ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠢᠮᠠᠭ ᠬᠤᠲᠠ᠎ᠶ᠋ᠢᠨ ᠬᠦᠳᠡᠯᠦᠩᠭᠦᠢ ᠪᠠᠢᠳᠠᠯ — ᠲᠦᠩᠯᠢᠶᠣᠤ ᠬᠤᠲᠠ ᠮᠢᠩᠭᠠᠨ ᠳ᠋ᠦᠩᠱᠢᠭᠤᠷ ᠱᠢᠬᠠᠮ ᠲᠠᠰ᠎ᠤᠨ ᠠᠵᠤ ᠦᠶ᠋ᠯᠡᠰ᠎ᠤᠨ ᠪᠠᠯᠠ ᠣᠷᠣᠭᠤᠯᠤᠯᠲᠠ᠎ᠶ᠋ᠢ ᠠᠮᠵᠢᠯᠲᠠ᠎ᠲᠠᠢ᠎ᠪᠠᠷ ᠳᠠᠢᠴᠢᠯᠠᠨ ᠨᠠᠢᠳᠠᠪᠤᠷᠢᠵᠢᠭᠤᠯᠪᠠ
ᠨᠡᠶ᠋ᠢᠲᠡᠯᠡᠭᠰᠡᠨ ᠴᠠᠭ᠄ 2026-01-27

  ᠣᠢᠷ᠎ᠠ᠎ᠶᠢᠨ ᠵᠢᠯ᠎ᠳᠦ᠂ ᠲᠦᠩᠯᠢᠶᠣᠣ ᠬᠣᠲᠠ ᠨᠣᠭᠣᠭᠠᠨ ᠡᠨᠧᠷᠭᠢ᠎ᠶᠢ ᠠᠵᠤ ᠦᠢᠯᠡᠰ᠎ᠲᠠᠢ ᠬᠠᠮᠵᠢᠯᠴᠠᠭᠤᠯᠤᠨ ᠨᠡᠭᠡᠭᠡᠨ ᠬᠥᠭᠵᠢᠭᠦᠯᠬᠦ᠎ᠶᠢ ᠪᠠᠷᠢᠮᠲᠠᠯᠠᠵᠤ᠂ ᠨᠣᠭᠣᠭᠠᠨ ᠴᠠᠬᠢᠯᠭᠠᠨ᠎ᠢᠶᠠᠷ ᠣᠷᠣᠯᠠᠭᠤᠯᠬᠤ᠎ᠶᠢ ᠢᠳᠡᠪᠬᠢᠲᠡᠢ᠎ᠪᠡᠷ ᠬᠡᠷᠡᠭᠵᠢᠭᠦᠯᠵᠦ 《ᠨᠣᠭᠣᠭᠠᠨ ᠴᠠᠬᠢᠯᠭᠠᠨ᠎ᠤ ᠥᠨᠳᠥᠷ ᠭᠠᠵᠠᠷ》 ᠂ 《ᠴᠠᠬᠢᠯᠭᠠᠨ᠎ᠤ ᠦᠨ᠎ᠡ᠎ᠶᠢᠨ ᠬᠣᠲᠣᠭᠣᠷ ᠭᠠᠵᠠᠷ》᠎ᠢ ᠪᠤᠶ ᠪᠣᠯᠭᠠᠵᠤ᠂ 《ᠴᠠᠬᠢᠯᠭᠠᠨ᠎ᠤ ᠦᠨ᠎ᠡ ᠎ᠶᠢᠨ ᠰᠡᠷᠭᠡᠭ ᠬᠡᠯᠪᠡᠷᠢ᠂ ᠨᠤᠭᠤᠭ᠋ᠠᠨ ᠴᠠᠬᠢᠯᠭᠠᠨ᠎ᠳᠤ ᠣᠨᠴᠠ ᠳᠤᠷᠠᠲᠠᠢ ᠬᠡᠯᠪᠡᠷᠢ᠂ ᠭᠠᠳᠠᠭᠠᠳᠤ᠎ᠳᠤ ᠭᠠᠷᠭᠠᠬᠤ᠎ᠳᠤ ᠲᠦᠰᠢᠭᠯᠡᠬᠦ ᠬᠡᠯᠪᠡᠷᠢ》᠎ᠶᠢᠨ ᠠᠵᠤ ᠠᠬᠤᠢᠯᠠᠯ᠎ᠢ ᠲᠡᠳᠡᠨ ᠨᠤᠲᠤᠭᠰᠢᠭᠤᠯᠵᠤ᠂ ᠨᠤᠭᠤᠭ᠋ᠠᠨ ᠴᠠᠬᠢᠯᠭᠠᠨ᠎ᠤ ᠬᠥᠩᠭᠡᠨ ᠴᠠᠭᠠᠨ᠂ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠦᠭᠡᠷᠦᠮᠵᠢ ᠦᠢᠯᠡᠳᠬᠦ᠂ ᠬᠥᠩᠭᠡᠨ ᠴᠠᠭᠠᠨ ᠨᠢᠺᠸᠯ ᠴᠠᠬᠢᠭᠤᠷ᠎ᠤᠨ ᠰᠢᠨ᠎ᠡ ᠮᠠᠲᠧᠷᠢᠶᠠᠯ ᠪᠠ ᠡᠷᠳᠡᠨᠢ ᠰᠢᠰᠢ᠎ᠶᠢᠨ ᠨᠡᠢᠯᠡᠮᠡᠯ ᠠᠮᠢᠳᠤ ᠪᠣᠳᠠᠰ ᠵᠡᠷᠭᠡ ᠨᠢᠭᠡ ᠪᠦᠯᠦᠭ ᠴᠢᠨᠠᠷ ᠰᠠᠢᠲᠠᠢ ᠠᠵᠤ ᠦᠢᠯᠡᠰ᠎ᠦᠨ ᠪᠦᠯᠦᠭᠵᠢᠯ᠎ᠢ ᠪᠣᠢᠵᠢᠭᠤᠯᠤᠨ᠂ 《ᠨᠤᠭᠤᠭ᠋ᠠᠨ ᠴᠠᠬᠢᠯᠭᠠᠨ᠎ᠢᠶᠠᠷ ᠲᠥᠷᠥᠯ ᠵᠦᠢᠯ ᠲᠠᠲᠠᠬᠤ — ᠲᠥᠷᠥᠯ ᠵᠦᠢᠯ᠎ᠢᠶᠡᠷ ᠠᠵᠤ ᠦᠢᠯᠡᠰ᠎ᠢ ᠳᠠᠢᠴᠢᠯᠠᠬᠤ — ᠠᠵᠤ ᠦᠢᠯᠡᠰ᠎ᠢᠶᠡᠷ ᠪᠣᠬᠢᠷᠲᠤᠯ ᠦᠭᠡᠢ ᠴᠠᠬᠢᠯᠭᠠᠨ᠎ᠢ ᠠᠬᠢᠭᠤᠯᠬᠤ 》 ᠰᠠᠢᠨ ᠣᠷᠴᠢᠯ᠎ᠢ ᠪᠠᠢᠭᠤᠯᠵᠤ᠂ ᠮᠢᠩᠭᠠᠨ ᠳ᠋ᠦᠩᠰᠢᠭᠤᠷ ᠰᠢᠬᠠᠮ ᠲᠠᠰ᠎ᠤᠨ ᠠᠵᠤ ᠦᠢᠯᠡᠰ᠎ᠦᠨ ᠪᠡᠯᠡ ᠣᠷᠣᠭᠤᠯᠤᠯᠲᠠ᠎ᠶᠢ ᠠᠮᠵᠢᠯᠲᠠ᠎ᠲᠠᠢ᠎ᠪᠠᠷ ᠨᠠᠢᠳᠠᠪᠤᠷᠢᠵᠢᠭᠤᠯᠪᠠ᠃ 

  ᠲᠦᠩᠯᠢᠶᠣᠤ ᠬᠤᠲᠠ᠎ᠶ᠋ᠢᠨ ᠨᠤᠭᠤᠭ᠋ᠠᠨ ᠡᠨᠧᠷᠭᠢ ᠡᠯᠪᠡᠭ᠂ ᠰᠠᠯᠬᠢ ᠭᠡᠷᠡᠯ ᠬᠢᠵᠠᠭᠠᠯᠠᠰᠢ ᠥᠬᠡᠶ ᠪᠠᠢᠵᠤ᠂ ᠤᠯᠤᠰ᠎ᠤᠨ ᠰᠠᠯᠬᠢᠨ᠎ᠤ ᠡᠨᠧᠷᠭᠢ᠂ ᠨᠡᠷᠡᠨ᠎ᠤ ᠡᠨᠧᠷᠭᠢ᠎ᠶ᠋ᠢᠨ ᠬᠤᠶᠠᠳᠤᠭᠠᠷ ᠲᠥᠷᠥᠯ᠎ᠤᠨ ᠡᠬᠢ ᠪᠠᠶᠠᠯᠢᠭ᠎ᠤᠨ ᠣᠷᠣᠨ ᠪᠣᠯᠤᠨ᠎ᠠ᠂ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠤ ᠮᠠᠱᠢᠨ ᠴᠣᠭ᠍ᠴᠠᠯᠠᠪᠤᠷᠢ 1600 ᠲᠦᠮᠡᠨ ᠺᠢᠯᠣᠸᠠᠲ᠂ ᠴᠠᠬᠢᠯᠭᠠᠨ ᠬᠦᠴᠦᠨ᠎ᠤ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ 63 % ᠎ᠶ᠋ᠢ ᠡᠵᠡᠯᠡᠵᠦ᠍᠂ ᠨᠡᠭᠡᠭᠡᠨ ᠬᠥᠭᠵᠢᠭᠦᠯᠬᠦ᠎ᠪᠡᠷ ᠪᠠᠢᠭ᠎ᠠ ᠰᠠᠯᠬᠢ ᠭᠡᠷᠡᠯ᠎ᠦᠨ ᠡᠬᠢ ᠪᠠᠶᠠᠯᠢᠭ᠋᠎ᠤᠨ ᠦᠯᠡᠳᠡᠪᠦᠷᠢ ᠬᠡᠮᠵᠢᠶ᠎ᠡ 4000 ᠲᠦᠮᠡᠨ ᠺᠢᠯᠣᠸᠠᠲ᠎ᠲᠤ ᠬᠦᠷᠴᠦ᠂ ᠠᠵᠤ ᠦᠢᠯᠡᠳᠪᠦᠷᠢ᠎ᠶᠢᠨ ᠶᠡᠷᠦᠩᠬᠡᠢᠯᠡᠭᠰᠡᠨ ᠡᠷᠦᠬᠡ᠎ᠳᠦ ᠬᠦᠷᠭᠡᠬᠦ ᠴᠠᠬᠢᠯᠭᠠᠨ᠎ᠤ ᠦᠨ᠎ᠡ ᠬᠠᠮᠤᠭ ᠳᠣᠣᠷ᠎ᠠ᠎ᠳᠠᠭᠠᠨ ᠭᠷᠡᠳᠦ᠋ᠰ ᠪᠦᠷᠢ᠎ᠳᠦ 3 ᠵᠢᠶᠤᠤ 6 ᠹᠦᠨ᠎ᠳᠦ ᠬᠦᠷᠴᠦ᠂ ᠥᠨᠳᠥᠷ ᠨᠣᠭᠣᠭᠠᠨ ᠴᠠᠬᠢᠯᠭᠠᠨ ᠪᠠ ᠳᠣᠣᠷ᠎ᠠ ᠴᠠᠬᠢᠯᠭᠠᠨ᠎ᠤ ᠦᠨ᠎ᠡ ᠵᠡᠷᠭᠡ ᠳᠠᠪᠬᠤᠷ ᠳᠠᠪᠠᠭᠤᠯᠢᠭ᠋᠎ᠲᠠᠢ ᠪᠣᠯᠪᠠ᠃ 

  《ᠠᠷᠪᠠᠨ ᠲᠠᠪᠤᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠲᠦᠩᠯᠢᠶᠣᠣ ᠬᠤᠳᠠ᠎ᠶᠢᠨ ᠬᠢᠨ ᠭᠤᠷᠪᠠᠨ ᠠᠵᠤ ᠦᠢᠯᠡᠰ᠎ᠢ ᠭᠣᠣᠯᠳᠠᠯᠭ᠎ᠠ᠎ᠲᠠᠢ ᠬᠠᠷᠠᠭᠠᠯᠠᠵᠤ ᠬᠦᠴᠦᠯᠡᠬᠦ ᠪᠣᠯᠣᠨ᠎ᠠ᠄ 

  ᠨᠢᠭᠡ᠎ᠳᠤ᠂ ᠬᠦᠨᠳᠦ ᠬᠡᠯᠪᠡᠷᠢ᠎ᠶ᠋ᠢᠨ ᠲᠣᠨᠣᠭ᠍ᠯᠠᠯ ᠦᠢᠯᠡᠳᠬᠦ᠌ ᠰᠠᠭᠤᠷᠢᠨ ᠭᠠᠵᠠᠷ᠎ᠢ ᠬᠦᠴᠦᠯᠡᠨ ᠪᠠᠢᠭᠤᠯᠤᠨ᠎ᠠ᠃ ᠲᠤᠰ ᠬᠣᠲᠠ ᠨᠢ 360 ᠳ᠋ᠦᠩᠰᠢᠭᠤᠷ ᠲᠥᠭᠥᠷᠢᠭ᠎ᠦ᠋ᠨ ᠪᠡᠯᠡ ᠣᠷᠣᠭᠤᠯᠵᠤ᠂ 1.2 ᠲᠦᠮᠡᠨ ᠮᠦ᠍ ᠡᠵᠡᠯᠡᠬᠦ᠌ ᠳᠡᠭᠡᠳᠦ ᠳᠡᠰ᠎ᠦ᠋ᠨ ᠬᠦᠨᠳᠦ ᠬᠡᠯᠪᠡᠷᠢ᠎ᠶᠢᠨ ᠰᠠᠭᠤᠷᠢ ᠲᠣᠨᠣᠭ ᠲᠥᠬᠥᠭᠡᠷᠦᠮᠵᠢ ᠦᠢᠯᠡᠳᠬᠦ᠌ ᠠᠵᠤ ᠦᠢᠯᠡᠰ᠎ᠦ᠋ᠨ ᠪᠦᠯᠦᠭ᠌ᠯᠡᠯ᠎ᠢ᠋ ᠲᠥᠯᠥᠪᠵᠢᠭᠦᠯᠦᠨ ᠪᠠᠢᠭᠤᠯᠵᠤ᠂ ᠵᠢᠯ᠎ᠳ᠋ᠦ᠍ 2000 ᠢᠵᠢ ᠭᠣᠣᠯ ᠮᠠᠰᠢᠨ᠂ 1180 ᠢᠵᠢ ᠨᠠᠪᠴᠢᠨ ᠢᠯᠳᠠᠰᠦ᠂ 1900 ᠢᠵᠢ ᠰᠤᠪᠤᠷᠭ᠋ᠠᠨ ᠬᠤᠭᠤᠯᠠᠢ ᠪᠠ 2500 ᠢᠵᠢ ᠨᠢᠰᠭᠡᠯ᠎ᠦᠨ ᠥᠷᠥᠭᠡᠨ᠎ᠦ᠌ ᠪᠦᠷᠬᠦᠭᠦᠯ ᠦᠢᠯᠡᠳᠪᠦᠷᠢᠯᠡᠬᠦ᠌ ᠴᠢᠳᠠᠪᠤᠷᠢ᠎ᠶᠢ ᠪᠦᠷᠢᠯᠳᠦᠭᠦᠯᠵᠦ᠍᠂ 85% ᠎ᠤ᠋ ᠰᠠᠯᠬᠢᠨ ᠬᠦᠴᠦᠨ᠎ᠦ᠌ ᠴᠠᠬᠢᠯᠭᠠᠨ᠎ᠤ᠋ ᠰᠠᠭᠤᠷᠢ ᠲᠣᠨᠣᠭ᠎ᠢ᠋ ᠳᠣᠲᠣᠭᠠᠳᠤ ᠳ᠋ᠠᠭᠠᠨ ᠰᠢᠭᠤᠳ ᠬᠠᠩᠭᠠᠬᠤ᠎ᠶᠢ ᠦᠨᠳᠦᠰᠦᠨ᠎ᠳ᠋ᠡᠭᠡᠨ ᠪᠡᠶᠡᠯᠡᠭᠦᠯᠪᠡ᠃

  ᠬᠤᠶᠠᠷ᠎ᠲᠤ᠌᠂ ᠤᠰᠤᠲᠥ᠋ᠷᠥᠭᠴᠢ᠎ᠪᠡᠷ ᠰᠠᠭᠤᠷᠢ ᠪᠣᠯᠭᠠᠭᠰᠠᠨ ᠨᠤᠭᠤᠭ᠋ᠠᠨ ᠲᠦᠯᠡᠰᠢ᠎ᠶᠢᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠦᠢᠯᠡᠰ᠎ᠢ ᠬᠦᠴᠦᠯᠡᠨ ᠪᠤᠢ ᠪᠣᠯᠭᠠᠨ᠎ᠠ᠃ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠪᠦᠦ ᠯᠦᠩ ᠱᠠᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠢᠶᠠᠷ ᠲᠦᠱᠢᠭ ᠪᠣᠯᠭᠠᠵᠤ᠂ ᠵᠠᠭᠤᠨ ᠲᠦᠮᠡᠨ ᠲᠣᠨ᠎ᠤ ᠲᠠᠰ᠎ᠤᠨ ᠪᠣᠬᠢᠷᠲᠤᠯ ᠥᠬᠡᠶ ᠤᠰᠤᠲᠥ᠋ᠷᠥᠭ᠌ᠴᠢᠲᠤ ᠲᠦᠯᠡᠰᠢ᠎ᠶ᠋ᠢᠨ ᠠᠵᠤ ᠦᠢᠯᠡᠰ᠎ᠤᠨ ᠬᠦᠷᠢᠶᠡᠯᠡᠩ᠎ᠢ ᠪᠤᠢᠵᠢᠭᠤᠯᠵᠤ᠂ 《ᠨᠣᠭᠤᠭᠠᠨ ᠴᠠᠬᠢᠯᠭᠠᠨ — ᠨᠣᠭᠤᠭᠠᠨ ᠤᠰᠤᠲᠥ᠋ᠷᠥᠭ᠌ᠴᠢ — ᠨᠣᠭᠤᠭᠠᠨ ᠲᠦᠯᠡᠰᠢ》 ᠎ᠶ᠋ᠢ ᠬᠤᠪᠢᠷᠠᠭᠤᠯᠬᠤ᠎ᠶ᠋ᠢ ᠠᠬᠢᠭᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠤᠮᠠᠷᠠᠲᠤ᠎ᠶ᠋ᠢᠨ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠬᠤ ᠥᠯᠢᠭᠡᠷ ᠬᠡᠪ᠎ᠢ ᠪᠦᠷᠢᠯᠳᠦᠭᠦᠯᠦᠨ᠎ᠡ᠃

  ᠭᠤᠷᠪᠠ᠎ᠳᠤ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠪᠣᠬᠢᠷᠲᠤᠯ ᠦᠭᠡᠢ ᠪᠤᠳᠤᠬᠤ ᠬᠦᠴᠦᠨ᠎ᠤ ᠠᠵᠤ ᠦᠢᠯᠡᠰ᠎ᠤᠨ ᠪᠦᠯᠦᠭᠵᠢᠯ᠎ᠢ ᠬᠦᠴᠦᠯᠡᠨ ᠪᠠᠢᠭᠤᠯᠤᠨ᠎ᠠ᠃ ᠲᠦᠩᠯᠢᠶᠣᠣ ᠬᠣᠲᠠ ᠨᠢ 《 ᠨᠢᠭᠡ ᠴᠦᠮ᠎ᠡ ᠨᠢᠭᠡ ᠴᠡᠭ》 ᠪᠣᠬᠢᠷᠲᠤᠯ ᠥᠬᠡᠢ ᠪᠣᠳᠣᠬᠤ ᠬᠦᠴᠦᠨ᠎ᠦ᠌ ᠠᠵᠤ ᠦᠢᠯᠡᠰ᠎ᠦ᠋ᠨ ᠲᠥᠯᠥᠪᠵᠢᠭᠦᠯᠭᠡ᠎ᠶᠢ ᠡᠩ ᠲᠡᠷᠢᠭᠦᠨ᠎ᠳ᠋ᠦ᠍ ᠨᠠᠢᠷᠠᠭᠤᠯᠤᠨ ᠵᠣᠬᠢᠶᠠᠵᠤ᠂ ᠲᠦᠩ ᠪᠧᠢ ᠬᠦᠷᠢᠶᠡᠯᠡᠩ ᠲᠣᠭᠣᠷᠢᠭ᠎ᠲᠤ᠌ ᠪᠣᠳᠣᠬᠤ ᠬᠦᠴᠦᠨ᠎ᠦ᠌ ᠠᠵᠤ ᠦᠢᠯᠡᠰ᠎ᠦ᠋ᠨ ᠬᠦᠷᠢᠶᠡᠯᠡᠩ᠎ᠢ᠋ ᠲᠥᠯᠥᠪᠵᠢᠭᠦᠯᠦᠨ ᠪᠠᠢᠭᠤᠯᠬᠤ᠎ᠶᠢᠨ ᠬᠠᠮᠲᠤ ᠨᠡᠮᠡᠭ᠌ᠳᠡᠯ᠎ᠦ᠋ᠨ ᠴᠠᠬᠢᠯᠭᠠᠨ ᠲᠦᠭᠡᠭᠡᠬᠦ᠌ ᠲᠣᠣᠷ᠎ᠢ᠋ ᠨᠢᠭᠡᠨᠲᠡ ᠪᠠᠢᠭᠤᠯᠵᠤ᠂ ᠤᠯᠤᠰ᠎ᠤ᠋ᠨ ᠳᠡᠰ᠎ᠦ᠋ᠨ ᠢᠨᠲᠸᠷ ᠰᠦᠯᠵᠢᠶᠡᠨ᠎ᠦ᠌ ᠭᠣᠣᠯᠯᠠᠭ᠍ᠴᠢ ᠰᠢᠭᠤᠳ ᠬᠠᠷᠢᠯᠴᠠᠬᠤ ᠴᠡᠭ᠎ᠢ᠋ ᠪᠠᠢᠭᠤᠯᠬᠤ᠎ᠪᠠᠷ ᠭᠤᠶᠤᠴᠢᠯᠠᠨ ᠮᠡᠳᠡᠭᠦᠯᠵᠦ᠍᠂ ᠨᠢᠭᠡᠨᠲᠡ ᠥᠪᠡᠷᠲᠡᠭᠡᠨ ᠵᠠᠰᠠᠬᠤ ᠣᠷᠣᠨ᠎ᠤ᠋ ᠲᠥᠯᠥᠪᠵᠢᠭᠦᠯᠭᠡ᠎ᠳ᠋ᠦ᠍ ᠣᠷᠣᠭᠤᠯᠪᠠ᠃

  ᠢᠷᠡᠭᠡᠳᠦᠢ᠎ᠳᠤ᠂ ᠲᠦᠩᠯᠢᠶᠣᠤ ᠬᠤᠲᠠ ᠲᠥᠷᠥ᠎ᠶ᠋ᠢᠨ ᠪᠣᠳᠣᠯᠭ᠎ᠠ᠂ ᠨᠤᠭᠤᠭ᠋ᠠᠨ ᠴᠠᠬᠢᠯᠭᠠᠨ᠂ ᠣᠷᠣᠨ ᠪᠠᠢᠷᠢ᠂ ᠠᠭᠤᠷ ᠠᠮᠢᠰᠭᠤᠯ ᠵᠡᠷᠭᠡ ᠳᠥᠷᠪᠡᠨ ᠶᠡᠭᠡ ᠳᠠᠪᠠᠭᠤᠯᠢᠭ᠎ᠲᠤ ᠰᠠᠭᠤᠷᠢᠯᠠᠨ᠂ ᠪᠦᠬᠦ ᠤᠯᠤᠰ᠎ᠢ ᠨᠥᠯᠥᠭᠡᠯᠡᠬᠦ ᠳᠣᠣᠷ᠎ᠠ ᠴᠠᠭ᠎ᠤᠨ ᠤᠷᠲᠤᠳᠬᠠᠯ᠎ᠤᠨ ᠰᠦᠯᠵᠢᠶᠡᠨ᠎ᠦ ᠰᠢᠰᠲᠧᠮ᠎ᠢ ᠪᠦᠲᠦᠮᠵᠢᠲᠡᠶ ᠪᠠᠢᠭᠤᠯᠵᠤ᠂ ᠵᠣᠬᠢᠶᠠᠮᠠᠯ ᠣᠶᠤᠨ᠂ ᠲᠣᠮᠣ ᠳ᠋ᠠᠢᠲ᠋ᠠ᠂ ᠡᠭᠦᠯᠡᠨ ᠪᠤᠳᠤᠯᠲᠠ ᠵᠡᠷᠭᠡ ᠬᠦᠷᠢᠶᠡᠨ᠎ᠳᠤ ᠱᠢᠨ᠎ᠡ ᠬᠡᠯᠪᠡᠷᠢ᠎ᠶ᠋ᠢᠨ ᠪᠤᠳᠤᠬᠤ ᠬᠦᠴᠦᠨ᠎ᠤ ᠠᠵᠤ ᠦᠶ᠋ᠯᠡᠰ᠎ᠤᠨ ᠪᠦᠯᠦᠭ᠌ᠵᠢᠯ᠎ᠢ ᠪᠣᠶ ᠪᠣᠯᠭᠠᠨ᠎ᠠ᠃

 

ᠢᠷᠡᠯᠲᠡ᠄ ᠲᠠᠯ᠎ᠠ ᠨᠤᠲᠤᠭ᠎ᠤᠨ ᠡᠭᠦᠯᠡ
          
ᠬᠠᠮᠢᠶ᠎ᠡ ᠪᠦᠬᠦᠢ ᠰᠣᠨᠢᠨ
 
            