12 ᠳ᠋ᠤᠭᠠᠷ ᠰᠠᠷ᠎ᠠ᠎ᠶ᠋ᠢᠨ 28 ᠤ ᠡᠳᠦᠷ᠂ ᠣᠷᠳᠣᠰ ᠬᠤᠲᠠ᠎ᠶ᠋ᠢᠨ ᠣᠲᠤᠭ ᠬᠤᠱᠢᠭᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠱᠧᠨᠵᠧᠨ ᠬᠤᠲᠠ᠎ᠶ᠋ᠢᠨ ᠹᠦ᠋ ᠱᠢᠨ ᠠᠵᠤ ᠦᠶ᠋ᠯᠡᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠱᠧᠨᠵᠧᠨ ᠬᠤᠲᠠ᠎ᠳᠤ ᠪᠠᠯᠠ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠬᠡᠯᠡᠯᠴᠡᠭᠡᠷ ᠲᠣᠭ᠍ᠲᠠᠪᠠ᠃ ᠣᠲᠤᠭ ᠬᠤᠱᠢᠭᠤᠨ᠎ᠤ ᠨᠠᠮ᠎ᠤᠨ ᠬᠤᠷᠢᠶᠠᠨ᠎ᠤ ᠱᠦᠵᠢ᠂ ᠵᠠᠰᠠᠭ᠎ᠤᠨ ᠣᠷᠳᠣᠨ᠎ᠤ ᠬᠤᠱᠢᠭᠤ ᠳᠠᠷᠤᠭ᠎ᠠ ᠰᠦ᠍ ᡁᠢ ᠱᠢᠶᠦ᠋ᠩ ᠱᠧᠨᠵᠧᠨ ᠬᠤᠲᠠ᠎ᠶ᠋ᠢᠨ ᠹᠦ᠋ ᠱᠢᠨ ᠠᠵᠤ ᠦᠶ᠋ᠯᠡᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠬᠤᠸᠠᠩ᠎ᠶ᠋ᠢᠨ ᠴᠦᠨ ᠨᠠᠷ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠭ᠍ᠰᠠᠨ ᠪᠥᠭᠡᠳ ᠭᠠᠷᠤᠨ ᠥᠰᠥᠭ ᠵᠢᠷᠤᠬᠤ᠎ᠶ᠋ᠢ ᠬᠠᠮᠲᠤ᠎ᠪᠠᠷ ᠭᠡᠷᠡᠴᠢᠯᠡᠪᠡ᠃
ᠶᠠᠷᠢᠯᠴᠠᠬᠤ ᠬᠤᠷᠠᠯ ᠳᠡᠭᠡᠷ᠎ᠡ᠂ ᠰᠦ᠍ ᡁᠢ ᠱᠢᠶᠦ᠋ᠩ ᠪᠥᠬᠦ᠌ ᠬᠤᠱᠢᠭᠤᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠢ ᠲᠠᠨᠢᠯᠴᠠᠭᠤᠯᠪᠠ᠃ ᠲᠡᠷᠡ ᠬᠡᠯᠡᠬᠦ᠌᠎ᠳᠤ᠎ᠪᠠᠨ᠂ ᠣᠳᠣᠬᠠᠨ᠎ᠳᠤ ᠣᠲᠤᠭ ᠬᠤᠱᠢᠭᠤ 《ᠠᠷᠪᠠᠨ ᠲᠠᠪᠤᠳᠤᠭᠠᠷ ᠲᠠᠪᠤᠨ ᠵᠢᠯ》 ᠤᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠲᠣᠭ᠍ᠲᠠᠭᠠᠵᠤ᠂ ᠠᠵᠤ ᠦᠶ᠋ᠯᠡᠰ᠎ᠤᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠪᠠ ᠴᠢᠬᠤᠯᠠ ᠶᠡᠭᠡ ᠲᠥᠷᠥᠯ ᠵᠦᠶ᠋ᠯ᠎ᠤᠨ ᠪᠣᠭᠤᠮᠲᠠ ᠱᠢᠪᠲᠤᠯᠬᠤ᠎ᠳᠤ ᠬᠦᠴᠦ᠍᠎ᠪᠠᠨ ᠲᠥᠪᠯᠡᠷᠡᠭᠦᠯᠵᠦ᠍᠂ ᠡᠨᠧᠷᠭᠢ᠎ᠶ᠋ᠢᠨ ᠠᠷᠢᠭᠤᠨ ᠴᠡᠪᠡᠷ ᠳᠤᠤᠷ᠎ᠠ ᠨᠡᠭᠦᠷᠡᠰᠦᠲᠥ᠋ᠷᠥᠭ᠌ᠴᠢᠲᠦ ᠠᠮᠤᠷ ᠲᠦᠪᠱᠢᠨ ᠥᠨᠳᠥᠷ ᠪᠦᠲᠦᠮᠵᠢᠲᠡᠶ ᠠᠱᠢᠭ᠍ᠯᠠᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠢᠲᠠᠶ ᠠᠵᠤ ᠦᠶ᠋ᠯᠡᠰ᠎ᠤᠨ ᠲᠥᠷᠥᠯ ᠵᠦᠶ᠋ᠯ᠎ᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠬᠤ᠎ᠶ᠋ᠢ ᠲᠤᠯᠭᠠᠮ ᠱᠠᠭᠠᠷᠳᠠᠵᠤ ᠪᠠᠢᠨ᠎ᠠ᠃ ᠱᠧᠨᠵᠧᠨ᠎ᠤ ᠹᠦ᠋ ᠱᠢᠨ ᠠᠵᠤ ᠦᠶ᠋ᠯᠡᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠱᠢᠨ᠎ᠡ ᠡᠨᠧᠷᠭᠢ᠂ ᠴᠠᠬᠢᠯᠭᠠᠨ ᠬᠥᠳᠡᠯᠭᠡᠭᠦᠷᠲᠦ ᠠᠭᠤᠷᠬᠠᠶ᠎ᠶ᠋ᠢᠨ ᠺᠠᠷᠲ᠂ ᠣᠶᠤᠨᠴᠢ ᠲᠣᠨᠤᠭ ᠲᠥᠬᠦᠭᠡᠷᠦᠮᠵᠢ᠎ᠶ᠋ᠢ ᠰᠤᠳᠤᠯᠤᠨ ᠨᠡᠭᠡᠭᠡᠵᠦ᠍ ᠦᠢᠯᠡᠳᠪᠦᠷᠢᠯᠡᠵᠦ᠍ ᠪᠣᠷᠣᠯᠠᠭᠤᠯᠬᠤ ᠤᠷᠤᠯᠳᠤᠭᠠᠨ᠎ᠤ ᠵᠠᠮ᠎ᠢ ᠰᠤᠳᠤᠯᠵᠤ᠂ ᠬᠠᠭᠠᠰ ᠬᠠᠲᠠᠭᠤ ᠲᠦᠯᠦᠪᠲᠦ ᠹᠣᠰᠹᠣᠷ ᠬᠦᠴᠢᠯ᠎ᠤᠨ ᠲᠡᠮᠦᠷ ᠯᠢᠲ᠋ᠢ ᠴᠡᠨᠡᠭ᠎ᠤᠨ ᠵᠠᠩᠭᠢᠯᠠᠭ᠎ᠠ᠎ᠶ᠋ᠢᠨ ᠮᠡᠷᠭᠡᠵᠢᠯ᠎ᠢ ᠭᠤᠤᠯᠳᠠᠯᠭ᠎ᠠ᠎ᠲᠠᠢ ᠱᠢᠪᠲᠤᠯᠵᠤ᠂ ᠬᠡᠷᠡᠭ᠌ᠯᠡᠭ᠌ᠴᠢᠳ᠎ᠲᠤ ᠴᠠᠬᠢᠯᠭᠠᠨ ᠬᠡᠷᠡᠭ᠌ᠯᠡᠬᠦ᠂ ᠴᠠᠬᠢᠯᠭᠠᠨ ᠠᠷᠪᠢᠯᠠᠬᠤ᠂ ᠲᠠᠰᠤᠷᠠᠯᠲᠠ ᠥᠬᠡᠶ ᠴᠠᠬᠢᠯᠭᠠᠨ ᠬᠠᠩᠭᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠨ ᠱᠢᠶ᠋ᠳᠪᠦᠷᠢᠯᠡᠬᠦ᠌ ᠲᠥᠰᠦᠯ᠎ᠢ ᠪᠡᠶ᠎ᠡ᠎ᠪᠠᠷ᠎ᠢᠶᠠᠨ ᠪᠣᠶ ᠪᠣᠯᠭᠠᠵᠤ᠂ ᠮᠠᠨ᠎ᠤ ᠬᠤᠱᠢᠭᠤᠨ᠎ᠤ ᠠᠵᠤ ᠦᠶ᠋ᠯᠡᠰ᠎ᠤᠨ ᠬᠥᠭ᠌ᠵᠢᠯᠲᠡ᠎ᠶ᠋ᠢᠨ ᠴᠢᠭ᠌ᠯᠡᠯ᠎ᠲᠠᠢ ᠳᠡᠭᠡᠳᠦ ᠬᠡᠮᠵᠢᠶ᠎ᠡ᠎ᠪᠠᠷ ᠨᠡᠢᠴᠡᠵᠦ᠍᠂ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠨᠠᠷᠢᠯᠢᠭ ᠣᠨᠣᠴᠠᠲᠠᠶ᠎ᠪᠠᠷ ᠵᠣᠬᠢᠴᠠᠭᠤᠯᠵᠤ ᠪᠣᠯᠤᠨ᠎ᠠ᠃ ᠱᠧᠨᠵᠧᠨ᠎ᠤ ᠹᠦ᠋ ᠱᠢᠨ ᠠᠵᠤ ᠦᠢᠯᠡᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ᠂ ᠪᠡᠯᠡ ᠣᠷᠣᠭᠤᠯᠤᠯᠲᠠ᠎ᠶ᠋ᠢᠨ ᠵᠣᠷᠢᠭ᠎ᠢᠶᠠᠨ ᠪᠠᠲᠤᠳᠭᠠᠵᠤ᠂ ᠬᠠᠮᠲᠤᠷᠠᠯᠴᠠᠭᠠᠨ᠎ᠤ ᠲᠦᠷᠦᠯ ᠵᠦᠢᠯ᠎ᠢ ᠡᠷᠲᠡ ᠠᠵᠢᠯ ᠡᠬᠢᠯᠡᠭᠦᠯᠬᠦ᠂ ᠡᠷᠲᠡ ᠪᠠᠢᠭᠤᠯᠵᠤ ᠳᠠᠭᠤᠰᠭᠠᠬᠤ᠂ ᠡᠷᠲᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠪᠡ᠃ ᠣᠲᠤᠭ ᠬᠤᠱᠢᠭᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠥᠩᠭᠡᠷᠡᠭ᠌ᠰᠡᠨ᠎ᠲᠠᠢ᠎ᠪᠠᠨ ᠠᠳᠠᠯᠢ᠎ᠪᠠᠷ ᠪᠥᠬᠦ᠌ ᠶᠠᠪᠤᠴᠠ᠎ᠶ᠋ᠢᠨ ᠦᠶ᠋ᠯᠡᠴᠢᠯᠡᠭᠡᠨ᠎ᠤ ᠪᠠᠲᠤᠯᠠᠭ᠎ᠠ᠎ᠶ᠋ᠢ ᠰᠠᠢᠲᠤᠷ ᠬᠢᠵᠦ᠍᠂ ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠬᠠᠮᠤᠭ᠎ᠤᠨ ᠱᠢᠯᠢᠳᠡᠭ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢᠶᠠᠷ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠶ᠋ᠢ ᠪᠠᠲᠤᠯᠠᠨ᠎ᠠ ᠭᠡᠪᠡ᠃
ᠬᠤᠸᠠᠩ᠎ᠶ᠋ᠢᠨ ᠴᠦᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠶᠠᠪᠤᠴᠠ ᠵᠢᠴᠢ ᠬᠤᠶᠠᠷ ᠲᠠᠯ᠎ᠠ᠎ᠶ᠋ᠢᠨ ᠬᠠᠮᠲᠤᠷᠠᠯᠴᠠᠭᠠᠨ᠎ᠤ ᠲᠥᠷᠥᠯ ᠵᠦᠢᠯ᠎ᠢ ᠠᠬᠢᠭᠤᠯᠬᠤ ᠲᠥᠯᠥᠪᠵᠢᠭᠦᠯᠭᠡ᠎ᠶ᠋ᠢ ᠲᠠᠨᠢᠯᠴᠠᠭᠤᠯᠪᠠ᠃ ᠲᠡᠷᠡ᠂ ᠣᠲᠤᠭ ᠬᠤᠱᠢᠭᠤᠨ᠎ᠤ ᠠᠵᠤ ᠦᠶ᠋ᠯᠡᠳᠪᠦᠷᠢ᠎ᠶ᠋ᠢᠨ ᠰᠠᠭᠤᠷᠢ ᠵᠤᠵᠠᠭᠠᠨ᠂ ᠠᠵᠤ ᠦᠶ᠋ᠯᠡᠰ᠎ᠤᠨ ᠬᠡᠯᠬᠢᠶ᠎ᠡ ᠪᠦᠷᠢᠨ᠂ ᠰᠠᠯᠬᠢ ᠭᠡᠷᠡᠯ᠎ᠦᠨ ᠡᠬᠢ ᠪᠠᠶᠠᠯᠢᠭ ᠳᠠᠪᠠᠭᠤᠯᠢᠭ᠂ ᠱᠢᠨ᠎ᠡ ᠡᠨᠧᠷᠭᠢ᠂ ᠪᠣᠬᠢᠷᠲᠤᠯ ᠥᠬᠡᠶ ᠣᠷᠴᠢᠨ ᠲᠣᠭᠤᠷᠢᠨ᠎ᠤ ᠬᠠᠮᠠᠭᠠᠯᠠᠯᠲᠠ ᠵᠡᠷᠭᠡ ᠱᠢᠨ᠎ᠡ᠎ᠪᠠᠷ ᠬᠥᠭ᠌ᠵᠢᠭ᠌ᠰᠡᠨ ᠠᠵᠤ ᠦᠶ᠋ᠯᠡᠰ᠎ᠤᠨ ᠲᠥᠷᠥᠯ ᠵᠦᠶ᠋ᠯ᠎ᠢ ᠭᠥᠯᠢᠶᠡᠨ ᠠᠪᠬᠤ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠢ ᠶᠤᠮ᠃ ᠠᠵᠤ ᠠᠬᠤᠢᠯᠠᠯ᠎ᠤᠨ᠎ᠬᠢᠨ ᠮᠡᠷᠭᠡᠵᠢᠯ᠂ ᠪᠡᠯᠡ ᠮᠥᠩᠭᠦ᠌᠂ ᠬᠠᠮᠢᠶᠠᠷᠤᠯᠲᠠ ᠵᠡᠷᠭᠡ ᠲᠠᠯ᠎ᠠ᠎ᠶ᠋ᠢᠨ ᠶᠡᠷᠦᠩᠬᠡᠢᠯᠡᠭ᠌ᠰᠡᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ᠎ᠶ᠋ᠢᠨ ᠱᠢᠨ᠎ᠡ ᠡᠨᠧᠷᠭᠢ᠎ᠶ᠋ᠢᠨ ᠬᠦᠷᠢᠶᠡᠨ᠎ᠳᠠᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠨ᠂ ᠲᠥᠷᠥᠯ ᠵᠦᠢᠯ᠎ᠢ ᠨᠠᠢᠳᠠᠪᠤᠷᠢᠵᠢᠭᠤᠯᠤᠨ ᠪᠥᠲᠥᠭᠡᠨ ᠪᠠᠢᠭᠤᠯᠬᠤ ᠠᠯᠬᠤᠴᠠ᠎ᠪᠠᠨ ᠲᠦᠷᠭᠡᠳᠭᠡᠵᠦ᠍᠂ ᠪᠠᠯᠠ ᠣᠷᠣᠭᠤᠯᠤᠯᠲᠠ᠎ᠶ᠋ᠢᠨ ᠲᠥᠷᠥᠯ ᠵᠦᠢᠯ᠎ᠢ ᠪᠥᠬᠦ᠌ ᠬᠦᠴᠦᠨ᠎ᠢᠶᠠᠷ᠎ᠢᠶᠠᠨ ᠬᠡᠪ ᠳᠠᠭᠤᠷᠢᠶᠠᠯ ᠢᠨᠵᠧᠨᠧᠷᠢᠩ ᠪᠣᠯᠭᠠᠨ ᠪᠥᠲᠥᠭᠡᠨ ᠪᠠᠢᠭᠤᠯᠵᠤ᠂ ᠣᠲᠤᠭ ᠬᠤᠱᠢᠭᠤᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠪᠡ᠃
ᠬᠡᠯᠡᠯᠴᠡᠭᠡᠷ᠎ᠢ ᠦᠨᠳᠦᠰᠦᠯᠡᠪᠡᠯ᠂ ᠬᠤᠶᠠᠷ ᠲᠠᠯ᠎ᠠ᠎ᠪᠠᠷ᠎ᠢᠶᠠᠨ ᠣᠲᠤᠭ ᠬᠤᠱᠢᠭᠤᠨ᠎ᠳᠤ ᠵᠢᠯ᠎ᠳᠤ 10GWh ᠬᠠᠭᠠᠰ ᠬᠠᠲᠠᠭᠤ ᠲᠦᠯᠦᠪᠲᠦ ᠯᠢᠲ᠋ᠢ ᠢᠶᠤᠨ ᠴᠡᠨᠡᠭ ᠵᠢᠴᠢ PACK ᠦᠢᠯᠡᠳᠪᠦᠷᠢᠯᠡᠯ᠎ᠤᠨ ᠱᠤᠭᠤᠮ᠎ᠢ ᠪᠠᠢᠭᠤᠯᠵᠤ᠂ 2000MWh ᠴᠠᠬᠢᠯᠭᠠᠨ ᠲᠣᠣᠷ᠎ᠤᠨ ᠬᠠᠵᠠᠭᠤ᠎ᠶ᠋ᠢᠨ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠎ᠶ᠋ᠢ ᠵᠡᠷᠭᠡ᠎ᠪᠠᠷ ᠢᠵᠢ ᠪᠦᠷᠢᠳᠦᠭᠦᠯᠦᠨ ᠪᠠᠢᠭᠤᠯᠤᠨ᠎ᠠ᠃