ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ — ᠲᠠᠯᠠᠪᠤᠷ ᠭᠠᠵᠠᠷ᠎ᠤᠨ ᠨᠡᠩ ᠰᠠᠢ᠌ᠨ ᠴᠢᠨᠠᠷ ᠰᠠᠢ᠌ᠲᠠᠢ ᠬᠦᠭᠵᠢᠯᠲᠡ᠎ᠳᠦ ᠬᠦᠴᠦᠨ ᠨᠡᠮᠡᠷᠢᠯᠡᠵᠦ ᠲᠤᠰ ᠤᠳᠠᠭᠠᠨ᠎ᠤ ᠰᠠᠨᠠᠭ᠋ᠠᠨ᠎ᠳᠤ ᠤᠷᠤᠭᠤᠯᠬᠤ ᠬᠤᠷᠠᠯ᠎ᠤᠨ ᠲᠤᠬᠠᠢ ᠨᠠᠷᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-11-11

  ᠲᠥᠷᠥ᠎ᠶᠢᠨ ᠶᠠᠪᠤᠳᠠᠯ᠎ᠤ᠋ᠨ ᠬᠣᠷᠢᠶᠠᠨ᠎ᠤ᠋ ᠠᠯᠪᠠᠨ ᠲᠢᠩᠬᠢᠮ᠎ᠦ᠋ᠨ ᠳᠠᠷᠤᠮᠠᠯᠯᠠᠨ ᠲᠠᠷᠬᠠᠭᠠᠭ᠍ᠰᠠᠨ《ᠲᠠᠯᠠᠪᠤᠷ ᠭᠠᠵᠠᠷ᠎ᠢ᠋ ᠪᠣᠢᠵᠢᠭᠤᠯᠬᠤ ᠪᠠ ᠨᠡᠭᠡᠭᠡᠯᠲᠡ ᠬᠢᠬᠦ᠌᠎ᠶᠢ ᠲᠦᠷᠭᠡᠳᠭᠡᠵᠦ᠍ ᠰᠢᠨ᠎ᠡ ᠪᠠᠢᠳᠠᠯ᠎ᠢ᠋ ᠶᠡᠬᠡ ᠬᠡᠪᠴᠢᠶ᠎ᠡ᠎ᠪᠡᠷ ᠬᠡᠷᠡᠭ᠌ᠯᠡᠬᠦ᠌᠎ᠶᠢ ᠠᠬᠢᠭᠤᠯᠬᠤ ᠲᠤᠬᠠᠢ ᠬᠡᠷᠡᠭ᠌ᠵᠢᠭᠦᠯᠬᠦ᠌ ᠰᠠᠨᠠᠯ》ᠢ᠋ ᠣᠢᠷ᠎ᠠ᠎ᠳ᠋ᠤ ᠭᠠᠳᠠᠭ᠍ᠱᠢ ᠨᠡᠢᠲᠡᠯᠡᠵᠦ᠍᠂ ᠠᠩᠬ᠎ᠠ ᠤᠳᠠᠭ᠎ᠠ ᠤᠯᠤᠰ᠎ᠤ᠋ᠨ ᠳᠠᠪᠬᠤᠷᠭ᠎ᠠ᠎ᠳ᠋ᠤ ᠲᠠᠯᠠᠪᠤᠷ ᠭᠠᠵᠠᠷ᠎ᠢ᠋ ᠪᠣᠢᠵᠢᠭᠤᠯᠵᠤ ᠨᠡᠭᠡᠭᠡᠯᠲᠡ ᠬᠢᠬᠦ᠌᠎ᠳ᠋ᠦ᠍ ᠰᠢᠰᠲᠸᠮ᠎ᠲᠡᠢ ᠪᠠᠢᠷᠢᠯᠠᠭᠤᠯᠤᠯᠲᠠ ᠬᠢᠪᠡ᠃

  ᠶᠠᠭᠤ᠎ᠶ᠋ᠢ ᠲᠠᠯᠠᠪᠤᠷ ᠭᠠᠵᠠᠷ ᠭᠡᠬᠦ᠌ ᠪᠤᠢ? ᠬᠡᠷᠬᠢᠨ ᠲᠠᠯᠠᠪᠤᠷ ᠭᠠᠵᠠᠷ᠎ᠢ ᠪᠤᠢᠵᠢᠭᠤᠯᠬᠤ ᠪᠠ ᠨᠡᠭᠡᠭᠡᠯᠲᠡ ᠬᠢᠬᠦ᠌᠎ᠶ᠋ᠢ ᠲᠦᠷᠭᠡᠳᠭᠡᠵᠦ᠍᠂ ᠱᠢᠨ᠎ᠡ ᠪᠠᠢᠳᠠᠯ᠎ᠢ ᠶᠡᠭᠡ ᠬᠡᠪᠴᠢᠶ᠎ᠡ᠎ᠪᠠᠷ ᠬᠡᠷᠡᠭ᠌ᠯᠡᠬᠦ᠌᠎ᠶ᠋ᠢ ᠠᠬᠢᠭᠤᠯᠬᠤ ᠪᠣᠶ? ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ 10 ᠎ᠤ ᠡᠳᠦᠷ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠠᠨᠠᠭ᠋ᠠᠨ᠎ᠳᠤ ᠤᠷᠤᠭᠤᠯᠬᠤ ᠬᠤᠷᠠᠯ᠎ᠢ ᠬᠤᠷᠠᠯᠳᠤᠭᠤᠯᠵᠤ᠂ ᠬᠣᠯᠪᠣᠭᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃ 

  ᠲᠠᠯᠠᠪᠤᠷ ᠭᠠᠵᠠᠷ᠄ ᠱᠢᠨ᠎ᠡ᠎ᠶ᠋ᠢ ᠡᠭᠦᠳᠬᠦ᠌ ᠵᠠᠩᠭᠢᠯᠠᠭ᠎ᠠ᠎ᠶ᠋ᠢᠨ ᠡᠬᠢ ᠪᠠᠶᠠᠯᠢᠭ

  ᠶᠠᠭᠤ᠎ᠶᠢ ᠲᠠᠯᠠᠪᠤᠷ ᠭᠠᠵᠠᠷ ᠭᠡᠬᠦ ᠪᠤᠢ? 《ᠲᠠᠯᠠᠪᠤᠷ ᠭᠠᠵᠠᠷ᠎ᠨᠢ ᠺᠢᠨᠣ᠋ ᠲᠧᠯᠸᠢᠰ᠎ᠤᠨ ᠬᠦᠷᠢᠶᠡᠨ᠎ᠳᠠᠬᠢ ᠨᠢᠭᠡᠨ ᠤᠬᠠᠭ᠍ᠳᠠᠬᠤᠨ᠎ᠠᠴᠠ ᠢᠷᠡᠯᠲᠡ᠎ᠲᠠᠢ᠂ ᠣᠢᠷ᠎ᠠ᠎ᠶ᠋ᠢᠨ ᠵᠢᠯ᠎ᠤᠳ᠎ᠲᠤ ᠠᠵᠤ ᠠᠬᠤᠶ᠂ ᠨᠡᠢᠭᠡᠮ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ ᠵᠡᠷᠭᠡ ᠬᠦᠷᠢᠶᠡᠨ᠎ᠳᠤ  ᠤᠷᠤᠵᠦ ᠢᠷᠡᠭ᠌ᠰᠡᠨ᠎ᠠᠴᠠ ᠪᠣᠯᠵᠣ᠂ ᠱᠢᠨ᠎ᠡ ᠮᠡᠷᠭᠡᠵᠢᠯ᠂ ᠱᠢᠨ᠎ᠡ ᠦᠢᠯᠡᠳᠬᠦᠨ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌ ᠴᠢᠨᠠᠷᠲᠠᠶ ᠬᠡᠷᠡᠭ᠌ᠯᠡᠯᠲᠡ᠎ᠶ᠋ᠢᠨ ᠪᠣᠳᠠᠲᠠᠶ ᠠᠬᠤᠶ ᠪᠠᠢᠳᠠᠯ ᠪᠣᠯᠭᠠᠨ ᠣᠢᠯᠠᠭᠠᠵᠤ ᠪᠣᠯᠤᠨ᠎ᠠ》  ᠭᠡᠵᠦ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠳᠡᠳ᠋ ᠡᠷᠬᠢᠯᠡᠭ᠌ᠴᠢ ᠯᠢ ᠴᠦᠨ ᠯᠢᠨ ᠬᠡᠯᠡᠪᠡ᠃

  ᠯᠢ ᠴᠦᠨ ᠯᠢᠨ᠎ᠤ ᠲᠠᠨᠢᠯᠴᠠᠭᠤᠯᠤᠭ᠍ᠰᠠᠨ᠎ᠢᠶᠠᠷ᠂ ᠲᠠᠯᠠᠪᠤᠷ ᠭᠠᠵᠠᠷ᠎ᠲᠤ ᠱᠢᠰᠲ᠋ᠧᠮᠲᠦ ᠴᠢᠨᠠᠷᠲᠠᠢ ᠱᠢᠯᠭᠠᠨ ᠪᠠᠲᠤᠯᠠᠯᠲᠠ ᠬᠢᠵᠦ᠍ ᠪᠠᠢᠨ᠎ᠠ᠂ ᠮᠡᠷᠭᠡᠵᠢᠯ᠎ᠤᠨ ᠦᠢᠯᠡᠳᠬᠦᠨ᠂ ᠢᠵᠢ ᠪᠦᠷᠢᠳᠦᠭᠦᠯᠬᠦ᠌ ᠰᠠᠭᠤᠷᠢ ᠲᠥᠬᠦᠭᠡᠷᠦᠮᠵᠢ᠎ᠶ᠋ᠢᠨ 《ᠬᠠᠲᠠᠭᠤ ᠱᠢᠯᠭᠠᠨ ᠪᠠᠲᠤᠯᠠᠯᠲᠠ》 ᠪᠠᠢᠬᠤ ᠪᠥᠭᠡᠳ ᠪᠠᠰᠠ ᠬᠤᠳᠠᠯᠳᠤᠭᠠᠨ᠎ᠤ ᠵᠠᠭ᠍ᠪᠤᠷ᠂ ᠲᠦᠷᠢᠮ᠎ᠤᠨ ᠥᠭᠡᠷᠡᠴᠢᠯᠡᠯᠲᠡ᠎ᠶ᠋ᠢᠨ 《ᠵᠥᠭᠡᠯᠡᠨ ᠱᠢᠯᠭᠠᠨ ᠪᠠᠢᠴᠠᠭᠠᠯᠲᠠ》 ᠴᠤ᠌ ᠪᠠᠢᠳᠠᠭ᠂ ᠡᠢᠮᠦ᠍᠎ᠠᠴᠠ ᠪᠠᠰᠠ ᠱᠢᠰᠲ᠋ᠧᠮᠴᠢᠯᠡᠭ᠌ᠰᠡᠨ 《ᠨᠡᠢᠭᠡᠮᠴᠢ ᠴᠢᠨᠠᠷ᠎ᠤᠨ ᠵᠠᠪᠰᠠᠷ᠎ᠤᠨ ᠲᠤᠷᠰᠢᠯᠲᠠ》 ᠭᠡᠵᠦ᠍ ᠬᠡᠯᠡᠵᠦ᠍ ᠪᠣᠯᠤᠨ᠎ᠠ᠃ ᠣᠳᠣᠬᠠᠨ᠎ᠳᠤ᠂ ᠲᠠᠯᠠᠪᠤᠷ ᠭᠠᠵᠠᠷ᠎ᠨᠢ ᠨᠢᠭᠡᠨᠲᠡ ᠵᠠᠩᠭᠢᠯᠠᠭ᠎ᠠ᠎ᠶ᠋ᠢᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ ᠪᠣᠯᠵᠤ᠂ ᠮᠡᠷᠭᠡᠵᠢᠯ ᠪᠣᠯᠤᠨ ᠠᠵᠤ ᠦᠢᠯᠡᠰ᠎ᠢ ᠬᠤᠯᠪᠣᠬᠤ᠂ ᠰᠤᠳᠤᠯᠤᠨ ᠨᠡᠭᠡᠭᠡᠬᠦ᠌ ᠪᠠ ᠵᠠᠬ᠎ᠠ ᠳᠡᠯᠭᠡᠭᠦᠷ᠎ᠢ ᠨᠡᠪᠲᠡᠷᠡᠭᠦᠯᠬᠦ᠌᠎ᠶ᠋ᠢᠨ ᠬᠥᠭᠦᠷᠭᠡ ᠪᠣᠯᠤᠭ᠍ᠰᠠᠨ ᠪᠠᠢᠨ᠎ᠠ᠃

  ᠣᠳᠣᠬᠠᠨ᠎ᠳᠤ᠂ ᠮᠠᠨ᠎ᠤ ᠤᠯᠤᠰ᠎ᠤᠨ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ ᠢᠯᠡᠳᠲᠡ ᠠᠮᠵᠢᠯᠲᠠ ᠣᠯᠵᠠᠶ᠃ ᠭᠡᠪᠡᠴᠦ᠍᠂ ᠵᠠᠷᠢᠮ ᠭᠦᠨ ᠳᠡᠰ ᠳᠠᠪᠬᠤᠷᠭ᠎ᠠ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠠᠰᠠᠭᠤᠳᠠᠯ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶ᠋ᠢ ᠮᠥᠨ ᠬᠦ᠌ ᠬᠢᠵᠠᠭᠠᠷᠯᠠᠵᠤ ᠪᠠᠢᠨ᠎ᠠ᠃

  ᠯᠢ ᠴᠦᠨ ᠯᠢᠨ ᠢᠯᠡᠷᠬᠡᠢ᠌ᠯᠡᠬᠦ᠎ᠳᠦ᠎ᠪᠡᠨ᠂ ᠰᠠᠨᠠᠯ ᠲᠣᠭ᠍ᠲᠠᠭᠠᠬᠤ ᠭᠤᠤᠯ ᠵᠣᠷᠢᠯᠭ᠎ᠠ᠎ᠨᠢ ᠲᠠᠯᠠᠪᠤᠷ ᠭᠠᠵᠠᠷ᠎ᠢ ᠪᠤᠢᠵᠢᠭᠤᠯᠬᠤ ᠪᠠ ᠨᠡᠭᠡᠭᠡᠯᠲᠡ ᠬᠢᠬᠦ᠌ ᠱᠢᠨ᠎ᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠮᠠᠨ᠎ᠤ ᠤᠯᠤᠰ᠎ᠤᠨ ᠬᠡᠲᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ ᠪᠠ ᠬᠡᠷᠡᠭ᠌ᠯᠡᠭᠡᠨ᠎ᠤ ᠲᠠᠯᠠᠪᠤᠷ᠎ᠤᠨ ᠳᠠᠪᠠᠭᠤᠯᠢᠭ᠎ᠢ ᠪᠠᠳᠠᠷᠠᠭᠤᠯᠵᠤ᠂ ᠱᠢᠨ᠎ᠡ ᠮᠡᠷᠭᠡᠵᠢᠯ ᠱᠢᠨ᠎ᠡ ᠦᠶ᠋ᠯᠡᠳᠬᠦᠨ᠎ᠤ 《ᠲᠤᠷᠱᠢᠯᠲᠠ᠎ᠶ᠋ᠢᠨ ᠲᠠᠯᠠᠪᠤᠷ》᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠬᠥᠭ᠌ᠵᠢᠯᠲᠡ᠎ᠶ᠋ᠢᠨ 《ᠲᠦᠷᠭᠡᠳᠭᠡᠭᠦᠷ》᠂ ᠪᠠᠢᠭᠤᠯᠤᠯ᠎ᠤᠨ ᠥᠭᠡᠷᠡᠴᠢᠯᠡᠯᠲᠡ ᠪᠠ ᠲᠦᠷᠢᠮ᠎ᠤᠨ ᠱᠢᠨ᠎ᠡ᠎ᠶ᠋ᠢ ᠡᠭᠦᠳᠬᠦ᠌ 《ᠱᠢᠯᠭᠠᠭᠤᠷ》 ᠎ᠢ ᠪᠣᠶ ᠪᠣᠯᠭᠠᠵᠤ᠂ ᠱᠢᠨ᠎ᠡ ᠮᠡᠷᠭᠡᠵᠢᠯ ᠱᠢᠨ᠎ᠡ ᠦᠶ᠋ᠯᠡᠳᠬᠦᠨ᠎ᠢ ᠶᠡᠭᠡ ᠬᠡᠪᠴᠢᠶ᠎ᠡ᠎ᠪᠠᠷ ᠠᠵᠤ ᠦᠢᠯᠡᠰᠵᠢᠭᠦᠯᠦᠨ ᠬᠡᠷᠡᠭ᠌ᠯᠡᠬᠦ᠌ ᠪᠠ ᠬᠥᠭ᠌ᠵᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠬᠥᠳᠡᠯᠭᠡᠭᠦᠷ᠎ᠢ ᠲᠦᠷᠭᠡᠪᠴᠢᠯᠡᠨ ᠪᠣᠶ ᠪᠣᠯᠭᠠᠬᠤ᠎ᠳᠤ ᠣᠷᠣᠱᠢᠨ᠎ᠠ᠃

  ᠰᠠᠨᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠡᠷᠡᠭ᠌ᠵᠢᠭᠦᠯᠵᠦ᠍᠂ ᠯᠢ ᠴᠦᠨ ᠯᠢᠨ ᠵᠢᠷᠭᠤᠭᠠᠨ ᠵᠠᠩᠭᠢᠯᠠᠭ᠎ᠠ᠎ᠶ᠋ᠢᠨ ᠦᠭᠡ᠎ᠶ᠋ᠢ ᠬᠤᠷᠢᠶᠠᠩᠭᠤᠢᠯᠠᠬᠤ᠎ᠳᠤ ᠰᠠᠢᠲᠤᠷ ᠡᠵᠡᠮᠱᠢᠬᠦ᠌ ᠴᠢᠬᠤᠯᠠᠲᠠᠢ ᠴᠢᠬᠤᠯᠠ ᠵᠠᠷᠴᠢᠮ᠄ ᠱᠢᠨ᠎ᠡ᠎ᠶ᠋ᠢ ᠡᠭᠦᠳᠬᠦ᠌᠎ᠪᠠᠷ ᠬᠦᠳᠦᠯᠦᠨ ᠳᠠᠭᠠᠭᠤᠯᠬᠤ᠂ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠬᠤ᠎ᠶ᠋ᠢ ᠪᠠᠷᠢᠮᠲᠠᠯᠠᠬᠤ᠂ ᠠᠮᠤᠷ ᠲᠦᠪᠱᠢᠨ ᠡᠮᠬᠢ ᠵᠢᠷᠤᠮ᠎ᠲᠠᠢ ᠪᠠᠢᠬᠤ᠎ᠶ᠋ᠢ ᠪᠠᠷᠢᠮᠲᠠᠯᠠᠬᠤ᠂ ᠱᠢᠰᠲ᠋ᠧᠮ᠎ᠢᠶᠠᠷ ᠠᠬᠢᠭᠤᠯᠬᠤ᠎ᠶ᠋ᠢ ᠪᠠᠷᠢᠮᠲᠠᠯᠠᠬᠤ᠂ ᠠᠭᠤᠰᠤᠯᠴᠠᠨ ᠬᠥᠭ᠌ᠵᠢᠬᠦ᠌᠎ᠶ᠋ᠢ ᠪᠠᠷᠢᠮᠲᠠᠯᠠᠬᠤ᠂ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠴᠣᠯᠭᠤᠷᠠᠨ ᠭᠠᠷᠬᠤ ᠪᠠ ᠬᠤᠪᠢᠷᠠᠭᠤᠯᠤᠨ ᠬᠡᠷᠡᠭ᠌ᠯᠡᠬᠦ᠌᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ᠃

  ᠣᠯᠠᠨ ᠲᠠᠯ᠎ᠠ ᠬᠦᠴᠦ᠍᠎ᠪᠠᠨ ᠬᠠᠮᠲᠤᠳᠭᠠᠨ ᠲᠠᠯᠠᠪᠤᠷ ᠭᠠᠵᠠᠷ᠎ᠢ ᠪᠤᠢᠵᠢᠭᠤᠯᠬᠤ ᠪᠠ ᠨᠡᠭᠡᠭᠡᠯᠲᠡ ᠬᠢᠬᠦ᠌᠎ᠶ᠋ᠢ ᠠᠬᠢᠭᠤᠯᠤᠨ᠎ᠠ

  ᠲᠠᠯᠠᠪᠤᠷ ᠭᠠᠵᠠᠷ᠎ᠤᠨ ᠬᠥᠭᠦᠷᠭᠡ᠎ᠶ᠋ᠢᠨ ᠦᠢᠯᠡᠳᠦᠯ᠎ᠢ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠢᠯᠯᠠᠵᠤ ᠪᠠᠢᠨ᠎ᠠ᠃

  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠲᠥᠯᠥᠪᠵᠢᠭᠦᠯᠭᠡ᠎ᠶ᠋ᠢᠨ ᠵᠤᠷᠭᠠᠨ᠎ᠤ ᠳᠠᠷᠤᠭ᠎ᠠ ᠶᠣᠣ ᠵᠢᠶᠦ᠋ᠨ ᠲᠠᠨᠢᠯᠴᠠᠭᠤᠯᠤᠭ᠍ᠰᠠᠨ᠎ᠢᠶᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ 2024 ᠣᠨ᠎ᠠᠴᠠ ᠨᠠᠭ᠋ᠠᠰᠢ ᠪᠥᠬᠦ᠌ ᠤᠯᠤᠰ᠎ᠤᠨ 46 ᠬᠤᠲᠠ᠎ᠶ᠋ᠢᠨ ᠲᠣᠭᠠᠴᠢᠯᠠᠭ᠍ᠰᠠᠨ ᠣᠶᠤᠨ᠎ᠤ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠲᠦᠷᠭᠡᠳᠭᠡᠬᠦ᠌᠎ᠶ᠋ᠢ ᠳᠡᠮᠵᠢᠬᠦ᠌᠎ᠶ᠋ᠢᠨ ᠬᠠᠮᠲᠤ ᠠᠩᠬᠠᠳᠠᠭ᠍ᠴᠢ ᠴᠢᠬᠤᠯᠠ ᠶᠡᠭᠡ ᠮᠡᠷᠭᠡᠵᠢᠯ ᠲᠣᠨᠣᠭ᠍ᠯᠠᠯ᠎ᠤᠨ ᠳᠠᠭᠠᠳᠭᠠᠯ᠎ᠤᠨ ᠨᠥᠬᠦᠪᠥᠷᠢ ᠪᠠ ᠠᠩᠬᠠᠳᠠᠭ᠍ᠴᠢ ᠪᠦᠯᠦᠭ ᠱᠢᠨ᠎ᠡ ᠮᠠᠲ᠋ᠧᠷᠢᠶᠠᠯ᠎ᠤᠨ ᠳᠠᠭᠠᠳᠭᠠᠯ᠎ᠤᠨ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠪᠡ᠃ ᠣᠷᠣᠨ ᠨᠤᠲᠤᠭ᠎ᠤᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ 63 ᠮᠤᠵᠢ᠎ᠶ᠋ᠢᠨ ᠱᠠᠲᠤᠨ᠎ᠤ ᠢᠷᠡᠭᠡᠳᠦᠶ᠎ᠶ᠋ᠢᠨ ᠠᠵᠤ ᠦᠢᠯᠡᠰ᠎ᠤᠨ ᠬᠤᠱᠢᠭᠤᠴᠢ ᠣᠷᠣᠨ᠎ᠢ ᠪᠠᠢᠭᠤᠯᠬᠤ᠎ᠶ᠋ᠢ ᠵᠢᠯᠣᠭᠤᠳᠴᠤ᠌᠂ ᠵᠣᠬᠢᠶᠠᠮᠠᠯ ᠣᠶᠤᠨ ᠣᠯᠭᠤᠬᠤ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠂ ᠲᠡᠷᠢᠭᠦᠨ᠎ᠤ ᠪᠤᠳᠤᠯᠲᠠ᠎ᠶ᠋ᠢᠨ ᠬᠦᠴᠦᠨ ᠨᠡᠮᠡᠷᠢᠯᠡᠬᠦ ᠱᠢᠨ᠎ᠡ ᠬᠡᠯᠪᠡᠷᠢ᠎ᠶ᠋ᠢᠨ ᠦᠢᠯᠡᠳᠪᠦᠷᠢᠯᠡᠯ᠎ᠤᠨ ᠬᠦᠴᠦᠨ ᠵᠡᠷᠭᠡ ᠬᠦᠷᠢᠶᠡᠨ᠎ᠳᠤ ᠵᠠᠭᠤ ᠭᠠᠷᠤᠶ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠳᠡᠯᠭᠡᠷᠡᠭᠦᠯᠪᠡ᠃

   ᠡᠾᠸᠪᠸᠢ᠎ᠶᠢᠨ ᠯᠦᠸᠧ ᠭᠠᠩ ᠴᠡᠴᠡᠷᠯᠢᠭ᠂ 12.7 ᠲᠡᠭ᠌ᠱᠢ ᠳᠥᠷᠪᠡᠯᠵᠢᠨ ᠺᠢᠯᠣᠮᠧᠲ᠋ᠷ᠎ᠢ᠋ ᠬᠠᠮᠤᠷᠤᠭ᠍ᠰᠠᠨ ᠪᠦᠬᠦ᠌ ᠣᠷᠣᠨ ᠵᠠᠢ᠎ᠶᠢᠨ ᠬᠥᠮᠦᠨ ᠦᠭᠡᠢ ᠲᠤᠭᠲᠠᠯᠴᠠᠭ᠎ᠠ᠎ᠶᠢᠨ ᠵᠢᠱ᠌ᠢᠶ᠎ᠡ ᠦᠵᠡᠭᠦᠯᠬᠦ᠌ ᠲᠠᠯᠠᠪᠤᠷ ᠭᠠᠵᠠᠷ᠎ᠢ᠋ ᠪᠣᠢ ᠪᠣᠯᠭᠠᠵᠤ᠂ ᠵᠢᠯᠣᠭᠣᠴᠢ ᠦᠭᠡᠢ ᠨᠢᠰᠭᠡᠯ᠎ᠦ᠋ᠨ ᠲᠣᠭ᠍ᠯᠠᠯᠲᠠ᠂ ᠵᠢᠯᠣᠭᠣᠴᠢ ᠦᠭᠡᠢ ᠲᠦᠷᠭᠡᠨ ᠬᠦᠷᠭᠡᠯᠲᠡ᠂ ᠬᠦᠮᠦᠨ ᠦᠭᠡᠢ ᠵᠢᠵᠢᠭ᠌ᠯᠡᠨ ᠬᠤᠳᠠᠯᠳᠤᠬᠤ ᠵᠡᠷᠭᠡ ᠣᠯᠠᠨ ᠵᠦᠢᠯ᠎ᠦ᠋ᠨ ᠦᠢᠯᠡᠴᠢᠯᠡᠭᠡ᠎ᠶᠢ ᠡᠭᠦᠳᠴᠦ᠍᠂ ᠠᠷᠠᠳ ᠣᠯᠠᠨ ᠰᠡᠯᠡᠭᠦᠴᠡᠯ᠎ᠦ᠋ᠨ ᠴᠢᠯᠥᠭᠡᠨ᠎ᠳ᠋ᠦ᠍ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦ᠋ᠨ ᠠᠪᠴᠢᠷᠠᠭ᠍ᠰᠠᠨ ᠰᠢᠨ᠎ᠡ ᠪᠠᠢᠳᠠᠯ᠎ᠢ᠋ ᠣᠢᠯᠠᠭᠠᠪᠠ᠃

  《ᠪᠢᠳᠡ ᠪᠦᠬᠦ᠌ ᠤᠯᠤᠰ᠎ᠲᠤ ᠨᠡᠯᠢᠶᠡᠳ ᠡᠷᠲᠡ ᠪᠦᠬᠦ᠌ ᠮᠤᠵᠢ᠎ᠶ᠋ᠢᠨ ᠬᠡᠷᠡᠭᠯᠡᠭᠡ᠎ᠶᠢᠨ ᠪᠠᠢᠳᠠᠯ᠎ᠢ ᠨᠢᠭᠡ ᠴᠤᠭ᠍ᠴᠠᠵᠢᠭᠤᠯᠤᠭ᠍ᠰᠠᠨ ᠲᠤᠮᠤ ᠵᠠᠬ᠎ᠠ ᠳᠡᠯᠭᠡᠭᠦᠷ᠎ᠢ ᠪᠠᠢᠭᠤᠯᠬᠤ ᠠᠵᠢᠯᠯᠠᠭ᠎ᠠ᠎ᠶ᠋ᠢᠨ ᠲᠥᠰᠦᠯ᠎ᠢ ᠨᠡᠢᠲᠡᠯᠡᠪᠡ》᠃ ᠠᠨᠾᠦ᠋ᠢ ᠮᠤᠵᠢ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠡᠷᠬᠢᠯᠡᠭ᠌ᠴᠢ ᠴᠧᠨ ᠵᠢᠶᠦ᠋ᠨ ᠲᠠᠨᠢᠯᠴᠠᠭᠤᠯᠬᠤ᠎ᠳᠤ᠎ᠪᠠᠨ᠂ ᠺᠸᠠᠨ᠋ᠲ᠎ᠤᠨ ᠮᠡᠳᠡᠭᠡ ᠵᠠᠩᠭᠢ᠎ᠶ᠋ᠢᠨ 《ᠮᠢᠩᠭᠠᠨ ᠲᠠᠯᠠᠪᠤᠷ ᠭᠠᠵᠠᠷ》 ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠪᠠᠷ ᠳᠡᠮᠵᠢᠨ᠂ ᠡᠨᠡ ᠵᠢᠯ᠎ᠤᠨ ᠡᠴᠦᠰ᠎ᠲᠤ ᠠᠨᠾᠦ᠋ᠢ 300 ᠱᠢᠬᠠᠮ ᠬᠡᠷᠡᠭ᠌ᠯᠡᠭᠡᠨ᠎ᠤ ᠲᠠᠯᠠᠪᠤᠷ ᠭᠠᠵᠠᠷ᠎ᠢ ᠨᠠᠢᠳᠠᠪᠤᠷᠢᠵᠢᠭᠤᠯᠵᠤ᠂ 2027 ᠣᠨ᠎ᠳᠤ 1000 ᠬᠡᠷᠡᠭ᠌ᠯᠡᠭᠡᠨ᠎ᠤ ᠪᠠᠢᠳᠠᠯ᠎ᠢ ᠨᠠᠢᠳᠠᠪᠤᠷᠢᠵᠢᠭᠤᠯᠬᠤ ᠪᠣᠯᠤᠨ᠎ᠠ᠃

  ᠣᠢᠷ᠎ᠠ᠎ᠶ᠋ᠢᠨ ᠵᠢᠯ᠎ᠦᠨ ᠲᠤᠷᠰᠢ᠂ ᠭᠤᠸᠩᠳᠦ᠋ᠩ ᠵᠠᠬ᠎ᠠ ᠳᠡᠯᠭᠡᠭᠦᠷ᠎ᠦᠨ ᠣᠷᠣᠨ ᠵᠠᠶ ᠶᠡᠬᠡ᠂ ᠬᠡᠷᠡᠭ᠌ᠯᠡᠭᠡᠨ᠎ᠦ ᠲᠠᠯᠠᠪᠤᠷ ᠭᠠᠵᠠᠷ ᠡᠯᠪᠡᠭ ᠪᠠᠢᠳᠠᠭ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠲᠡᠷᠢᠭᠦᠨ᠎ᠦ ᠦᠢᠯᠡᠳᠭᠡᠯ᠂ ᠳᠠᠯᠠᠶ ᠲᠠᠩᠭᠢᠰ᠎ᠤᠨ ᠠᠵᠤ ᠠᠬᠤᠶ᠂ ᠠᠭᠠᠷ᠎ᠤᠨ ᠠᠵᠤ ᠠᠬᠤᠶ ᠵᠡᠷᠭᠡ 20 ᠭᠣᠣᠯᠳᠠᠯᠭ᠎ᠠ᠎ᠲᠠᠶ ᠬᠦᠷᠢᠶᠡᠨ᠎ᠳᠦ᠎ᠱᠢᠨ᠎ᠡ᠎ᠶ᠋ᠢ ᠡᠭᠦᠳᠴᠡᠶ᠃ ᠭᠤᠸᠠᠩᠳᠦ᠋ᠩ ᠮᠤᠵᠢ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠡᠷᠬᠢᠯᠡᠭ᠌ᠴᠢ ᠠᠶ ᠱᠢᠤᠸᠠᠢ ᠹᠧᠩ ᠢᠯᠡᠷᠬᠡᠢᠯᠡᠬᠦ᠌᠎ᠳᠡᠭᠡᠨ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠠᠵᠢᠯᠯᠠᠭ᠎ᠠ᠎ᠪᠠᠷ ᠳᠠᠮᠵᠢᠭᠤᠯᠤᠨ᠂ ᠭᠤᠸᠠᠩᠳᠦ᠋ᠩ ᠬᠡᠷᠡᠭ᠌ᠯᠡᠭᠡᠨ᠎ᠤ ᠲᠠᠯᠠᠪᠤᠷ ᠭᠠᠵᠠᠷ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠨᠠᠷᠢᠨ ᠬᠠᠭᠤᠳᠠᠰᠤ᠎ᠶ᠋ᠢ ᠦᠷᠭᠦᠯᠵᠢᠯᠡᠨ 20 ᠪᠦᠯᠦᠭ ᠤᠳᠠᠭ᠎ᠠ ᠴᠤᠭ᠍ᠯᠠᠭᠤᠯᠤᠨ ᠨᠡᠢᠲᠡᠯᠡᠵᠦ᠍᠂ ᠵᠣᠬᠢᠶᠠᠮᠠᠯ ᠣᠶᠤᠨ᠂ ᠠᠮᠢᠳᠤ ᠪᠣᠳᠠᠰ᠎ᠤᠨ ᠡᠮ ᠡᠮᠨᠡᠯᠭᠡ᠂ ᠱᠢᠨ᠎ᠡ ᠬᠡᠯᠪᠡᠷᠢ᠎ᠶ᠋ᠢᠨ ᠬᠡᠷᠡᠭ᠌ᠯᠡᠭᠡ ᠵᠡᠷᠭᠡ ᠭᠤᠤᠯᠳᠠᠯᠭ᠎ᠠ᠎ᠲᠠᠢ ᠠᠵᠤ ᠦᠢᠯᠡᠰ᠎ᠤᠨ ᠲᠣᠭᠤᠷᠢᠨ᠎ᠳᠤ ᠮᠡᠷᠭᠡᠵᠢᠯ᠎ᠤᠨ ᠲᠠᠯᠠᠪᠤᠷ ᠭᠠᠵᠠᠷ ᠡᠷᠢᠵᠦ᠍᠂ ᠲᠠᠯᠠᠪᠤᠷ ᠭᠠᠵᠠᠷ᠎ᠲᠤ ᠮᠡᠷᠭᠡᠵᠢᠯ ᠡᠷᠢᠵᠦ᠍ ᠪᠠᠢᠨ᠎ᠠ ᠭᠡᠪᠡ᠃

  ᠲᠥᠪ᠎ᠦ᠋ᠨ ᠠᠵᠤ ᠠᠬᠤᠢᠯᠠᠯ ᠪᠣᠯ ᠲᠠᠯᠠᠪᠤᠷ ᠭᠠᠵᠠᠷ᠎ᠦᠨ ᠬᠠᠩᠭᠠᠯᠭ᠎ᠠ᠎ᠶᠢᠨ 《ᠪᠠᠶᠠᠨ ᠠᠭᠤᠷᠬᠠᠢ》 ᠪᠣᠯᠤᠨ᠎ᠠ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠤᠨ ᠲᠥᠯᠥᠪᠵᠢᠭᠦᠯᠭᠡ᠎ᠶ᠋ᠢᠨ ᠬᠥᠭ᠌ᠵᠢᠯᠲᠡ᠎ᠶ᠋ᠢᠨ ᠲᠣᠪᠴᠢᠶ᠎ᠠ᠎ᠶ᠋ᠢᠨ ᠬᠠᠷᠢᠭᠤᠴᠠᠯᠭᠠᠲᠠᠨ ᠬᠦᠶ ᠭᠠᠩ ᠢᠯᠡᠷᠬᠡᠢᠯᠡᠬᠦ᠌᠎ᠳᠡᠭᠡᠨ᠂ ᠲᠥᠪ᠎ᠤᠨ ᠠᠵᠤ ᠠᠬᠤᠢᠯᠠᠯ᠎ᠤᠨ ᠳᠤᠮᠳᠠ ᠵᠠᠪᠰᠠᠷ᠎ᠤᠨ ᠲᠤᠷᠰᠢᠯᠲᠠ᠎ᠶ᠋ᠢᠨ ᠱᠢᠯᠭᠠᠨ ᠦᠨᠡᠯᠡᠬᠦ᠌ 190 ᠲᠠᠪᠴᠠᠩ ᠨᠡᠢᠭᠡᠮ᠎ᠳᠤ ᠬᠠᠨᠳᠤᠭᠤᠯᠤᠨ ᠳᠤᠮᠳᠠ ᠵᠠᠪᠰᠠᠷ᠎ᠤᠨ ᠲᠤᠷᠰᠢᠯᠲᠠ᠎ᠶ᠋ᠢᠨ ᠦᠢᠯᠡᠴᠢᠯᠡᠭᠡ ᠬᠠᠩᠭᠠᠬᠤ᠎ᠶ᠋ᠢᠨ ᠬᠠᠮᠲᠤ ᠡᠯ᠎ᠡ ᠲᠥᠷᠥᠯ᠎ᠤᠨ ᠥᠮᠴᠢᠯᠡᠯ᠎ᠤᠨ ᠳᠦᠷᠢᠮᠲᠦ ᠠᠵᠤ ᠠᠬᠤᠢᠯᠠᠯ᠂ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠢ ᠬᠠᠮᠲᠤ᠎ᠪᠠᠷ ᠠᠵᠤ ᠦᠢᠯᠡᠰ᠎ᠤᠨ ᠠᠮᠢ ᠠᠬᠤᠶ ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠠᠵᠤ ᠦᠢᠯᠡᠰ᠎ᠤᠨ ᠱᠢᠨᠡᠴᠢᠯᠡᠯᠲᠡ᠂ ᠲᠣᠨᠤᠭ ᠲᠥᠬᠦᠭᠡᠷᠦᠮᠵᠢ᠎ᠶ᠋ᠢ ᠱᠢᠨᠡᠳᠭᠡᠬᠦ᠌ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠠᠬᠢ ᠪᠡᠯᠡ ᠣᠷᠣᠭᠤᠯᠤᠯᠲᠠ᠎ᠶ᠋ᠢᠨ ᠡᠷᠴᠢᠮ᠎ᠢ ᠦᠷᠭᠦᠯᠵᠢᠯᠡᠨ ᠴᠢᠩᠭᠠᠷᠠᠭᠤᠯᠪᠠ᠃

  ᠲᠠᠯᠠᠪᠤᠷ ᠭᠠᠵᠠᠷ᠎ᠢ ᠪᠤᠢᠵᠢᠭᠤᠯᠬᠤ ᠪᠠ ᠨᠡᠭᠡᠭᠡᠯᠲᠡ ᠬᠢᠬᠦ᠌᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ ᠪᠣᠲᠠᠲᠠᠢ᠌ᠵᠢᠭᠤᠯᠤᠨ᠎ᠠ

  ᠨᠢᠭᠡ ᠬᠤᠪᠢ᠎ᠶ᠋ᠢᠨ ᠪᠠᠢᠷᠢᠯᠠᠭᠤᠯᠤᠯᠲᠠ᠂ ᠶᠢᠰᠦᠨ ᠬᠤᠪᠢ᠎ᠶ᠋ᠢᠨ ᠨᠠᠢᠳᠠᠪᠤᠷᠢᠵᠢᠭᠤᠯᠤᠯᠲᠠ᠃ ᠲᠠᠯᠠᠪᠤᠷ ᠭᠠᠵᠠᠷ᠎ᠢ᠋ ᠪᠣᠢᠵᠢᠭᠤᠯᠬᠤ ᠪᠠ ᠨᠡᠭᠡᠭᠡᠯᠲᠡ ᠬᠢᠬᠦ᠌᠎ᠶᠢ ᠠᠬᠢᠭᠤᠯᠬᠤ᠎ᠳ᠋ᠤ ᠪᠠᠰᠠ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ᠃

   ᠰᠢᠨ᠎ᠡ ᠲᠠᠯᠠᠪᠤᠷ ᠭᠠᠵᠠᠷ᠎ᠢ᠋ ᠶᠡᠬᠡ ᠬᠡᠪᠴᠢᠶ᠎ᠡ᠎ᠪᠡᠷ ᠬᠡᠷᠡᠭ᠌ᠯᠡᠬᠦ᠌᠎ᠳ᠋ᠦ᠍ ᠡᠮᠦᠨ᠎ᠡ ᠵᠠᠬ᠎ᠠ᠎ᠶᠢᠨ ᠮᠡᠷᠭᠡᠵᠢᠯ᠎ᠦ᠋ᠨ ᠬᠥᠳᠡᠯᠭᠡᠭᠦᠷ᠎ᠡᠴᠡ ᠰᠠᠯᠵᠤ ᠴᠢᠳᠠᠬᠤ ᠦᠭᠡᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠶᠠᠮᠤᠨ᠎ᠤ ᠳᠣᠯᠣᠳᠤᠭᠠᠷ ᠵᠤᠷᠭᠠᠨ᠎ᠤ ᠬᠠᠷᠢᠭᠤᠴᠠᠯᠭᠠᠲᠠᠨ ᠴᠧᠨ ᠬᠤᠩ ᠱᠧᠩ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ ᠲᠠᠷᠠᠭᠠᠴᠢ᠎ᠶ᠋ᠢᠨ ᠠᠯᠬᠤᠮ᠎ᠳᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ ᠪᠠ ᠣᠷᠣᠨ ᠨᠤᠲᠤᠭ᠎ᠲᠠᠢ ᠬᠠᠮᠲᠤᠷᠠᠨ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠣᠭᠤᠮᠲᠠ ᠱᠢᠪᠲᠤᠯᠬᠤ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠷᠠᠭᠤᠯᠤᠨ᠂ ᠴᠢᠬᠤᠯᠠ ᠶᠡᠭᠡ ᠬᠤᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠠᠷ ᠬᠤᠪᠢᠷᠠᠭᠤᠯᠬᠤ᠎ᠶ᠋ᠢ ᠲᠦᠷᠭᠡᠳᠭᠡᠵᠦ᠍᠂ 《ᠬᠠᠲᠠᠭᠤ ᠲᠣᠨᠤᠭ᠎ᠤᠨ ᠪᠥᠲᠥᠭᠡᠨ ᠪᠠᠢᠭᠤᠯᠤᠯᠲᠠ》 ᠪᠠ 《ᠵᠥᠭᠡᠯᠡᠨ ᠲᠣᠨᠤᠭ᠎ᠤᠨ ᠲᠤᠯᠭᠠᠭᠤᠷᠢᠯᠠᠯ》 ᠵᠡᠷᠭᠡ ᠬᠤᠶᠠᠷ ᠲᠠᠯ᠎ᠠ᠎ᠪᠠᠷ ᠬᠦᠴᠦᠯᠡᠵᠦ᠍᠂ ᠨᠡᠩ ᠤᠯᠠᠨ 《ᠲᠤᠷᠰᠢᠯᠲᠠ᠎ᠶᠢᠨ ᠲᠠᠰᠤᠭ᠎ᠤᠨ ᠬᠣᠰᠢᠭᠤᠷᠠᠯ ᠮᠡᠷᠭᠡᠵᠢᠯ》᠎ᠢ 《ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠬᠥᠳᠡᠯᠭᠡᠭᠴᠢ ᠡᠨᠧᠷᠭᠢ》 ᠪᠣᠯᠭᠠᠨ ᠬᠤᠪᠢᠷᠠᠭᠤᠯᠬᠤ᠎ᠶᠢ ᠲᠦᠯᠬᠢᠨ ᠠᠬᠢᠭᠤᠯᠤᠨ᠎ᠠ ᠭᠡᠪᠡ᠃ 

  ᠶᠣᠣ ᠵᠢᠶᠦ᠋ᠨ ᠲᠠᠨᠢᠯᠴᠠᠭᠤᠯᠬᠤ᠎ᠳᠠᠭᠠᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ᠂ 《5G +》᠂ 《ᠵᠣᠬᠢᠶᠠᠮᠠᠯ ᠣᠶᠤᠨ +》᠂ 《ᠮᠠᠱᠢᠨ ᠬᠥᠮᠦᠨ +》᠂ 《ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ +》᠂ 《ᠳᠣᠬᠢᠭᠤᠷ ᠲᠤᠯᠤᠭᠠᠨ ᠣᠲᠣ +》 ᠵᠡᠷᠭᠡ ᠬᠡᠷᠡᠭ᠌ᠯᠡᠭᠡᠨ᠎ᠤ ᠲᠠᠯᠠᠪᠤᠷ᠎ᠢ ᠪᠤᠢᠵᠢᠭᠤᠯᠬᠤ᠎ᠶ᠋ᠢ ᠠᠬᠢᠭᠤᠯᠵᠤ᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠲᠦᠷᠭᠡᠳᠭᠡᠬᠦ᠌ ᠪᠣᠯᠤᠨ᠎ᠠ᠃

  ᠬᠡᠷᠬᠢᠨ ᠲᠥᠪ᠎ᠤᠨ ᠠᠵᠤ ᠠᠬᠤᠢᠯᠠᠯ᠎ᠤᠨ ᠲᠠᠯᠠᠪᠤᠷ ᠭᠠᠵᠠᠷ᠎ᠢ ᠪᠣᠢᠵᠢᠭᠤᠯᠬᠤ ᠪᠠ ᠴᠢᠯᠦᠭᠡᠲᠡᠢ ᠶᠠᠪᠤᠯᠴᠠᠬᠤ ᠳᠤᠮᠳᠠᠬᠢ ᠦᠢᠯᠡᠳ᠋ᠦᠯ᠎ᠢ ᠤᠯᠠᠮ ᠨᠢᠭᠡ ᠠᠯᠬᠤᠮ ᠴᠢᠩᠭ᠍ᠠᠳᠭᠠᠬᠤ ᠪᠤᠢ? ᠬᠦᠶ ᠭᠠᠩ ᠢᠯᠡᠷᠬᠡᠢᠯᠡᠬᠦ᠌᠎ᠳᠡᠭᠡᠨ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ ᠥᠨᠳᠥᠷ ᠥᠷᠲᠡᠭ᠌ᠲᠦ ᠲᠠᠯᠠᠪᠤᠷ ᠭᠠᠵᠠᠷ᠎ᠤᠨ ᠬᠠᠩᠭᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠲᠠᠯᠠᠪᠤᠷ ᠭᠠᠵᠠᠷ᠎ᠤᠨ ᠨᠡᠭᠡᠭᠡᠯᠲᠡ᠎ᠶ᠋ᠢᠨ ᠥᠷᠭᠡᠴᠡ ᠭᠦᠨᠴᠡ᠎ᠶ᠋ᠢ ᠥᠷᠭᠡᠳᠭᠡᠬᠦ᠌᠎ᠶ᠋ᠢᠨ ᠬᠠᠮᠲᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠂ ᠳᠤᠮᠳᠠ ᠵᠢᠵᠢᠭ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠡᠷᠭᠡ ᠡᠯ᠎ᠡ ᠲᠥᠷᠥᠯ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠲᠠᠯᠠᠪᠤᠷ ᠭᠠᠵᠠᠷ ᠎ᠦᠨ ᠪᠥᠲᠥᠭᠡᠨ ᠪᠠᠢᠭᠤᠯᠤᠯᠲᠠ᠎ᠳᠤ ᠠᠭᠤᠰᠤᠯᠴᠠᠭᠤᠯᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ ᠭᠡᠪᠡ᠃

  ᠰᠠᠨᠠᠯ᠎ᠳᠤ 《ᠵᠥᠪᠱᠢᠶᠡᠷᠡᠨ ᠣᠷᠣᠭᠤᠯᠬᠤ᠂ ᠲᠠᠯᠠᠪᠤᠷ ᠭᠠᠵᠠᠷ᠂ ᠬᠦᠴᠦᠨ ᠵᠦᠢᠯ᠎ᠤᠨ ᠥᠭᠡᠷᠡᠴᠢᠯᠡᠯᠲᠡ᠎ᠶ᠋ᠢ ᠬᠠᠮᠵᠢᠯᠴᠠᠨ ᠠᠬᠢᠭᠤᠯᠬᠤ》᠎ᠶ᠋ᠢ ᠳᠤᠷᠠᠳᠪᠠ᠃ ᠬᠠᠮᠢᠶ᠎ᠠ ᠪᠦᠬᠦᠢ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ᠂ ᠯᠢ ᠴᠦᠨ ᠯᠢᠨ᠎ᠤ ᠦᠵᠡᠬᠦ᠌᠎ᠪᠠᠷ᠂ ᠨᠡᠢᠲᠡᠯᠢᠭ ᠪᠠᠢᠳᠠᠯ᠎ᠢ ᠨᠡᠭᠡᠭᠡᠬᠦ᠌᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ᠎ᠢ ᠤᠯᠠᠮ ᠨᠢᠭᠡ ᠠᠯᠬᠤᠮ ᠥᠷᠭᠡᠳᠭᠡᠵᠦ᠍᠂ ᠵᠠᠷᠢᠮ ᠬᠠᠤᠯᠢ ᠴᠠᠭᠠᠵᠠ ᠬᠠᠤᠯᠢ ᠲᠣᠭ᠍ᠲᠠᠭᠠᠯ᠎ᠳᠤ ᠲᠣᠳᠣᠷᠬᠠᠶ ᠵᠢᠭᠠᠭ᠍ᠰᠠᠨ ᠥᠬᠡᠶ ᠦᠵᠡᠭ᠌ᠳᠡᠯᠲᠦ ᠡᠬᠢ ᠪᠠᠶᠠᠯᠢᠭ᠎ᠢ ᠨᠡᠭᠡᠭᠡᠬᠦ᠌ ᠴᠢᠬᠤᠯᠠᠲᠠᠶ ᠪᠠᠢᠨ᠎ᠠ᠃ ᠡᠭᠦᠨ᠎ᠤ ᠬᠠᠮᠲᠤ ᠲᠠᠯᠠᠪᠤᠷ ᠭᠠᠵᠠᠷ᠎ᠢ ᠪᠤᠢᠵᠢᠭᠤᠯᠬᠤ ᠪᠠ ᠨᠡᠭᠡᠭᠡᠬᠦ᠌᠎ᠪᠠᠷ ᠭᠠᠷᠳᠠᠴᠠ ᠪᠣᠯᠭᠠᠵᠤ᠂ ᠲᠤᠭ᠎ᠠ ᠪᠠᠷᠢᠮᠲᠠ᠂ ᠣᠭ᠍ᠲᠠᠷᠭᠤᠢ᠂ ᠭᠦᠨ ᠨᠣᠭᠤᠭ᠎ᠠ᠂ ᠳᠠᠪᠲᠠᠮᠵᠢ᠎ᠶ᠋ᠢᠨ ᠵᠢᠭ᠍ᠰᠠᠯ ᠵᠡᠷᠭᠡ ᠱᠢᠨ᠎ᠡ ᠬᠡᠯᠪᠡᠷᠢ᠎ᠶ᠋ᠢᠨ ᠬᠦᠴᠦᠨ ᠵᠦᠢᠯ᠎ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠪᠠᠢᠳᠠᠯ᠎ᠢ ᠡᠯ᠎ᠡ ᠲᠥᠷᠥᠯ᠎ᠤᠨ ᠦᠢᠯᠡᠳᠪᠦᠷᠢᠯᠡᠯ᠎ᠤᠨ ᠬᠦᠴᠦᠨ ᠵᠦᠢᠯ ᠢᠯᠠᠩᠭᠤᠶ᠎ᠠ ᠱᠢᠨ᠎ᠡ᠎ᠶ᠋ᠢ ᠡᠭᠦᠳᠬᠦ᠌ ᠬᠦᠴᠦᠨ ᠵᠦᠢᠯ᠎ᠢ ᠥᠨᠳᠥᠷ ᠪᠦᠲᠦᠮᠵᠢᠲᠡᠶ᠎ᠪᠠᠷ ᠳᠣᠭᠢᠷᠠᠭᠤᠯᠬᠤ ᠲᠠᠯᠠᠪᠤᠷ ᠭᠠᠵᠠᠷ ᠪᠣᠯᠭᠠᠬᠤ᠎ᠶ᠋ᠢᠨ ᠬᠠᠮᠲᠤ ᠮᠡᠷᠭᠡᠵᠢᠯ᠂ ᠲᠤᠭ᠎ᠠ ᠪᠠᠷᠢᠮᠲᠠ᠂ ᠴᠢᠳᠠᠪᠤᠷᠢᠲᠠᠨ᠂ ᠪᠡᠯᠡ ᠮᠥᠩᠭᠦ᠌ ᠵᠡᠷᠭᠡ ᠬᠦᠴᠦᠨ ᠵᠦᠢᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃

  ᠰᠠᠨᠠᠯ᠎ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ᠎ᠳᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠣᠯ ᠵᠠᠩᠭᠢᠯᠠᠭ᠎ᠠ ᠪᠣᠯᠤᠨ᠎ᠠ᠃ ᠯᠢ ᠴᠦᠨ ᠯᠢᠨ᠂ ᠬᠠᠮᠵᠢᠯᠴᠠᠭ᠎ᠠ᠎ᠪᠠᠨ ᠴᠢᠩᠭᠠᠳᠭᠠᠬᠤ᠂ ᠭᠤᠤᠯᠳᠠᠯᠭ᠎ᠠ᠎ᠶ᠋ᠢ ᠳᠣᠪᠤᠢᠯᠭᠠᠬᠤ᠂ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠪᠠᠷ ᠴᠢᠭ᠌ᠯᠡᠯ ᠪᠣᠯᠭᠠᠵᠤ᠂ ᠨᠠᠩ ᠲᠣᠳᠣᠷᠬᠠᠶ᠂ ᠬᠡᠷᠡᠭ᠌ᠵᠢᠭᠦᠯᠵᠦ᠍ ᠪᠣᠯᠬᠤ ᠠᠵᠢᠯ᠎ᠤᠨ ᠱᠠᠭᠠᠷᠳᠠᠯᠭ᠎ᠠ ᠳᠤᠷᠠᠳᠴᠤ᠌᠂ ᠨᠢᠭᠡ ᠪᠦᠯᠦᠭ ᠶᠡᠷᠦᠩᠬᠡᠢᠯᠡᠭ᠌ᠰᠡᠨ ᠴᠢᠨᠠᠷᠲᠠᠶ ᠴᠢᠬᠤᠯᠠ ᠶᠡᠭᠡ ᠲᠠᠯᠠᠪᠤᠷ ᠭᠠᠵᠠᠷ᠂ ᠠᠵᠢᠯ ᠲᠥᠷᠥᠯ᠎ᠤᠨ ᠬᠦᠷᠢᠶᠡᠨ᠎ᠳᠠᠬᠢ ᠬᠤᠷᠠᠮᠠᠯ ᠮᠠᠶᠢᠭ᠎ᠤᠨ ᠲᠠᠯᠠᠪᠤᠷ ᠭᠠᠵᠠᠷ᠂ ᠥᠨᠳᠥᠷ ᠥᠷᠲᠡᠭ᠎ᠲᠠᠢ ᠵᠢᠵᠢᠭ ᠬᠡᠷᠴᠢᠶᠡᠰᠦ ᠲᠠᠯᠠᠪᠤᠷ ᠭᠠᠵᠠᠷ ᠪᠠᠢᠭᠤᠯᠬᠤ᠎ᠶ᠋ᠢ ᠳᠡᠮᠵᠢᠵᠦ᠍᠂ ᠵᠠᠰᠠᠭ᠎ᠤᠨ ᠣᠷᠳᠣᠨ ᠬᠥᠲᠥᠯᠦᠨ ᠵᠢᠯᠣᠭᠤᠳᠭᠤ᠂ ᠵᠠᠬ᠎ᠠ ᠳᠡᠯᠭᠡᠭᠦᠷ᠎ᠢᠶᠠᠷ ᠭᠤᠤᠯᠯᠠᠭᠤᠯᠬᠤ᠂ ᠣᠯᠠᠨ ᠡᠱᠢᠵᠢᠬᠦᠯᠦᠨ ᠣᠷᠣᠯᠴᠠᠬᠤ ᠪᠠᠢᠩᠭᠤᠵᠢᠭ᠍ᠰᠠᠨ ᠪᠠᠢᠳᠠᠯ᠎ᠢ ᠪᠤᠢᠵᠢᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃

  ᠨᠢᠭᠡ ᠱᠢᠷᠪᠢᠵᠦ᠍ ᠭᠠᠷ ᠤᠲᠠᠰᠤᠨ ᠳᠡᠭᠡᠷ᠎ᠡ ᠣᠳᠣᠬᠢ ᠨᠢᠭᠤᠷ᠎ᠢ ᠪᠠᠢᠴᠠᠭᠠᠨ ᠦᠵᠡᠨ᠎ᠡ

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
 
            