ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠢᠮᠠᠭ ᠬᠣᠲᠠ᠎ᠶᠢᠨ ᠬᠥᠳᠡᠯᠦᠯ ᠪᠠᠢᠳᠠᠯ — ᠪᠤᠭᠤᠲᠤ᠎ᠶᠢᠨ ᠤᠯᠤᠰ ᠲᠥᠷᠥ᠍ ᠬᠤᠳᠠᠯᠳᠤᠭᠠᠨ᠎ᠤ᠋ ᠶᠠᠷᠢᠯᠴᠠᠬᠤ ᠬᠤᠷᠠᠯ ᠨᠢ ᠰᠢᠨ᠎ᠡ ᠡᠨᠧᠷᠭᠢ᠎ᠶᠢᠨ ᠲᠣᠨᠣᠭ ᠲᠥᠬᠥᠭᠡᠷᠦᠮᠵᠢ᠎ᠶᠢᠨ ᠪᠦᠬᠦ᠌ ᠠᠵᠤ ᠦᠢᠯᠡᠰ᠎ᠦ᠋ᠨ ᠬᠡᠯᠬᠢᠶ᠎ᠡ᠎ᠶᠢᠨ ᠬᠥᠭ᠌ᠵᠢᠯᠲᠡ᠎ᠶᠢ ᠲᠦᠯᠬᠢᠨ ᠠᠬᠢᠭᠤᠯᠵᠤ ᠪᠣᠢ
ᠨᠡᠶ᠋ᠢᠲᠡᠯᠡᠭᠰᠡᠨ ᠴᠠᠭ᠄ 2025-09-02

  9 ᠳ᠋ᠦ᠍ᠭᠡᠷ ᠰᠠᠷ᠎ᠠ᠎ᠶᠢᠨ 1᠎ᠦ᠌ ᠡᠳᠦᠷ ᠪᠤᠭᠤᠲᠤ ᠬᠣᠲᠠ ᠰᠠᠯᠬᠢᠨ ᠬᠦᠴᠦᠨ᠎ᠦ᠌ ᠴᠠᠬᠢᠯᠭᠠᠨ ᠲᠣᠨᠣᠭ᠍ᠯᠠᠯ᠎ᠤ᠋ᠨ ᠠᠵᠤ ᠦᠢᠯᠡᠰ᠎ᠦ᠋ᠨ ᠤᠯᠤᠰ ᠲᠥᠷᠥ᠍ ᠬᠤᠳᠠᠯᠳᠤᠭᠠᠨ᠎ᠤ᠋ ᠶᠠᠷᠢᠯᠴᠠᠬᠤ ᠬᠤᠷᠠᠯ ᠬᠤᠷᠠᠯᠳᠤᠪᠠ᠃ ᠪᠤᠭᠤᠲᠤ ᠬᠤᠲᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ 11 ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ᠎ᠶ᠋ᠢᠨ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠢ ᠨᠢᠭᠤᠷᠳᠠᠨ ᠶᠠᠷᠢᠯᠴᠠᠵᠤ ᠰᠠᠨᠠᠯ᠎ᠢᠶᠠᠨ ᠰᠣᠯᠢᠯᠴᠠᠵᠤ᠂ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ᠎ᠶ᠋ᠢᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠣᠭᠤᠷᠢᠨ᠎ᠳᠤ ᠠᠵᠢᠯ ᠲᠥᠷᠥᠯ᠎ᠤᠨ ᠪᠠᠢᠳᠠᠯ᠂ ᠬᠦᠴᠢᠷᠳᠡᠯ᠎ᠲᠠᠢ ᠪᠣᠭᠤᠮᠢ ᠪᠠ ᠬᠥᠭ᠌ᠵᠢᠯᠲᠡ᠎ᠶ᠋ᠢᠨ ᠠᠷᠭ᠎ᠠ ᠪᠣᠳᠣᠯᠭ᠎ᠠ᠎ᠶ᠋ᠢ ᠭᠦᠨᠵᠡᠭᠡᠶ ᠰᠤᠳᠤᠯᠤᠨ ᠶᠠᠷᠢᠯᠴᠠᠪᠠ᠃

  9  ᠳ᠋ᠦ᠍ᠭᠡᠷ ᠰᠠᠷ᠎ᠠ᠎ᠶ᠋ᠢᠨ 1 ᠎ᠤ ᠡᠳᠦᠷ᠂ ᠪᠤᠭᠤᠲᠤ ᠬᠤᠲᠠ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ᠎ᠶ᠋ᠢᠨ ᠠᠵᠤ ᠦᠢᠯᠡᠰ᠎ᠤᠨ ᠤᠯᠤᠰ ᠲᠥᠷᠥ᠍ ᠬᠤᠳᠠᠯᠳᠤᠭᠠᠨ᠎ᠤ ᠶᠠᠷᠢᠯᠴᠠᠬᠤ ᠬᠤᠷᠠᠯ ᠬᠤᠷᠠᠯᠳᠤᠪᠠ᠃

  ᠶᠠᠷᠢᠯᠴᠠᠬᠤ ᠬᠤᠷᠠᠯ ᠳᠡᠭᠡᠷ᠎ᠡ᠂ ᠮᠢᠩ ᠶᠠᠩ ᠱᠢᠨ᠎ᠡ ᠡᠨᠧᠷᠭᠢ᠂ ᠯᠦᠩ ᠮᠠ ᠬᠤᠪᠢ ᠡᠵᠡᠮᠳᠡᠭ᠌ᠰᠡᠨ ᠪᠦᠯᠦᠭ᠌ᠯᠡᠯ᠂ ᠶᠤᠸᠠᠨ ᠵᠢᠩ ᠮᠧᠩ ᠱᠢᠨ ᠪᠦᠯᠦᠭ᠌ᠯᠡᠯ᠂ ᠳ᠋ᠦᠩ ᠹᠠᠩ ᠴᠠᠬᠢᠯᠭᠠᠨ᠎ᠤ ᠪᠦᠯᠦᠭ᠌ᠯᠡᠯ᠂ ᠪᠤᠭᠤᠲᠤ᠎ᠶ᠋ᠢᠨ ᠵᠥᠩ ᠴᠧ ᠮᠠᠱᠢᠨ ᠴᠠᠬᠢᠯᠭᠠᠨ ᠮᠠᠱᠢᠨ᠂ ᠵᠥᠩ ᠴᠧ ᠴᠢ ᠱᠦ᠍ ᠶᠠᠨ᠂ ᠨᠠᠨ ᠭᠤᠤ ᡂᠢ ( ᠪᠤᠭᠤᠲᠤ ) ᠺᠣᠮᠫᠠᠨᠢ᠂ ᠶ᠋ᠢᠨ ᠹᠧᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠥᠪᠥᠷ ᠮᠣᠩᠭᠤᠯ᠎ᠤᠨ ᠲᠢᠶᠠᠨ ᠪᠦᠦ ᠰᠠᠯᠬᠢᠨ ᠬᠦᠴᠦᠨ᠎ᠤ ᠴᠠᠬᠢᠯᠭᠠᠨ᠂ ᠥᠪᠥᠷ ᠮᠣᠩᠭᠤᠯ᠎ᠤᠨ ᠣᠨᠴᠠᠭᠠᠶ ᠴᠠᠬᠢᠯᠭᠠᠨ ᠬᠤᠪᠢᠰᠭᠠᠬᠤ ᠠᠵᠢᠯᠴᠢᠨ᠂ ᠥᠪᠥᠷ ᠮᠣᠩᠭᠤᠯ᠎ᠤᠨ ᠹᠧᠩ ᠳ᠋ᠦ᠋ ᠱᠢᠨ᠎ᠡ ᠮᠠᠲ᠋ᠧᠷᠢᠶᠠᠯ ᠵᠡᠷᠭᠡ ᠠᠵᠤ ᠠᠬᠤᠢᠯᠠᠯ᠎ᠤᠨ ᠬᠠᠷᠢᠭᠤᠴᠠᠯᠭᠠᠲᠠᠨ ᠤᠷᠢᠳ ᠬᠤᠵᠢᠳ ᠶᠠᠷᠢᠶ᠎ᠠ ᠲᠠᠯᠪᠢᠵᠤ᠂ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠬᠤ᠎ᠪᠠᠷ ᠪᠠᠷᠠᠬᠤ ᠥᠬᠡᠶ ᠪᠠᠰᠠ ᠠᠵᠤ ᠠᠬᠤᠢᠯᠠᠯ᠎ᠳᠤ ᠲᠤᠯᠭᠠᠷᠠᠵᠤ ᠪᠠᠢᠭ᠎ᠠ ᠪᠣᠳᠠᠲᠠᠶ ᠠᠰᠠᠭᠤᠳᠠᠯ᠎ᠢ ᠲᠤᠰᠭᠠᠪᠠ᠃ ᠬᠤᠶᠠᠷ ᠲᠠᠯ᠎ᠠ᠎ᠪᠠᠷ᠎ᠢᠶᠠᠨ ᠪᠠᠢᠨ ᠳᠠᠬᠢᠨ ᠬᠥᠳᠡᠯᠦᠯᠴᠡᠵᠦ᠍᠂ ᠪᠤᠭᠤᠲᠤ ᠬᠤᠲᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠤᠰᠭᠠᠭ᠍ᠰᠠᠨ ᠠᠰᠠᠭᠤᠳᠠᠯ᠎ᠢ ᠡᠮᠬᠢᠯᠡᠨ ᠵᠠᠳᠠᠯᠵᠤ᠂ 《ᠳᠠᠷᠦ᠋ᠢᠬᠠᠨ ᠱᠢᠢᠳᠪᠦᠷᠢᠯᠡᠵᠦ᠍ ᠳᠡᠢᠯᠬᠦ᠌ ᠠᠰᠠᠭᠤᠳᠠᠯ᠎ᠢ ᠳᠠᠷᠦ᠋ᠢᠬᠠᠨ ᠭᠦᠢᠴᠡᠳᠭᠡᠵᠦ᠍᠂ ᠲᠦᠷ ᠴᠠᠭ ᠱᠢᠢᠳᠪᠦᠷᠢᠯᠡᠵᠦ᠍ ᠳᠡᠢᠯᠬᠦ᠌ ᠥᠬᠡᠶ ᠪᠣᠯ ᠭᠦᠨᠵᠡᠭᠡᠶ ᠰᠤᠳᠤᠯᠵᠤ᠂ ᠠᠷᠭ᠎ᠠ ᠪᠦᠬᠦᠨ᠎ᠢ ᠰᠦᠪᠡᠭ᠌ᠴᠢᠯᠡᠨ ᠪᠥᠬᠦ᠌ ᠬᠦᠴᠦᠨ᠎ᠢᠶᠠᠷ᠎ᠢᠶᠠᠨ ᠱᠢᠢᠳᠪᠦᠷᠢᠯᠡᠨ᠎ᠡ 》᠃

  《ᠬᠤᠤᠰ ᠨᠡᠭᠦᠷᠡᠰᠦᠲᠥ᠋ᠷᠥᠭ᠌ᠴᠢ》 ᠎ᠶ᠋ᠢᠨ ᠬᠠᠷᠠᠯᠲᠠ᠎ᠶ᠋ᠢᠨ ᠵᠢᠯᠣᠭᠤᠳᠣᠯᠭ᠎ᠠ ᠳᠣᠤᠷ᠎ᠠ᠂ ᠪᠤᠭᠤᠲᠤ ᠬᠤᠲᠠ ᠶᠠᠭ ᠡᠬᠢ ᠪᠠᠶᠠᠯᠢᠭ᠎ᠤᠨ ᠳᠠᠪᠠᠭᠤᠯᠢᠭ ᠪᠠ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠳᠤ ᠲᠦᠱᠢᠭ᠌ᠯᠡᠨ᠂ ᠪᠥᠬᠦ᠌ ᠤᠯᠤᠰ᠎ᠤᠨ ᠴᠢᠬᠤᠯᠠ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠶ᠋ᠯᠡᠳᠬᠦ᠌ ᠰᠠᠭᠤᠷᠢᠨ ᠭᠠᠵᠠᠷ ᠪᠣᠯᠵᠣ ᠲᠦᠷᠭᠡᠨ ᠬᠥᠭ᠌ᠵᠢᠨ ᠮᠠᠨᠳᠤᠵᠤ ᠪᠠᠢᠨ᠎ᠠ᠃ ᠮᠢᠩ ᠶᠠᠩ ᠪᠦᠯᠦᠭ᠌ᠯᠡᠯ 50 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠤᠨ ᠬᠠᠭᠤᠷᠠᠢ ᠳᠡᠭᠡᠷᠡᠬᠢ ᠲᠣᠨᠣᠭ᠍ᠯᠠᠯ᠎ᠤᠨ ᠶᠡᠷᠦᠩᠬᠡᠢ ᠵᠠᠬᠢᠷᠭ᠎ᠠ᠎ᠶ᠋ᠢ ᠪᠠᠢᠭᠤᠯᠵᠤ᠂ 2024 ᠣᠨ᠎ᠳᠤ ᠦᠢᠯᠡᠳᠬᠦᠨ᠎ᠤ ᠦᠷᠳᠡᠭ᠎ᠢ 114.3 ᠳ᠋ᠦᠩᠱᠢᠭᠤᠷ ᠲᠥᠭᠦᠷᠢᠭ ᠪᠡᠶᠡᠯᠡᠭᠦᠯᠪᠡ; ᠣᠨᠴᠠ ᠬᠦᠴᠦᠳᠡᠯ ᠥᠭᠡᠷᠡᠴᠢᠯᠡᠬᠦ᠌ ᠠᠵᠤ ᠦᠢᠯᠡᠳᠪᠦᠷᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠢᠯ᠎ᠳᠤ 6 ᠲᠦᠮᠡᠨ ᠲᠣᠨ ᠰᠠᠯᠬᠢᠨ ᠬᠦᠴᠦᠨ᠎ᠤ ᠴᠠᠬᠢᠯᠭᠠᠨ᠎ᠤ ᠰᠤᠪᠤᠷᠭᠠᠨ ᠲᠦᠩᠰᠡ ᠦᠢᠯᠡᠳᠪᠦᠷᠢᠯᠡᠬᠦ᠌ ᠦᠢᠯᠡᠳᠪᠦᠷᠢᠯᠡᠯ᠎ᠤᠨ ᠱᠤᠭᠤᠮ᠎ᠢ ᠪᠠᠢᠭᠤᠯᠵᠤ᠂ 2024 ᠣᠨ᠎ᠳᠤ ᠦᠢᠯᠡᠳᠬᠦᠨ᠎ᠤ ᠦᠷᠳᠡᠭ᠎ᠢ 11.2 ᠳ᠋ᠦᠩᠱᠢᠭᠤᠷ ᠲᠥᠭᠦᠷᠢᠭ᠎ᠲᠤ ᠬᠦᠷᠭᠡᠪᠡ; ᠵᠦᠩ ᠴᠧ ᠱᠢᠷᠢᠰ ᠠᠵᠤ ᠠᠬᠤᠢᠯᠠᠯ᠎ᠤᠨ ᠪᠠᠢᠷᠢᠱᠢᠭᠤᠯᠤᠭ᠍ᠰᠠᠨ ᠴᠠᠬᠢᠯᠭᠠᠨ ᠭᠠᠷᠭᠠᠭᠤᠷ᠂ ᠠᠷᠠᠭᠠᠳᠤ ᠬᠦᠷᠳᠦᠨ ᠬᠠᠢᠷᠴᠠᠭ ᠵᠡᠷᠭᠡ ᠭᠤᠣᠯ ᠤᠭ᠍ᠰᠠᠷᠠᠭ᠎ᠠ ᠲᠤᠨᠤᠭ᠎ᠤᠨ ᠬᠦᠷᠢᠶ᠎ᠡ ᠴᠠᠷᠠᠭ᠎ᠠ ᠁ ᠡᠲᠡᠭᠡᠷ ᠲᠥᠷᠥᠯ ᠵᠦᠢᠯ᠎ᠢ ᠨᠠᠢᠳᠠᠪᠤᠷᠢᠵᠢᠭᠤᠯᠤᠭ᠍ᠰᠠᠨ᠎ᠨᠢ ᠪᠤᠭᠤᠲᠤ ᠬᠤᠲᠠ᠎ᠶ᠋ᠢᠨ ᠨᠢᠭᠡᠨᠲᠡ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠬᠠᠮᠤᠷᠤᠭ᠍ᠰᠠᠨ ᠦᠶ᠋ᠯᠡᠳᠬᠦ᠌ ᠴᠢᠳᠠᠪᠤᠷᠢ ᠠᠩᠬ᠎ᠠ ᠠᠯᠬᠤᠮ ᠪᠦᠷᠢᠯᠳᠦᠭ᠌ᠰᠡᠨ᠎ᠢ ᠬᠠᠷᠠᠭᠤᠯᠵᠤ ᠪᠠᠢᠨ᠎ᠠ᠃

  ᠠᠵᠤ ᠦᠢᠯᠡᠰ᠎ᠦ᠋ᠨ ᠲᠥᠪᠯᠡᠷᠡᠯ᠎ᠦ᠋ᠨ ᠠᠷᠤ ᠲᠠᠯ᠎ᠠ᠎ᠶᠢᠨ ᠬᠥᠭ᠌ᠵᠢᠯᠲᠡ᠎ᠶᠢᠨ ᠶᠠᠰᠤ ᠴᠢᠨᠠᠷ᠎ᠢ᠋ ᠨᠡᠩ ᠠᠩᠬᠠᠷᠬᠤ ᠬᠡᠷᠡᠭ᠌ᠲᠡᠢ᠃ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ ᠬᠡᠰᠡᠭ ᠠᠵᠤ ᠠᠬᠤᠢᠯᠠᠯ᠎ᠤᠨ ᠠᠱᠢᠭ ᠬᠣᠨᠵᠢᠪᠣᠷᠢ᠎ᠶ᠋ᠢᠨ ᠨᠤᠷᠮ᠎ᠠ ᠨᠡᠢᠳᠡᠮ ᠳᠣᠤᠷ᠎ᠠ ᠪᠠᠢᠨ᠎ᠠ᠂ ᠡᠨᠡ ᠨᠢ ᠲᠣᠨᠣᠭ ᠲᠥᠬᠥᠭᠡᠷᠦᠮᠵᠢ ᠦᠢᠯᠡᠳᠬᠦ᠌ ᠭᠣᠭ᠍ᠴᠣᠭ᠎ᠠ᠎ᠶ᠋ᠢᠨ ᠨᠡᠮᠡᠯᠲᠡ ᠥᠷᠲᠡᠭ ᠥᠨᠳᠥᠷ ᠪᠤᠰᠤ᠂ ᠢᠵᠢᠯᠢᠱᠢᠬᠦ᠌ ᠥᠷᠢᠰᠥᠯᠳᠦᠭᠡᠨ ᠬᠤᠷᠴᠠᠳᠴᠤ᠌ ᠪᠠᠢᠭ᠎ᠠ ᠠᠵᠢᠯ ᠲᠥᠷᠥᠯ᠎ᠦᠨ ᠬᠦᠴᠢᠷᠳᠡᠯ᠎ᠢ ᠲᠤᠰᠭᠠᠵᠤ ᠪᠠᠢᠨ᠎ᠠ᠃ ᠡᠳᠡᠭᠡᠷ ᠨᠡᠢᠲᠡᠯᠢᠭ ᠴᠢᠨᠠᠷᠲᠠᠢ ᠠᠰᠠᠭᠤᠳᠠᠯ᠎ᠢ ᠲᠤᠰ ᠤᠳᠠᠭᠠᠨ᠎ᠤ ᠶᠠᠷᠢᠯᠴᠠᠬᠤ ᠬᠤᠷᠠᠯ ᠳᠡᠭᠡᠷ᠎ᠡ ᠭᠦᠢ᠍ᠴᠡᠳ ᠶᠠᠷᠢᠯᠴᠠᠵᠠᠢ᠃ ᠪᠤᠭᠤᠲᠤ ᠬᠤᠲᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ᠎ᠤᠨ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ ᠦᠶ᠋ᠯᠡᠳᠬᠦ᠌ ᠠᠵᠤ ᠦᠢᠯᠡᠰ᠎ᠤᠨ ᠢᠷᠡᠭᠡᠳᠦᠶ ᠥᠷᠭᠡᠨ ᠠᠭᠤᠳᠠᠮ᠂ ᠪᠤᠭᠤᠲᠤ ᠬᠤᠲᠠ᠎ᠶ᠋ᠢᠨ ᠥᠩᠭᠡ ᠦᠵᠡᠮᠵᠢ᠎ᠶ᠋ᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠦᠢᠯᠡᠰ᠎ᠤᠨ ᠰᠠᠭᠤᠷᠢ ᠯᠠᠪᠳᠠᠭᠤᠨ ᠪᠠᠲᠤᠲᠠᠶ᠂ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ ᠦᠶ᠋ᠯᠡᠳᠬᠦ᠌ ᠠᠵᠤ ᠦᠢᠯᠡᠰ᠎ᠢ ᠬᠥᠭ᠌ᠵᠢᠭᠦᠯᠬᠦ᠌᠎ᠳᠤ ᠥᠪᠡᠷᠮᠢᠴᠡ ᠳᠠᠪᠠᠭᠤᠯᠢᠭ᠎ᠲᠠᠢ ᠶᠤᠮ᠃ 《 ᠠᠷᠪᠠᠨ ᠲᠠᠪᠤᠳᠤᠭᠠᠷ ᠲᠠᠪᠤᠨ ᠵᠢᠯ》 ᠎ᠳ᠋ᠦ᠍ ᠬᠠᠨᠳᠤᠭᠤᠯᠤᠨ᠂ ᠪᠤᠭᠤᠲᠤ ᠬᠣᠲᠠ ᠨᠢ ᠪᠦᠬᠦ᠌ ᠤᠯᠤᠰ᠎ᠤ᠋ᠨ ᠬᠠᠮᠤᠭ᠎ᠤ᠋ᠨ ᠨᠥᠯᠥᠭᠡᠯᠡᠬᠦ᠌ ᠬᠦᠴᠦᠨ᠎ᠲᠡᠢ ᠬᠠᠭᠤᠷᠠᠢ ᠳᠡᠭᠡᠷᠡᠬᠢ ᠰᠠᠯᠬᠢᠨ ᠬᠦᠴᠦᠨ᠎ᠦ᠌ ᠴᠠᠬᠢᠯᠭᠠᠨ᠎ᠤ᠋ ᠲᠣᠨᠣᠭ ᠲᠥᠬᠥᠭᠡᠷᠦᠮᠵᠢ ᠦᠢᠯᠡᠳᠬᠦ᠌ ᠠᠵᠤ ᠦᠢᠯᠡᠰ᠎ᠦ᠋ᠨ ᠪᠦᠯᠦᠭ᠌ᠯᠡᠯ᠎ᠢ᠋ ᠪᠠᠢᠭᠤᠯᠵᠤ᠂ ᠨᠡᠩ ᠣᠯᠠᠨ ᠲᠣᠯᠣᠭᠠᠢᠯᠠᠭ᠍ᠴᠢ ᠠᠵᠤ ᠠᠬᠤᠢᠯᠠᠯ᠎ᠢ᠋ ᠲᠥᠪᠯᠡᠷᠡᠭᠦᠯᠦᠨ᠂ ᠠᠵᠤ ᠦᠢᠯᠡᠰ᠎ᠦ᠋ᠨ ᠬᠡᠪᠴᠢᠶ᠎ᠡ᠎ᠶᠢ ᠲᠠᠰᠤᠷᠠᠯᠲᠠ ᠦᠭᠡᠢ ᠥᠷᠭᠡᠳᠭᠡᠵᠦ᠍᠂ ᠠᠵᠤ ᠦᠢᠯᠡᠰ᠎ᠦ᠋ᠨ ᠦᠢᠯᠡᠳᠬᠦᠨ᠎ᠦ᠌ ᠥᠷᠲᠡᠭ᠎ᠢ᠋ ᠳᠡᠭᠡᠭ᠌ᠱᠢᠯᠡᠭᠦᠯᠵᠦ᠍᠂ ᠬᠠᠮᠤᠭ᠎ᠤ᠋ᠨ ᠰᠢᠯᠢᠳᠡᠭ ᠠᠵᠤ ᠦᠢᠯᠡᠰ᠎ᠦ᠋ᠨ ᠠᠮᠢ ᠠᠬᠤᠢ᠎ᠶᠢ ᠪᠣᠢ ᠪᠣᠯᠭᠠᠬᠤ᠎ᠪᠠᠷ ᠲᠣᠭ᠍ᠲᠠᠪᠠ᠃

  ᠠᠵᠤ ᠦᠢᠯᠡᠰ᠎ᠤᠨ ᠬᠥᠭ᠌ᠵᠢᠯᠲᠡ᠎ᠶ᠋ᠢᠨ ᠡᠪᠡᠷᠱᠢᠶᠡᠯ᠎ᠳᠤ ᠴᠢᠭ᠌ᠯᠡᠭᠦᠯᠦᠨ᠂ ᠪᠤᠭᠤᠲᠤ ᠬᠤᠲᠠ ᠭᠤᠷᠪᠠᠨ ᠶᠡᠭᠡ ᠠᠷᠭ᠎ᠠ ᠬᠡᠮᠵᠢᠶ᠎ᠡ ᠳᠤᠷᠠᠳᠪᠠ᠄ ᠨᠢᠭᠡ᠎ᠳᠤ᠂ ᠪᠠᠢᠭᠤᠯᠵᠤ ᠪᠠᠢᠭ᠎ᠠ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠲᠦᠷᠭᠡᠳᠭᠡᠵᠦ᠍᠂ ᠬᠠᠮᠲᠤᠷᠠᠯᠴᠠᠭᠠᠨ᠎ᠤ ᠵᠥᠪᠯᠡᠯᠴᠡᠭᠡᠷ᠎ᠢ ᠠᠯᠢ ᠲᠦᠷᠭᠡᠨ᠎ᠢᠶᠠᠷ ᠪᠣᠳᠠᠲᠠᠶ ᠲᠥᠷᠥᠯ ᠵᠦᠶ᠋ᠯ ᠪᠠ ᠢᠨᠵᠧᠨᠧᠷᠢᠩ᠎ᠤᠨ ᠲᠥᠯᠥᠪᠯᠡᠭᠡ᠎ᠶ᠋ᠢᠨ ᠬᠦᠰᠦᠨᠦᠭ᠌ᠲᠦ ᠪᠣᠯᠭᠠᠬᠤ ᠬᠡᠷᠡᠭ᠌ᠲᠡᠶ; ᠬᠤᠶᠠᠷ᠎ᠲᠤ᠂ ᠱᠢᠨ᠎ᠡ᠎ᠶ᠋ᠢ ᠡᠭᠦᠳᠬᠦ᠌ ᠤᠷᠤᠰᠭᠠᠯ᠎ᠤᠨ ᠲᠣᠯᠣᠭᠠᠢ᠎ᠶ᠋ᠢ ᠵᠣᠷᠢᠭ᠍ᠲᠠᠢ᠎ᠪᠠᠷ ᠪᠠᠢᠭᠤᠯᠵᠤ᠂ ᠮᠡᠷᠭᠡᠵᠢᠯ᠎ᠤᠨ ᠳᠠᠪᠲᠠᠯᠲᠠ᠎ᠶ᠋ᠢ ᠲᠠᠰᠤᠷᠠᠯᠲᠠ ᠦᠭᠡᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠲᠠᠪᠴᠠᠩ᠂ ᠤᠬᠠᠭ᠍ᠳᠠᠬᠤᠨ᠎ᠢ ᠱᠢᠯᠭᠠᠨ ᠪᠠᠲᠤᠯᠠᠬᠤ ᠲᠥᠪ᠎ᠢ ᠬᠠᠮᠲᠤ᠎ᠪᠠᠷ ᠪᠠᠢᠭᠤᠯᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ᠎ᠪᠠᠨ ᠴᠢᠩᠭᠠᠳᠭᠠᠨ᠎ᠠ; ᠭᠤᠷᠪᠠ᠎ᠳᠤ᠂ ᠠᠵᠤ ᠦᠢᠯᠡᠰ᠎ᠤᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠨᠡᠩ ᠤᠯᠠᠨ ᠳᠡᠭᠡᠳᠦ ᠳᠤᠤᠷᠠᠳᠤ ᠤᠷᠤᠰᠭᠠᠯ᠎ᠤᠨ ᠬᠠᠮᠲᠤᠷᠠᠯᠴᠠᠭᠠᠨ᠎ᠤ ᠬᠠᠨᠢᠲᠠᠨ᠎ᠢ ᠪᠠᠲᠤᠯᠠᠨ ᠲᠠᠨᠢᠯᠴᠠᠭᠤᠯᠵᠤ᠂ ᠲᠤᠰ ᠭᠠᠵᠠᠷ᠎ᠤᠨ ᠠᠵᠤ ᠠᠬᠤᠢᠯᠠᠯ᠎ᠯᠤᠭ᠎ᠠ ᠬᠠᠮᠵᠢᠯᠴᠠᠨ ᠢᠵᠢ ᠪᠦᠷᠢᠳᠦᠭᠦᠯᠬᠦ᠌᠎ᠪᠠᠨ ᠰᠠᠨᠠᠭᠠᠴᠢᠯᠠᠭ᠎ᠠ᠎ᠠᠴᠠ᠎ᠪᠠᠨ ᠴᠢᠩᠭᠠᠳᠭᠠᠬᠤ ᠬᠡᠷᠡᠭ᠌ᠲᠡᠢ᠃

  ᠡᠳᠡᠭᠡᠷ ᠰᠠᠨᠠᠭᠤᠯᠭ᠎ᠠ ᠨᠢ ᠠᠵᠤ ᠦᠢᠯᠡᠰ᠎ᠦᠨ ᠬᠥᠭᠵᠢᠯᠲᠡ᠎ᠶᠢᠨ ᠵᠠᠩᠭᠢᠯᠠᠭ᠎ᠠ᠎ᠶᠢᠨ ᠪᠣᠭᠣᠮᠢ᠎ᠶᠢ ᠰᠢᠭᠤᠳ ᠵᠢᠭᠠᠵᠤ ᠪᠠᠢᠨ᠎ᠠ᠃ ᠬᠡᠳᠦ᠋ᠢᠪᠡᠷ ᠲᠣᠯᠣᠭᠠᠢᠯᠠᠭ᠍ᠴᠢ ᠠᠵᠤ ᠠᠬᠤᠢᠯᠠᠯ ᠬᠤᠢᠨ᠎ᠠ ᠬᠤᠢᠨ᠎ᠠ᠎ᠠᠴᠠ᠎ᠪᠠᠨ ᠡᠷᠦᠬᠡ ᠠᠮᠠ ᠤᠷᠤᠭ᠍ᠰᠠᠨ ᠪᠣᠯᠪᠠᠴᠤ᠌ ᠲᠣᠰ ᠭᠠᠵᠠᠷ ᠣᠷᠣᠨ᠎ᠤ ᠢᠵᠢ ᠪᠦᠷᠢᠳᠦᠭᠦᠯᠬᠦ᠌ ᠴᠢᠳᠠᠪᠤᠷᠢ ᠮᠥᠨ ᠬᠦ᠌ ᠬᠦᠷᠦᠯᠴᠡᠬᠦ᠌ ᠦᠭᠡᠢ ᠪᠠᠢᠨ᠎ᠠ᠃ ᠣᠯᠠᠩᠭᠢ ᠭᠣᠣᠯ ᠲᠣᠨᠣᠭ ᠲᠥᠬᠥᠭᠡᠷᠦᠮᠵᠢ᠎ᠶ᠋ᠢ ᠮᠥᠨ ᠭᠠᠳᠠᠨ᠎ᠠ᠎ᠠᠴᠠ ᠬᠤᠳᠠᠯᠳᠤᠨ ᠠᠪᠬᠤ ᠬᠡᠷᠡᠭ᠌ᠲᠡᠢ ᠃ ᠲᠣᠰ ᠭᠠᠵᠠᠷ ᠣᠷᠣᠨ᠎ᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠱᠢᠰᠲ᠋ᠧᠮ᠎ᠢ ᠬᠡᠷᠬᠢᠨ ᠬᠥᠮᠦᠵᠢᠭᠦᠯᠵᠦ᠍᠂ 《 ᠰᠢᠭᠤᠳ ᠬᠣᠷᠰᠢᠯᠴᠠᠬᠤ ᠠᠵᠤ ᠠᠬᠤᠶ》 ᠎ᠶ᠋ᠢᠨ ᠬᠦᠴᠢᠷᠳᠡᠯ᠎ᠳᠤ ᠣᠷᠣᠬᠤ᠎ᠠᠴᠠ ᠵᠠᠢᠯᠠᠰᠭᠢᠵᠦ᠍᠂ ᠪᠠᠴᠢᠮ ᠱᠢᠢᠳᠪᠦᠷᠢᠯᠡᠬᠦ᠌ ᠴᠢᠬᠤᠯᠠᠲᠠᠶ ᠠᠰᠠᠭᠤᠳᠠᠯ ᠪᠣᠯᠵᠠᠢ᠃ ᠡᠭᠦᠨ᠎ᠦ ᠵᠡᠷᠭᠡ᠎ᠪᠡᠷ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠢᠭᠤᠯᠤᠯᠲᠠ ᠴᠤ᠌ ᠲᠤᠯᠭᠠᠮ᠎ᠠ ᠱᠠᠭᠠᠷᠳᠠᠭ᠍ᠳᠠᠵᠤ ᠪᠠᠢᠨ᠎ᠠ᠃ ᠬᠡᠳᠦᠢᠪᠡᠷ ᠡᠯ᠎ᠡ ᠠᠵᠤ ᠠᠬᠤᠢᠯᠠᠯ ᠴᠥᠮ ᠰᠤᠳᠤᠯᠤᠨ ᠨᠡᠭᠡᠭᠡᠬᠦ᠌ ᠣᠷᠣᠭᠤᠯᠤᠯᠲᠠ᠎ᠶᠢ ᠴᠢᠬᠤᠯᠠᠴᠢᠯᠠᠭ᠍ᠰᠠᠨ ᠪᠣᠯᠪᠠᠴᠤ᠌ ᠂ ᠪᠤᠭᠤᠲᠤ᠎ᠶᠢᠨ ᠰᠠᠭᠤᠷᠢᠨ ᠭᠠᠵᠠᠷ᠎ᠤ᠋ᠨ ᠦᠢᠯᠡᠳᠪᠦᠷᠢᠯᠡᠬᠦ᠌ ᠴᠢᠳᠠᠪᠤᠷᠢ᠎ᠶᠢᠨ ᠥᠷᠭᠡᠳᠭᠡᠯ ᠎ᠢᠶᠠᠷ ᠭᠣᠣᠯ ᠪᠣᠯᠭᠠᠵᠤ ᠂ ᠵᠢᠩᠬᠢᠨᠢ ᠤᠳᠭ᠎ᠠ ᠠᠭᠤᠯᠭ᠎ᠠ ᠳᠡᠭᠡᠷᠡᠬᠢ ᠣᠣᠭ᠋ᠠᠯ ᠡᠭᠦᠳᠦᠯᠲᠡ᠎ᠶᠢᠨ ᠴᠢᠨᠠᠷᠲᠠᠢ ᠰᠤᠳᠤᠯᠤᠨ ᠨᠡᠭᠡᠭᠡᠯᠲᠡ ᠨᠢ ᠬᠠᠷᠢᠴᠠᠩᠭᠤᠢ᠎ᠪᠠᠷ ᠳᠤᠲᠠᠮᠠᠭ ᠪᠠᠢᠨ᠎ᠠ᠃ ᠱᠢᠨ᠎ᠡ ᠡᠨᠧᠷᠭᠢ᠎ᠶ᠋ᠢᠨ ᠮᠡᠷᠭᠡᠵᠢᠯ ᠳᠠᠪᠬᠤᠴᠠᠭ᠍ᠰᠠᠨ ᠠᠬᠤᠶ ᠪᠠᠢᠳᠠᠯ ᠳᠣᠣᠷ᠎ᠠ᠂ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠤᠷᠢ᠎ᠨᠢ ᠦᠢᠯᠡᠳᠬᠦ᠌ ᠰᠠᠭᠤᠷᠢᠨ ᠭᠠᠵᠠᠷ᠎ᠲᠤ ᠴᠢᠬᠤᠯᠠ ᠴᠢᠨᠠᠷ᠎ᠨᠢ ᠲᠤᠪᠤᠢᠮ᠎ᠠ ᠪᠠᠢᠳᠠᠭ᠃

  ᠴᠢᠳᠠᠪᠤᠷᠢᠲᠠᠨ᠎ᠤ ᠨᠥᠭᠡᠴᠡ᠎ᠶ᠋ᠢᠨ ᠳᠤᠲᠠᠭᠤᠳᠠᠯ᠎ᠢ ᠴᠤ᠌ ᠤᠮᠳᠤᠭᠠᠢᠯᠠᠵᠤ ᠪᠣᠯᠬᠤ᠎ᠦᠭᠡᠢ᠃ 11 ᠠᠵᠤ ᠠᠬᠤᠢᠯᠠᠯ ᠪᠦᠬᠦᠨ᠎ᠢᠶᠠᠷ᠎ᠢᠶᠠᠨ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠶᠡᠭᠡ ᠬᠡᠮᠵᠢᠶᠡᠨ᠎ᠤ ᠮᠡᠷᠭᠡᠵᠢᠯ᠎ᠤᠨ ᠠᠵᠢᠯᠴᠢᠨ ᠬᠡᠷᠡᠭ᠌ᠰᠡᠨ᠎ᠡ᠂ ᠲᠤᠬᠠᠢ᠎ᠶ᠋ᠢᠨ ᠭᠠᠵᠠᠷ ᠭᠦᠢᠴᠡᠳ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠬᠠᠩᠭᠠᠵᠤ ᠳᠡᠢ᠌ᠯᠦᠨ᠎ᠡ ᠦᠦ ? ᠬᠡᠷᠪᠡ ᠭᠤᠤᠯᠳᠠᠭᠤ ᠭᠠᠳᠠᠷ ᠤᠷᠤᠨ᠎ᠠᠴᠠ ᠤᠷᠤᠭᠤᠯᠤᠨ ᠠᠪᠴᠢᠷᠠᠬᠤ᠎ᠳᠤ ᠲᠦᠱᠢᠭ᠌ᠯᠡᠵᠤ᠂ ᠠᠵᠤ ᠠᠬᠤᠢᠯᠠᠯ᠎ᠤᠨ ᠦᠪᠡᠷ᠎ᠤᠨ ᠦᠷᠳᠡᠭ᠎ᠢ ᠨᠡᠮᠡᠭ᠌ᠳᠡᠬᠦᠯᠬᠦ᠌᠎ᠪᠠᠷ ᠪᠠᠷᠠᠬᠤ ᠦᠭᠡᠢ ᠪᠠᠰᠠ ᠦᠷᠭᠦᠯᠵᠢᠯᠡᠭ᠌ᠰᠡᠨ ᠴᠢᠳᠠᠪᠤᠷᠢᠳᠠᠨ᠎ᠤ ᠬᠠᠩᠭᠠᠯᠭ᠎ᠠ᠎ᠶ᠋ᠢ ᠪᠦᠷᠢᠯᠳᠦᠬᠦᠯᠬᠦ᠌᠎ᠳᠤ ᠴᠤ᠌ ᠬᠦᠴᠢᠷ ᠶᠤᠮ᠃ ᠡᠭᠦᠨ᠎ᠦ ᠬᠠᠮᠲᠤ ᠂ ᠡᠯ᠎ᠡ ᠠᠵᠤ ᠠᠬᠤᠢᠯᠠᠯ ᠦᠢᠯᠡᠳᠪᠦᠷᠢᠯᠡᠬᠦ᠌ ᠴᠢᠳᠠᠪᠤᠷᠢ᠎ᠪᠠᠨ ᠲᠥᠯᠥᠪᠵᠢᠭᠦᠯᠬᠦ᠌᠎ᠳᠡᠭᠡᠨ ᠣᠳᠣᠬᠠᠨ᠎ᠤ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠲᠠᠶ ᠴᠤ᠌ ᠲᠡᠩᠴᠡᠭᠦᠷᠢᠲᠡᠶ ᠪᠠᠢᠯᠭᠠᠵᠤ ᠂ ᠳᠣᠤᠷ᠎ᠠ ᠬᠢᠷᠢ ᠬᠡᠮᠵᠢᠶ᠎ᠡ᠎ᠪᠡᠷ ᠳᠠᠪᠬᠤᠷᠳᠠᠭᠤᠯᠤᠨ ᠪᠦᠲᠦᠭᠡᠨ ᠪᠠᠢᠭᠤᠯᠬᠤ᠎ᠶ᠋ᠢ ᠰᠡᠷᠡᠮᠵᠢᠯᠡᠬᠦ᠌ ᠬᠡᠷᠡᠭ᠌ᠲᠡᠶ᠃ ᠶᠠᠷᠢᠯᠴᠠᠬᠤ ᠬᠤᠷᠠᠯ᠎ᠠᠴᠠ ᠴᠢᠬᠤᠯᠠᠴᠢᠯᠠᠭ᠍ᠰᠠᠨ᠎ᠨᠢ᠂ ᠪᠤᠭᠤᠲᠤ ᠬᠤᠲᠠ ᠵᠠᠰᠠᠭ ᠠᠵᠤ ᠠᠬᠤᠢᠯᠠᠯ᠎ᠤᠨ ᠪᠠᠢᠩᠭᠤᠵᠢᠭ᠍ᠰᠠᠨ ᠨᠡᠪᠲᠡᠷᠡᠯᠴᠡᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠠᠵᠤ ᠠᠬᠤᠢᠯᠠᠯ᠎ᠢ ᠢᠳᠡᠪᠬᠢᠲᠡᠶ ᠬᠠᠪᠰᠤᠷᠤᠨ ᠵᠠᠬᠢᠶᠠᠯᠠᠭ᠎ᠠ᠎ᠶ᠋ᠢᠨ ᠵᠠᠬ᠎ᠠ ᠳᠡᠯᠭᠡᠭᠦᠷ᠎ᠢ ᠡᠷᠢᠵᠦ᠍ ᠵᠠᠬ᠎ᠠ ᠳᠡᠯᠭᠡᠭᠦᠷ᠎ᠢ ᠥᠷᠭᠡᠳᠭᠡᠵᠦ᠍᠂ ᠠᠵᠤ ᠠᠬᠤᠢᠯᠠᠯ᠎ᠤᠨ ᠥᠪᠡᠷᠮᠢᠴᠡ ᠴᠢᠨᠠᠷᠲᠠᠶ ᠠᠰᠠᠭᠤᠳᠠᠯ ᠪᠠ ᠠᠵᠢᠯ ᠲᠥᠷᠥᠯ᠎ᠤᠨ ᠨᠡᠢᠲᠡᠯᠢᠭ ᠴᠢᠨᠠᠷᠲᠠᠶ ᠠᠰᠠᠭᠤᠳᠠᠯ᠎ᠢ ᠪᠥᠬᠦ᠌ ᠬᠦᠴᠦᠨ᠎ᠢᠶᠠᠷ᠎ᠢᠶᠠᠨ ᠱᠢᠢᠳᠪᠦᠷᠢᠯᠡᠵᠦ᠍᠂ 《ᠲᠠᠨ᠎ᠢ ᠰᠡᠳᠭᠢᠯ ᠬᠠᠨᠤᠮᠵᠢᠲᠠᠢ ᠪᠠᠢ᠌ᠯᠭ᠋ᠠᠬᠤ》 ᠠᠮᠠᠯᠠᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ᠎ᠠ᠃

  ᠲᠣᠰ ᠤᠳᠠᠭᠠᠨ᠎ᠤ ᠤᠯᠤᠰ ᠲᠥᠷᠥ᠍ ᠪᠠ ᠬᠤᠳᠠᠯᠳᠤᠭᠠᠨ᠎ᠤ ᠶᠠᠷᠢᠯᠴᠠᠬᠤ ᠬᠤᠷᠠᠯ ᠬᠤᠷᠠᠯᠳᠤᠭ᠍ᠰᠠᠨ᠎ᠨᠢ ᠪᠤᠭᠤᠲᠤ᠎ᠶ᠋ᠢᠨ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠶ᠋ᠯᠡᠳᠬᠦ᠌ ᠠᠵᠤ ᠦᠢᠯᠡᠰ᠎ᠤᠨ ᠬᠥᠭ᠌ᠵᠢᠯᠲᠡ ᠱᠢᠨ᠎ᠡ ᠱᠠᠲᠤᠨ᠎ᠳᠤ ᠣᠷᠣᠭ᠍ᠰᠠᠨ᠎ᠢ ᠬᠠᠷᠠᠭᠤᠯᠵᠤ ᠪᠠᠢᠨ᠎ᠠ᠃ ᠵᠠᠰᠠᠭ ᠠᠵᠤ ᠠᠬᠤᠢᠯᠠᠯ᠎ᠤᠨ ᠪᠠᠢᠩᠭᠤᠵᠢᠭ᠍ᠰᠠᠨ ᠨᠡᠪᠲᠡᠷᠡᠯᠴᠡᠬᠦ᠌ ᠲᠣᠭ᠍ᠲᠠᠴᠠ᠎ᠪᠠᠷ ᠳᠠᠮᠵᠢᠭᠤᠯᠤᠨ᠂ ᠪᠤᠭᠤᠲᠤ ᠬᠤᠲᠠ ᠶᠠᠭ ᠤᠯᠠᠮᠵᠢᠯᠠᠯᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠵᠤ ᠪᠠᠢᠭ᠍ᠰᠠᠨ᠎ᠠᠴᠠ ᠭᠦᠨᠵᠡᠭᠡᠶ ᠠᠵᠤ ᠦᠢᠯᠡᠰ᠎ᠤᠨ ᠠᠮᠢ ᠠᠬᠤᠶ᠎ᠶ᠋ᠢᠨ ᠪᠠᠢᠭᠤᠯᠤᠯᠲᠠ ᠲᠡᠢ᠌ᠰᠢ ᠬᠤᠪᠢᠷᠠᠭᠤᠯᠵᠤ ᠪᠠᠢᠨ᠎ᠠ᠃ ᠬᠡᠪᠴᠢᠶ᠎ᠡ ᠬᠢᠭᠡᠳ ᠦᠷ᠎ᠡ ᠠᠱᠢᠭ᠂ ᠣᠷᠣᠭᠤᠯᠤᠨ ᠠᠪᠴᠢᠷᠠᠬᠤ ᠪᠠ ᠪᠤᠢᠵᠢᠭᠤᠯᠬᠤ᠂ ᠦᠶ᠋ᠯᠡᠳᠬᠦ᠌ ᠪᠠ ᠱᠢᠨ᠎ᠡ᠎ᠶ᠋ᠢ ᠡᠭᠦᠳᠬᠦ᠌᠎ᠶ᠋ᠢᠨ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠵᠦ᠍᠂ ᠪᠤᠭᠤᠲᠤ ᠬᠤᠲᠠ ᠦᠷᠭᠦᠯᠵᠢᠯᠡᠨ ᠥᠷᠢᠰᠥᠯᠳᠦᠬᠦ᠌ ᠬᠦᠴᠦᠨ᠎ᠲᠠᠢ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠶ᠋ᠯᠡᠳᠬᠦ᠌ ᠰᠠᠭᠤᠷᠢᠨ ᠭᠠᠵᠠᠷ᠎ᠢ ᠦᠨᠡᠨ ᠬᠦ᠌ ᠪᠠᠢᠭᠤᠯᠵᠤ᠂ ᠳᠤᠮᠳᠠᠳᠤ ᠤᠯᠤᠰ᠎ᠤᠨ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠬᠤ ᠤᠷᠤᠰᠭᠠᠯ ᠳᠤᠮᠳᠠ ᠭᠠᠵᠠᠷ ᠣᠷᠣᠨ᠎ᠢ ᠡᠵᠡᠯᠡᠵᠦ᠍᠂ ᠱᠢᠨ᠎ᠡ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠶ᠋ᠯᠡᠳᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢ ᠨᠡᠭᠡᠭᠡᠬᠦ᠌ ᠪᠣᠯᠤᠨ᠎ᠠ᠃

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ• ᠲᠠᠯ᠎ᠠ ᠨᠤᠲᠤᠭ᠎ᠤᠨ ᠡᠭᠦᠯᠡ
          
ᠬᠠᠮᠢᠶ᠎ᠡ ᠪᠦᠬᠦᠢ ᠰᠣᠨᠢᠨ
 
            