ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠄ ᠬᠡᠷᠡᠭᠯᠡᠭᠡ᠎ᠶᠢᠨ ᠱᠢᠨ᠎ᠡ ᠡᠵᠡᠩᠨᠡᠯᠲᠡ᠎ᠶ᠋ᠢᠨ ᠪᠠᠢᠳᠠᠯ ᠱᠢᠨ᠎ᠡ ᠬᠡᠪ ᠵᠠᠭ᠍ᠪᠤᠷ ᠱᠢᠨ᠎ᠡ ᠪᠠᠢᠳᠠᠯ᠎ᠦᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠬᠦ᠌ ᠲᠤᠬᠠᠢ ᠡᠳ᠋᠎ᠤᠨ ᠵᠠᠰᠠᠭ᠎ᠤᠨ ᠶᠠᠮᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠮᠡᠳᠡᠭ᠌ᠳᠡᠯ
ᠨᠡᠶ᠋ᠢᠲᠡᠯᠡᠭᠰᠡᠨ ᠴᠠᠭ᠄ 2025-09-30

 [ᠨᠡᠢ᠌ᠲᠡᠯᠡᠭᠰᠡᠨ ᠨᠢᠭᠡᠴᠢ] ᠦᠢᠯᠡᠴᠢᠯᠡᠭᠡᠨ᠎ᠦ ᠠᠷᠠᠯᠵᠢᠶ᠎ᠠ ᠪᠠ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠦ ᠦᠢᠯᠡᠰ᠎ᠦᠨ ᠵᠤᠷᠭᠠᠨ

 [ᠨᠡᠢ᠌ᠲᠡᠯᠡᠭᠰᠡᠨ ᠳ᠋ᠤᠭᠠᠷ] ᠡᠳ᠋᠎ᠤᠨ ᠵᠠᠰᠠᠭ ᠪᠦᠲᠦᠭᠡᠨ ᠪᠠᠢ᠌ᠭᠤᠯᠤᠯᠲᠠ[2025]341 ᠳ᠋ᠤᠭᠡᠷ ᠲᠣᠭᠠᠲᠤ

 [ ᠪᠢᠴᠢᠭᠳᠡᠭᠰᠡᠨ ᠡᠳᠦᠷ ᠬᠤᠭᠤᠴᠠᠭ᠎ᠠ] 2025 ᠣᠨ᠎ᠤ 09 ᠳ᠋ᠦ᠍ᠭᠡᠷ ᠰᠠᠷ᠎ᠠ᠎ᠶ᠋ᠢᠨ 28᠎ᠤ ᠡᠳᠦᠷ

 

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ᠂  ᠲᠤᠰᠠᠭ᠋ᠠᠷ ᠲᠦᠯᠦᠪᠡᠯᠭᠡᠲᠦ ᠬᠤᠲᠠ᠎ᠶ᠋ᠢᠨ ᠡᠳ᠋᠎ᠤᠨ ᠵᠠᠰᠠᠭ᠎ᠤᠨ ᠲᠢᠩᠬᠢᠮ (ᠲᠣᠪᠴᠢᠶ᠎ᠠ)᠂ ᠬᠤᠳᠠᠯᠳᠤᠭᠠᠨ᠎ᠤ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠌᠄

  ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠬᠤᠯᠪᠣᠭ᠍ᠳᠠᠯ ᠪᠥᠬᠦᠶ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠶ ᠠᠵᠢᠯᠯᠠᠭᠠᠨ᠎ᠤ ᠲᠥᠰᠦᠯ》 ( ᠳᠣᠷᠣᠭ᠍ᠰᠢ 《ᠠᠵᠢᠯᠯᠠᠭᠠᠨ᠎ᠤ ᠲᠥᠰᠦᠯ》 ᠭᠡᠵᠦ᠍ ᠲᠤᠪᠴᠢᠯᠠᠪᠠ ) ᠎ᠤᠨ ᠬᠠᠮᠢᠶ᠎ᠠ ᠪᠥᠬᠦᠶ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠴᠢᠨᠠᠷ ᠰᠠᠢᠲᠠᠶ ᠬᠡᠷᠡᠭᠯᠡᠭᠡ᠎ᠶᠢᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠣᠯᠠᠨ ᠶᠠᠩᠵᠤᠴᠢᠯᠠᠭ᠍ᠰᠠᠨ᠂ ᠵᠦᠷᠢᠶᠡᠴᠢᠯᠡᠭ᠌ᠰᠡᠨ ᠬᠡᠷᠡᠭᠯᠡᠭᠡ᠎ᠶᠢᠨ ᠳᠠᠯᠳᠠ ᠬᠦᠴᠦᠨ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠪᠥᠬᠦ᠌ ᠲᠠᠯ᠎ᠠ᠎ᠪᠠᠷ ᠥᠷᠭᠡᠳᠭᠡᠬᠦ᠌᠎ᠶ᠋ᠢᠨ ᠲᠤᠰᠠᠳᠠ᠂ ᠡᠳ᠋᠎ᠤᠨ ᠵᠠᠰᠠᠭ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠡᠷᠡᠭᠯᠡᠭᠡ᠎ᠶᠢᠨ ᠱᠢᠨ᠎ᠡ ᠡᠵᠡᠩᠨᠡᠯᠲᠡ᠎ᠶ᠋ᠢᠨ ᠪᠠᠢᠳᠠᠯ ᠱᠢᠨ᠎ᠡ ᠵᠠᠭ᠍ᠪᠤᠷ ᠱᠢᠨ᠎ᠡ ᠪᠠᠢᠳᠠᠯ᠎ᠤᠨ ᠲᠤᠷᠱᠢᠯᠲᠠ᠎ᠶ᠋ᠢᠨ ᠠᠵᠢᠯ᠎ᠢ ᠥᠷᠨᠢᠭᠦᠯᠪᠡ᠃ ᠡᠳᠦᠭᠡ ᠬᠤᠯᠪᠣᠭ᠍ᠳᠠᠯ ᠪᠦᠬᠦᠢ ᠵᠦᠢ᠍ᠯ᠎ᠢ ᠳᠣᠣᠷᠠᠬᠢ ᠮᠡᠲᠦ ᠮᠡᠳᠡᠭ᠌ᠳᠡᠶ᠎ᠡ᠄

  ᠨᠢᠭᠡ᠂ ᠶᠡᠷᠦᠩᠬᠡᠢ ᠱᠠᠭᠠᠷᠳᠠᠯᠭ᠎ᠠ

  (ᠨᠢᠭᠡ) ᠲᠦᠷᠤ᠎ᠶᠢᠨ ᠪᠤᠳᠤᠯᠭ᠎ᠠ᠎ᠶᠢᠨ ᠬᠠᠷᠠᠯᠲᠠ᠃ ᠬᠡᠷᠡᠭ᠌ᠯᠡᠭᠡ᠎ᠶ᠋ᠢ ᠶᠡᠭᠡ᠎ᠪᠠᠷ ᠬᠥᠭ᠌ᠵᠢᠭᠡᠬᠦ᠌ ᠲᠤᠬᠠᠢ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠶᠣᠰᠣᠭᠠᠷ᠂ ᠬᠡᠷᠡᠭᠯᠡᠭᠡ᠎ᠶᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ ᠱᠢᠨ᠎ᠡ ᠪᠠᠢᠳᠠᠯ᠎ᠤᠨ ᠲᠤᠷᠱᠢᠯᠲᠠ᠎ᠶ᠋ᠢᠨ ᠴᠡᠭ᠎ᠤᠨ ᠠᠵᠢᠯ᠎ᠢᠶᠠᠷ ᠳᠠᠮᠵᠢᠭᠤᠯᠤᠨ᠂ ᠲᠤᠷᠱᠢᠯᠲᠠ᠎ᠶ᠋ᠢᠨ ᠴᠡᠭ᠎ᠤᠨ ᠬᠤᠲᠠ᠎ᠶ᠋ᠢᠨ ᠠᠩᠬᠠᠨ᠎ᠤ ᠲᠠᠷᠬᠠᠭᠠᠯᠲᠠ᠎ᠶ᠋ᠢᠨ ᠠᠵᠤ ᠠᠬᠤᠢ᠎ᠶ᠋ᠢᠨ ᠦᠢᠯᠡᠴᠢᠯᠡᠭᠡᠨ᠎ᠤ ᠲᠣᠭ᠍ᠲᠠᠯᠴᠠᠭ᠎ᠠ᠎ᠶ᠋ᠢ ᠪᠦᠷᠢᠨᠱᠢᠭᠦᠯᠬᠦ᠌᠎ᠶ᠋ᠢ ᠳᠡᠮᠵᠢᠵᠦ᠍᠂ ᠣᠯᠠᠨ ᠡᠱᠢᠵᠢᠭ᠌ᠰᠡᠨ ᠦᠢᠯᠡᠴᠢᠯᠡᠭᠡᠨ᠎ᠤ ᠬᠡᠷᠡᠭᠯᠡᠭᠡ᠎ᠶᠢᠨ ᠠᠬᠤᠢ ᠪᠠᠢᠳᠠᠯ᠎ᠢ ᠳᠡᠭᠡᠭ᠌ᠰᠢᠯᠡᠭᠦᠯᠦᠨ᠂ ᠬᠡᠷᠡᠭᠯᠡᠭᠡ᠎ᠶᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠥᠷᠭᠡᠳᠭᠡᠵᠦ᠍᠂ ᠨᠠᠩ ᠣᠯᠠᠨ ᠭᠠᠳᠠᠭᠠᠳᠤ ᠠᠷᠠᠯᠵᠢᠶᠠᠨ᠎ᠤ ᠱᠢᠯᠢᠳᠡᠭ ᠪᠦᠲᠦᠭᠡᠭ᠌ᠳᠡᠬᠦᠨ᠎ᠤ ᠤᠯᠤᠰ᠎ᠤᠨ ᠳᠣᠲᠣᠭᠠᠳᠤ᠎ᠶ᠋ᠢᠨ ᠬᠡᠷᠡᠭᠯᠡᠭᠡ᠎ᠶᠢᠨ ᠵᠠᠬ᠎ᠠ ᠳᠡᠯᠭᠡᠭᠦᠷ᠎ᠲᠤ ᠣᠷᠣᠬᠤ᠎ᠶ᠋ᠢ ᠠᠬᠢᠭᠤᠯᠤᠨ᠂ ᠬᠡᠷᠡᠭᠯᠡᠭᠡ᠎ᠶᠢᠨ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠵᠤ᠂ ᠬᠡᠷᠡᠭᠯᠡᠭᠡ᠎ᠶᠢᠨ ᠠᠮᠢᠵᠢᠷᠠᠯ᠎ᠤᠨ ᠬᠦᠴᠦᠨ᠎ᠢ ᠳᠡᠭᠡᠭ᠌ᠰᠢᠯᠡᠭᠦᠯᠦᠨ᠂ ᠠᠷᠠᠳ ᠣᠯᠠᠨ᠎ᠤ ᠣᠯᠠᠨ ᠶᠠᠩᠵᠤᠴᠢᠯᠠᠭ᠍ᠰᠠᠨ᠂ ᠵᠦᠷᠢᠶᠡᠴᠢᠯᠡᠭ᠌ᠰᠡᠨ ᠬᠡᠷᠡᠭᠯᠡᠭᠡ᠎ᠶᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠵᠤ᠂ ᠠᠵᠤ ᠠᠬᠤᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃

  (ᠬᠣᠶᠠᠷ )  ᠳᠡᠮᠵᠢᠬᠦ᠌ ᠬᠦᠷᠢᠶ᠎ᠡ ᠬᠡᠪᠴᠢᠶ᠎ᠡ᠃ ᠲᠣᠷᠱᠢᠯᠲᠠ᠎ᠶ᠋ᠢᠨ ᠴᠡᠭ ᠬᠤᠲᠠ᠎ᠶ᠋ᠢᠨ ᠭᠤᠶᠤᠴᠢᠯᠠᠨ ᠮᠡᠳᠡᠭᠦᠯᠬᠦ᠌ ᠬᠦᠷᠢᠶ᠎ᠡ ᠬᠡᠪᠴᠢᠶ᠎ᠡ᠎ᠨᠢ ᠲᠤᠰᠭᠠᠢ ᠣᠷᠣᠨ᠎ᠤ ᠬᠤᠲᠠ᠎ᠶ᠋ᠢᠨ ᠳᠡᠰ ᠵᠢᠴᠢ ᠲᠡᠭᠦᠨ᠎ᠠᠴᠠ ᠳᠡᠭᠡᠭ᠌ᠰᠢᠬᠢ ᠬᠤᠲᠠ (ᠱᠢᠭᠤᠳ ᠬᠠᠷᠢᠶ᠎ᠠ ᠬᠤᠲᠠ᠂ ᠲᠤᠰᠠᠭᠠᠷ ᠲᠥᠯᠥᠪᠯᠡᠭᠡᠲᠦ ᠬᠤᠲᠠ᠂ ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠎ᠤ ᠮᠤᠵᠢ᠎ᠶ᠋ᠢᠨ ᠲᠥᠪ ᠪᠣᠶᠣ ᠲᠥᠪ ᠬᠤᠲᠠ᠂ ᠲᠤᠰᠭᠠᠢ ᠣᠷᠣᠨ᠎ᠤ ᠳᠡᠰ᠎ᠦᠨ ᠬᠤᠲᠠ᠂ ᠵᠸᠤ᠂ ᠠᠢᠮᠠᠭ᠎ᠢ ᠪᠠᠭᠲᠠᠭ᠋ᠠᠨ᠎ᠠ )᠃ 50 ᠣᠷᠴᠢᠮ ᠬᠣᠲᠠ᠎ᠶᠢᠨ ᠲᠤᠷᠰᠢᠯᠲᠠ᠎ᠶᠢᠨ ᠠᠵᠢᠯ ᠥᠷᠨᠢᠭᠦᠯᠬᠦ᠎ᠶᠢ ᠳᠡᠮᠵᠢᠵᠦ᠂ ᠭᠣᠤᠯᠳᠠᠭᠤ ᠬᠥᠮᠦᠨ ᠠᠮᠠ᠎ᠶ᠋ᠢᠨ ᠰᠠᠭᠤᠷᠢ ᠲᠣᠭ᠎ᠠ ᠨᠢ ᠶᠡᠬᠡ᠂ ᠳᠠᠢᠴᠢᠯᠠᠬᠤ ᠦᠢᠯᠡᠳᠦᠯ᠎ᠢᠶᠡᠷ ᠴᠢᠩᠭ᠎ᠠ᠂ ᠬᠥᠭ᠌ᠵᠢᠯᠲᠡ᠎ᠶ᠋ᠢᠨ ᠳᠠᠯᠳᠠ ᠬᠦᠴᠦᠨ᠎ᠢᠶᠡᠷ ᠰᠠᠢᠨ ᠬᠡᠳᠦ ᠶᠡᠬᠡ ᠣᠨᠴᠠ ᠶᠡᠬᠡ ᠬᠣᠲᠠ ᠲᠡᠢ᠌ᠰᠢ ᠬᠡᠯᠪᠡᠢᠯᠭᠡᠨ᠎ᠡ᠃ ᠲᠥ᠋ᠷᠥ᠍ ᠎ᠶ᠋ᠢᠨ  ᠪᠤᠳᠤᠯᠭ᠎ᠠ᠎ᠶᠢ ᠬᠡᠷᠡᠭ᠌ᠵᠢᠭᠦᠯᠬᠦ᠌ ᠬᠤᠭᠤᠴᠠᠭ᠎ᠠ ᠨᠢ ᠬᠤᠶᠠᠷ ᠵᠢᠯ  ᠪᠤᠯᠤᠨ᠎ᠠ᠃

  ᠬᠤᠶᠠᠷ᠂ ᠳᠡᠮᠵᠢᠬᠦ᠌ ᠴᠢᠭ᠌ᠯᠡᠯ

  (ᠨᠢᠭᠡ) ᠠᠩᠬ᠎ᠠ ᠲᠠᠷᠬᠠᠭᠠᠬᠤ ᠠᠵᠤ ᠠᠬᠤᠢ᠎ᠶ᠋ᠢᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ᠌᠎ᠶ᠋ᠢ ᠳᠡᠮᠵᠢᠨ᠎ᠡ᠃ ᠨᠢᠭᠡ ᠪᠦᠯᠦᠭ ᠠᠩᠬ᠎ᠠ ᠲᠠᠷᠬᠠᠭᠠᠬᠤ ᠲᠥᠪ᠂ ᠠᠩᠬ᠎ᠠ ᠲᠠᠷᠬᠠᠭᠠᠬᠤ ᠠᠵᠤ ᠠᠬᠤᠶ᠎ᠶ᠋ᠢᠨ ᠲᠦᠪᠯᠡᠷᠡᠯ᠎ᠤᠨ ᠲᠣᠭᠤᠷᠢᠭ᠎ᠢ ᠳᠡᠮᠵᠢᠨ ᠪᠠᠢᠭᠤᠯᠵᠤ᠂ ᠭᠤᠤᠯᠳᠠᠯᠭ᠎ᠠ᠎ᠲᠠᠢ ᠬᠤᠳᠠᠯᠳᠤᠭᠠᠨ᠎ᠤ ᠲᠣᠭᠤᠷᠢᠭ᠎ᠤᠨ ᠬᠤᠳᠠᠯᠳᠤᠭᠠᠨ᠎ᠤ ᠵᠡᠭᠡᠯᠢ᠂ ᠪᠦᠲᠦᠭᠡᠯᠴᠢ ᠰᠡᠳᠭᠢᠮᠵᠢ᠎ᠶ᠋ᠢᠨ ᠬᠦᠷᠢᠶᠡᠯᠡᠩ ᠲᠣᠭᠤᠷᠢᠭ᠂ ᠰᠣᠶᠣᠯ᠎ᠤᠨ ᠲᠠᠯᠠᠪᠤᠷ ᠵᠡᠷᠭᠡ᠎ᠳᠤ ᠣᠯᠠᠨ ᠳᠡᠰ ᠳᠠᠪᠬᠤᠷᠭ᠎ᠠ᠎ᠶ᠋ᠢᠨ ᠱᠢᠨ᠎ᠡ ᠦᠢᠯᠡᠳᠬᠦᠨ ᠨᠡᠢᠲᠡᠯᠡᠬᠦ᠌ ᠲᠠᠪᠴᠠᠩ᠎ᠤᠨ ᠠᠴᠢᠶᠠᠯᠠᠪᠤᠷᠢ᠎ᠶ᠋ᠢ ᠪᠣᠶ ᠪᠣᠯᠭᠠᠵᠤ᠂ ᠨᠢᠭᠡ ᠪᠦᠯᠦᠭ ᠤᠯᠠᠮᠵᠢᠯᠠᠬᠤ᠂ ᠤᠯᠠᠮᠵᠢᠯᠠᠬᠤ ᠵᠠᠭᠤᠴᠢ᠂ ᠵᠠᠷ ᠮᠡᠳᠡᠭᠡ᠂ ᠤᠬᠠᠭᠠᠯᠠᠨ ᠰᠡᠳᠦᠬᠦ᠌ ᠵᠡᠷᠭᠡ ᠲᠤᠰᠭᠠᠶ ᠮᠡᠷᠭᠡᠵᠢᠯ᠎ᠤᠨ ᠦᠢᠯᠡᠴᠢᠯᠡᠭᠡᠨ᠎ᠤ ᠪᠠᠢᠭᠤᠯᠤᠮᠵᠢ᠎ᠶ᠋ᠢ ᠲᠥᠪᠯᠡᠷᠡᠭᠦᠯᠦᠨ᠎ᠡ᠃ ᠬᠥᠲᠥᠯᠥᠨ ᠳᠠᠭᠠᠭᠤᠯᠬᠤ ᠴᠢᠨᠠᠷᠲᠠᠶ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠨᠠᠷᠠᠲᠤ ᠲᠡᠮᠳᠡᠭ᠎ᠲᠤ ᠥᠨᠳᠥᠷ ᠡᠨᠧᠷᠭᠢ᠎ᠶ᠋ᠢᠨ ᠲᠠᠰ᠎ᠤᠨ ᠠᠩᠬᠠᠳᠠᠭ᠍ᠴᠢ ᠳᠡᠯᠭᠡᠭᠦᠷ᠂ ᠬᠤᠱᠢᠭᠤᠴᠢ ᠳᠡᠯᠭᠡᠭᠦᠷ᠂ ᠤᠬᠠᠭ᠍ᠳᠠᠬᠤᠨ᠎ᠤ ᠳᠡᠯᠭᠡᠭᠦᠷ ᠨᠡᠭᠡᠭᠡᠬᠦ᠌᠎ᠶ᠋ᠢ ᠳᠡᠮᠵᠢᠬᠦ᠌᠎ᠶ᠋ᠢᠨ ᠬᠠᠮᠲᠤ ᠲᠦᠷᠦᠭᠦᠦ ᠳᠡᠯᠭᠡᠭᠦᠷ᠎ᠤᠨ ᠶᠡᠷᠦᠩᠬᠡᠶ ᠳᠡᠯᠭᠡᠭᠦᠷ᠂ ᠶᠡᠷᠦᠩᠬᠡᠶ ᠬᠡᠯᠲᠡᠰ ᠲᠡᠢ᠌ᠰᠢ ᠳᠡᠭᠡᠭ᠌ᠰᠢᠯᠡᠭᠦᠯᠵᠦ᠍ ᠬᠥᠭ᠌ᠵᠢᠭᠦᠯᠬᠦ᠌᠎ᠶ᠋ᠢ ᠠᠬᠢᠭᠤᠯᠤᠨ᠎ᠠ᠃ ᠴᠠᠭ᠎ᠤᠨ ᠥᠩᠭᠡ᠎ᠶ᠋ᠢ ᠳᠠᠭᠠᠭ᠍ᠰᠠᠨ ᠬᠤᠪᠴᠠᠰᠤ ᠵᠠᠰᠠᠯ᠂ ᠬᠡᠷᠡᠭᠯᠡᠭᠡ᠎ᠶᠢᠨ ᠡᠯᠧᠺᠲᠷᠣᠨ᠂ ᠭᠤᠶᠣᠯᠠᠯ ᠵᠠᠰᠠᠯ᠂ ᠤᠷᠤᠰᠭᠠᠯ᠎ᠤᠨ ᠨᠠᠭᠠᠲᠣᠮ᠂ ᠭᠡᠷ᠎ᠤᠨ ᠡᠳ᠋ᠯᠡᠯ ᠬᠡᠷᠡᠭ᠌ᠰᠡᠯ᠂ ᠮᠠᠱᠢᠨ ᠲᠡᠷᠭᠡ᠂ ᠤᠶᠤᠨᠴᠢ ᠦᠵᠦᠬᠦᠷ᠂ ᠬᠦᠳᠡᠯᠭᠡᠭᠡᠨ᠎ᠤ ᠲᠦᠯᠦᠪ ᠵᠢᠴᠢ ᠦᠢᠯᠡᠴᠢᠯᠡᠭᠡᠨ᠎ᠤ ᠬᠡᠷᠡᠭ᠌ᠯᠡᠭᠡ ᠵᠡᠷᠭᠡ ᠬᠦᠷᠢᠶ᠎ᠡ ᠴᠠᠷᠠᠭ᠎ᠠ᠎ᠳᠤ ᠱᠢᠨ᠎ᠡ᠎ᠶ᠋ᠢ ᠡᠭᠦᠳᠬᠦ᠌ ᠴᠢᠨᠠᠷᠲᠠᠢ᠂ ᠬᠦᠲᠦᠯᠦᠨ ᠳᠠᠭᠠᠭᠤᠯᠬᠤ ᠴᠢᠨᠠᠷᠲᠠᠢ ᠦᠢᠯᠡᠳᠭᠦᠨ ᠪᠠ ᠦᠢᠯᠡᠴᠢᠯᠡᠭᠡ ᠡᠷᠬᠢᠯᠡᠬᠦ᠌᠎ᠶ᠋ᠢ ᠳᠡᠮᠵᠢᠵᠤ ᠪᠠᠢᠨ᠎ᠠ᠃ ᠬᠣᠯᠪᠣᠭ᠍ᠳᠠᠯ ᠪᠦᠬᠦᠢ ᠦᠵᠡᠭᠦᠯᠭᠡ᠎ᠶ᠋ᠢᠨ ᠴᠤᠭ᠍ᠯᠠᠭᠠᠨ᠎ᠳᠤ ᠠᠩᠬ᠎ᠠ ᠲᠠᠷᠬᠠᠭᠠᠬᠤ ᠲᠤᠰᠭᠠᠶ ᠲᠣᠭᠣᠷᠢᠭ᠂ ᠲᠤᠰᠭᠠᠶ ᠲᠠᠯᠠᠪᠠᠶ ᠨᠡᠭᠡᠭᠡᠬᠦ᠌᠎ᠶ᠋ᠢ ᠳᠡᠮᠵᠢᠵᠦ᠍᠂ ᠱᠢᠨ᠎ᠡ ᠦᠢᠯᠡᠳᠬᠦᠨ ᠱᠢᠨ᠎ᠡ ᠦᠢᠯᠡᠴᠢᠯᠡᠭᠡᠨ᠎ᠦ ᠱᠢᠨ᠎ᠡ ᠮᠡᠷᠭᠡᠵᠢᠯ᠎ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃

  (ᠬᠤᠶᠠᠷ) ᠱᠢᠨ᠎ᠡ᠎ᠶ᠋ᠢ ᠡᠭᠦᠳᠬᠦ᠌ ᠪᠠ ᠣᠯᠠᠨ ᠡᠱᠢᠵᠢᠭ᠌ᠰᠡᠨ ᠦᠢᠯᠡᠴᠢᠯᠡᠭᠡᠨ᠎ᠦ ᠬᠡᠷᠡᠭᠯᠡᠭᠡ᠎ᠶᠢᠨ ᠦᠵᠡᠭ᠌ᠳᠡᠯ ᠎ᠢ ᠳᠡᠮᠵᠢᠨ᠎ᠡ᠃ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠱᠢᠨ᠎ᠡ᠎ᠶ᠋ᠢ ᠡᠭᠦᠳᠬᠦ᠂ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠵᠦ᠍᠂ ᠵᠣᠬᠢᠶᠠᠮᠠᠯ ᠣᠶᠤᠨ᠂ ᠶᠤᠸᠠᠨ ᠢᠦᠶ ᠵᠧᠦ ᠵᠡᠷᠭᠡ ᠲᠣᠭᠠᠴᠢᠯᠠᠭ᠍ᠰᠠᠨ ᠮᠡᠷᠭᠡᠵᠢᠯ᠎ᠤᠨ ᠰᠣᠶᠣᠯ ᠴᠡᠩᠭᠡᠯ᠂ ᠵᠢᠭᠤᠯᠴᠢᠯᠠᠯ᠂ ᠡᠷᠡᠭᠦᠯ ᠮᠡᠨᠳᠦ᠂ ᠪᠡᠶ᠎ᠡ᠎ᠶ᠋ᠢᠨ ᠲᠠᠮᠢᠷ ᠵᠡᠷᠭᠡ ᠬᠦᠷᠢᠶᠡᠨ᠎ᠳᠠᠬᠢ ᠭᠦᠨᠵᠡᠭᠡᠢᠷᠡᠨ ᠬᠡᠷᠡᠭ᠌ᠯᠡᠬᠦ᠌᠎ᠶ᠋ᠢ ᠠᠬᠢᠭᠤᠯᠵᠤ᠂ ᠨᠢᠭᠡ ᠪᠦᠯᠦᠭ ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ᠎ᠶ᠋ᠢᠨ ᠲᠠᠮᠢᠷ ᠡᠷᠡᠭᠦᠯ ᠮᠡᠨᠳᠦ᠍᠎ᠶ᠋ᠢᠨ ᠠᠭᠤᠰᠤᠯᠴᠠᠯ᠎ᠤᠨ ᠬᠡᠷᠡᠭᠯᠡᠭᠡ᠎ᠶᠢᠨ ᠱᠢᠨ᠎ᠡ ᠪᠠᠢᠳᠠᠯ᠎ᠢ ᠪᠣᠶ ᠪᠣᠯᠭᠠᠨ᠎ᠠ᠃ ᠦᠢᠯᠡᠴᠢᠯᠡᠭᠡᠨ᠎ᠤ ᠬᠡᠷᠡᠭ᠌ᠯᠡᠭᠡ ᠲᠥᠪᠯᠡᠷᠡᠭ᠌ᠰᠡᠨ ᠲᠣᠭᠤᠷᠢᠭ ᠪᠦᠷᠢᠯᠳᠦᠬᠦ᠌᠎ᠶ᠋ᠢ ᠠᠬᠢᠭᠤᠯᠵᠤ᠂ ᠭᠤᠣᠯᠳᠠᠯᠭ᠎ᠠ᠎ᠲᠠᠢ ᠬᠤᠳᠠᠯᠳᠤᠭᠠᠨ᠎ᠤ ᠲᠣᠭᠤᠷᠢᠭ᠎ᠤᠨ ᠬᠤᠳᠠᠯᠳᠤᠭᠠᠨ᠎ᠤ ᠵᠡᠭᠡᠯᠢ᠂ ᠰᠣᠶᠣᠯ ᠵᠢᠭᠤᠯᠴᠢᠯᠠᠯ ᠲᠥᠪᠯᠡᠷᠡᠭ᠌ᠰᠡᠨ ᠲᠣᠭᠤᠷᠢᠭ᠂ ᠤᠯᠠᠮᠵᠢᠯᠠᠯᠲᠤ ᠪᠠᠷᠠᠭ᠎ᠠ ᠬᠤᠳᠠᠯᠳᠤᠨ ᠠᠪᠬᠤ ᠬᠡᠯᠪᠡᠷᠢ᠎ᠶ᠋ᠢᠨ ᠬᠤᠳᠠᠯᠳᠤᠭᠠᠨ᠎ᠤ ᠬᠡᠲᠦ ᠳᠡᠯᠭᠡᠭᠦᠷ᠂ ᠬᠠᠶᠠᠭ᠍ᠳᠠᠮᠠᠯ ᠬᠠᠭᠤᠴᠢᠨ ᠦᠢᠯᠡᠳᠪᠦᠷᠢ᠎ᠶ᠋ᠢᠨ ᠲᠣᠭᠤᠷᠢᠭ᠎ᠤᠨ ᠤᠯᠠᠨ ᠡᠱᠢᠲᠦ ᠬᠡᠷᠡᠭᠯᠡᠭᠡ᠎ᠶᠢᠨ ᠲᠠᠯᠠᠪᠠᠢ ᠲᠡᠢ᠌ᠰᠢ ᠳᠡᠰ ᠳᠡᠪᠱᠢᠬᠦ᠌᠎ᠶ᠋ᠢ ᠳᠡᠮᠵᠢᠵᠦ᠍᠂ ᠰᠣᠶᠣᠯ᠎ᠤᠨ ᠴᠠᠭ᠎ᠤᠨ ᠥᠩᠭᠡ᠂ ᠡᠷᠡᠭᠦᠯ ᠮᠡᠨᠳᠦ᠍᠎ᠶ᠋ᠢᠨ ᠪᠡᠶ᠎ᠡ᠎ᠶ᠋ᠢᠨ ᠲᠠᠮᠢᠷ᠂ ᠤᠷᠠᠯᠢᠭ᠎ᠤᠨ ᠦᠵᠡᠰᠭᠦᠯᠡᠩ᠂ ᠭᠤᠣᠯ ᠰᠡᠳᠦᠪᠲᠦ ᠨᠡᠢᠭᠡᠮ᠎ᠤᠨ ᠬᠠᠷᠢᠯᠴᠠᠭ᠎ᠠ᠂ ᠰᠡᠯᠡᠭᠦᠴᠡᠯ ᠵᠤᠭ᠎ᠠ ᠴᠡᠩᠭᠡᠯ ᠵᠡᠷᠭᠡ ᠦᠢᠯᠡᠴᠢᠯᠡᠭᠡᠨ᠎ᠤ ᠬᠡᠷᠡᠭᠯᠡᠭᠡ᠎ᠶᠢᠨ ᠴᠢᠳᠠᠮᠵᠢ᠎ᠶ᠋ᠢ ᠥᠷᠭᠡᠳᠭᠡᠵᠦ᠍᠂ ᠭᠤᠣᠯᠳᠠᠯᠭ᠎ᠠ᠎ᠲᠠᠢ ᠤᠷᠤᠯᠳᠤᠭᠠᠨ᠎ᠤ ᠠᠵᠢᠯᠯᠠᠭ᠎ᠠ ᠵᠢᠴᠢ ᠲᠣᠭ᠍ᠯᠠᠯᠲᠠ᠎ᠶ᠋ᠢ 《ᠬᠤᠳᠠᠯᠳᠤᠭᠠᠨ᠎ᠤ ᠲᠣᠭᠤᠷᠢᠭ᠎ᠲᠤ ᠣᠷᠣᠭᠤᠯᠬᠤ᠂ ᠵᠡᠭᠡᠯᠢ ᠭᠤᠳᠤᠮᠵᠢ᠎ᠳᠤ ᠣᠷᠣᠭᠤᠯᠬᠤ᠂ ᠦᠵᠡᠮᠵᠢ᠎ᠶ᠋ᠢᠨ ᠣᠷᠣᠨ᠎ᠳᠤ ᠣᠷᠣᠭᠤᠯᠬᠤ》 ᠎ᠶ᠋ᠢ ᠠᠬᠢᠭᠤᠯᠤᠨ᠎ᠠ᠃ ᠰᠥᠨᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠰᠥᠨᠢ᠎ᠶ᠋ᠢᠨ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡ ᠲᠥᠪᠯᠡᠷᠡᠭ᠌ᠰᠡᠨ ᠣᠷᠣᠨ᠎ᠢ ᠪᠤᠢ ᠪᠣᠯᠭᠠᠨ᠎ᠠ᠃ ᠭᠠᠳᠠᠭᠠᠳᠤ ᠠᠷᠠᠯᠵᠢᠶᠠᠨ᠎ᠤ ᠱᠢᠯᠢᠳᠡᠭ ᠲᠠᠸᠠᠷ᠎ᠤᠨ ᠳᠡᠯᠭᠡᠨ ᠪᠣᠷᠣᠯᠠᠭᠤᠯᠬᠤ ᠲᠥᠪ᠂ ᠣᠨᠴᠠᠯᠢᠭ᠍ᠲᠤ ᠪᠠᠷᠠᠭ᠎ᠠ ᠬᠤᠳᠠᠯᠳᠤᠨ ᠠᠪᠬᠤ ᠲᠥᠪ ᠪᠤᠶᠤ ᠪᠠᠷᠠᠭ᠎ᠠ ᠬᠤᠳᠠᠯᠳᠤᠨ ᠠᠪᠬᠤ ᠲᠣᠭᠤᠷᠢᠭ᠂ ᠭᠠᠳᠠᠭᠠᠳᠤ ᠠᠷᠠᠯᠵᠢᠶᠠᠨ᠎ᠤ ᠱᠢᠯᠢᠳᠡᠭ ᠨᠡᠷᠡᠲᠦ ᠲᠥᠷᠥᠯ ᠲᠡᠮᠳᠡᠭ᠌ᠲᠦ ᠲᠥᠪᠯᠡᠷᠡᠭ᠌ᠰᠡᠨ ᠣᠨᠴᠠᠯᠢᠭ᠍ᠲᠤ ᠬᠤᠳᠠᠯᠳᠤᠭᠠᠨ᠎ᠤ ᠵᠡᠭᠡᠯᠢ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠳᠡᠮᠵᠢᠵᠦ᠍᠂ ᠡᠵᠡᠨ ᠮᠡᠳᠡᠭ᠌ᠰᠡᠨ ᠨᠡᠷᠡᠲᠦ ᠲᠥᠷᠥᠯ ᠲᠡᠮᠳᠡᠭ᠌ᠲᠦ᠍ + ᠱᠢᠭᠤᠳ ᠬᠠᠩᠭᠠᠨ ᠪᠣᠷᠣᠯᠠᠭᠤᠯᠬᠤ᠎ᠶ᠋ᠢ ᠳᠡᠯᠭᠡᠷᠡᠭᠦᠯᠵᠦ᠍᠂ ᠥᠪᠡᠷᠮᠢᠴᠡ ᠣᠨᠴᠠᠯᠢᠭ᠎ᠲᠠᠢ ᠪᠠ ᠲᠠᠲᠠᠬᠤ ᠬᠦᠴᠦᠨ᠎ᠲᠠᠢ ᠬᠡᠷᠡᠭᠯᠡᠭᠡ᠎ᠶᠢᠨ ᠪᠠᠢᠳᠠᠯ᠎ᠢ ᠪᠤᠢ ᠪᠣᠯᠭᠠᠨ᠎ᠠ᠃ 

  (ᠭᠤᠷᠪᠠ) ᠴᠢᠨᠠᠷ ᠰᠠᠢᠲᠠᠶ ᠬᠡᠷᠡᠭᠯᠡᠭᠡ᠎ᠶᠢᠨ ᠡᠬᠢ ᠪᠠᠶᠠᠯᠢᠭ ᠬᠢᠭᠡᠳ ᠨᠡᠷᠡᠲᠦ IP ᠬᠢᠯᠢ ᠠᠯᠤᠰᠯᠠᠨ ᠨᠡᠷ᠎ᠡ ᠬᠣᠯᠪᠣᠬᠤ᠎ᠶ᠋ᠢ ᠳᠡᠮᠵᠢᠨ᠎ᠡ᠃ ᠢᠨᠲᠸᠷ ᠰᠦᠯᠵᠢᠶ᠎ᠠ᠎ᠶ᠋ᠢᠨ ᠲᠤᠭᠠᠴᠢᠯᠠᠭ᠍ᠰᠠᠨ ᠵᠤᠭ᠎ᠠ ᠴᠡᠩᠭᠡᠯ᠎ᠤᠨ ᠲᠠᠪᠴᠠᠩ ᠪᠠ ᠮᠡᠳᠡᠯᠭᠡ᠎ᠶ᠋ᠢᠨ ᠦᠮᠴᠢᠯᠡᠯ᠎ᠤᠨ ᠡᠷᠬᠡ (IP) ᠨᠡᠪᠴᠢᠭᠦᠯᠬᠦ᠌ ᠲᠠᠪᠴᠠᠩ᠎ᠳᠦ ᠲᠦᠰᠢᠭᠯᠡᠨ᠂ ᠵᠢᠷᠤᠵᠤ ᠲᠥᠯᠥᠪᠯᠡᠬᠦ᠂ ᠨᠡᠭᠡᠭᠡᠨ ᠬᠥᠭ᠌ᠵᠢᠭᠦᠯᠬᠦ᠂ ᠦᠶ᠋ᠯᠡᠳᠪᠦᠷᠢᠯᠡᠬᠦ᠂ ᠡᠵᠡᠩᠨᠡᠨ ᠪᠣᠷᠣᠯᠠᠭᠤᠯᠬᠤ᠂ ᠳᠡᠯᠭᠡᠷᠡᠭᠦᠯᠬᠦ᠌ ᠪᠥᠬᠦ᠌ ᠠᠵᠤ ᠦᠶ᠋ᠯᠡᠰ᠎ᠤᠨ ᠬᠡᠯᠬᠢᠶ᠎ᠡ᠎ᠶ᠋ᠢ ᠳᠡᠯᠭᠡᠷᠡᠭᠦᠯᠵᠦ᠍᠂ ᠡᠷᠬᠢᠨ ᠲᠣᠭᠤᠷᠢᠨ᠎ᠤ ᠱᠢᠷᠢᠰ ᠦᠶ᠋ᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠭᠤᠤᠯ ᠰᠡᠳᠦᠪᠲᠦ ᠳᠡᠯᠭᠡᠭᠦᠷ᠂ ᠤᠬᠠᠭ᠍ᠳᠠᠬᠤᠨ᠎ᠤ ᠳᠡᠯᠭᠡᠭᠦᠷ ᠵᠡᠷᠭᠡ ᠵᠢᠪᠦᠮᠡᠯ ᠬᠡᠷᠡᠭᠯᠡᠭᠡ᠎ᠶᠢᠨ ᠣᠷᠣᠨ ᠵᠠᠶ᠎ᠶ᠋ᠢ ᠨᠡᠭᠡᠭᠡᠵᠦ᠍᠂ ᠴᠢᠨᠠᠷ ᠰᠠᠢᠲᠠᠶ ᠡᠬᠢ ᠪᠠᠶᠠᠯᠢᠭ᠎ᠤᠨ ᠬᠡᠷᠡᠭᠯᠡᠭᠡ᠎ᠶᠢᠨ ᠳᠠᠯᠳᠠ ᠬᠦᠴᠦᠨ᠎ᠢ ᠬᠥᠭ᠌ᠵᠢᠭᠡᠨ᠎ᠡ᠃ ᠲᠣᠰ ᠭᠠᠵᠠᠷ᠎ᠤᠨ ᠤᠨᠴᠠᠯᠢᠭ᠍ᠳᠤ ᠰᠣᠶᠣᠯ᠎ᠤᠨ ᠲᠣᠭᠤᠷᠢᠨ᠎ᠳᠤ᠂ ᠭᠦᠸᠸ ᠴᠤᠤ᠎ᠶ᠋ᠢᠨ ᠺᠠᠷᠲ᠋ᠣᠨ ᠺᠢᠨᠣ᠋ ᠲᠧᠯᠸᠢᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ (IP) ᠵᠢᠴᠢ ᠰᠣᠶᠣᠯ᠎ᠤᠨ ᠦᠵᠡᠰᠭᠦᠯᠡᠩ᠎ᠤᠨ ᠲᠠᠯᠠᠪᠤᠷ ᠣᠷᠳᠣᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠢᠭᠤᠯᠤᠮᠵᠢ᠂ ᠲᠡᠦᠬᠡ ᠰᠣᠶᠣᠯ᠎ᠤᠨ ᠨᠠᠷᠠᠲᠤ ᠬᠤᠲᠠ ᠵᠡᠷᠭᠡ ᠤᠯᠠᠮᠵᠢᠯᠠᠯᠲᠤ ᠡᠬᠢ ᠪᠠᠶᠠᠯᠢᠭ᠎ᠢ ᠬᠤᠯᠪᠣᠭᠠᠯᠠᠨ ᠬᠥᠳᠡᠯᠦᠯᠴᠡᠬᠦ᠌᠎ᠶ᠋ᠢ ᠳᠡᠮᠵᠢᠵᠦ᠍᠂ ᠨᠢᠭᠡ ᠪᠦᠯᠦᠭ ᠨᠥᠯᠥᠭᠡᠯᠡᠬᠦ᠌ ᠬᠡᠪᠴᠢᠶ᠎ᠡ᠎ᠪᠠᠷ ᠥᠷᠭᠡᠨ᠂ ᠨᠡᠢᠭᠡᠮ᠎ᠤᠨ ᠬᠠᠷᠢᠯᠴᠠᠭᠠᠨ᠎ᠤ ᠬᠠᠷᠢᠶᠠᠯᠠᠭ᠍ᠳᠠᠬᠤ ᠴᠢᠨᠠᠷ᠎ᠢᠶᠠᠷ ᠴᠢᠩᠭ᠎ᠠ᠂ ᠪᠦᠲᠦᠭᠡᠯᠴᠢ ᠰᠡᠳᠭᠢᠮᠵᠢ᠎ᠪᠠᠷ ᠱᠢᠨ᠎ᠡ ᠰᠣᠷᠭᠤᠭ ᠶᠡᠷᠦᠩᠬᠡᠢᠯᠡᠭ᠌ᠰᠡᠨ ᠴᠢᠨᠠᠷᠲᠠᠶ ᠬᠡᠷᠡᠭᠯᠡᠭᠡ᠎ᠶᠢᠨ ᠪᠠᠢᠳᠠᠯ᠎ᠢ ᠭᠠᠷᠭᠠᠨ᠎ᠠ᠃ ᠬᠠᠭᠤᠴᠢᠨ ᠨᠡᠷᠡᠲᠦ ᠠᠵᠤ ᠠᠬᠤᠢᠯᠠᠯ᠂ ᠱᠢᠨ᠎ᠡ ᠬᠡᠷᠡᠭᠯᠡᠭᠡ᠎ᠶᠢᠨ ᠨᠡᠷᠡᠲᠦ ᠲᠥᠷᠥᠯ ᠲᠡᠮᠳᠡᠭ᠌ᠲᠦ᠍᠎ᠶ᠋ᠢᠨ ᠠᠵᠤ ᠠᠬᠤᠢᠯᠠᠯ᠎ᠤᠨ ᠲᠤᠰ ᠭᠠᠵᠠᠷ᠎ᠤᠨ ᠴᠢᠨᠠᠷ ᠰᠠᠢᠲᠠᠶ ᠬᠡᠷᠡᠭᠯᠡᠭᠡ᠎ᠶᠢᠨ ᠡᠬᠢ ᠪᠠᠶᠠᠯᠢᠭ᠎ᠲᠤ ᠲᠦᠱᠢᠭ᠌ᠯᠡᠨ᠂ ᠱᠢᠨ᠎ᠡ ᠳᠡᠯᠭᠡᠭᠦᠷ᠂ ᠬᠤᠱᠢᠭᠤᠴᠢ ᠳᠡᠯᠭᠡᠭᠦᠷ ᠭᠠᠷᠭᠠᠵᠤ᠂ 《ᠬᠠᠭᠤᠴᠢᠨ ᠨᠡᠷᠡᠲᠦ ᠲᠡᠮᠳᠡᠭ᠎ᠦᠨ ᠱᠢᠨ᠎ᠡ ᠪᠦᠲᠦᠭᠡᠭ᠌ᠳᠡᠬᠦᠨ》᠂ 《ᠤᠯᠤᠰ᠎ᠤᠨ ᠪᠠᠷᠠᠭᠠᠨ᠎ᠤ ᠤᠷᠤᠰᠬᠠᠯᠲᠤ ᠪᠠᠷᠠᠭ᠎ᠠ》 ᠎ᠶ᠋ᠢ ᠨᠡᠭᠡᠭᠡᠨ ᠬᠥᠭ᠌ᠵᠢᠭᠦᠯᠬᠦ᠌᠎ᠶ᠋ᠢ ᠳᠠᠮᠵᠢᠨ᠎ᠠ᠃ ᠬᠠᠮᠢᠶ᠎ᠠ ᠪᠦᠬᠦᠢ ᠠᠵᠤ ᠠᠬᠤᠢᠯᠠᠯ ᠎ᠢ ᠬᠥᠲᠥᠯᠥᠨ ᠵᠢᠯᠣᠭᠣᠳᠴᠤ᠌ ᠪᠠᠢᠭᠠᠳ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠨᠢ ᠲᠦᠷᠭᠡᠳᠭᠡᠨ᠂ ᠨᠢᠭᠡ ᠪᠦᠯᠦᠭ ᠱᠢᠨ᠎ᠡ ᠬᠡᠯᠪᠡᠷᠢ᠎ᠶ᠋ᠢᠨ ᠬᠡᠷᠡᠭ᠌ᠯᠡᠭᠡ᠎ᠶ᠋ᠢᠨ ᠬᠥᠲᠥᠴᠢ ᠠᠵᠤ ᠠᠬᠤᠢᠯᠠᠯ ᠎ᠢ ᠪᠣᠢᠵᠢᠭᠤᠯᠤᠨ᠎ᠠ᠃

  ᠭᠤᠷᠪᠠ᠂ ᠠᠵᠢᠯ᠎ᠤᠨ ᠳᠡᠰ ᠳᠠᠷᠠᠭᠠᠯᠠᠯ

  (ᠨᠢᠭᠡ) ᠣᠷᠣᠨ ᠨᠤᠲᠤᠭ᠎ᠠᠴᠠ ᠵᠤᠬᠢᠶᠠᠨ ᠪᠠᠢ᠌ᠭᠤᠯᠤᠨ ᠮᠡᠳᠡᠭᠦᠯᠦᠨ᠎ᠡ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠤᠨ ᠵᠠᠰᠠᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠠᠷᠢᠨ ᠬᠢᠨᠠᠮᠠᠭᠠᠶ ᠪᠠᠢᠳᠠᠯ᠎ᠢ ᠣᠢᠯᠠᠭᠠᠵᠤ᠂ ᠱᠢᠯᠢᠳᠡᠭ᠎ᠢ᠎ᠨᠢ ᠰᠣᠩᠭᠤᠵᠤ ᠬᠤᠲᠠ᠎ᠶ᠋ᠢ ᠭᠤᠶᠤᠴᠢᠯᠠᠨ ᠮᠡᠳᠡᠭᠦᠯᠬᠦ᠌᠎ᠳᠤ ᠣᠷᠣᠯᠴᠠᠭᠤᠯᠬᠤ᠎ᠶ᠋ᠢᠨ ᠬᠠᠮᠲᠤ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ᠎ᠶ᠋ᠢ ᠵᠢᠯᠣᠭᠤᠳᠭᠤ ᠬᠡᠷᠡᠭ᠌ᠲᠡᠶ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ) ᠎ᠨᠢ 2 ᠬᠤᠲᠠ᠎ᠶ᠋ᠢ ᠲᠠᠨᠢᠯᠴᠠᠭᠤᠯᠤᠨ ᠲᠤᠷᠱᠢᠯᠲᠠ᠎ᠶ᠋ᠢᠨ ᠴᠡᠭ᠎ᠲᠤ ᠭᠤᠶᠤᠴᠢᠯᠠᠨ ᠮᠡᠳᠡᠭᠦᠯᠵᠦ᠍ ᠪᠣᠯᠤᠨ᠎ᠠ᠂ ᠡᠭᠦᠨ᠎ᠳᠤ ᠰᠠᠭᠤᠭᠠᠯᠢ ᠠᠷᠠᠳ᠎ᠤᠨ ᠬᠡᠷᠡᠭᠯᠡᠭᠡ᠎ᠶᠢᠨ ᠵᠠᠷᠤᠯᠭ᠎ᠠ᠎ᠶ᠋ᠢᠨ ᠡᠮᠦᠨ᠎ᠡ 15 ᠨᠡᠷᠡᠰ᠎ᠲᠤ ᠵᠢᠭ᠍ᠰᠠᠭᠠᠭ᠍ᠳᠠᠭ᠍ᠰᠠᠨ ᠬᠡᠷᠡᠭᠯᠡᠭᠡ᠎ᠶᠢᠨ ᠲᠣᠮᠣ ᠮᠤᠵᠢ (ᠥᠪᠡᠷᠲᠡᠭᠡᠨ ᠵᠠᠰᠠᠬᠤ ᠣᠷᠣᠨ) ᠎ᠨᠢ 3 ᠬᠤᠲᠠ᠎ᠶ᠋ᠢ ᠪᠠᠲᠤᠯᠠᠨ ᠲᠠᠨᠢᠯᠴᠠᠭᠤᠯᠵᠤ ᠲᠤᠷᠱᠢᠯᠲᠠ᠎ᠶ᠋ᠢᠨ ᠴᠡᠭ᠎ᠲᠤ ᠭᠤᠶᠤᠴᠢᠯᠠᠨ ᠮᠡᠳᠡᠭᠦᠯᠵᠦ᠍ ᠪᠣᠯᠤᠨ᠎ᠠ᠃ ᠱᠢᠭᠤᠳ ᠬᠠᠷᠢᠶ᠎ᠠ ᠬᠤᠲᠠ᠂ ᠲᠤᠰᠠᠭᠠᠷ ᠲᠥᠯᠥᠪᠯᠡᠭᠡᠲᠦ ᠬᠤᠲᠠ ( ᠪᠠᠢᠭ᠎ᠠ ᠮᠤᠵᠢ᠎ᠶ᠋ᠢᠨ ᠲᠤᠭ᠎ᠠ᠎ᠶ᠋ᠢ ᠡᠵᠡᠯᠡᠬᠦ᠌           ᠦᠭᠡᠢ )ᠲᠤᠰᠠᠭᠠᠷ  ᠮᠡᠳᠡᠭᠦᠯᠦᠨ᠎ᠡ᠃ ᠭᠤᠶᠤᠴᠢᠯᠠᠨ ᠮᠡᠳᠡᠭᠦᠯᠬᠦ᠌ ᠬᠤᠲᠠ᠎ᠨᠢ ᠥᠪᠡᠷ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ ᠬᠡᠷᠡᠭ᠌ᠲᠡᠶ᠃ ᠬᠡᠷᠡᠭ᠌ᠵᠢᠭᠦᠯᠬᠦ᠌ ᠲᠥᠰᠦᠯ᠎ᠨᠢ ᠬᠡᠷᠡᠭ᠌ᠯᠡᠭᠡ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠬᠤ᠎ᠶ᠋ᠢᠨ ᠲᠣᠭᠤᠷᠢᠨ᠎ᠳᠤ᠂ ᠪᠥᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠬᠡᠷᠡᠭ᠌ᠯᠡᠭᠡ᠎ᠶ᠋ᠢ ᠠᠬᠢᠭᠤᠯᠬᠤ ᠵᠡᠷᠭᠡ ᠲᠠᠯ᠎ᠠ᠎ᠶ᠋ᠢᠨ ᠠᠵᠢᠯ᠎ᠤᠨ ᠰᠠᠭᠤᠷᠢ᠎ᠶ᠋ᠢ ᠱᠢᠰᠲ᠋ᠧᠮ᠎ᠲᠠᠢ ᠡᠮᠬᠢᠯᠡᠵᠦ᠍᠂ ᠴᠢᠨᠠᠷ ᠰᠠᠢᠲᠠᠶ ᠬᠡᠷᠡᠭ᠌ᠯᠡᠭᠡ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠬᠦ᠂ ᠬᠡᠷᠡᠭ᠌ᠯᠡᠭᠡ᠎ᠶ᠋ᠢᠨ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠬᠤ ᠲᠠᠯ᠎ᠠ᠎ᠪᠠᠷ᠎ᠬᠢ ᠠᠰᠠᠭᠤᠳᠠᠯ᠎ᠤᠨ ᠳᠤᠲᠠᠭᠤᠳᠠᠯ᠎ᠢ ᠪᠥᠬᠦ᠌ ᠲᠠᠯ᠎ᠠ᠎ᠪᠠᠷ ᠵᠠᠳᠠᠯᠵᠤ᠂ ᠭᠤᠤᠯᠳᠠᠯᠭ᠎ᠠ᠎ᠲᠠᠢ ᠡᠭᠦᠷᠭᠡ᠂ ᠪᠣᠳᠠᠲᠠᠶ ᠲᠥᠷᠥᠯ ᠵᠦᠢᠯ᠎ᠤᠨ ᠨᠠᠷᠢᠨ ᠲᠠᠩᠰᠠ ᠪᠠ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠣᠳᠣᠷᠬᠠᠢᠯᠠᠬᠤ ᠬᠡᠷᠡᠭ᠌ᠲᠡᠶ᠃

  ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠤᠨ ᠵᠠᠰᠠᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 2025 ᠣᠨ᠎ᠤ 10 ᠳ᠋ᠤᠭᠠᠷ ᠰᠠᠷ᠎ᠠ᠎ᠶ᠋ᠢᠨ 24 ᠎ᠤ ᠡᠳᠦᠷ᠎ᠠᠴᠠ ᠡᠮᠦᠨ᠎ᠡ ᠠᠯᠪᠠᠨ ᠲᠠᠮᠠᠭ᠎ᠠ ᠳᠠᠷᠤᠬᠤ ᠲᠤᠷᠱᠢᠯᠲᠠ᠎ᠶ᠋ᠢᠨ ᠬᠤᠲᠠ᠎ᠶ᠋ᠢᠨ ᠬᠡᠷᠡᠭ᠌ᠵᠢᠭᠦᠯᠬᠦ᠌ ᠲᠥᠰᠦᠯ᠎ᠤᠨ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ (PDF ᠬᠡᠯᠪᠡᠷᠢ᠂ ᠭᠡᠷᠡᠯᠯᠢᠭ ᠳ᠋ᠢᠰᠺ᠎ᠢᠶᠠᠷ ᠰᠡᠢᠯᠬᠦ᠌) ᠎ᠢ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠳᠤ ᠮᠡᠳᠡᠭᠦᠯᠵᠦ᠍᠂ ᠬᠤᠭᠤᠴᠠᠭ᠎ᠠ ᠬᠡᠲᠦᠷᠡᠭ᠌ᠰᠡᠨ ᠪᠤᠶᠤ ᠲᠠᠰ ᠳᠠᠷᠠᠭᠠᠯᠠᠯ᠎ᠤᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠭ᠌ᠰᠡᠨ ᠦᠭᠡᠢ ᠪᠣᠯ ᠲᠡᠭᠦᠨ᠎ᠢ ᠲᠠᠶᠠᠭ᠍ᠳᠠᠭ᠍ᠰᠠᠨ᠎ᠢᠶᠠᠷ ᠦᠵᠡᠨ᠎ᠡ᠃ ᠮᠡᠳᠡᠭᠦᠯᠬᠦ᠌ ᠮᠠᠲ᠋ᠧᠷᠢᠶᠠᠯ᠎ᠨᠢ ᠲᠣᠪᠴᠢ ᠠᠪᠰᠠᠷᠬᠠᠨ᠂ ᠯᠣᠭᠢᠭ᠎ᠨᠢ ᠲᠣᠳᠣᠷᠬᠠᠶ᠂ ᠲᠤᠭ᠎ᠠ ᠪᠠᠷᠢᠮᠲᠠ᠎ᠨᠢ ᠨᠠᠷᠢᠨ ᠪᠣᠳᠠᠲᠠᠶ᠂ ᠲᠤᠯᠭᠠᠭᠤᠷᠢᠯᠠᠯ᠎ᠨᠢ ᠬᠦᠴᠦᠲᠡᠶ ᠪᠠᠢᠬᠤ ᠬᠡᠷᠡᠭ᠌ᠲᠡᠶ᠃ ᠡᠯ᠎ᠡ ᠭᠠᠵᠠᠷ᠎ᠤᠨ ᠬᠢᠨ ᠨᠢ ᠡᠳ᠋᠎ᠦᠨ ᠵᠠᠰᠠᠭ᠎ᠤᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠢᠴᠢ ᠬᠠᠷᠢᠶ᠎ᠠ ᠵᠠᠰᠠᠭ ᠵᠠᠬᠢᠷᠭᠠᠨ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠪᠣᠯᠤᠨ ᠠᠵᠢᠯᠲᠠᠨ᠎ᠳᠤ ᠨᠠᠢᠳᠠᠵᠤ ᠶᠠᠮᠠᠷᠪᠠ ᠠᠷᠭ᠎ᠠ ᠮᠠᠶᠢᠭ᠎ᠢᠶᠠᠷ ᠲᠥᠷᠥᠯ ᠵᠦᠢᠯ᠎ᠦᠨ ᠬᠡᠷᠡᠭ᠌ᠵᠢᠭᠦᠯᠬᠦ᠌ ᠲᠥᠰᠦᠯ ᠎ᠢ ᠨᠠᠢᠷᠠᠭᠤᠯᠤᠨ ᠵᠣᠬᠢᠶᠠᠬᠤ ᠵᠡᠷᠭᠡ ᠭᠤᠶᠤᠴᠢᠯᠠᠨ ᠮᠡᠳᠡᠭᠦᠯᠬᠦ᠌ ᠠᠵᠢᠯ᠎ᠳᠤ ᠣᠷᠣᠯᠴᠠᠭᠤᠯᠬᠤ ᠬᠡᠷᠡᠭ᠌ᠲᠡᠶ᠃ ᠪᠠᠢᠴᠠᠭᠠᠨ ᠳᠣᠲᠣᠯᠠᠭ᠍ᠰᠠᠨ᠎ᠤ ᠳᠠᠷᠠᠭ᠎ᠠ ᠲᠥᠷᠥᠯ ᠵᠦᠢᠯ ᠮᠡᠳᠡᠭᠦᠯᠬᠦ᠌ ᠬᠢᠷᠢ ᠭᠡᠮ᠎ᠢ ᠨᠢ ᠬᠦᠴᠦᠨ ᠦᠭᠡᠶ ᠪᠣᠯᠭᠠᠨ᠎ᠠ; ᠨᠢᠭᠡᠨᠲᠡ ᠥᠷᠢᠰᠥᠯᠳᠦᠭᠡᠨ᠎ᠦ ᠴᠢᠨᠠᠷᠲᠠᠶ ᠬᠢᠨᠠᠨ ᠲᠣᠭ᠍ᠲᠠᠭᠠᠯᠲᠠ᠎ᠪᠠᠷ ᠳᠠᠮᠵᠢᠨ ᠬᠡᠪᠴᠢᠶᠡᠨ᠎ᠳᠦ ᠤᠷᠤᠭ᠍ᠰᠠᠨ ᠪᠣᠯ ᠬᠡᠪᠴᠢᠶᠡᠨ᠎ᠳᠦ ᠣᠷᠣᠬᠤ ᠬᠢᠷᠢ ᠭᠡᠮ᠎ᠢ ᠨᠢ ᠬᠦᠴᠦᠨ ᠦᠭᠡᠶ ᠪᠣᠯᠭᠠᠨ᠎ᠠ; ᠨᠢᠭᠡᠨᠲᠡ ᠬᠠᠮᠢᠶ᠎ᠠ ᠪᠦᠬᠦᠢ ᠪᠡᠯᠡ ᠮᠥᠩᠭᠥ᠎ᠶ᠋ᠢᠨ ᠳᠡᠮᠵᠢᠯᠭᠡ᠎ᠶ᠋ᠢ ᠣᠯᠤᠭ᠍ᠰᠠᠨ ᠪᠣᠯ ᠪᠡᠯᠡ ᠮᠥᠩᠭᠥ᠎ᠶ᠋ᠢ ᠨᠢ ᠬᠤᠷᠢᠶᠠᠨ ᠠᠪᠤᠨ᠎ᠠ᠃

  (ᠬᠤᠶᠠᠷ) ᠬᠢᠨᠠᠨ ᠲᠣᠭᠲᠠᠭᠠᠬᠤ ᠲᠤᠷᠰᠢᠯᠲᠠ᠎ᠶᠢᠨ ᠴᠡᠭ᠎ᠢ ᠲᠣᠭᠲᠠᠭᠠᠨ᠎ᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠤᠳᠠᠯᠳᠤᠭᠠᠨ᠎ᠤ ᠡᠳ᠋᠎ᠤᠨ ᠵᠠᠰᠠᠭ᠎ᠤᠨ ᠶᠠᠮᠤᠨ ᠥᠷᠢᠰᠥᠯᠳᠦᠭᠡᠨ᠎ᠤ ᠴᠢᠨᠠᠷᠲᠠᠶ ᠬᠢᠨᠠᠨ ᠲᠣᠭ᠍ᠲᠠᠭᠠᠬᠤ᠎ᠶ᠋ᠢ ᠵᠣᠬᠢᠶᠠᠨ ᠪᠠᠢᠭᠤᠯᠵᠤ᠂ ᠪᠢᠴᠢᠭ᠎ᠤᠨ ᠬᠢᠨᠠᠨ ᠲᠣᠭ᠍ᠲᠠᠭᠠᠯᠲᠠ᠎ᠶ᠋ᠢ 40%᠂ ᠠᠬᠤᠢ ᠲᠠᠯᠠᠪᠠᠢ᠎ᠳᠤ ᠬᠠᠷᠢᠭᠤ ᠮᠠᠷᠭᠤᠬᠤ 60% ᠎ᠶᠢᠨ ᠬᠠᠷᠢᠴᠠᠯ ᠶᠣᠰᠣᠭᠠᠷ᠂ ᠬᠤᠲᠠ ᠨᠢᠭᠡᠪᠦᠷᠢ᠎ᠶ᠋ᠢᠨ ᠡᠴᠦᠰ᠎ᠤᠨ ᠣᠯᠤᠭ᠍ᠰᠠᠨ ᠬᠤᠪᠢ᠎ᠶ᠋ᠢ ᠪᠤᠳᠤᠵᠤ᠂ ᠣᠯᠤᠭ᠍ᠰᠠᠨ ᠬᠤᠪᠢ᠎ᠶ᠋ᠢᠨ ᠥᠨᠳᠥᠷ ᠪᠤᠭᠤᠨᠢ᠎ᠶᠢ ᠦᠨᠳᠦᠰᠦᠯᠡᠨ ᠵᠢᠭ᠍ᠰᠠᠭᠠᠯᠲᠠ᠎ᠳᠤ ᠣᠷᠣᠬᠤ ᠨᠡᠷᠡᠰ᠎ᠢ ᠲᠣᠭ᠍ᠲᠠᠭᠠᠵᠤ᠂ ᠲᠠᠰ ᠳᠠᠷᠠᠭᠠᠯᠠᠯ᠎ᠤᠨ ᠶᠣᠰᠣᠭᠠᠷ ᠢᠯᠡ ᠨᠡᠢᠲᠡᠯᠡᠭ᠌ᠰᠡᠨ᠎ᠤ ᠳᠠᠷᠠᠭ᠎ᠠ᠂ ᠲᠤᠷᠱᠢᠯᠲᠠ᠎ᠶ᠋ᠢᠨ ᠬᠤᠲᠠ᠎ᠶ᠋ᠢ ᠲᠣᠭ᠍ᠲᠠᠭᠠᠨ᠎ᠠ᠃ ᠬᠢᠨᠠᠨ ᠲᠣᠭ᠍ᠲᠠᠭᠠᠬᠤ᠎ᠳᠤ ᠭᠤᠤᠯᠳᠠᠯᠭ᠎ᠠ᠎ᠲᠠᠢ ᠬᠤᠲᠠ᠎ᠶ᠋ᠢᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠢᠭᠤᠯᠤᠯᠲᠠ᠎ᠶ᠋ᠢᠨ ᠪᠠᠢᠳᠠᠯ᠂ ᠬᠤᠳᠠᠯᠳᠤᠭ᠎ᠠ ᠡᠵᠡᠩᠨᠡᠬᠦ᠌ ᠣᠷᠴᠢᠨ ᠲᠣᠭᠤᠷᠢᠨ᠂ ᠬᠡᠷᠡᠭ᠌ᠯᠡᠭᠡ᠎ᠶ᠋ᠢ ᠠᠬᠢᠭᠤᠯᠬᠤ ᠠᠵᠢᠯ᠎ᠤᠨ ᠰᠠᠭᠤᠷᠢ᠂ ᠲᠤᠭ᠎ᠠ ᠪᠠᠷᠢᠮᠲᠠ᠎ᠶ᠋ᠢᠨ ᠵᠠᠰᠠᠯᠲᠠ᠎ᠶ᠋ᠢᠨ ᠴᠢᠳᠠᠪᠤᠷᠢ᠂ ᠬᠡᠷᠡᠭᠯᠡᠭᠡ᠎ᠶᠢᠨ ᠵᠠᠬ᠎ᠠ ᠳᠡᠯᠭᠡᠭᠦᠷ᠎ᠤᠨ ᠬᠥᠭ᠌ᠵᠢᠯᠲᠡ᠎ᠶ᠋ᠢᠨ ᠳᠠᠯᠳᠠ ᠬᠦᠴᠦᠨ᠂ ᠬᠡᠷᠡᠭᠯᠡᠭᠡ᠎ᠶᠢᠨ ᠲᠥᠷᠥ᠎ᠶ᠋ᠢᠨ ᠪᠣᠳᠣᠯᠭ᠎ᠠ ᠵᠢᠴᠢ ᠣᠷᠴᠢᠨ ᠲᠣᠭᠤᠷᠢᠨ᠎ᠢ ᠪᠤᠢᠵᠢᠭᠤᠯᠬᠤ᠎ᠶ᠋ᠢ ᠭᠤᠤᠯᠳᠠᠯᠭ᠎ᠠ᠎ᠲᠠᠢ ᠱᠢᠨᠵᠢᠯᠡᠨ ᠪᠠᠢᠴᠠᠭᠠᠵᠤ ᠭᠤᠶᠤᠴᠢᠯᠠᠨ ᠮᠡᠳᠡᠭᠦᠯᠵᠦ᠍᠂ ᠶᠡᠷᠦᠩᠬᠡᠢᠯᠡᠨ ᠦᠨᠡᠯᠡᠨ ᠵᠢᠱ᠌ᠢᠬᠦ᠌᠎ᠶ᠋ᠢᠨ ᠬᠡᠷᠡᠭ᠌ᠵᠢᠭᠦᠯᠬᠦ᠌ ᠲᠥᠰᠦᠯ᠎ᠤᠨ ᠪᠣᠯᠪᠠᠰᠤᠷᠠᠩᠭᠤᠶ ᠬᠡᠮᠵᠢᠶ᠎ᠡ ᠪᠣᠯᠤᠨ᠎ᠠ᠃ ᠬᠡᠷᠡᠭ᠌ᠵᠢᠭᠦᠯᠬᠦ᠌ ᠲᠥᠰᠦᠯ᠎ᠢ ᠲᠤᠬᠠᠶ᠎ᠶ᠋ᠢᠨ ᠭᠠᠵᠠᠷ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ 《ᠠᠵᠢᠯᠯᠠᠭᠠᠨ᠎ᠤ ᠲᠥᠰᠦᠯ》 ᠎ᠤᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠠᠵᠢᠯ᠎ᠤᠨ ᠰᠡᠳᠭᠢᠮᠵᠢ ᠲᠣᠳᠣᠷᠬᠠᠶ᠂ ᠬᠠᠷᠠᠯᠲᠠ᠎ᠶ᠋ᠢ ᠬᠡᠮᠵᠢᠶᠡᠵᠢᠭᠦᠯᠵᠦ᠍ ᠪᠣᠯᠬᠤ᠂ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍ ᠪᠣᠯᠬᠤ᠂ ᠲᠦᠷᠢᠮ ᠲᠣᠭ᠍ᠲᠠᠴᠠ᠎ᠶ᠋ᠢ ᠪᠦᠷᠢᠨ ᠲᠡᠭᠦᠯᠳᠡᠷ ᠪᠣᠯᠭᠠᠬᠤ ᠬᠡᠷᠡᠭ᠌ᠲᠡᠶ᠃ ᠬᠡᠷᠡᠭ᠌ᠵᠢᠭᠦᠯᠬᠦ᠌ ᠲᠥᠰᠦᠯ ᠪᠣᠯ ᠬᠤᠢᠱᠢᠳᠠ᠎ᠶ᠋ᠢᠨ ᠠᠮᠵᠢᠯᠲᠠ ᠪᠦᠲᠦᠮᠵᠢ᠎ᠶ᠋ᠢ ᠦᠨᠡᠯᠡᠬᠦ᠌ ᠵᠡᠷᠭᠡ ᠠᠵᠢᠯ᠎ᠤᠨ ᠴᠢᠬᠤᠯᠠ ᠦᠨᠳᠦᠰᠦᠯᠡᠯ ᠮᠥᠨ᠂ ᠵᠠᠷᠴᠢᠮ ᠳᠡᠭᠡᠷ᠎ᠡ᠎ᠪᠠᠨ ᠲᠣᠬᠢᠷᠠᠭᠤᠯᠤᠯᠲᠠ ᠬᠢᠬᠦ᠌ ᠦᠭᠡᠢ᠃ ᠬᠡᠷᠪᠡ ᠦᠨᠡᠨᠬᠦ᠌ ᠲᠣᠬᠢᠷᠠᠭᠤᠯᠤᠯᠲᠠ ᠬᠢᠬᠦ᠌ ᠴᠢᠬᠤᠯᠠᠲᠠᠶ ᠪᠣᠯ᠂ ᠳᠡᠰ ᠳᠠᠷᠠᠭᠠᠯᠠᠯ ᠶᠣᠰᠣᠭᠠᠷ ᠳᠠᠬᠢᠵᠤ ᠳᠠᠩᠰᠠᠯᠠᠭᠤᠯᠬᠤ ᠬᠡᠷᠡᠭ᠌ᠲᠡᠶ᠃

  (ᠭᠤᠷᠪᠠ) ᠨᠥᠬᠥᠪᠥᠷᠢ ᠪᠡᠯᠡ ᠮᠥᠩᠭᠥ᠌ ᠪᠠᠭᠤᠯᠭ᠋ᠠᠨ᠎ᠠ᠃ ᠲᠥᠪ᠎ᠦᠨ ᠡᠳ᠋᠎ᠦᠨ ᠵᠠᠰᠠᠭ᠎ᠠᠴᠠ ᠲᠤᠷᠱᠢᠯᠲᠠ᠎ᠶ᠋ᠢᠨ ᠴᠡᠭ᠎ᠦᠨ ᠬᠣᠲᠠ᠎ᠳᠤ ᠪᠡᠯᠡ ᠮᠥᠩᠭᠥ᠎ᠶ᠋ᠢᠨ ᠲᠤᠰᠠᠯᠠᠮᠵᠢ ᠣᠯᠭᠣᠨ᠎ᠠ᠃ ᠬᠡᠷᠡᠭ᠌ᠵᠢᠭᠦᠯᠬᠦ᠌ ᠬᠤᠭᠤᠴᠠᠭᠠᠨ᠎ᠳᠤ᠂ ᠲᠣᠮᠣ᠂ ᠣᠨᠴᠠ ᠶᠡᠬᠡ ᠬᠣᠲᠠ᠎ᠶ᠋ᠢᠨ ᠬᠣᠲᠠ ᠨᠢᠭᠡᠪᠦᠷᠢ᠎ᠳᠦ ᠨᠡᠢᠲᠡ 4 ᠳ᠋ᠦᠩᠱᠢᠭᠤᠷ ᠲᠥᠭᠥᠷᠢᠭ᠎ᠦᠨ ᠲᠤᠰᠠᠯᠠᠮᠵᠢ ᠣᠯᠭᠣᠵᠤ᠂ ᠲᠣᠮᠣ ᠬᠣᠲᠠ᠎ᠶ᠋ᠢᠨ ᠬᠣᠲᠠ ᠨᠢᠭᠡᠪᠦᠷᠢ᠎ᠳᠦ ᠨᠡᠢᠲᠡ 3 ᠳ᠋ᠦᠩᠱᠢᠭᠤᠷ ᠲᠥᠭᠥᠷᠢᠭ᠎ᠦᠨ ᠲᠤᠰᠠᠯᠠᠮᠵᠢ ᠣᠯᠭᠣᠵᠤ᠂ ᠪᠤᠰᠤᠳ ᠬᠣᠲᠠ᠎ᠶ᠋ᠢᠨ ᠬᠣᠲᠠ ᠨᠢᠭᠡᠪᠦᠷᠢ᠎ᠳᠦ ᠨᠡᠢᠲᠡ 2 ᠳ᠋ᠦᠩᠱᠢᠭᠤᠷ ᠲᠥᠭᠥᠷᠢᠭ᠎ᠦᠨ ᠲᠤᠰᠠᠯᠠᠮᠵᠢ ᠣᠯᠭᠣᠨ᠎ᠠ᠃ ᠲᠤᠰᠠᠯᠠᠮᠵᠢ᠎ᠶ᠋ᠢᠨ ᠪᠡᠯᠡ ᠮᠥᠩᠭᠥ᠎ᠶ᠋ᠢ ᠬᠣᠶᠠᠷ ᠪᠦᠯᠦᠭ ᠬᠤᠪᠢᠶᠠᠨ ᠪᠠᠭᠤᠯᠭᠠᠨ᠎ᠠ᠃ ᠲᠤᠷᠱᠢᠯᠲᠠ᠎ᠶ᠋ᠢᠨ ᠴᠡᠭ᠎ᠲᠤ ᠠᠩᠬᠠᠨ᠎ᠤ ᠵᠢᠯ᠎ᠳᠤ ᠬᠡᠰᠡᠭ ᠪᠠᠯᠠ ᠮᠥᠩᠭᠦ᠎ᠶ᠋ᠢ ᠤᠷᠢᠳᠠᠪᠠᠷ ᠪᠠᠭᠤᠯᠭᠠᠵᠤ᠂ ᠦᠯᠡᠳᠡᠭ᠌ᠰᠡᠨ ᠪᠠᠯᠠ ᠮᠥᠩᠭᠦ᠎ᠶ᠋ᠢ ᠠᠵᠢᠯ᠎ᠤᠨ ᠠᠮᠵᠢᠯᠲᠠ ᠪᠦᠲᠦᠮᠵᠢ᠎ᠶ᠋ᠢ ᠦᠨᠡᠯᠡᠭ᠌ᠰᠡᠨ ᠪᠠᠢᠳᠠᠯ᠎ᠢ ᠦᠨᠳᠦᠰᠦᠯᠡᠨ ᠪᠠᠭᠤᠯᠭᠠᠨ᠎ᠠ᠃ ᠲᠣᠷᠱᠢᠯᠳᠡ᠎ᠶ᠋ᠢᠨ ᠴᠡᠭ᠎ᠤᠨ ᠬᠤᠳᠡ᠎ᠨᠢ ᠵᠠᠬ᠎ᠠ ᠳᠡᠯᠭᠡᠬᠦᠷᠵᠢᠬᠦᠯᠬᠦ᠌ ᠵᠠᠷᠴᠢᠮ ᠶᠣᠰᠣᠭᠠᠷ᠂ ᠨᠦᠬᠦᠴᠡᠯ᠎ᠳᠤ ᠨᠡᠢᠴᠡᠬᠦ᠌ ᠡᠵᠡᠩᠨᠡᠯᠳᠡ᠎ᠶ᠋ᠢᠨ ᠭᠤᠤᠯ ᠴᠣᠠᠠᠴᠠ᠎ᠳᠤ ᠲᠣᠠᠠᠳᠠᠭᠠᠯ ᠶᠣᠰᠣᠭᠠᠷ ᠨᠦᠬᠦᠪᠦᠷᠢ ᠦᠭ᠌ᠬᠦ᠂ ᠱᠠᠩᠨᠠᠬᠤ ᠵᠡᠷᠭᠡ ᠠᠷᠭ᠎ᠠ ᠮᠠᠶᠢᠭ᠎ᠢ ᠭᠡᠷᠡᠭ᠌ᠯᠡᠨ ᠳᠡᠮᠵᠢᠯᠭᠡ ᠣᠯᠭᠤᠨ᠎ᠠ᠃

  (ᠳᠥᠷᠪᠡ) ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢ ᠰᠠᠢᠲᠤᠷ ᠬᠢᠨ᠎ᠡ᠃ ᠲᠤᠷᠱᠢᠯᠲᠠ᠎ᠶ᠋ᠢᠨ ᠴᠡᠭ᠎ᠢ ᠡᠬᠢᠯᠡᠭᠦᠯᠦᠭ᠌ᠰᠡᠨ᠎ᠤ ᠳᠠᠷᠠᠭ᠎ᠠ ᠵᠢᠯ᠎ᠤᠨ ᠡᠬᠢᠨ᠎ᠳᠤ᠂ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦᠭᠦᠯᠡᠨ ᠲᠤᠷᠱᠢᠯᠲᠠ᠎ᠶ᠋ᠢᠨ ᠴᠡᠭ ᠪᠣᠯᠬᠤ ᠬᠤᠲᠠ᠎ᠶ᠋ᠢ ᠵᠣᠬᠢᠶᠠᠨ ᠪᠠᠢᠭᠤᠯᠵᠤ ᠠᠮᠵᠢᠯᠲᠠ ᠪᠦᠲᠦᠮᠵᠢ᠎ᠶ᠋ᠢ᠎ᠨᠢ ᠥᠪᠡᠰᠦᠪᠡᠨ ᠦᠨᠡᠯᠡᠬᠦ᠌ ᠠᠵᠢᠯ᠎ᠢ ᠥᠷᠨᠢᠭᠦᠯᠵᠦ᠍᠂ 3 ᠳ᠋ᠤᠭᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ ᠥᠪᠡᠰᠦᠪᠡᠨ ᠦᠨᠡᠯᠡᠭ᠌ᠰᠡᠨ ᠮᠡᠳᠡᠭᠦᠯᠦᠯᠲᠡ᠎ᠪᠠᠨ ᠮᠡᠳᠡᠭᠦᠯᠦᠨ ᠬᠦᠷᠭᠡᠨ᠎ᠡ (ᠬᠤᠪᠢ ᠣᠯᠬᠤ ᠪᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠨᠠᠷᠢᠨ ᠬᠠᠭᠤᠳᠠᠰᠤ ᠪᠠᠭ᠍ᠲᠠᠨ᠎ᠠ)᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠤᠳᠠᠯᠳᠤᠭᠠᠨ᠎ᠤ ᠡᠳ᠋᠎ᠦᠨ ᠶᠠᠪᠤᠳᠠᠯ᠎ᠤᠨ ᠶᠠᠮᠤᠨ ᠭᠤᠷᠪᠠᠳᠤᠭᠠᠷ ᠡᠲᠡᠭᠡᠳ᠎ᠲᠤ ᠨᠠᠢᠳᠠᠵᠤ ᠠᠮᠵᠢᠯᠲᠠ ᠪᠦᠲᠦᠮᠵᠢ᠎ᠶ᠋ᠢᠨ ᠦᠨᠡᠯᠡᠯᠲᠡ ᠬᠢᠯᠭᠡᠵᠦ᠍᠂ ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢᠨ ᠦᠷ᠎ᠡ ᠳ᠋ᠦᠩ᠎ᠢ ᠬᠤᠢᠱᠢᠳᠠ᠎ᠶ᠋ᠢᠨ ᠪᠠᠯᠠ ᠮᠥᠩᠭᠦ᠎ᠶ᠋ᠢᠨ ᠲᠣᠬᠢᠷᠠᠭᠤᠯᠤᠯᠲᠠ᠎ᠲᠠᠢ ᠬᠤᠯᠪᠣᠭ᠍ᠳᠠᠭᠤᠯᠵᠤ᠂ 《ᠬᠦᠨᠳᠦ ᠮᠡᠳᠡᠭᠦᠯᠬᠦ᠂ ᠬᠦᠩᠭᠡᠨ ᠨᠠᠢ᠌ᠳᠠᠪᠤᠷᠢᠵᠢᠭᠤᠯᠬᠤ》 ᠪᠠᠢᠳᠠᠯ ᠭᠠᠷᠬᠤ᠎ᠶ᠋ᠢ ᠰᠡᠷᠭᠡᠢᠯᠡᠨ ᠬᠤᠷᠢᠭ᠍ᠯᠠᠨ᠎ᠠ᠃ ᠲᠤᠷᠱᠢᠯᠲᠠ᠎ᠶ᠋ᠢᠨ ᠴᠡᠭ᠎ᠦᠨ ᠬᠤᠭᠤᠴᠠᠭ᠎ᠠ ᠨᠢ ᠳᠦᠭᠦᠷᠦᠭ᠌ᠰᠡᠨ᠎ᠦ ᠳᠠᠷᠠᠭ᠎ᠠ᠂ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠲᠤᠷᠱᠢᠯᠲᠠ᠎ᠶ᠋ᠢᠨ ᠴᠡᠭ᠎ᠦᠨ ᠬᠣᠲᠠ᠎ᠶ᠋ᠢ ᠵᠣᠬᠢᠶᠠᠨ ᠪᠠᠢᠭᠤᠯᠤᠨ ᠠᠮᠵᠢᠯᠲᠠ ᠪᠦᠲᠦᠮᠵᠢ᠎ᠶ᠋ᠢᠨ ᠥᠪᠡᠰᠦᠪᠡᠨ ᠦᠨᠡᠯᠡᠬᠦ᠌ ᠠᠵᠢᠯ ᠎ᠢ ᠥᠷᠨᠢᠭᠦᠯᠵᠦ᠍᠂ ᠪᠢᠴᠢᠭ᠎ᠦᠨ ᠰᠠᠨᠠᠯ ᠭᠠᠷᠭᠠᠬᠤ᠎ᠶ᠋ᠢᠨ ᠬᠠᠮᠲᠤ᠂ ᠠᠮᠵᠢᠯᠲᠠ ᠪᠦᠲᠦᠮᠵᠢ᠎ᠶ᠋ᠢᠨ ᠥᠪᠡᠰᠦᠪᠡᠨ ᠦᠨᠡᠯᠡᠭ᠌ᠰᠡᠨ ᠮᠡᠳᠡᠭᠦᠯᠦᠯᠲᠡ᠎ᠪᠡᠨ ᠮᠡᠳᠡᠭᠦᠯᠦᠨ ᠬᠦᠷᠭᠡᠬᠦ᠌ ᠬᠡᠷᠡᠭ᠌ᠲᠡᠶ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠠᠴᠠ ᠪᠦᠬᠦᠯᠢ ᠴᠣᠭ᠍ᠴᠠ᠎ᠶ᠋ᠢᠨ ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢ ᠵᠣᠬᠢᠶᠠᠨ ᠪᠠᠢᠭᠤᠯᠤᠨ ᠬᠢᠬᠦ᠌᠎ᠶ᠋ᠢᠨ ᠬᠠᠮᠲᠤ ᠠᠰᠠᠭᠤᠳᠠᠯ᠎ᠢ ᠣᠯᠵᠤ ᠮᠡᠳᠡᠪᠡᠯ ᠣᠷᠣᠨ ᠨᠤᠲᠤᠭ᠎ᠢ ᠵᠣᠬᠢᠶᠠᠨ ᠪᠠᠢᠭᠤᠯᠤᠨ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ᠃

  ᠳᠥᠷᠪᠡ᠂ ᠠᠵᠢᠯ᠎ᠤᠨ ᠱᠠᠭᠠᠷᠳᠠᠯᠭ᠎ᠠ

  (ᠨᠢᠭᠡ) ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠦᠨ ᠵᠠᠰᠠᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ᠎ᠢᠶᠡᠨ ᠪᠠᠳᠠᠷᠠᠭᠤᠯᠤᠨ᠂ ᠠᠮᠵᠢᠯᠲᠠ ᠪᠦᠲᠦᠮᠵᠢ᠎ᠶ᠋ᠢᠨ ᠭᠦᠢ᠍ᠴᠡᠳᠭᠡᠯ ᠲᠣᠭ᠎ᠠ᠎ᠶ᠋ᠢᠨ ᠲᠤᠭᠲᠠᠯᠴᠠᠭ᠎ᠠ᠂ ᠱᠢᠯᠭᠠᠨ ᠠᠪᠬᠤ ᠠᠷᠭ᠎ᠠ ᠵᠡᠷᠭᠡ᠎ᠶ᠋ᠢ ᠪᠦᠷᠢᠨᠱᠢᠭᠦᠯᠵᠦ᠍᠂ ᠲᠤᠷᠱᠢᠯᠲᠠ᠎ᠶ᠋ᠢᠨ ᠴᠡᠭ᠎ᠦᠨ ᠬᠣᠲᠠ᠎ᠶ᠋ᠢ ᠵᠢᠯᠣᠭᠣᠳᠤᠨ ᠱᠢᠮᠳᠠᠭᠤᠯᠵᠤ ᠪᠠᠢᠭᠠᠳ ᠲᠤᠷᠱᠢᠯᠲᠠ᠎ᠶ᠋ᠢᠨ ᠴᠡᠭ᠎ᠦᠨ ᠪᠡᠯᠡ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ ᠲᠣᠭ᠍ᠲᠠᠭᠠᠵᠤ᠂ ᠲᠣᠭ᠍ᠲᠠᠭ᠍ᠰᠠᠨ ᠡᠭᠦᠷᠭᠡ᠎ᠶ᠋ᠢ ᠨᠠᠢᠳᠠᠪᠤᠷᠢᠵᠢᠭᠤᠯᠤᠨ᠂ ᠲᠥᠰᠦᠪ᠎ᠢ ᠭᠦᠢᠴᠡᠳᠭᠡᠬᠦ᠌ ᠠᠬᠢᠴᠠ᠎ᠶ᠋ᠢ ᠲᠦᠷᠭᠡᠳᠭᠡᠬᠦ᠌ ᠬᠡᠷᠡᠭ᠌ᠲᠡᠶ᠃ ᠲᠤᠷᠱᠢᠯᠲᠠ᠎ᠶ᠋ᠢᠨ ᠴᠡᠭ ᠪᠣᠯᠬᠤ ᠬᠤᠲᠠ᠎ᠨᠢ ᠰᠠᠯᠠᠭ᠎ᠠ ᠮᠥᠴᠢᠷ᠎ᠤᠳ ᠬᠠᠮᠵᠢᠯᠴᠠᠬᠤ᠂ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠵᠡᠷᠭᠡ ᠠᠵᠢᠯ᠎ᠢ ᠠᠬᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠥᠷᠥᠯ ᠵᠦᠢᠯ᠎ᠤᠨ ᠨᠠᠷᠢᠨ ᠬᠠᠭᠤᠳᠠᠰᠤ᠎ᠶ᠋ᠢ ᠲᠣᠳᠣᠷᠬᠠᠢᠯᠠᠨ᠂ ᠮᠥᠷᠳᠡᠨ ᠲᠣᠬᠢᠷᠠᠭᠤᠯᠬᠤ᠎ᠪᠠᠨ ᠴᠢᠩᠭᠠᠳᠭᠠᠵᠤ᠂ ᠡᠳ᠋᠎ᠤᠨ ᠵᠠᠰᠠᠭ᠎ᠤᠨ ᠳᠡᠮᠵᠢᠯᠭᠡ᠎ᠶ᠋ᠢᠨ ᠪᠠᠯᠠ ᠮᠥᠩᠭᠦ᠌ ᠪᠠ ᠨᠡᠢᠭᠡᠮ᠎ᠤᠨ ᠣᠷᠣᠭᠤᠯᠤᠯᠲᠠ᠎ᠶ᠋ᠢ ᠰᠠᠢᠲᠤᠷ ᠨᠢᠭᠡᠳᠦᠯᠲᠡᠶ ᠲᠥᠯᠥᠪᠯᠡᠨ᠂ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠤᠷᠱᠢᠯᠲᠠ᠎ᠶ᠋ᠢᠨ ᠬᠤᠳᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠪᠣᠯ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠱᠢᠭᠤᠳ ᠬᠠᠷᠢᠭᠤᠴᠠᠯᠭ᠎ᠠ᠎ᠶ᠋ᠢᠨ ᠭᠤᠣᠯ ᠴᠣᠭ᠍ᠴᠠ ᠮᠥᠨ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠦᠢᠯᠡᠳᠦᠯ᠎ᠢᠶᠠᠨ ᠪᠠᠳᠠᠷᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠠᠵᠢᠯ᠎ᠤᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠬᠡᠷᠡᠭᠯᠡᠭᠡ᠎ᠶᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ ᠱᠢᠨ᠎ᠡ ᠪᠠᠢᠳᠠᠯ᠎ᠢ ᠳᠡᠯᠭᠡᠷᠡᠭᠦᠯᠬᠦ᠌᠎ᠶ᠋ᠢ ᠬᠡᠷᠡᠭᠯᠡᠭᠡ᠎ᠶᠢᠨ ᠭᠤᠣᠯᠳᠠᠯᠭ᠎ᠠ᠎ᠲᠠᠢ ᠠᠵᠢᠯ᠎ᠤᠨ ᠡᠭᠦᠷᠭᠡ᠎ᠳᠤ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃

  (ᠬᠤᠶᠠᠷ) ᠪᠡᠯᠡ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠦᠨ ᠵᠠᠰᠠᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠤᠷᠱᠢᠯᠲᠠ᠎ᠶ᠋ᠢᠨ ᠴᠡᠭ ᠪᠣᠯᠬᠤ ᠬᠣᠲᠠ᠎ᠨᠤᠭᠤᠳ᠎ᠲᠠᠶ ᠬᠠᠮᠲᠤᠷᠠᠨ ᠡᠳᠦᠷ ᠲᠤᠲᠤᠮ᠎ᠤᠨ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠠᠢᠭᠤᠯᠤᠨ᠂ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠪᠣᠶ ᠪᠣᠯᠭᠠᠵᠤ ᠂ ᠲᠥᠪ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢᠨ ᠬᠥᠲᠥᠯᠥᠨ ᠵᠢᠯᠣᠭᠣᠳᠭᠤ ᠦᠢᠯᠡᠳᠦᠯ ᠎ᠢ ᠭᠦᠢᠴᠡᠳ ᠪᠠᠳᠠᠷᠠᠭᠤᠯᠤᠨ᠂ ᠨᠡᠢᠭᠡᠮ᠎ᠦᠨ ᠬᠥᠷᠥᠩᠭᠡ᠎ᠶ᠋ᠢ ᠳᠠᠢᠴᠢᠯᠠᠵᠤ᠂ ᠲᠤᠷᠱᠢᠯᠲᠠ᠎ᠶ᠋ᠢᠨ ᠴᠡᠭ᠎ᠦᠨ ᠠᠵᠢᠯ ᠎ᠢ ᠬᠠᠮᠲᠤᠪᠠᠷ ᠠᠬᠢᠭᠤᠯᠬᠤ ᠬᠡᠷᠡᠭ᠌ᠲᠡᠶ᠃ ᠲᠤᠷᠱᠢᠯᠲᠠ᠎ᠶ᠋ᠢᠨ ᠴᠡᠭ ᠪᠣᠯᠬᠤ ᠬᠣᠲᠠ᠎ᠨᠤᠭᠤᠳ ᠨᠢ ᠲᠥᠷᠥᠯ ᠵᠦᠢᠯ᠎ᠦᠨ ᠪᠡᠯᠡ ᠮᠥᠩᠭᠥ᠎ᠶ᠋ᠢᠨ ᠲᠣᠬᠢᠷᠠᠭᠤᠯᠤᠯᠲᠠ᠎ᠶ᠋ᠢ ᠲᠥᠪ᠎ᠦᠨ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠪᠡᠯᠡ ᠣᠷᠣᠭᠤᠯᠤᠯᠲᠠ ᠪᠣᠯᠤᠨ ᠲᠥᠪ᠎ᠦᠨ ᠡᠳ᠋᠎ᠦᠨ ᠵᠠᠰᠠᠭ᠎ᠤᠨ ᠪᠤᠰᠤᠳ ᠲᠤᠰᠭᠠᠶ ᠵᠦᠢᠯ᠎ᠦᠨ ᠪᠡᠯᠡ ᠮᠥᠩᠭᠥ᠎ᠯᠦᠭᠡ ᠵᠣᠯᠭᠠᠯᠳᠤᠭᠤᠯᠬᠤ᠎ᠪᠠᠨ ᠴᠢᠩᠭᠠᠳᠭᠠᠵᠤ᠂ ᠰᠣᠯᠪᠢᠴᠠᠨ ᠳᠠᠪᠬᠤᠷᠳᠠᠭᠤᠯᠬᠤ᠎ᠠᠴᠠ ᠵᠠᠢᠯᠠᠰᠭᠢᠬᠦ᠌ ᠬᠡᠷᠡᠭ᠌ᠲᠡᠶ᠃ ᠬᠣᠯᠪᠣᠭ᠍ᠳᠠᠯ ᠪᠦᠬᠦᠢ ᠲᠤᠰᠠᠯᠠᠮᠵᠢ᠎ᠶ᠋ᠢᠨ ᠪᠡᠯᠡ ᠮᠥᠩᠭᠥ᠎ᠶ᠋ᠢ ᠱᠢᠨ᠎ᠡ᠎ᠪᠡᠷ ᠪᠠᠢᠭᠤᠯᠬᠤ᠂ ᠥᠷᠭᠡᠳᠭᠡᠨ ᠪᠠᠢᠭᠤᠯᠬᠤ ᠵᠡᠷᠭᠡ᠎ᠳᠦ ᠬᠡᠷᠡᠭ᠌ᠯᠡᠵᠦ᠍ ᠪᠣᠯᠬᠤ ᠦᠭᠡᠶ᠂ ᠵᠣᠭᠣᠰ ᠲᠣᠷᠭᠠᠬᠤ᠂ ᠲᠤᠰᠠᠯᠠᠬᠤ᠂ ᠥᠷᠢ ᠥᠭ᠌ᠴᠡᠭᠡ ᠲᠥᠯᠥᠬᠦ᠌ ᠵᠢᠴᠢ ᠡᠳ᠋᠎ᠦᠨ ᠵᠠᠰᠠᠭ᠎ᠤᠨ ᠲᠤᠰᠠᠯᠠᠮᠵᠢ᠎ᠶ᠋ᠢᠨ ᠨᠢᠭᠡᠴᠢ᠎ᠶ᠋ᠢᠨ ᠠᠵᠢᠯᠲᠠᠨ᠎ᠤ ᠵᠠᠷᠤᠳᠠᠯ ᠪᠣᠯᠤᠨ ᠠᠵᠢᠯ᠎ᠤᠨ ᠵᠠᠷᠤᠳᠠᠯ ᠵᠡᠷᠭᠡ᠎ᠳᠦ ᠬᠡᠷᠡᠭ᠌ᠯᠡᠵᠦ᠍ ᠪᠣᠯᠬᠤ ᠦᠭᠡᠶ᠂ ᠭᠠᠵᠠᠷ ᠱᠢᠷᠣᠶ᠎ᠶ᠋ᠢ ᠨᠡᠭᠡᠭᠡᠨ ᠬᠥᠭ᠌ᠵᠢᠭᠦᠯᠬᠦ᠂ ᠭᠠᠵᠠᠷ ᠱᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠵᠠᠰᠠᠭ᠎ᠤᠨ ᠣᠷᠳᠣᠨ᠎ᠤ ᠴᠢᠨᠠᠷᠲᠠᠶ ᠠᠰᠠᠷ ᠲᠠᠩᠬᠢᠮ ᠪᠠᠭᠤᠳᠠᠯ ᠭᠠᠵᠠᠷ ᠪᠠᠢᠭᠤᠯᠬᠤ ᠵᠡᠷᠭᠡ᠎ᠳᠦ ᠬᠡᠷᠡᠭ᠌ᠯᠡᠵᠦ᠍ ᠪᠣᠯᠬᠤ ᠦᠭᠡᠶ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠵᠤ ᠲᠤᠰᠠᠯᠠᠮᠵᠢ᠎ᠶ᠋ᠢᠨ ᠪᠡᠯᠡ ᠮᠥᠩᠭᠥ᠎ᠶ᠋ᠢ ᠮᠡᠬᠡᠯᠡᠨ ᠠᠪᠴᠤ᠌ ᠪᠣᠯᠬᠤ ᠦᠭᠡᠶ᠃

  (ᠭᠤᠷᠪᠠ) ᠤᠬᠠᠭᠤᠯᠤᠨ ᠳᠡᠯᠭᠡᠷᠡᠭᠦᠯᠬᠦ᠌᠎ᠶ᠋ᠢ ᠰᠠᠢᠲᠤᠷ ᠬᠢᠨ᠎ᠡ᠃ ᠡᠯ᠎ᠡ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠂ ᠡᠳ᠋᠎ᠤᠨ ᠵᠠᠰᠠᠭ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠲᠣᠷᠱᠢᠯᠲᠠ᠎ᠶ᠋ᠢᠨ ᠴᠡᠭ ᠪᠣᠯᠬᠤ ᠬᠤᠲᠠ᠎ᠯᠤᠭ᠎ᠠ ᠬᠠᠮᠲᠤᠷᠠᠵᠤ ᠡᠯ᠎ᠡ ᠵᠦᠢᠯ᠎ᠤᠨ ᠠᠷᠭ᠎ᠠ ᠵᠠᠮ᠎ᠢ ᠥᠷᠭᠡᠨ᠎ᠢᠶᠠᠷ ᠠᠱᠢᠭ᠍ᠯᠠᠨ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠪᠦᠬᠦ᠌ ᠲᠠᠯ᠎ᠠ᠎ᠪᠠᠷ᠂ ᠣᠯᠠᠨ ᠲᠠᠯ᠎ᠠ᠎ᠠᠴᠠ ᠴᠢᠩᠭᠠᠳᠭᠠᠵᠤ᠂ ᠲᠣᠷᠱᠢᠯᠲᠠ᠎ᠶ᠋ᠢᠨ ᠴᠡᠭ ᠪᠣᠯᠬᠤ ᠬᠤᠲᠠ᠎ᠶ᠋ᠢᠨ ᠨᠡᠢᠲᠡᠯᠢᠭ ᠠᠷᠭ᠎ᠠ ᠬᠢᠳᠡᠯ ᠪᠠ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠳ᠋ᠦᠩᠨᠡᠨ ᠳᠡᠯᠭᠡᠷᠡᠭᠦᠯᠬᠦ᠌ ᠬᠡᠷᠡᠭ᠌ᠲᠡᠢ᠃ ᠡᠭᠦᠨ᠎ᠤ ᠬᠠᠮᠲᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ᠎ᠪᠠᠷ ᠵᠠᠰᠠᠭ᠍ᠰᠠᠨ᠂ ᠳᠥᠭᠦᠮᠴᠢᠯᠡᠭ᠌ᠰᠡᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠣᠶ ᠪᠣᠯᠭᠠᠵᠤ᠂ ᠠᠵᠢᠯ ᠲᠥᠷᠥᠯ᠎ᠤᠨ ᠨᠡᠢᠭᠡᠮᠯᠢᠭ᠂ ᠠᠵᠤ ᠠᠬᠤᠢᠯᠠᠯ᠂ ᠠᠷᠠᠳ ᠣᠯᠠᠨ᠎ᠤ ᠣᠷᠣᠯᠴᠠᠬᠤ ᠬᠠᠯᠠᠭᠤᠨ ᠰᠡᠳᠭᠢᠯᠭᠡ᠎ᠶ᠋ᠢ ᠤᠯᠠᠮ ᠨᠢᠭᠡ ᠠᠯᠬᠤᠮ ᠬᠥᠭ᠌ᠵᠢᠭᠡᠪᠡ᠃

  ᠡᠭᠦᠨ᠎ᠦ ᠲᠤᠯᠠ ᠣᠨᠴᠠᠭᠠᠢᠯᠠᠨ ᠮᠡᠳᠡᠭ᠌ᠳᠡᠪᠡ᠃

  ᠬᠠᠷᠢᠯᠴᠠᠬᠤ ᠬᠡᠯᠪᠡᠷᠢ᠄

  ᠡᠳ᠋᠎ᠦᠨ ᠵᠠᠰᠠᠭ᠎ᠤᠨ ᠶᠠᠮᠤᠨ᠎ᠤ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠵᠤᠷᠭᠠᠨ 010-68554524

  ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠦᠢᠯᠡᠴᠢᠯᠡᠭᠡᠨ᠎ᠦ ᠠᠷᠠᠯᠵᠢᠶ᠎ᠠ ᠬᠤᠳᠠᠯᠳᠤᠭᠠᠨ᠎ᠪᠠ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠦ ᠵᠤᠷᠭᠠᠨ 010-85093778 

  ᠳᠠᠭᠠᠯᠳᠤᠭᠤᠯᠤᠯ᠄ 1. ᠬᠡᠷᠡᠭᠯᠡᠭᠡ᠎ᠶᠢᠨ ᠱᠢᠨ᠎ᠡ ᠡᠵᠡᠩᠨᠡᠯᠲᠡ᠎ᠶ᠋ᠢᠨ ᠪᠠᠢᠳᠠᠯ ᠱᠢᠨ᠎ᠡ ᠵᠠᠭ᠍ᠪᠤᠷ ᠱᠢᠨ᠎ᠡ ᠪᠠᠢᠳᠠᠯ᠎ᠤᠨ ᠲᠤᠷᠱᠢᠯᠲᠠ᠎ᠶ᠋ᠢᠨ ᠬᠡᠷᠡᠭ᠌ᠵᠢᠭᠦᠯᠬᠦ᠌ ᠲᠥᠰᠥᠯ᠎ᠢ ᠨᠠᠢᠷᠠᠭᠤᠯᠤᠨ ᠵᠣᠬᠢᠶᠠᠬᠤ ᠲᠣᠪᠴᠢ

  2. ᠬᠡᠷᠡᠭᠯᠡᠭᠡ᠎ᠶᠢᠨ ᠱᠢᠨ᠎ᠡ ᠡᠵᠡᠩᠨᠡᠯᠲᠡ᠎ᠶ᠋ᠢᠨ ᠪᠠᠢᠳᠠᠯ ᠱᠢᠨ᠎ᠡ ᠵᠠᠭ᠍ᠪᠤᠷ ᠱᠢᠨ᠎ᠡ ᠪᠠᠢᠳᠠᠯ᠎ᠤᠨ ᠲᠤᠷᠱᠢᠯᠲᠠ᠎ᠶ᠋ᠢᠨ ᠴᠡᠭ᠎ᠤᠨ ᠠᠮᠵᠢᠯᠲᠠ ᠪᠦᠲᠦᠮᠵᠢ᠎ᠶ᠋ᠢᠨ ᠬᠠᠷᠠᠯᠲᠠ᠎ᠶ᠋ᠢᠨ ᠬᠦᠰᠦᠨᠦᠭ᠌ᠲᠦ

  ᠡᠳ᠋᠎ᠦᠨ ᠵᠠᠰᠠᠭ᠎ᠤᠨ ᠶᠠᠮᠤᠨ

  ᠬᠤᠳᠠᠯᠳᠤᠭᠠᠨ᠎ᠤ ᠶᠠᠪᠤᠳᠠᠯ᠎ᠤᠨ ᠶᠠᠮᠤᠨ

  2025 ᠣᠨ᠎ᠤ 9 ᠳ᠋ᠦ᠍ᠭᠡᠷ ᠰᠠᠷ᠎ᠠ᠎ᠶ᠋ᠢᠨ 28 ᠎ᠤ ᠡᠳᠦᠷ

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭ᠋ᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            