ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠣᠰᠬᠠᠯ
ᠠᠵᠤ ᠦᠢᠯᠡᠰ᠎ᠤᠨ ᠬᠥᠭ᠌ᠵᠢᠯᠲᠡ — ᠦᠬᠠᠢ ᠬᠤᠳᠠ᠎ᠶ᠋ᠢᠨ ᠬᠠᠲᠠᠭᠤ ᠪᠡᠶᠡᠲᠦ ᠴᠡᠨᠡᠭ᠎ᠦᠨ ᠠᠵᠤ ᠦᠢᠯᠡᠰᠵᠢᠯᠲᠡ᠎ᠶ᠋ᠢᠨ ᠠᠬᠢᠴᠠ ᠲᠦᠷᠭᠡᠳᠪᠡ
ᠨᠡᠶ᠋ᠢᠲᠡᠯᠡᠭᠰᠡᠨ ᠴᠠᠭ᠄ 2026-01-06

  ᠬᠠᠲᠠᠭᠤ ᠪᠡᠶᠡᠲᠦ ᠴᠡᠨᠡᠭ᠎ᠦᠨ ᠡᠨᠧᠷᠭᠢ᠎ᠶ᠋ᠢᠨ ᠨᠢᠭ᠍ᠲᠠᠴᠠ᠂ ᠠᠶᠤᠯ ᠦᠭᠡᠢ ᠴᠢᠨᠠᠷ᠂ ᠠᠮᠢ ᠨᠠᠰᠤ ᠪᠠ ᠴᠢᠳᠠᠮᠵᠢ᠎ᠶ᠋ᠢᠨ ᠳᠠᠯᠳᠠ ᠬᠦᠴᠦᠨ᠎ᠤ ᠲᠠᠯ᠎ᠠ᠎ᠪᠠᠷ᠂ ᠣᠲᠣ᠎ᠶ᠋ᠢᠨ ᠱᠢᠩᠭᠡᠨ ᠲᠥᠯᠥᠪᠲᠦ ᠯᠢᠲ᠋ᠢ᠎ᠶ᠋ᠢᠨ ᠢᠶᠣᠨ᠎ᠤ ᠴᠡᠨᠡᠭ᠎ᠢ ᠪᠥᠬᠦ᠌ ᠲᠠᠯ᠎ᠠ᠎ᠪᠠᠷ ᠳᠠᠪᠠᠵᠤ᠂ ᠲᠡᠷᠡ᠎ᠨᠢ ᠲᠠᠷᠠᠭᠠᠴᠢ᠎ᠶ᠋ᠢᠨ ᠦᠶ᠎ᠡ᠎ᠶ᠋ᠢᠨ ᠴᠡᠨᠡᠭ᠎ᠦᠨ ᠱᠢᠰᠲ᠋ᠧᠮ᠎ᠤᠨ ᠬᠥᠭ᠌ᠵᠢᠯᠲᠡ᠎ᠶ᠋ᠢᠨ ᠴᠢᠬᠤᠯᠠ ᠴᠢᠭ᠌ᠯᠡᠯ ᠪᠣᠯᠤᠭ᠍ᠰᠠᠨ᠎ᠢᠶᠠᠷ ᠪᠠᠷᠠᠬᠤ ᠥᠬᠡᠶ ᠪᠠᠰᠠ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ᠂ ᠡᠨᠧᠷᠭᠢ ᠬᠠᠳᠠᠭᠠᠯᠠᠬᠤ ᠪᠠ ᠬᠡᠷᠡᠭ᠌ᠯᠡᠭᠡᠨ᠎ᠤ ᠡᠯᠧᠺᠲᠷᠣᠨ ᠪᠠᠢᠷᠢᠱᠢᠯ᠎ᠢ ᠳᠠᠬᠢᠨ ᠴᠣᠭ᠍ᠴᠠᠯᠠᠬᠤ ᠨᠤᠷᠠᠭᠠᠯᠲᠠ᠎ᠶ᠋ᠢᠨ ᠴᠢᠨᠠᠷᠲᠠᠶ ᠮᠡᠷᠭᠡᠵᠢᠯ᠎ᠤᠨ ᠬᠤᠪᠢᠰᠭᠠᠯ᠎ᠢ ᠳᠥᠯᠭᠢᠨ ᠠᠬᠢᠭᠤᠯᠪᠠ᠃

  《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠰᠡᠭᠦᠯ ᠬᠤᠷᠢᠶᠠᠬᠤ ᠪᠠ 《ᠠᠷᠪᠠᠨ ᠲᠠᠪᠤᠳᠤᠭᠠᠷ ᠲᠠᠪᠤᠨ ᠵᠢᠯ》 ᠎ᠤᠨ ᠡᠬᠢᠯᠡᠯᠲᠡ᠎ᠶ᠋ᠢᠨ ᠲᠡᠦᠬᠡᠨ ᠠᠭᠤᠯᠵᠠᠷ᠎ᠲᠤ ᠵᠣᠭ᠍ᠰᠣᠵᠤ᠂ ᠦᠬᠠᠢ ᠬᠤᠳᠠ᠎ᠶ᠋ᠢᠨ᠎ᠬᠢᠨ ᠲᠤᠰ ᠪᠡᠶ᠎ᠡ᠎ᠶ᠋ᠢᠨ ᠡᠬᠢ ᠪᠠᠶᠠᠯᠢᠭ᠂ ᠡᠨᠧᠷᠭᠢ᠂ ᠠᠵᠤ ᠦᠢᠯᠡᠰ ᠵᠡᠷᠭᠡ ᠳᠠᠪᠠᠭᠤᠯᠢᠭ ᠨᠥᠬᠦᠴᠡᠯ᠎ᠳᠡᠭᠡᠨ ᠲᠦᠱᠢᠭ᠌ᠯᠡᠨ᠂ ᠬᠠᠲᠠᠭᠤ ᠪᠡᠶᠡᠲᠦ ᠴᠡᠨᠡᠭ᠎ᠦᠨ ᠮᠠᠲ᠋ᠧᠷᠢᠶᠠᠯ ᠵᠢᠴᠢ ᠲᠣᠨᠣᠭ᠍ᠯᠠᠯ ᠦᠢᠯᠡᠳᠬᠦ᠌᠎ᠶ᠋ᠢ ᠬᠡᠯᠪᠡᠷᠢ᠎ᠪᠠᠨ ᠬᠤᠪᠢᠷᠠᠭᠤᠯᠬᠤ ᠭᠤᠣᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠵᠤ᠂ ᠤᠨᠴᠠᠯᠢᠬ᠍ᠳᠤ ᠠᠵᠤ ᠦᠢᠯᠡᠰ᠎ᠤᠨ ᠪᠦᠯᠦᠭ᠌ᠵᠢᠯ᠎ᠢ ᠬᠦᠴᠦᠯᠡᠨ ᠪᠠᠢᠭᠤᠯᠵᠤ᠂ ᠡᠷᠡᠯᠬᠡᠭ᠌ᠯᠡᠨ ᠤᠷᠤᠭ᠍ᠰᠢᠯᠠᠬᠤ ᠳᠦᠷᠰᠦ ᠪᠠᠢᠳᠠᠯ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ ᠳᠡᠭᠡᠷ᠎ᠡ ᠪᠦᠬᠦ᠌ ᠬᠦᠴᠦᠨ᠎ᠢᠶᠠᠷ᠎ᠢᠶᠠᠨ ᠭᠦᠶᠦᠬᠦ᠌᠎ᠶ᠋ᠢ ᠲᠣᠳᠣᠷᠬᠠᠢᠯᠠᠪᠠ᠃

  1 ᠳ᠋ᠦ᠍ᠭᠡᠷ ᠰᠠᠷ᠎ᠠ᠎ᠶ᠋ᠢᠨ 4 ᠎ᠤ ᠡᠳᠦᠷ᠂ ᠰᠤᠷᠪᠤᠯᠵᠢᠯᠠᠭ᠍ᠴᠢ ᠦᠬᠠᠢ ᠬᠤᠳᠠ᠎ᠶ᠋ᠢᠨ ᠬᠠᠢᠷᠤᠪ᠎ᠤᠨ ᠲᠤᠬᠤᠢ᠎ᠶ᠋ᠢᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ᠎ᠶ᠋ᠢᠨ ᠲᠣᠭᠤᠷᠢᠭ᠎ᠲᠤ ᠪᠠᠢᠭ᠎ᠠ ᠦᠬᠠᠢ᠎ᠶ᠋ᠢᠨ ᠪᠦᠦ ᠴᠢ ᠨᠡᠭᠦᠷᠡᠰᠦᠨ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠳᠤ ᠬᠦᠷᠴᠦ᠍᠂ ᠨᠡᠭᠦᠷᠡᠰᠦ ᠬᠡᠤᠷᠡᠰᠣ᠎ᠠᠴᠠ ᠵᠡᠭᠦᠯᠢᠭ ᠬᠡᠤᠷᠡᠰᠣ ᠬᠦᠷᠲᠡᠯ᠎ᠡ᠂ ᠨᠡᠭᠦᠷᠡᠰᠦ᠎ᠠᠴᠠ ᠱᠢᠨ᠎ᠡ ᠡᠨᠧᠷᠭᠢ᠎ᠶ᠋ᠢᠨ ᠴᠡᠨᠡᠭ᠎ᠦᠨ ᠮᠠᠲ᠋ᠧᠷᠢᠶᠠᠯ ᠲᠡᠢᠰᠢ ᠤᠷᠲᠤᠳᠭᠠᠭ᠍ᠰᠠᠨ ᠠᠵᠤ ᠦᠢᠯᠡᠰ᠎ᠤᠨ ᠬᠡᠯᠬᠢᠶ᠎ᠡ᠎ᠨᠢ ᠦᠢᠯᠡᠳᠪᠦᠷᠢ᠎ᠶ᠋ᠢᠨ ᠲᠠᠰᠤᠭ᠎ᠲᠤ ᠡᠮᠬᠢ ᠳᠢᠭ᠌ᠯᠢᠮ᠎ᠲᠠᠢ ᠠᠵᠢᠯᠯᠠᠵᠤ ᠪᠤᠢ᠃

  《ᠦᠬᠠᠶ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠤ ᠨᠡᠭᠦᠷᠡᠰᠦ ᠬᠡᠤᠷᠱᠢᠭᠦᠯᠬᠦ᠌ ᠠᠵᠤ ᠦᠢᠯᠡᠰ᠎ᠤᠨ ᠬᠡᠪᠴᠢᠶ᠎ᠡ ᠶᠡᠭᠡ᠂ ᠨᠡᠭᠦᠷᠡᠰᠦ ᠬᠡᠤᠷᠱᠢᠭᠦᠯᠬᠦ᠌ ᠵᠡᠷᠭᠡ ᠦᠢᠯᠡᠳᠬᠦᠨ ᠪᠣᠯ ᠶᠠᠭ ᠴᠠᠬᠢᠯᠭᠠᠨ ᠲᠦᠢᠯ᠎ᠤᠨ ᠮᠠᠲ᠋ᠧᠷᠢᠶᠠᠯ᠎ᠢ ᠦᠢᠯᠡᠳᠪᠦᠷᠢᠯᠡᠬᠦ᠌ ᠴᠢᠬᠤᠯᠠ ᠲᠦᠭᠦᠬᠡᠶ ᠮᠠᠲ᠋ᠧᠷᠢᠶᠠᠯ ᠪᠣᠯᠤᠨ᠎ᠠ》  ᠭᠡᠵᠦ ᠦᠬᠠᠶ᠎ᠶ᠋ᠢᠨ ᠪᠦᠦ ᠴᠢ ᠨᠡᠭᠦᠷᠡᠰᠦᠨ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠱᠢᠶᠠ ᠸᠧᠶ ᠲᠠᠨᠢᠯᠴᠠᠭᠤᠯᠵᠠᠶ᠃ ᠡᠨᠡ ᠬᠦ᠌ ᠳᠤᠮᠳᠠᠳᠤ ᠤᠯᠤᠰ᠎ᠤᠨ ᠪᠦᠦ ᠦ᠋ ᠪᠦᠯᠦᠭ᠌ᠯᠡᠯ᠎ᠳᠤ ᠬᠠᠷᠢᠶᠠᠯᠠᠭ᠍ᠳᠠᠬᠤ ᠠᠵᠤ ᠠᠬᠤᠢᠯᠠᠯ᠎ᠨᠢ ᠨᠢᠭᠡᠨᠲᠡ ᠵᠢᠯ᠎ᠳᠤ 30 ᠲᠦᠮᠡᠨ ᠲᠣᠨ ᠨᠡᠭᠦᠷᠡᠰᠦ ᠬᠡᠤᠷᠡᠰᠦ᠎ᠶ᠋ᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢᠯᠡᠯ᠎ᠤᠨ ᠱᠤᠭᠤᠮ᠂ ᠱᠢᠨ᠎ᠡ ᠬᠡᠯᠪᠡᠷᠢ᠎ᠶ᠋ᠢᠨ ᠨᠡᠭᠦᠷᠡᠰᠦᠲᠥ᠋ᠷᠥᠭ᠌ᠴᠢ᠎ᠶ᠋ᠢᠨ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠱᠤᠭᠤᠮ ᠵᠢᠴᠢ ᠵᠢᠯ᠎ᠳᠤ 5 ᠲᠦᠮᠡᠨ ᠲᠣᠨ ᠵᠡᠭᠦᠯᠢᠭ ᠬᠡᠤᠷᠡᠰᠦ ᠦᠢᠯᠡᠳᠪᠦᠷᠢᠯᠡᠬᠦ᠌ ᠲᠥᠬᠦᠭᠡᠷᠦᠮᠵᠢ᠎ᠶ᠋ᠢ ᠪᠠᠢᠭᠤᠯᠵᠤ᠂ ᠵᠠᠬ᠎ᠠ ᠳᠡᠯᠭᠡᠭᠦᠷ᠎ᠤᠨ ᠥᠷᠢᠰᠥᠯᠳᠦᠬᠦ᠌ ᠬᠦᠴᠦᠨ᠎ᠲᠠᠢ 《ᠨᠡᠭᠦᠷᠡᠰᠦᠨ ᠬᠡᠦᠷᠡᠰᠦ — ᠣᠨᠴᠠ ᠲᠦᠷᠦᠯ᠎ᠤᠨ ᠪᠠᠷᠤᠭ᠍ᠰᠢᠨ — ᠵᠡᠭᠦᠯᠢᠭ ᠬᠡᠦᠷᠰᠦ — ᠴᠡᠨᠡᠭ᠎ᠦᠨ ᠪᠢᠯᠢᠭ ᠲᠦᠢᠯ᠎ᠤᠨ ᠮᠠᠲ᠋ᠧᠷᠢᠶᠠᠯ》 ᠎ᠤᠨ ᠠᠵᠤ ᠦᠢᠯᠡᠰ᠎ᠤᠨ ᠬᠡᠯᠬᠢᠶ᠎ᠡ᠎ᠶ᠋ᠢ ᠪᠠᠢᠭᠤᠯᠪᠠ᠃

  ᠨᠡᠭᠡᠭᠡᠨ ᠬᠥᠭ᠌ᠵᠢᠭᠦᠯᠬᠦ᠌ ᠣᠷᠣᠨ᠎ᠤ ᠨᠥᠭᠦᠭᠡ ᠲᠠᠯ᠎ᠠ᠎ᠪᠠᠷ᠂ ᠴᠢᠩ ᠲᠤᠤ (ᠺᠦᠨᠱᠠᠨ) ᠡᠨᠧᠷᠭᠢ᠎ᠶ᠋ᠢᠨ ᠬᠥᠭ᠌ᠵᠢᠭᠦᠯᠦᠯᠲᠡ᠎ᠶ᠋ᠢᠨ ᠪᠦᠯᠦᠭ᠌ᠯᠡᠯ᠎ᠠᠴᠠ ᠪᠡᠯᠡ ᠣᠷᠣᠭᠤᠯᠤᠨ ᠪᠠᠢᠭᠤᠯᠤᠭ᠍ᠰᠠᠨ ᠴᠢᠩ ᠲᠤᠤ (ᠦᠬᠠᠢ) ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠵᠢᠯ᠎ᠳᠤ 5 ᠲᠦᠮᠡᠨ ᠲᠣᠨ ᠬᠠᠲᠠᠭᠤ ᠲᠦᠯᠦᠪᠲᠦ ᠴᠡᠨᠡᠭ᠎ᠦᠨ ᠲᠤᠰᠭᠠᠢ ᠮᠠᠲ᠋ᠧᠷᠢᠶᠠᠯ᠂ 10GWh ᠬᠠᠲᠠᠭᠤ ᠲᠦᠯᠦᠪᠲᠦ ᠴᠡᠨᠡᠭ ᠵᠢᠴᠢ ᠡᠨᠧᠷᠭᠢ ᠬᠠᠳᠠᠭᠠᠯᠠᠬᠤ ᠱᠢᠰᠲ᠋ᠧᠮ᠂ ᠢᠵᠢ ᠪᠦᠷᠢᠳᠦᠭ᠌ᠰᠡᠨ ᠰᠠᠯᠬᠢ ᠭᠡᠷᠡᠯ᠎ᠤᠨ ᠱᠢᠨ᠎ᠡ ᠡᠨᠧᠷᠭᠢ ᠪᠣᠯᠤᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠎ᠶ᠋ᠢᠨ ᠲᠦᠷᠦᠯ ᠵᠦᠢᠯ ᠪᠣᠯ ᠨᠡᠩ ᠴᠤ᠌ ᠦᠬᠠᠢ ᠬᠤᠳᠠ᠎ᠶ᠋ᠢᠨ ᠬᠠᠲᠠᠭᠤ ᠲᠦᠯᠦᠪᠲᠦ ᠴᠡᠨᠡᠭ᠎ᠦᠨ ᠠᠵᠤ ᠦᠢᠯᠡᠰ᠎ᠤᠨ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠭ᠎ᠠ ᠶᠤᠮ᠃

  《ᠬᠠᠲᠠᠭᠤ ᠪᠡᠶᠡᠲᠦ ᠴᠡᠨᠡᠭ᠎ᠦᠨ ᠦᠢᠯᠡᠳᠪᠦᠷᠢᠯᠡᠯ᠎ᠨᠢ ᠭᠠᠩ ᠬᠠᠭᠤᠷᠠᠶ ᠣᠷᠴᠢᠨ ᠲᠣᠭᠤᠷᠢᠨ᠎ᠳᠤ ᠲᠤᠢᠯ᠎ᠤᠨ ᠥᠨᠳᠥᠷ ᠱᠠᠭᠠᠷᠳᠠᠯᠭ᠎ᠠ ᠲᠠᠢ ᠪᠠᠢ᠌ᠵᠦ᠂ ᠦᠬᠠᠶ᠎ᠶ᠋ᠢᠨ ᠠᠭᠤᠷ ᠠᠮᠢᠰᠭᠤᠯ ᠨᠢ ᠠᠶᠠᠨᠳᠠᠭᠠᠨ ᠲᠣᠬᠢᠷᠠᠯᠴᠠᠨ᠎ᠠ; ᠵᠡᠭᠦᠨ ᠬᠡᠰᠡᠭ᠎ᠤᠨ ᠭᠠᠵᠠᠷ ᠣᠷᠣᠨ᠎ᠲᠠᠢ ᠬᠠᠷᠢᠴᠠᠭᠤᠯᠪᠠᠯ᠂ ᠠᠳᠡᠬᠢ ᠴᠠᠬᠢᠯᠭᠠᠨ᠎ᠤ ᠦᠨ᠎ᠡ᠎ᠶ᠋ᠢᠨ ᠳᠠᠪᠠᠭᠤᠯᠢᠭ ᠢᠯᠡᠷᠬᠡᠶ᠂ ᠢᠵᠢ ᠪᠥᠷᠢᠳᠦᠭᠦᠯᠬᠦ᠌ ᠠᠵᠤ ᠦᠢᠯᠡᠰ᠎ᠤᠨ ᠲᠤᠯᠭᠠᠭᠤᠷᠢᠯᠠᠯ᠎ᠨᠢ ᠨᠠᠩ ᠴᠤ᠌ ᠦᠨᠡᠨ ᠪᠣᠳᠠᠲᠠᠶ ᠬᠦᠴᠦᠷᠬᠡᠭ ᠪᠠᠢᠳᠠᠭ ᠶᠤᠮ》 ᠭᠡᠵᠦ ᠴᠢᠩ ᠲᠤᠤ (ᠦᠬᠠᠢ) ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠡᠾᠸ ᠬᠤᠩ ᠼᠠᠢ ᠬᠡᠯᠡᠪᠡ᠃

  ᠣᠳᠣᠬᠠᠨ᠎ᠳᠤ ᠦᠬᠠᠢ᠎ᠳᠤ᠂ ᠴᠠᠬᠢᠯᠭᠠᠨ ᠲᠦᠢᠯ᠎ᠤᠨ ᠮᠠᠲ᠋ᠧᠷᠢᠶᠠᠯ᠂ ᠴᠠᠬᠢᠯᠭᠠᠨ ᠭᠤᠣᠯ ᠦᠢᠯᠡᠳᠪᠦᠷᠢᠯᠡᠬᠦ᠂ ᠴᠡᠨᠡᠭ᠎ᠦᠨ ᠤᠭ᠍ᠰᠠᠷᠠᠯᠲᠠ᠂ ᠡᠨᠧᠷᠭᠢ ᠬᠠᠳᠠᠭᠠᠯᠠᠬᠤ ᠬᠡᠷᠡᠭ᠌ᠯᠡᠯᠲᠡ ᠵᠡᠷᠭᠡ ᠬᠦᠷᠢᠶ᠎ᠡ ᠴᠠᠷᠠᠭ᠎ᠠ᠎ᠶ᠋ᠢ ᠪᠠᠭ᠍ᠲᠠᠭᠠᠭ᠍ᠰᠠᠨ ᠬᠤᠯᠪᠣᠭ᠍ᠳᠠᠯ ᠪᠦᠬᠦᠢ ᠠᠵᠤ ᠠᠬᠤᠢᠯᠠᠯ ᠵᠠᠯᠭᠠᠪᠡᠷ ᠨᠠᠢᠳᠠᠪᠤᠷᠢᠵᠢᠭᠤᠯᠤᠭ᠍ᠳᠠᠬᠤ᠎ᠶ᠋ᠢ ᠳᠠᠭᠠᠯᠳᠤᠨ᠂ 《ᠨᠢᠭᠡ ᠬᠡᠰᠡᠭ ᠨᠡᠭᠦᠷᠡᠰᠦ᠎ᠡᠴᠡ ᠨᠢᠭᠡ ᠰᠠᠭᠤᠷᠢ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠬᠦᠷᠲᠡᠯ᠎ᠡ 》 ᠬᠠᠲᠠᠭᠤ ᠲᠥᠯᠥᠪᠲᠦ  ᠴᠡᠨᠡᠭ᠎ᠦᠨ ᠠᠵᠤ ᠦᠢᠯᠡᠰ᠎ᠦᠨ ᠰᠢᠰᠲᠧᠮ᠎ᠢ ᠲᠦᠷᠭᠡᠪᠴᠢᠯᠡᠨ ᠪᠦᠷᠢᠯᠳᠦᠭᠦᠯᠪᠡ᠃ 

  ᠣᠳᠣᠬᠠᠨ᠎ᠳᠤ᠂ ᠦᠬᠠᠢ ᠬᠣᠲᠠ᠎ᠶᠢᠨ ᠪᠠᠯ ᠴᠢᠯᠠᠭᠤᠨ᠎ᠤ ᠪᠢᠯᠢᠭ ᠲᠤᠢᠯ᠎ᠤᠨ ᠮᠠᠲᠧᠷᠢᠶᠠᠯ᠎ᠤᠨ ᠵᠢᠯ᠎ᠦᠨ ᠦᠢᠯᠡᠳᠪᠦᠷᠢᠯᠡᠬᠦ ᠴᠢᠳᠠᠪᠤᠷᠢ ᠨᠢ 6 ᠲᠦᠮᠡᠨ ᠲᠣᠨ᠎ᠳᠤ ᠬᠥᠷᠪᠡ; ᠭᠦᠸᠸ ᠱᠢᠤᠸᠠᠨ 5GWh ᠴᠡᠨᠡᠭ᠎ᠦᠨ ᠤᠭ᠍ᠰᠠᠷᠠᠭ᠎ᠠ ᠵᠢᠴᠢ PACK ᠦᠢᠯᠡᠳᠪᠦᠷᠢ᠎ᠶ᠋ᠢᠨ ᠲᠥᠷᠥᠯ ᠵᠦᠢᠯ᠎ᠢ ᠨᠢᠭᠡᠨᠲᠡ ᠪᠠᠢᠭᠤᠯᠵᠤ ᠳᠠᠭᠤᠰᠭᠠᠪᠠ; ᠦᠬᠠᠶ᠎ᠶ᠋ᠢᠨ ᠾᠸᠢ ᠮᠤᠤ ᠵᠢᠯ᠎ᠳᠤ 1.5 ᠲᠦᠮᠡᠨ ᠲᠣᠨ ᠹᠧᠨᠤᠯ ᠠᠯᠳᠧᠾᠢᠳ᠋ ᠎ᠤᠨ ᠲᠠᠪᠠᠷᠬᠠᠢ᠎ᠶ᠋ᠢᠨ ᠮᠣᠳᠣ ᠦᠢᠯᠡᠳᠪᠦᠷᠢᠯᠡᠬᠦ᠌ ᠲᠥᠷᠥᠯ ᠵᠦᠢᠯ᠎ᠢ ᠪᠠᠢᠭᠤᠯᠵᠤ ᠳᠠᠭᠤᠰᠭᠠᠭ᠍ᠰᠠᠨ᠎ᠤ ᠬᠠᠮᠲᠤ ᠬᠡᠰᠡᠭ ᠪᠦᠯᠦᠭ᠎ᠢ᠎ᠨᠢ ᠠᠱᠢᠭ᠍ᠯᠠᠯᠲᠠ᠎ᠳᠤ ᠣᠷᠣᠭᠤᠯᠵᠤ᠂ ᠲᠡᠭᠦᠨ᠎ᠤ ᠪᠦᠲᠦᠭᠡᠭ᠌ᠳᠡᠬᠦᠨ᠎ᠢ ᠬᠠᠲᠠᠭᠤ ᠲᠦᠯᠦᠪᠲᠦ ᠴᠡᠨᠡᠭ᠎ᠦᠨ ᠴᠠᠬᠢᠯᠭᠠᠨ ᠭᠤᠣᠯ᠎ᠢ ᠪᠢᠲᠡᠭᠦᠮᠵᠢᠯᠡᠨ ᠤᠭ᠍ᠰᠠᠷᠠᠬᠤ ᠵᠢᠴᠢ ᠴᠠᠬᠢᠯᠭᠠᠨ ᠵᠠᠳᠠᠯᠤᠯ᠎ᠤᠨ ᠡᠳ᠋ ᠰᠠᠯᠭᠠᠬᠤ ᠰᠦᠯᠢᠶᠣᠣ ᠪᠦᠷᠬᠦᠭᠦᠯ᠎ᠢ ᠪᠠᠬᠢᠵᠢᠭᠦᠯᠬᠦ᠌᠎ᠳᠤ ᠬᠡᠷᠡᠭ᠌ᠯᠡᠵᠦ᠍ ᠪᠣᠯᠤᠨ᠎ᠠ; ᠮᠢᠩ ᠬᠠᠶ ᠽᠢᠷᠺᠤᠨ᠎ᠤ ᠦᠢᠯᠡᠰ᠎ᠤᠨ ᠵᠢᠯ᠎ᠳᠤ 2 ᠲᠦᠮᠡᠨ ᠲᠣᠨ ᠬᠤᠶᠠᠷᠴᠢ ᠢᠰᠦᠯ᠎ᠤᠨ ᠽᠢᠷᠺᠤᠨ᠎ᠤ ᠲᠥᠷᠥᠯ ᠵᠦᠢᠯ᠎ᠢ ᠪᠠᠢᠭᠤᠯᠵᠤ ᠳᠠᠭᠤᠰᠭᠠᠪᠠ᠂ ᠦᠢᠯᠡᠳᠬᠦᠨ᠎ᠨᠢ ᠢᠰᠦᠯ᠎ᠤᠨ ᠬᠠᠲᠠᠭᠤ ᠲᠦᠯᠦᠪᠲᠦ ᠴᠠᠬᠢᠯᠭᠠᠨ ᠵᠠᠳᠠᠯᠤᠯ᠎ᠤᠨ ᠴᠢᠬᠤᠯᠠ ᠲᠦᠭᠦᠬᠡᠶ ᠮᠠᠲ᠋ᠧᠷᠢᠶᠠᠯ ᠪᠣᠯᠤᠨ᠎ᠠ; ᠮᠠᠨ᠎ᠤ ᠤᠯᠤᠰ᠎ᠤᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠪᠠᠷ ᠬᠠᠮᠤᠭ᠎ᠤᠨ ᠶᠡᠭᠡ᠂ ᠥᠪᠥᠷ ᠮᠣᠩᠭᠤᠯ᠎ᠤᠨ ᠠᠩᠬᠠᠳᠠᠭ᠍ᠴᠢ ᠬᠠᠭᠠᠰ ᠬᠠᠲᠠᠭᠤ ᠲᠦᠯᠦᠪᠲᠦ ᠯᠢᠲ᠋ᠢ᠎ᠶ᠋ᠢᠨ ᠴᠡᠨᠡᠭ᠎ᠤᠨ ᠡᠨᠧᠷᠭᠢ ᠬᠠᠳᠠᠭᠠᠯᠠᠬᠤ ᠲᠥᠷᠥᠯ ᠵᠦᠢᠯ᠎ᠢ ᠪᠠᠢᠭᠤᠯᠵᠤ ᠳᠠᠭᠤᠰᠭᠠᠨ ᠲᠤᠤᠷ᠎ᠲᠤ ᠨᠡᠢ᠌ᠯᠡᠭᠦᠯᠪᠡ ᠁

  ᠡᠭᠦᠨ᠎ᠤ ᠬᠠᠮᠲᠤ᠌᠂ ᠦᠬᠠᠶ ᠬᠤᠲᠠ ᠨᠢᠭᠡᠨᠲᠡ 1700 ᠭᠠᠷᠤᠶ ᠮᠥ᠍ ᠬᠠᠲᠠᠭᠤ ᠲᠦᠯᠦᠪᠲᠦ ᠴᠡᠨᠡᠭ᠎ᠦᠨ ᠠᠵᠤ ᠦᠢᠯᠡᠰ᠎ᠤᠨ ᠬᠦᠷᠢᠶᠡᠯᠡᠩ᠎ᠢ ᠲᠥᠯᠥᠪᠵᠢᠭᠦᠯᠦᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠩᠬᠠᠳᠠᠭ᠍ᠴᠢ ᠱᠢᠨ᠎ᠡ ᠡᠨᠧᠷᠭᠢ ᠱᠢᠨ᠎ᠡ ᠮᠠᠲ᠋ᠧᠷᠢᠶᠠᠯ᠎ᠤᠨ ᠠᠺᠠᠳᠧᠮᠢᠴᠢ᠎ᠶ᠋ᠢᠨ ᠠᠵᠢᠯ᠎ᠤᠨ ᠥᠷᠲᠡᠭᠡ᠎ᠶ᠋ᠢ ᠪᠠᠢᠭᠤᠯᠪᠠ᠃ 2030 ᠣᠨ ᠪᠣᠯᠬᠤ᠎ᠳᠤ᠂ ᠦᠬᠠᠶ ᠬᠤᠲᠠ᠎ᠶ᠋ᠢᠨ ᠬᠠᠲᠠᠭᠤ ᠪᠡᠶᠡᠲᠦ ᠴᠡᠨᠡᠭ᠎ᠦᠨ ᠠᠵᠤ ᠦᠢᠯᠡᠰ᠎ᠤᠨ ᠬᠡᠯᠬᠢᠶ᠎ᠡ᠎ᠶ᠋ᠢᠨ ᠦᠢᠯᠡᠳᠬᠦᠨ᠎ᠤ ᠥᠷᠲᠡᠭ 215 ᠳ᠋ᠦᠩᠱᠢᠭᠤᠷ ᠲᠥᠭᠦᠷᠢᠭ᠎ᠢ ᠳᠠᠪᠠᠵᠤ᠂ ᠡᠶᠡᠷᠭᠦ᠌ ᠰᠥᠭᠡᠷᠭᠦ᠌ ᠲᠦᠢᠯ᠎ᠤᠨ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠴᠢᠳᠠᠪᠤᠷᠢ 20 ᠲᠦᠮᠡᠨ ᠲᠣᠨ᠎ᠳᠤ ᠬᠦᠷᠴᠦ᠍᠂ ᠬᠠᠲᠠᠭᠤ ᠪᠡᠶᠡᠲᠦ ᠴᠡᠨᠡᠭ᠎ᠦᠨ ᠦᠢᠯᠡᠳᠪᠦᠷᠢᠯᠡᠯ᠎ᠤᠨ ᠴᠢᠳᠠᠪᠤᠷᠢ 30GWh ᠎ᠳᠤ ᠬᠦᠷᠴᠦ᠍᠂ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠨᠡᠮᠡᠭ᠌ᠳᠡᠯ᠎ᠤᠨ ᠲᠤᠢᠯ ᠪᠣᠯᠬᠤ ᠪᠣᠯᠤᠨ᠎ᠠ᠃

  《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠴᠡᠭ᠎ᠲᠤ ᠵᠣᠭ᠍ᠰᠣᠵᠤ᠂ ᠦᠬᠠᠢ ᠬᠤᠳᠠ᠎ᠶ᠋ᠢᠨ᠎ᠬᠢᠨ ᠢᠲᠡᠭᠡᠯ ᠲᠡᠭᠦᠯᠳᠡᠷ᠎ᠢᠶᠠᠷ ᠬᠠᠲᠠᠭᠤ ᠪᠡᠶᠡᠲᠦ ᠴᠡᠨᠡᠭ᠎ᠦᠨ ᠮᠠᠲ᠋ᠧᠷᠢᠶᠠᠯ ᠵᠢᠴᠢ ᠲᠣᠨᠣᠭ᠍ᠯᠠᠯ ᠦᠢᠯᠡᠳᠬᠦ᠂ ᠱᠢᠨ᠎ᠡ ᠮᠠᠲ᠋ᠧᠷᠢᠶᠠᠯ᠎ᠢ ᠵᠠᠳᠠᠷᠠᠭᠤᠯᠵᠤ ᠪᠣᠯᠬᠤ ᠬᠤᠶᠠᠷ ᠠᠵᠤ ᠦᠢᠯᠡᠰ᠎ᠤᠨ ᠪᠦᠯᠦᠭ᠌ᠵᠢᠯ᠎ᠢ ᠭᠤᠣᠯᠳᠠᠯᠭ᠎ᠠ᠎ᠲᠠᠢ ᠪᠠᠢᠭᠤᠯᠵᠤ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠴᠢᠩᠭ᠎ᠠ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠬᠦᠴᠦᠯᠡᠨ ᠪᠠᠢᠭᠤᠯᠵᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌ ᠱᠢᠨ᠎ᠡ ᠵᠠᠮ᠎ᠢ ᠲᠦᠷᠭᠡᠳᠭᠡᠨ ᠪᠠᠢᠭᠤᠯᠤᠨ᠎ᠠ ᠭᠡᠵᠦ᠍ ᠳᠤᠷᠠᠳᠴᠠᠢ᠃

 

ᠢᠷᠡᠯᠲᠡ᠄ 《ᠥᠪᠥᠷ ᠮᠣᠩᠭᠤᠯ᠎ᠤᠨ ᠡᠳᠦᠷ᠎ᠤᠨ ᠰᠣᠨᠢᠨ》
          
ᠬᠠᠮᠢᠶ᠎ᠡ ᠪᠦᠬᠦᠢ ᠰᠣᠨᠢᠨ
 
            