ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠬᠤᠳᠠᠯᠳᠤᠭᠠᠨ᠎ᠤ ᠡᠵᠡᠩᠨᠡᠯᠲᠡ᠎ᠶ᠋ᠢᠨ ᠬᠡᠯᠪᠡᠷᠢ ᠪᠠᠢᠳᠠᠯ ᠪᠠ ᠱᠢᠨ᠎ᠡ ᠮᠠᠲ᠋ᠧᠷᠢᠶᠠᠯ᠎ᠳᠤ ᠠᠩᠬᠠᠷᠤᠯ᠎ᠢᠶᠠᠨ ᠲᠦᠪᠯᠡᠷᠡᠭᠦᠯᠵᠦ ᠣᠷᠳᠣᠰ ᠬᠤᠲᠠ᠎ᠶ᠋ᠢᠨ ᠳ᠋ᠦᠩᠱᠧᠩ ᠲᠣᠭᠤᠷᠢᠭ᠂ ᠵᠡᠭᠦᠨᠭᠠᠷ ᠬᠤᠱᠢᠭᠤᠨ᠎ᠤ ᠭᠤᠤᠯ ᠬᠠᠷᠢᠭᠤᠴᠠᠯᠭᠠᠲᠠᠨ ᠬᠠᠮᠢᠶ᠎ᠠ ᠪᠥᠬᠦᠶ ᠠᠵᠤ ᠠᠬᠤᠢᠯᠠᠯ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ
ᠨᠡᠶ᠋ᠢᠲᠡᠯᠡᠭᠰᠡᠨ ᠴᠠᠭ᠄ 2026-01-19

  1 ᠳ᠋ᠦ᠍ᠭᠡᠷ ᠰᠠᠷ᠎ᠠ᠎ᠶ᠋ᠢᠨ 16 ᠎ᠤ ᠡᠳᠤᠷ᠂ ᠳ᠋ᠦᠡᠭ᠌ᠱᠸᠡᠭ ᠲᠤᠭᠤᠷᠢᠭ᠎ᠤᠨ ᠨᠠᠮ᠎ᠤᠨ ᠬᠤᠷᠢᠶᠠᠨ᠎ᠤ ᠲᠡᠳ᠋ ᠱᠦᠵᠢ᠂ ᠲᠤᠭᠤᠷᠢᠭ᠎ᠤᠨ ᠲᠠᠷᠤᠭ᠎ᠠ ᠬᠠᠨ ᠲᠤᠤ ᠱᠢᠶᠠᠩᠭᠠᠩ᠎ᠤᠨ ᠲᠦᠩ ᠯᠦᠸᠧ ᠸᠠᠨ ᠪᠦᠯᠦᠭ᠌ᠯᠡᠯ᠎ᠤᠨ ᠭᠡᠷᠡᠭ ᠮᠡᠳᠡᠭ᠌ᠴᠢᠳ᠎ᠤᠨ ᠲᠤᠪᠴᠢᠶᠠᠨ᠎ᠤ ᠲᠡᠷᠢᠭᠦᠯᠡᠭ᠌ᠴᠢ ᠴᠧᠨ ᡁᠢ ᠨᠡᠷ᠎ᠲᠠᠢ ᠠᠭᠤᠯᠵᠠᠵᠤ᠂ ᠬᠤᠶᠠᠷ ᠲᠠᠯ᠎ᠠ᠎ᠪᠠᠷ᠎ᠢᠶᠠᠨ ᠬᠤᠳᠠᠯᠳᠤᠭᠠᠨ᠎ᠤ ᠬᠠᠮᠳᠤᠷᠠᠯᠴᠠᠭᠠᠨ᠎ᠤ ᠲᠤᠬᠠᠢ ᠰᠠᠨᠠᠯ᠎ᠢᠶᠠᠨ ᠭᠦᠨᠵᠡᠭᠡᠢ ᠰᠤᠯᠢᠯᠴᠠᠪᠠ᠃

  ᠬᠠᠨ ᠲᠤᠤ ᠴᠧᠨ ᡁᠢ ᠨᠡᠷ᠎ᠤᠨ ᠬᠦᠷᠦᠯᠴᠡᠨ ᠢᠷᠡᠭ᠌ᠰᠡᠨ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠬᠦ᠌᠎ᠶ᠋ᠢᠨ ᠬᠠᠮᠲᠤ ᠳ᠋ᠦᠩᠱᠧᠩ ᠲᠣᠭᠤᠷᠢᠭ᠎ᠤᠨ ᠣᠷᠣᠨ ᠪᠠᠢᠷᠢ᠎ᠶ᠋ᠢᠨ ᠳᠠᠪᠠᠭᠤᠯᠢᠭ᠂ ᠠᠵᠤ ᠦᠢᠯᠡᠰ᠎ᠤᠨ ᠰᠠᠭᠤᠷᠢ᠂ ᠡᠯᠧᠮᠧᠨ᠋ᠲ᠎ᠤᠨ ᠪᠠᠲᠤᠯᠠᠭ᠎ᠠ ᠪᠣᠯᠤᠨ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢ ᠲᠠᠨᠢᠯᠴᠠᠭᠤᠯᠪᠠ᠃ ᠲᠡᠷᠡ᠂ ᠳ᠋ᠦᠩᠱᠧᠩ ᠲᠣᠭᠤᠷᠢᠭ᠎ᠤᠨ᠎ᠬᠢᠨ ᠶᠠᠭ ᠤᠯᠠᠨ ᠡᠱᠢᠴᠢᠯᠡᠭ᠌ᠰᠡᠨ ᠬᠥᠭ᠌ᠵᠢᠯᠲᠡ᠂ ᠤᠯᠠᠨ ᠲᠦᠢᠯ᠎ᠢᠶᠠᠷ ᠲᠤᠯᠭᠠᠭᠤᠷᠢᠯᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠲᠦᠷᠭᠡᠨ ᠪᠠᠢᠭᠤᠯᠵᠤ᠂ ᠬᠤᠳᠠᠯᠳᠤᠭᠠᠨ᠎ᠤ ᠦᠢᠯᠡᠰ᠎ᠤᠨ ᠡᠵᠡᠩᠨᠡᠯᠲᠡ᠎ᠶ᠋ᠢᠨ ᠬᠡᠯᠪᠡᠷᠢ᠎ᠶ᠋ᠢᠨ ᠲᠡᠰ ᠳᠡᠪᠱᠢᠬᠦ᠌ ᠪᠠ ᠵᠦᠷᠢᠶᠡᠴᠢᠯᠡᠭ᠌ᠰᠡᠨ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠤᠨᠴᠠᠯᠢᠬ᠍ᠳᠤ ᠬᠡᠷᠡᠭ᠌ᠯᠡᠭᠡᠨ᠎ᠤ ᠪᠠᠢᠳᠠᠯ᠎ᠢ ᠭᠤᠣᠯᠳᠠᠯᠭ᠎ᠠ᠎ᠲᠠᠢ ᠡᠭᠦᠳᠴᠦ᠍᠂ ᠲᠦᠷᠦᠭᠦᠦ ᠳᠡᠯᠭᠡᠭᠦᠷ᠎ᠤᠨ ᠠᠵᠤ ᠠᠬᠤᠢ᠎ᠶ᠋ᠢ ᠪᠤᠢᠵᠢᠭᠤᠯᠵᠤ᠂ ᠬᠤᠳᠠ᠎ᠶ᠋ᠢᠨ ᠬᠤᠳᠠᠯᠳᠤᠭᠠᠨ᠎ᠤ ᠡᠨᠧᠷᠭᠢ᠎ᠶ᠋ᠢᠨ ᠲᠡᠰ ᠪᠣᠯᠤᠨ ᠲᠠᠲᠠᠬᠤ ᠬᠦᠴᠦᠨ᠎ᠢ ᠢᠳᠡᠪᠬᠢᠲᠡᠢ ᠳᠡᠭᠡᠭ᠌ᠰᠢᠯᠡᠭᠦᠯᠵᠦ᠍ ᠪᠠᠢᠨ᠎ᠠ᠃ ᠱᠢᠶᠠᠩᠭᠠᠩ᠎ᠤᠨ ᠲᠦᠩ ᠯᠦᠸᠧ ᠸᠠᠨ ᠪᠦᠯᠦᠭ᠌ᠯᠡᠯ᠎ᠨᠢ ᠠᠵᠢᠯ ᠦᠢᠯᠡᠰ᠎ᠤᠨ ᠲᠠᠯ᠎ᠠ᠎ᠶ᠋ᠢᠨ ᠨᠡᠷᠡᠳᠦ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠣᠳᠠᠲᠤ ᠬᠦᠴᠦᠨ᠎ᠢᠶᠠᠷ ᠴᠢᠩᠭ᠎ᠠ᠂ ᠡᠵᠡᠩᠨᠡᠯᠲᠡ᠎ᠶ᠋ᠢᠨ ᠲᠤᠷᠱᠢᠯᠭ᠎ᠠ᠎ᠪᠠᠷ ᠪᠠᠶᠠᠯᠢᠭ᠂ ᠳ᠋ᠦᠩᠱᠧᠩ ᠲᠣᠭᠤᠷᠢᠭ᠎ᠲᠠᠢ ᠬᠠᠮᠲᠤᠷᠠᠯᠴᠠᠬᠤ ᠠᠯᠤᠰ ᠢᠷᠡᠭᠡᠳᠦᠢ ᠥᠷᠭᠡᠨ ᠠᠭᠤᠳᠠᠮ ᠪᠠᠢᠨ᠎ᠠ᠃ ᠬᠤᠶᠠᠷ ᠲᠠᠯ᠎ᠠ᠎ᠪᠠᠷ᠎ᠢᠶᠠᠨ ᠵᠣᠯᠭᠠᠯᠴᠠᠭ᠎ᠠ᠎ᠪᠠᠨ ᠴᠢᠩᠭᠠᠳᠭᠠᠵᠤ᠂ ᠲᠤᠰ ᠲᠤᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠬᠤᠳᠠᠯᠳᠤᠭᠠᠨ᠎ᠤ ᠶᠡᠷᠦᠩᠬᠡᠢ ᠴᠣᠭ᠍ᠴᠠ᠎ᠶ᠋ᠢᠨ ᠪᠦᠳᠦᠭᠡᠨ ᠪᠠᠢᠭᠤᠯᠤᠯᠲᠠ᠂ ᠤᠯᠠᠮᠵᠢᠯᠠᠯᠲᠤ ᠬᠤᠳᠠᠯᠳᠤᠭᠠᠨ᠎ᠤ ᠲᠣᠭᠤᠷᠢᠭ᠎ᠢ ᠲᠡᠰ ᠳᠡᠪᠱᠢᠭᠦᠯᠬᠦ᠂ ᠤᠨᠴᠠᠯᠢᠬ᠍ᠳᠤ ᠬᠡᠷᠡᠭᠯᠡᠭᠡ᠎ᠶᠢᠨ ᠡᠵᠡᠩᠨᠡᠯᠲᠡ᠎ᠶ᠋ᠢᠨ ᠬᠡᠯᠪᠡᠷᠢ᠎ᠶ᠋ᠢ ᠪᠤᠢᠵᠢᠭᠤᠯᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠠᠷᠢᠯᠴᠠᠨ ᠠᠱᠢᠭ᠍ᠲᠠᠢ ᠬᠠᠮᠲᠤᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃

  ᠴᠧᠨ ᡁᠢ ᠪᠦᠯᠦᠭ᠌ᠯᠡᠯ᠎ᠤᠨ ᠬᠥᠭ᠌ᠵᠢᠯᠲᠡ᠎ᠶ᠋ᠢᠨ ᠶᠠᠪᠤᠴᠠ ᠪᠣᠯᠤᠨ ᠭᠤᠣᠯ ᠲᠤᠬᠠᠢᠯᠠᠭ᠍ᠰᠠᠨ ᠠᠵᠢᠯ᠎ᠢᠶᠠᠨ ᠲᠠᠨᠢᠯᠴᠠᠭᠤᠯᠪᠠ᠃ ᠲᠡᠷᠡ᠂ ᠳ᠋ᠦᠡᠭ᠌ᠱᠧᠩ᠎ᠤᠨ ᠤᠷᠤᠨ ᠪᠠᠢᠷᠢ᠎ᠶ᠋ᠢᠨ ᠲᠠᠪᠠᠭᠤᠯᠢᠭ ᠢᠯᠡᠷᠭᠡᠢ᠂ ᠬᠤᠳᠠᠯᠳᠤᠭᠠᠨ᠎ᠤ ᠦᠢᠯᠡᠰ᠎ᠤᠨ ᠲᠡᠰ ᠲᠡᠪᠱᠢᠬᠦᠯᠬᠦ᠌ ᠴᠢᠭ᠌ᠯᠡᠯ ᠲᠤᠳᠤᠷᠬᠠᠢ᠂ ᠬᠦᠭ᠌ᠵᠢᠯᠳᠠ᠎ᠶ᠋ᠢᠨ ᠬᠠᠨᠳᠤᠰᠢ ᠴᠢᠩᠭ᠎ᠠ ᠪᠠᠢᠵᠤ᠂ ᠪᠦᠯᠦᠭ᠌ᠯᠡᠯ᠎ᠤᠨ᠎ᠬᠢᠨ ᠳ᠋ᠦᠡᠭ᠌ᠱᠧᠩ᠎ᠤᠨ ᠬᠡᠷᠡᠭ᠌ᠯᠡᠭᠡ᠎ᠶ᠋ᠢᠨ ᠪᠠᠭ᠍ᠳᠠᠭᠠᠮᠵᠢ᠎ᠶ᠋ᠢ ᠦᠷᠭᠡᠳᠭᠡᠭᠦ᠌ ᠪᠠ ᠬᠤᠳᠠᠯᠳᠤᠭᠠᠨ᠎ᠤ ᠦᠢᠯᠡᠰ᠎ᠤᠨ ᠲᠡᠰ ᠲᠡᠪᠱᠢᠬᠦ᠌᠎ᠳᠤ ᠢᠳᠡᠭᠡᠯ ᠲᠡᠭᠦᠯᠳᠡᠷ ᠪᠠᠢᠵᠤ᠂ ᠲᠤᠰ ᠪᠡᠶ᠎ᠠ᠎ᠶ᠋ᠢᠨ ᠲᠠᠪᠠᠭᠤᠯᠢᠭ᠎ᠢᠶᠠᠨ ᠭᠦᠢᠴᠡᠳ ᠪᠠᠳᠠᠷᠠᠭᠤᠯᠤᠨ᠂ ᠤᠨᠴᠠᠯᠢᠬ᠍ᠳᠤ ᠬᠡᠷᠡᠭᠯᠡᠭᠡ᠎ᠶᠢᠨ ᠠᠬᠤᠢ ᠪᠠᠢᠳᠠᠯ᠎ᠢ ᠪᠤᠢ ᠪᠤᠯᠭᠠᠬᠤ᠂ ᠰᠤᠳᠤᠨ ᠲᠦᠷᠦᠯ ᠵᠦᠢᠯ᠎ᠢ ᠴᠤᠬ᠍ᠴᠠᠯᠠᠬᠤ ᠵᠡᠷᠭᠡ ᠲᠠᠯ᠎ᠠ᠎ᠪᠠᠷ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶ᠋ᠢ ᠢᠳᠡᠪᠬᠢᠳᠠᠢ ᠠᠬᠢᠭᠤᠯᠵᠤ᠂ ᠭᠠᠵᠠᠷ ᠤᠷᠤᠨ᠎ᠤ ᠠᠵᠤ ᠠᠬᠤᠢ ᠨᠡᠢᠭᠡᠮ᠎ᠤᠨ ᠴᠢᠨᠠᠷ ᠰᠠᠢᠳᠠᠢ ᠬᠦᠭ᠌ᠵᠢᠯᠳᠠ᠎ᠳᠤ ᠬᠦᠴᠦᠨ ᠨᠡᠮᠡᠷᠢᠯᠡᠨ᠎ᠠ ᠭᠡᠪᠡ᠃

  1 ᠳ᠋ᠦ᠍ᠭᠡᠷ ᠰᠠᠷ᠎ᠠ᠎ᠶ᠋ᠢᠨ 16 ᠎ᠤ ᠡᠳᠦᠷ᠂ ᠵᠡᠭᠦᠨᠭᠠᠷ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ ᠸᠠᠩ ᠭᠦᠸᠧ ᠴᠢᠤᠸᠠᠨ ᠪᠡᠭᠡᠵᠢᠩ᠎ᠤᠨ ᠴᠢᠳᠠᠪᠤᠷᠢᠲᠠᠨ᠎ᠤ ᠲᠥᠪ᠎ᠤᠨ ᠨᠠᠷᠢᠨ ᠪᠢᠴᠢᠭ᠎ᠤᠨ ᠳᠠᠷᠤᠭ᠎ᠠ ᠶᠤᠸᠠᠢ ᠸᠧᠨ ᠬᠤᠤ᠂ ᠶᠠ ᠽᠧ ᠱ᠌ᠢ ᠶᠢᠩ ᠮᠠᠲ᠋ᠧᠷᠢᠶᠠᠯ᠎ᠤᠨ ᠺᠣᠮᠫᠠᠨᠢ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠭᠤᠤᠯᠯᠠᠨ ᠬᠠᠮᠢᠶᠠᠷᠤᠭ᠍ᠴᠢ ᠼᠤᠤ ᠶᠤᠸᠠᠨ ᠨᠠᠷ᠎ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠥᠭᠡᠬᠦᠨ ᠴᠢᠯᠠᠭᠤᠨ ᠱᠢᠨ᠎ᠡ ᠮᠠᠲ᠋ᠧᠷᠢᠶᠠᠯ᠎ᠤᠨ ᠲᠦᠷᠦᠯ ᠵᠦᠢᠯ᠎ᠢ ᠨᠠᠢᠳᠠᠪᠤᠷᠢᠵᠢᠭᠤᠯᠬᠤ᠂ ᠠᠵᠤ ᠦᠢᠯᠡᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠵᠡᠷᠭᠡ ᠶᠠᠪᠤᠳᠠᠯ᠎ᠤᠨ ᠲᠣᠭᠤᠷᠢᠨ᠎ᠳᠤ ᠰᠠᠨᠠᠯ᠎ᠢᠶᠠᠨ ᠭᠦᠨᠵᠡᠭᠡᠢ ᠰᠣᠯᠢᠯᠴᠠᠪᠠ᠃ ᠬᠤᠱᠢᠭᠤᠨ᠎ᠤ ᠤᠳᠤᠷᠢᠳᠤᠯᠭ᠎ᠠ ᠡᠤ ᠱᠢᠤᠢ ᠳ᠋ᠦᠩ᠂ ᠸᠠᠩ ᠮᠢᠨ ᠵᠢᠴᠢ ᠬᠤᠱᠢᠭᠤᠨ᠎ᠤ ᠱᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠣᠷᠣᠯᠴᠠᠵᠠᠶ᠃

  ᠶᠠᠷᠢᠯᠴᠠᠬᠤ ᠬᠤᠷᠠᠯ ᠳᠡᠭᠡᠷ᠎ᠡ᠂ ᠶᠤᠸᠠᠢ ᠸᠧᠨ ᠬᠤᠤ᠂ ᠼᠤᠤ ᠶᠤᠸᠠᠨ ᠠᠵᠤ ᠠᠬᠤᠢᠯᠠᠯ᠎ᠤᠨ ᠦᠨᠳᠦᠰᠦᠨ ᠪᠠᠢᠳᠠᠯ ᠪᠣᠯᠤᠨ ᠥᠭᠡᠬᠦᠨ ᠴᠢᠯᠠᠭᠤᠨ ᠱᠢᠨ᠎ᠡ ᠮᠠᠲ᠋ᠧᠷᠢᠶᠠᠯ᠎ᠤᠨ ᠲᠦᠷᠦᠯ ᠵᠦᠢᠯ᠎ᠤᠨ ᠲᠥᠯᠥᠪᠵᠢᠭᠦᠯᠭᠡ᠎ᠶ᠋ᠢᠨ ᠲᠥᠰᠦᠪᠯᠡᠯ᠂ ᠦᠢᠯᠡᠳᠪᠦᠷᠢᠯᠡᠯ᠎ᠤᠨ ᠤᠷ᠎ᠠ ᠮᠡᠷᠭᠡᠱᠢᠯ᠂ ᠦᠢᠯᠡᠳᠬᠦᠨ᠎ᠤ ᠦᠷᠳᠡᠭ᠎ᠤᠨ ᠵᠢᠱ᠌ᠢᠭ᠌ᠰᠡᠨ ᠦᠷ᠎ᠡ ᠠᠱᠢᠭ᠂ ᠵᠠᠬ᠎ᠠ ᠳᠡᠯᠭᠡᠭᠦᠷ᠎ᠤᠨ ᠠᠯᠤᠰ ᠢᠷᠡᠭᠡᠳᠦᠢ ᠵᠢᠴᠢ ᠬᠤᠪᠢ᠎ᠶ᠋ᠢᠨ ᠲᠤᠭ᠎ᠠ᠎ᠶ᠋ᠢᠨ ᠡᠵᠡᠯᠡᠬᠦ᠌ ᠬᠠᠷᠢᠴᠠᠯ ᠵᠡᠷᠭᠡ ᠪᠠᠢᠳᠠᠯ᠎ᠢ ᠲᠠᠨᠢᠯᠴᠠᠭᠤᠯᠵᠤ᠂ ᠵᠡᠭᠦᠨᠭᠠᠷ ᠬᠤᠱᠢᠭᠤᠨ᠎ᠤ ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠨᠳᠤᠰᠢ ᠪᠣᠯᠤᠨ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢ ᠮᠡᠳᠡᠷᠡᠵᠦ᠍ ᠪᠠᠢᠬᠤ᠎ᠪᠠᠨ ᠢᠯᠡᠳᠭᠡᠵᠦ᠍᠂ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠂ ᠵᠡᠭᠦᠨᠭᠠᠷ ᠬᠤᠱᠢᠭᠤᠨ᠎ᠳᠤ ᠪᠡᠯᠡ ᠣᠷᠣᠭᠤᠯᠤᠨ ᠪᠦᠳᠦᠭᠡᠨ ᠪᠠᠢᠭᠤᠯᠬᠤ ᠬᠦᠰᠡᠯ ᠡᠷᠡᠮᠡᠯᠵᠡᠯ᠎ᠢᠶᠠᠨ ᠢᠯᠡᠳᠭᠡᠵᠡᠢ᠃

  ᠬᠤᠷᠠᠯ᠎ᠳᠤ ᠣᠷᠣᠯᠴᠠᠭ᠍ᠰᠠᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠠᠵᠤ ᠠᠬᠤᠢᠯᠠᠯ᠎ᠤᠨ ᠠᠩᠬᠠᠷᠴᠤ᠌ ᠪᠠᠢᠭ᠎ᠠ ᠡᠯ᠎ᠡ ᠵᠦᠢᠯ᠎ᠤᠨ ᠡᠯᠧᠮᠧᠨ᠋ᠲ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠤᠬᠠᠢ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠲᠦᠷᠦ᠍᠎ᠶ᠋ᠢᠨ ᠪᠤᠳᠤᠯᠭ᠎ᠠ ᠪᠣᠯᠤᠨ ᠠᠵᠤ ᠠᠬᠤᠢᠯᠠᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠵᠤ᠂ ᠨᠢᠭᠡᠳ ᠨᠢᠭᠡ᠎ᠪᠠᠷ ᠬᠠᠨᠳᠤᠯᠭᠠᠲᠤ ᠴᠢᠨᠠᠷᠲᠠᠢ᠎ᠪᠠᠷ ᠲᠠᠢᠯᠪᠤᠷᠢᠯᠠᠵᠤ ᠲᠣᠳᠣᠷᠬᠠᠢᠯᠠᠯᠲᠠ ᠬᠢᠪᠡ᠃ ᠸᠠᠩ ᠭᠦᠸᠧ ᠴᠢᠤᠸᠠᠨ ᠲᠥᠷᠥᠯ ᠵᠦᠶ᠋ᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠂ ᠪᠥᠬᠦ᠌ ᠠᠵᠤ ᠦᠶ᠋ᠯᠡᠰ᠎ᠤᠨ ᠬᠡᠯᠬᠢᠶ᠎ᠡ᠎ᠶ᠋ᠢ ᠪᠠᠢᠭᠤᠯᠬᠤ᠂ ᠦᠶ᠋ᠯᠡᠴᠢᠯᠡᠭᠡᠨ᠎ᠤ ᠤᠬᠠᠮᠰᠠᠷ᠎ᠢᠶᠠᠨ ᠴᠢᠩᠭᠠᠳᠭᠠᠬᠤ᠂ ᠡᠯᠧᠮᠧᠨ᠋ᠲ᠎ᠤᠨ ᠪᠠᠲᠤᠯᠠᠭ᠎ᠠ᠎ᠶ᠋ᠢ ᠴᠢᠩᠭᠠᠳᠭᠠᠬᠤ᠂ ᠦᠶ᠋ᠯᠡᠳᠬᠦᠨ᠎ᠤ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠴᠢᠬᠤᠯᠠᠴᠢᠯᠠᠵᠤ᠂ ᠡᠴᠦᠰ᠎ᠲᠤ ᠬᠤᠶᠠᠷ ᠲᠠᠯ᠎ᠠ᠎ᠶ᠋ᠢᠨ ᠬᠠᠮᠲᠤᠷᠠᠯᠴᠠᠭ᠎ᠠ ᠬᠢᠬᠦ᠌ ᠲᠤᠬᠠᠶ ᠬᠦᠰᠡᠯ ᠱᠠᠭᠠᠷᠳᠠᠯᠭ᠎ᠠ ᠳᠤᠷᠠᠳᠪᠠ᠃

 

ᠢᠷᠡᠯᠲᠡ᠄ ᠳ᠋ᠦᠩᠱᠧᠩ᠎ᠤᠨ ᠨᠡᠢᠳᠡᠯᠡᠯ᠂ ᠵᠡᠬᠦᠨᠭᠠᠷ ᠬᠤᠱᠢᠭᠤᠨ᠎ᠤ ᠨᠡᠢᠳᠡᠯᠡᠯ
          
ᠬᠠᠮᠢᠶ᠎ᠡ ᠪᠦᠬᠦᠢ ᠰᠣᠨᠢᠨ
 
            