᠢ ᠬᠡᠷᠡᠭ᠌ᠯᠡᠵᠦ᠍᠂ ᠨᠠᠢ᠍ᠮᠠᠨ ᠬᠤᠱᠢᠭᠤᠨ᠎ᠤ ᠰᠠᠯᠬᠢᠨ᠎ᠤ ᠬᠤᠷᠠᠮᠠᠯ ᠡᠯᠡᠰᠦ᠂ ᠴᠣᠬᠤᠢ᠎ᠶ᠋ᠢᠨ ᠴᠢᠯᠠᠭᠤ᠂ ᠯᠢᠲ᠋ᠢ ᠣᠷᠳᠣ ᠴᠢᠯᠠᠭᠤ ᠵᠡᠷᠭᠡ᠎ᠪᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠵᠤ᠂ 3 - 35 ᠮᠢᠯᠢᠮᠧᠲᠷ᠎ᠤᠨ ᠪᠦᠷᠢᠨ ᠵᠤᠵᠠᠭᠠᠨ᠎ᠤ ᠬᠡᠮᠵᠢᠶ᠎ᠡ᠎ᠲᠠᠢ ᠲᠡᠮᠦᠷᠯᠢᠭ ᠪᠤᠰᠤ ᠰᠠᠭᠤᠷᠢ ᠴᠠᠬᠢᠭᠤᠷ᠎ᠤᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠤ ᠭᠠᠷᠤᠯᠲᠠ᠎ᠶ᠋ᠢ ᠪᠡᠶᠡᠯᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠬᠤᠭᠤᠰᠣᠨ᠎ᠢ ᠨᠥᠬᠦᠪᠥᠷᠢᠯᠡᠪᠡ᠃

  ᠣᠢᠯᠠᠭᠠᠭ᠍ᠰᠠᠨ᠎ᠢᠶᠠᠷ᠂ ᠴᠠᠬᠢᠭᠤᠷ᠎ᠤᠨ ᠰᠠᠭᠤᠷᠢ ᠱᠢᠨ᠎ᠡ ᠮᠠᠲ᠋ᠧᠷᠢᠶᠠᠯ ᠪᠣᠯ ᠡᠯᠧᠺᠲᠷᠣᠨ ᠮᠡᠳᠡᠭᠡ ᠵᠠᠩᠭᠢ᠂ ᠱᠢᠨ᠎ᠡ ᠡᠨᠧᠷᠭᠢ᠂ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭᠠᠯᠠᠬᠤ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠳᠤᠲᠠᠭ᠍ᠳᠠᠵᠤ ᠪᠣᠯᠤᠰᠢ ᠥᠬᠡᠶ ᠵᠠᠩᠭᠢᠯᠠᠭ᠎ᠠ᠎ᠶ᠋ᠢᠨ ᠭᠤᠤᠯ ᠮᠠᠲ᠋ᠧᠷᠢᠶᠠᠯ ᠮᠥᠨ᠂ ᠤᠯᠤᠰ᠎ᠤᠨ ᠬᠦᠴᠦᠯᠡᠨ ᠪᠤᠢᠵᠢᠭᠤᠯᠵᠤ ᠬᠥᠭ᠌ᠵᠢᠭᠦᠯᠬᠦ᠌ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠵᠠᠬ᠎ᠠ ᠳᠡᠯᠭᠡᠭᠦᠷ᠎ᠤᠨ ᠣᠷᠣᠨ ᠵᠠᠶ ᠥᠷᠭᠡᠨ ᠠᠭᠤᠳᠠᠮ᠂ ᠬᠥᠭ᠌ᠵᠢᠯᠲᠡ᠎ᠶ᠋ᠢᠨ ᠳᠠᠯᠳᠠ ᠬᠦᠴᠦᠨ ᠯᠤᠲᠤ ᠶᠡᠭᠡ ᠪᠠᠢᠳᠠᠭ᠃ ᠨᠠᠢ᠍ᠮᠠᠨ ᠬᠤᠱᠢᠭᠤ ᠠᠵᠠ ᠲᠣᠬᠢᠶᠠᠯ᠎ᠢ ᠴᠢᠩᠭ᠎ᠠ ᠠᠳᠭᠤᠵᠤ᠂ ᠲᠦᠭᠦᠬᠡᠶ ᠮᠠᠲ᠋ᠧᠷᠢᠶᠠᠯ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠥᠪᠥᠷ ᠮᠣᠩᠭᠤᠯ᠎ᠤᠨ ᠱᠢᠩ ᠭᠦ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ᠎ᠢᠶᠠᠷ ᠳᠠᠭᠠᠭᠤᠯᠤᠭ᠍ᠴᠢ ᠪᠣᠯᠭᠠᠵᠤ᠂ ᠳ᠋ᠦᠩ ᠹᠠᠩ ᠲᠠᠯᠠᠰᠲᠤ ᠴᠠᠬᠢᠭᠤᠷ᠎ᠤᠨ ᠱᠢᠨ᠎ᠡ ᠮᠠᠲ᠋ᠧᠷᠢᠶᠠᠯ᠎ᠤᠨ ᠠᠵᠤ ᠦᠢᠯᠡᠰ᠎ᠤᠨ ᠵᠢᠷᠤᠭ ᠲᠥᠯᠥᠪᠯᠡᠭᠡ᠎ᠶ᠋ᠢ ᠨᠠᠷᠢᠨ ᠨᠢᠮᠪᠠᠶ ᠲᠥᠯᠥᠪᠵᠢᠭᠦᠯᠵᠦ᠍᠂ ᠭᠦᠨᠵᠡᠭᠡᠶ ᠪᠣᠯᠪᠠᠰᠤᠷᠠᠭᠤᠯᠤᠨ ᠢᠵᠢ ᠪᠦᠷᠢᠳᠦᠭᠦᠯᠬᠦ᠂ ᠪᠠᠷᠠᠭᠠᠨ᠎ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠤᠮᠠᠷᠠᠲᠤ ᠣᠷᠣᠨ᠎ᠤ ᠬᠡᠪᠴᠢᠶ᠎ᠡ᠎ᠪᠠᠷ ᠬᠠᠮᠤᠭ᠎ᠤᠨ ᠶᠡᠭᠡ ᠴᠠᠬᠢᠭᠤᠷ᠎ᠤᠨ ᠰᠠᠭᠤᠷᠢ ᠱᠢᠨ᠎ᠡ ᠮᠠᠲ᠋ᠧᠷᠢᠶᠠᠯ ᠦᠢᠯᠡᠳᠪᠦᠷᠢᠯᠡᠵᠦ᠍ ᠡᠳ᠋ᠱᠢᠭᠦᠯᠬᠦ᠌ ᠰᠠᠭᠤᠷᠢᠨ ᠭᠠᠵᠠᠷ ᠪᠣᠯᠤᠨ ᠦᠢᠯᠡᠳᠬᠦᠨ ᠲᠥᠪᠯᠡᠷᠡᠭᠦᠯᠦᠨ ᠲᠠᠷᠬᠠᠭᠠᠬᠤ ᠭᠠᠵᠠᠷ᠎ᠢ ᠪᠠᠢᠭᠤᠯᠬᠤ᠎ᠪᠠᠷ ᠴᠢᠷᠮᠠᠢ᠌ᠵᠤ ᠪᠠᠢ᠌ᠨ᠎ᠠ᠃

  ᠣᠳᠣᠬᠠᠨ᠎ᠳᠤ᠂ ᠳ᠋ᠦᠩ ᠹᠠᠩ ᠲᠠᠯᠠᠰᠲᠤ ᠴᠠᠬᠢᠭᠤᠷ᠎ᠤᠨ ᠱᠢᠨ᠎ᠡ ᠮᠠᠲ᠋ᠧᠷᠢᠶᠠᠯ᠎ᠨᠢ ᠲᠡᠭᠦᠨ᠎ᠤ ᠱᠢᠯᠢᠳᠡᠭ ᠴᠢᠳᠠᠪᠬᠢ᠎ᠪᠠᠷ ᠪᠠᠷᠢᠯᠭ᠎ᠠ᠂ ᠭᠡᠷ᠎ᠤᠨ ᠴᠢᠮᠡᠭ᠌ᠯᠡᠯ᠂ ᠡᠮ ᠡᠮᠨᠡᠯᠭᠡ᠂ ᠴᠡᠷᠢᠭ᠎ᠤᠨ ᠠᠵᠤ ᠦᠢᠯᠡᠳᠪᠦᠷᠢ᠂ ᠠᠭᠠᠷ ᠰᠠᠨᠰᠠᠷ᠎ᠤᠨ ᠠᠶᠠᠯᠠᠯ ᠵᠡᠷᠭᠡ ᠤᠯᠠᠨ ᠬᠦᠷᠢᠶᠡᠨ᠎ᠳᠤ ᠥᠷᠭᠡᠨ᠎ᠢᠶᠠᠷ ᠬᠡᠷᠡᠭ᠌ᠯᠡᠵᠦ᠍ ᠪᠠᠢᠨ᠎ᠠ᠃ ᠪᠦᠲᠦᠭᠡᠭ᠌ᠳᠡᠬᠦᠨ᠎ᠨᠢ ᠭᠤᠸᠠᠩᠳᠦ᠋ᠩ᠂ ᠹᠦᠵᠢᠶᠠᠨ᠂ ᠵᠧᠵᠢᠶᠠᠩ᠂ ᠾᠧᠨᠠᠨ ᠣᠯᠠᠨ ᠮᠤᠵᠢ ᠬᠤᠲᠠ ᠵᠢᠴᠢ ᠭᠠᠵᠠᠷ ᠣᠷᠣᠨ᠎ᠳᠤ ᠪᠣᠷᠣᠯᠠᠭᠤᠯᠤᠭ᠍ᠳᠠᠬᠤ᠎ᠪᠠᠷ ᠪᠠᠷᠠᠬᠤ ᠥᠬᠡᠶ᠂ ᠪᠠᠰᠠ ᠪᠷᠠᠽᠢᠯ᠂ ᠠᠮᠧᠷᠢᠺᠠ᠂ ᠡᠨᠡᠳᠭᠡᠭ᠂ ᠎ᠲᠠᠢ ᠤᠯᠤᠰ᠂ ᠢᠨᠳᠣᠨᠧᠱᠢᠶ᠎ᠠ᠂ ᠮᠣᠩᠭᠤᠯ ᠤᠯᠤᠰ᠂ ᠢᠲ᠋ᠠᠯᠢ ᠵᠡᠷᠭᠡ ᠪᠥᠬᠦ᠌ ᠳᠡᠯᠡᠬᠡᠶ᠎ᠶ᠋ᠢᠨ 40 ᠭᠠᠷᠤᠶ ᠤᠯᠤᠰ᠎ᠲᠤ ᠭᠠᠷᠭᠠᠵᠤ ᠪᠠᠢᠨ᠎ᠠ᠃

  ᠨᠠᠢ᠍ᠮᠠᠨ ᠬᠤᠱᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠵᠠᠰᠠᠭ᠎ᠤᠨ ᠣᠷᠳᠣᠨ᠎ᠤ ᠬᠤᠱᠢᠭᠤᠨ ᠳᠠᠷᠤᠭ᠎ᠠ ᠢᠦᠶ ᠶᠦᠩ ᠢᠯᠡᠷᠬᠡᠢᠯᠡᠬᠦ᠌᠎ᠳᠤ᠎ᠪᠠᠨ᠂ ᠨᠠᠢ᠍ᠮᠠᠨ ᠬᠤᠱᠢᠭᠤ ᠱᠢᠩ ᠬᠥ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠠᠷ ᠲᠣᠯᠣᠭᠠᠢᠯᠠᠭ᠍ᠴᠢ ᠪᠣᠯᠭᠠᠵᠤ᠂ ᠳᠣᠤᠷᠠᠳᠤ ᠤᠷᠤᠰᠭᠠᠯ᠎ᠤᠨ ᠳᠡᠭᠡᠳᠦ ᠲᠠᠰ᠎ᠤᠨ ᠬᠡᠷ᠎ᠤᠨ ᠡᠳ᠋ᠯᠡᠯ ᠬᠡᠷᠡᠭ᠌ᠰᠡᠯ᠂ ᠡᠯᠧᠺᠲᠷᠣᠨ ᠱᠢᠯ᠂ ᠡᠮᠴᠢᠯᠡᠭᠡᠨ᠎ᠳᠤ ᠬᠡᠷᠡᠭ᠌ᠯᠡᠬᠦ᠌ ᠱᠢᠯ ᠵᠡᠷᠭᠡ ᠨᠠᠷᠢᠯᠢᠭ ᠡᠳ᠋ᠱᠢᠭᠦᠯᠬᠦ᠌ ᠠᠵᠤ ᠠᠬᠤᠢᠯᠠᠯ᠎ᠢ ᠭᠤᠤᠯᠳᠠᠯᠭ᠎ᠠ᠎ᠲᠠᠢ ᠣᠷᠣᠭᠤᠯᠤᠨ ᠠᠪᠴᠢᠷᠠᠬᠤ ᠪᠠ ᠪᠤᠢᠵᠢᠭᠤᠯᠵᠤ᠂ ᠰᠠᠭᠤᠷᠢ ᠮᠠᠲ᠋ᠧᠷᠢᠶᠠᠯ᠎ᠠᠴᠠ ᠡᠴᠦᠰ᠎ᠤᠨ ᠬᠡᠷᠡᠭᠯᠡᠭᠡ᠎ᠶᠢᠨ ᠵᠦᠢᠯ ᠬᠦᠷᠲᠡᠯᠡᠬᠢ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠣᠶ ᠪᠣᠯᠭᠠᠵᠤ᠂ ᠠᠵᠤ ᠦᠢᠯᠡᠰ᠎ᠤᠨ ᠪᠦᠬᠦᠯᠢ ᠴᠣᠭ᠍ᠴᠠ᠎ᠶ᠋ᠢᠨ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠵᠦ᠍᠂ ᠱᠢᠶᠠᠨ᠎ᠤ ᠬᠡᠪᠴᠢᠶᠡᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ ᠭᠡᠵᠡᠶ᠃

  ᠨᠢᠭᠡ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠨ᠎ᠡ

ᠢᠷᠡᠯᠲᠡ᠄ 《ᠥᠪᠥᠷ ᠮᠣᠩᠭᠤᠯ᠎ᠤᠨ ᠡᠳᠦᠷ᠎ᠤᠨ ᠰᠣᠨᠢᠨ》
          
ᠬᠠᠮᠢᠶ᠎ᠡ ᠪᠦᠬᠦᠢ ᠰᠣᠨᠢᠨ
 
            