ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠄ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠢ ᠥᠷᠭᠡᠳᠭᠡᠨ ᠲᠠᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠬᠤ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-09-17

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ ᠵᠢᠴᠢ ᠲᠤᠰᠠᠭᠠᠷ ᠲᠥᠯᠥᠪᠯᠡᠭᠡᠲᠦ ᠬᠤᠲᠠ᠂ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠬᠤᠳᠠᠯᠳᠤᠭᠠᠨ᠎ᠤ ᠶᠠᠪᠤᠳᠠᠯ᠂ ᠠᠷᠠᠳ᠎ᠤᠨ ᠶᠠᠪᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠢᠭᠡᠮ᠎ᠤᠨ ᠪᠠᠲᠤᠯᠠᠭ᠎ᠠ᠂ ᠪᠠᠢᠭᠠᠯᠢ᠎ᠶ᠋ᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠪᠡᠶ᠎ᠡ᠎ᠶ᠋ᠢᠨ ᠲᠠᠮᠢᠷ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠌᠄

  《 ᠨᠠᠰᠤᠵᠢᠯ᠎ᠤᠨ ᠦᠢᠯᠡᠴᠢᠯᠡᠭᠡᠨ᠎ᠦ ᠥᠭᠡᠷᠡᠴᠢᠯᠡᠯᠲᠡ ᠬᠥᠭᠵᠢᠯᠲᠡ ᠶ᠋ᠢ ᠭᠦᠨᠵᠡᠭᠡᠢᠷᠡᠭᠦᠯᠬᠦ ᠲᠤᠬᠠᠢ ᠳᠤᠮᠳᠠᠳᠦ ᠤᠯᠤᠰ ᠎ᠤᠨ ᠡᠪ ᠬᠠᠮᠲᠦ ᠨᠠᠮ᠎ᠤᠨ ᠲᠥᠪ ᠬᠣᠷᠢᠶ᠎ᠠ ᠪᠣᠯᠣᠨ ᠲᠥᠷᠥ ᠶ᠋ᠢᠨ ᠶᠠᠪᠤᠳᠠᠯ᠎ᠤᠨ ᠬᠣᠷᠢᠶᠠᠨ᠎ᠤ ᠰᠠᠨᠠᠯ 》  ᠪᠠ  ᠳᠤᠮᠳᠠᠳᠦ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ  ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠳᠠᠷᠤᠮᠠᠯᠯᠠᠨ ᠲᠠᠷᠬᠠᠭᠠᠭᠰᠠᠨ 《 ᠬᠡᠷᠡᠭᠯᠡᠭᠡ ᠶ᠋ᠢ ᠬᠥᠭᠵᠢᠭᠡᠬᠦ ᠲᠤᠰᠬᠠᠢ ᠠᠵᠢᠯᠯᠠᠭ᠎ᠠ ᠶ᠋ᠢᠨ ᠲᠥᠰᠥᠯ 》᠂ 《 ᠬᠣᠲᠠ ᠶ᠋ᠢ ᠰᠢᠨᠡᠳᠬᠡᠬᠦ ᠠᠵᠢᠯᠯᠠᠭ᠎ᠠ ᠶ᠋ᠢ ᠦᠷᠭᠦᠯᠵᠢᠯᠡᠨ ᠠᠬᠢᠭᠤᠯᠬᠤ ᠲᠤᠬᠠᠢ ᠰᠠᠨᠠᠯ 》 ᠵᠡᠷᠭᠡ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠡᠮᠦᠨᠡᠬᠢ ᠬᠤᠭᠤᠴᠠᠭᠠᠨ᠎ᠤ ᠠᠵᠢᠯ᠎ᠤᠨ ᠰᠠᠭᠤᠷᠢᠨ ᠳᠡᠭᠡᠷ᠎ᠡ᠂ ᠡᠳᠦᠭᠡ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠢ ᠥᠷᠭᠡᠳᠭᠡᠨ ᠲᠠᠰ ᠳᠡᠪᠱᠢᠭᠦᠯᠬᠦ᠌ ᠬᠠᠮᠢᠶ᠎ᠠ ᠪᠥᠬᠦᠶ ᠠᠵᠢᠯ᠎ᠢ ᠬᠦᠴᠦᠯᠡᠨ ᠠᠬᠢᠭᠤᠯᠬᠤ ᠲᠤᠬᠠᠶ ᠳᠣᠤᠷᠠᠬᠢ ᠮᠡᠲᠦ ᠮᠡᠳᠡᠭ᠌ᠳᠡᠪᠡ᠃

  ᠨᠢᠭᠡ᠂ ᠶᠡᠷᠦᠩᠬᠡᠢ ᠱᠠᠭᠠᠷᠳᠠᠯᠭ᠎ᠠ

  ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠤᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ᠎ᠢᠶᠠᠷ ᠭᠣᠣᠯ ᠪᠣᠯᠭᠠᠬᠤ ᠬᠦᠭᠵᠢᠯᠲᠡ᠎ᠶᠢᠨ ᠦᠵᠡᠯ ᠰᠠᠨᠠᠭ᠎ᠠ᠎ᠶᠢ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠬᠠᠨᠤᠮᠵᠢᠲᠠᠢ ᠪᠠᠢᠬᠤ᠎ᠶᠢ ᠠᠵᠢᠯ᠎ᠤᠨ ᠴᠢᠬᠤᠯᠠ ᠪᠠᠷᠢᠮᠵᠢᠶ᠎ᠠ ᠪᠣᠯᠭᠠᠵᠤ᠂ 《ᠬᠡᠷᠡᠭᠴᠡᠭᠡ᠎ᠶᠢ ᠠᠷᠠᠳ᠎ᠠᠴᠠ ᠠᠰᠠᠭᠤᠵᠤ᠂ ᠠᠷᠭ᠎ᠠ ᠪᠣᠳᠣᠯᠭ᠎ᠠ᠎ᠶᠢ ᠠᠷᠠᠳ᠎ᠠᠴᠠ ᠠᠰᠠᠭᠤᠬᠤ》᠂ 《ᠬᠤᠳᠠ᠎ᠶᠢᠨ ᠪᠠᠢᠳᠠᠯ ᠳ᠋ᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠲᠣᠭᠣᠷᠢᠭ᠋᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠂ 《 ᠶᠠᠭᠤ ᠳᠤᠲᠠᠭᠳᠠᠪᠠᠯ ᠶᠠᠭᠤ ᠨᠥᠬᠥᠪᠦᠷᠢᠯᠡᠬᠦ》 ᠵᠠᠷᠴᠢᠮ ᠶᠤᠰᠤᠭ᠋ᠠᠷ᠂ ᠣᠯᠠᠨ ᠲᠦᠮᠡᠨ᠎ᠦ ᠪᠠᠴᠢᠮ ᠬᠦᠴᠢᠷ ᠵᠣᠪᠠᠭᠤᠷᠢ᠎ᠳᠤ ᠠᠩᠬᠠᠷᠤᠯ᠎ᠢᠶᠠᠨ ᠲᠥᠪᠯᠡᠷᠡᠭᠦᠯᠦᠨ᠂ 《ᠨᠢᠭᠡ ᠨᠠᠰᠤᠲᠠᠨ ᠨᠢᠭᠡ ᠪᠠᠭ᠎ᠠ》 ᠎ᠶᠢ ᠳᠣᠪᠣᠶ᠋ᠢᠯᠭᠠᠵᠤ᠂ ᠠᠷᠠᠳ᠎ᠤᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠢ ᠥᠷᠭᠡᠳᠭᠡᠨ ᠲᠠᠰ ᠳᠡᠪᠱᠢᠭᠦᠯᠬᠦ᠌᠎ᠶᠢ ᠠᠬᠢᠭᠤᠯᠵᠤ᠂ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠬᠦᠷᠢᠶ᠎ᠡ ᠬᠡᠪᠴᠢᠶ᠎ᠡ᠎ᠶᠢ ᠰᠠᠭᠤᠷᠢᠰᠢᠬᠤ᠎ᠳᠤ ᠲᠣᠬᠢᠷᠠᠮᠵᠢᠲᠠᠢ᠂ ᠵᠤᠭᠠᠴᠠᠬᠤ᠎ᠳᠤ ᠲᠣᠬᠢᠷᠠᠮᠵᠢᠲᠠᠢ᠂ ᠬᠤᠳᠠᠯᠳᠤᠨ ᠠᠪᠬᠤ᠎ᠳᠤ ᠲᠣᠬᠢᠷᠠᠮᠵᠢᠲᠠᠢ᠂ ᠥᠲᠡᠯᠬᠦ᠎ᠳᠦ ᠲᠣᠬᠢᠷᠠᠮᠵᠢᠲᠠᠢ᠂ ᠪᠠᠭᠠᠴᠤᠳ᠎ᠲᠤ ᠲᠣᠬᠢᠷᠠᠮᠵᠢᠲᠠᠢ ᠪᠦᠬᠦᠯᠢ ᠨᠠᠰᠤᠨ᠎ᠤ ᠨᠥᠬᠥᠷᠰᠡᠭ ᠬᠡᠯᠪᠡᠷᠢ᠎ᠶᠢᠨ ᠴᠢᠨᠠᠷ ᠴᠢᠨᠰᠠᠭ᠎ᠠ᠎ᠲᠠᠢ ᠠᠮᠢᠳᠤᠷᠠᠯ᠎ᠤᠨ ᠬᠦᠷᠢᠶ᠎ᠡ ᠬᠡᠪᠴᠢᠶ᠎ᠡ᠎ᠶᠢ ᠪᠠᠢᠭᠤᠯᠤᠨ᠎ᠠ᠃ 

  2030 ᠣᠨ ᠪᠣᠯᠬᠤ᠎ᠳᠤ 《ᠵᠠᠭᠤᠨ ᠬᠤᠲᠠ ᠲᠦᠮᠡᠨ ᠲᠣᠭᠤᠷᠢᠭ》 ᠎ᠤᠨ ᠬᠠᠷᠠᠯᠲᠠ᠎ᠶ᠋ᠢ ᠪᠡᠶᠡᠯᠡᠭᠦᠯᠦᠨ᠎ᠡ᠂ ᠲᠤᠬᠠᠢᠯᠠᠪᠠᠯ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠬᠦᠷᠢᠶ᠎ᠡ᠎ᠶ᠋ᠢ ᠪᠥᠬᠦ᠌ ᠴᠠᠷᠠᠭᠠᠨ᠎ᠳᠤ ᠤᠷᠢᠳᠠᠪᠠᠷ ᠬᠡᠷᠡᠭ᠌ᠵᠢᠭᠦᠯᠬᠦ᠌ ᠲᠣᠭᠤᠷᠢᠭ᠎ᠤᠨ ᠲᠤᠷᠱᠢᠯᠲᠠ᠎ᠶ᠋ᠢᠨ ᠬᠤᠲᠠ᠎ᠶ᠋ᠢ 100 ᠎ᠶ᠋ᠢ ᠲᠣᠭ᠍ᠲᠠᠭᠠᠵᠤ᠂ ᠲᠤᠰᠭᠠᠶ ᠣᠷᠣᠨ᠎ᠤ ᠲᠠᠰ᠎ᠠᠴᠠ ᠳᠡᠭᠡᠭ᠌ᠰᠢᠬᠢ ᠬᠤᠲᠠ᠎ᠶ᠋ᠢᠨ ᠭᠤᠤᠯ ᠬᠤᠲᠠ᠎ᠶ᠋ᠢᠨ ᠲᠣᠭᠤᠷᠢᠭ ᠪᠠ ᠨᠥᠬᠦᠴᠡᠯ᠎ᠲᠠᠢ ᠱᠢᠶᠠᠨ᠎ᠤ ᠬᠤᠲᠠ᠎ᠶ᠋ᠢᠨ ᠨᠡᠢᠭᠡᠮ ᠲᠣᠭᠤᠷᠢᠭ᠎ᠲᠤ ᠪᠦᠬᠦᠨ᠎ᠢ ᠬᠠᠮᠤᠷᠤᠨ᠎ᠠ; 1 ᠲᠦᠮᠡᠨ ᠪᠠᠢᠷᠢᠱᠢᠭᠤᠯᠤᠯ᠎ᠨᠢ ᠵᠦᠶ ᠵᠣᠬᠢᠰᠲᠠᠶ᠂ ᠡᠵᠡᠩᠨᠡᠯᠲᠡ᠎ᠶ᠋ᠢᠨ ᠬᠡᠯᠪᠡᠷᠢ ᠮᠠᠶᠢᠭ᠎ᠨᠢ ᠪᠦᠷᠢᠨ᠂ ᠴᠢᠳᠠᠮᠵᠢ᠎ᠨᠢ ᠪᠦᠷᠢᠨ ᠲᠡᠭᠦᠯᠳᠡᠷ᠂ ᠦᠢᠯᠡᠴᠢᠯᠡᠭᠡ᠎ᠨᠢ ᠴᠢᠨᠠᠷ ᠰᠠᠢᠲᠠᠶ᠂ ᠲᠦᠷᠭᠡᠨ ᠪᠥᠭᠡᠳ ᠥᠨᠳᠥᠷ ᠪᠦᠲᠦᠮᠵᠢᠲᠡᠶ᠂ ᠳᠥᠭᠦᠮ ᠳᠥᠲᠡ᠂ ᠵᠢᠷᠤᠮᠵᠢᠯ᠎ᠲᠠᠢ ᠡᠮᠬᠢ ᠵᠢᠷᠤᠮ᠎ᠲᠠᠢ᠂ ᠬᠤᠳᠠᠯᠳᠤᠭ᠎ᠠ ᠪᠠ ᠣᠷᠣᠨ ᠰᠠᠭᠤᠴᠠ ᠡᠶ᠎ᠡ ᠵᠣᠬᠢᠴᠠᠯ᠎ᠲᠠᠢ ᠠᠷᠠᠳ᠎ᠲᠤ ᠲᠥᠬᠦᠮ ᠦᠵᠡᠭᠦᠯᠬᠦ᠌ ᠠᠮᠢᠳᠤᠷᠠᠯ᠎ᠤᠨ ᠬᠦᠷᠢᠶ᠎ᠡ᠎ᠶ᠋ᠢ ᠪᠠᠢᠭᠤᠯᠵᠤ᠂ 500 ᠵᠤᠷᠪᠤᠰ 《 ᠪᠤᠭᠤᠷᠤᠯᠴᠤᠳ᠎ᠤᠨ ᠵᠡᠭᠡᠯᠢ》᠂ 500 《ᠬᠡᠤᠬᠡᠳ᠎ᠤᠨ ᠴᠡᠩᠭᠡᠯ᠎ᠤᠨ ᠬᠦᠷᠢᠶᠡᠯᠡᠩ》 ᠎ᠢ ᠪᠠᠢᠭᠤᠯᠵᠤ᠂ ᠨᠢᠭᠡ ᠪᠦᠯᠦᠭ ᠰᠠᠭᠤᠷᠢ ᠮᠠᠶᠢᠭ᠎ᠤᠨ᠂ ᠳᠡᠭᠡᠭ᠌ᠰᠢᠯᠡᠭᠦᠯᠬᠦ᠌ ᠬᠡᠯᠪᠡᠷᠢ᠎ᠶ᠋ᠢᠨ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠢ ᠶᠠᠰᠤ ᠴᠢᠨᠠᠷ᠎ᠤᠨ ᠬᠡᠯᠪᠡᠷᠢ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ᠎ᠤᠨ ᠬᠠᠨᠤᠮᠵᠢ᠎ᠶ᠋ᠢᠨ ᠬᠡᠮᠵᠢᠶ᠎ᠡ᠎ᠶ᠋ᠢ 90% ᠎ᠠᠴᠠ ᠳᠡᠭᠡᠭ᠌ᠰᠢ᠎ᠳᠤ ᠬᠦᠷᠦᠭᠦᠯᠵᠦ᠍᠂ ᠬᠤᠳᠠᠯᠳᠤᠭᠠᠨ᠎ᠤ ᠲᠣᠤᠷ ᠴᠡᠭ᠎ᠤᠨ ᠬᠡᠯᠬᠢᠶᠡᠵᠢᠭ᠌ᠰᠡᠨ ᠨᠣᠷᠮ᠎ᠠ᠎ᠶ᠋ᠢ 30% ᠎ᠠᠴᠠ ᠳᠡᠭᠡᠭ᠌ᠰᠢ᠎ᠳᠤ ᠬᠦᠷᠦᠭᠦᠯᠦᠨ᠎ᠡ᠃

  ᠬᠤᠶᠠᠷ᠂ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ

  (ᠨᠢᠭᠡ) ᠬᠣᠲᠠ ᠱᠢᠶᠠᠨ᠎ᠤ ᠭᠣᠤᠯ ᠬᠣᠲᠠ᠎ᠶ᠋ᠢᠨ ᠲᠣᠭᠣᠷᠢᠭ᠎ᠤᠨ ᠪᠦᠷᠬᠦᠴᠡ᠎ᠶ᠋ᠢᠨ ᠬᠡᠪᠴᠢᠶ᠎ᠡ᠎ᠶ᠋ᠢ ᠦᠷᠭᠡᠳᠭᠡᠨ᠎ᠡ᠃ 2025 ᠣᠨ᠎ᠳᠤ 《ᠨᠥᠬᠥᠴᠡᠯ᠎ᠲᠠᠢ ᠬᠣᠲᠠ ᠪᠦᠬᠦᠨ᠎ᠢᠶᠡᠷ᠎ᠢᠶᠡᠨ ᠬᠥᠳᠡᠯᠦᠯᠴᠡᠵᠡᠭᠡᠶ᠎ᠡ 》 ᠭᠡᠰᠡᠨ ᠰᠠᠭᠤᠷᠢᠨ ᠳᠡᠭᠡᠷ᠎ᠡ᠂ 3 ᠵᠢᠯ᠎ᠤᠨ ᠴᠠᠭ᠎ᠢ ᠠᠱᠢᠭ᠍ᠯᠠᠨ ᠪᠥᠬᠦ᠌ ᠣᠷᠣᠨ ᠪᠦᠰᠡ᠎ᠪᠠᠷ ᠠᠬᠢᠭᠤᠯᠬᠤ ᠬᠤᠱᠢᠭᠤᠴᠢ ᠣᠷᠣᠨ᠎ᠤ ᠲᠤᠷᠱᠢᠯᠲᠠ᠎ᠶ᠋ᠢ ᠥᠷᠨᠢᠭᠦᠯᠵᠦ᠍᠂ ᠲᠤᠰᠭᠠᠶ ᠣᠷᠣᠨ᠎ᠤ ᠲᠠᠰ᠎ᠠᠴᠠ ᠳᠡᠭᠡᠭ᠌ᠰᠢᠬᠢ ᠬᠤᠲᠠ᠎ᠶ᠋ᠢᠨ ᠭᠤᠤᠯ ᠬᠤᠲᠠ᠎ᠶ᠋ᠢᠨ ᠲᠣᠭᠤᠷᠢᠭ᠎ᠠᠴᠠ ᠨᠥᠬᠦᠴᠡᠯ᠎ᠲᠠᠢ ᠱᠢᠶᠠᠨ᠎ᠤ ᠬᠤᠲᠠ᠎ᠶ᠋ᠢᠨ ᠨᠡᠢᠭᠡᠮ ᠲᠣᠭᠤᠷᠢᠭ ᠲᠡᠢ᠌ᠰᠢ ᠤᠷᠲᠤᠳᠭᠠᠵᠤ᠂ ᠨᠢᠭᠡ ᠪᠦᠯᠦᠭ ᠨᠡᠢᠲᠡᠯᠢᠭ ᠲᠤᠷᠱᠢᠯᠭ᠎ᠠ᠎ᠶ᠋ᠢ ᠪᠣᠶ ᠪᠣᠯᠭᠠᠵᠤ᠂ ᠠᠷᠠᠳ᠎ᠲᠤ ᠲᠥᠬᠦᠮ ᠦᠵᠡᠭᠦᠯᠬᠦ᠌ ᠠᠮᠢᠳᠤᠷᠠᠯ᠎ᠤᠨ ᠲᠣᠭᠤᠷᠢᠭ᠎ᠨᠢ ᠲᠤᠷᠱᠢᠯᠲᠠ᠎ᠶ᠋ᠢᠨ ᠴᠡᠭ᠎ᠤᠨ ᠬᠤᠲᠠ᠎ᠶ᠋ᠢᠨ ᠨᠡᠢᠭᠡᠮ ᠲᠣᠭᠤᠷᠢᠭ᠎ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠪᠡ᠃ ᠡᠯ᠎ᠡ ᠭᠠᠵᠠᠷ᠎ᠤᠨ ᠤᠷᠢᠳᠠᠪᠠᠷ ᠬᠡᠷᠡᠭ᠌ᠵᠢᠭᠦᠯᠬᠦ᠌ ᠣᠷᠣᠨ᠎ᠤ ᠮᠤᠵᠢ᠎ᠶ᠋ᠢᠨ ᠲᠠᠰ᠎ᠤᠨ ᠲᠤᠷᠱᠢᠯᠲᠠ᠎ᠶ᠋ᠢᠨ ᠴᠡᠭ᠎ᠦᠨ ᠠᠵᠢᠯ᠎ᠢ ᠪᠦᠬᠦ᠌ ᠣᠷᠣᠨ ᠪᠦᠰᠡ᠎ᠪᠡᠷ᠎ᠢᠶᠡᠨ ᠠᠬᠢᠭᠤᠯᠬᠤ᠎ᠶ᠋ᠢ ᠵᠣᠷᠢᠭ᠍ᠵᠢᠭᠤᠯᠵᠤ᠂ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠬᠦ᠌ ᠬᠡᠷᠡᠭ᠌ᠲᠡᠶ᠃

  (ᠬᠤᠶᠠᠷ) ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠵᠤ ᠠᠵᠢᠯ᠎ᠤᠨ ᠭᠣᠣᠯᠳᠠᠯᠭ᠎ᠠ᠎ᠪᠠᠨ ᠳᠤᠪᠤᠢ᠌ᠯᠭ᠋ᠠᠨ᠎ᠠ᠃ ᠤᠷᠢᠳ᠎ᠢᠶᠠᠷ ᠬᠡᠷᠡᠭ᠌ᠵᠢᠭᠦᠯᠬᠦ᠌ ᠣᠷᠣᠨ᠎ᠤ ᠲᠤᠷᠱᠢᠯᠲᠠ᠎ᠶ᠋ᠢᠨ ᠭᠠᠵᠠᠷ ᠣᠷᠣᠨ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠠᠭᠤᠴᠢᠨ ᠵᠢᠵᠢᠭ ᠲᠣᠭᠤᠷᠢᠭ᠂ ᠠᠵᠤ ᠦᠢᠯᠡᠰ᠎ᠤᠨ ᠬᠦᠷᠢᠶᠡᠯᠡᠩ ᠲᠣᠭᠤᠷᠢᠭ᠂ ᠬᠤᠲᠠ ᠬᠥᠳᠡᠭᠡ᠎ᠶ᠋ᠢᠨ ᠠᠭᠤᠯᠵᠠᠷ ᠬᠡᠰᠡᠭ᠂ ᠱᠢᠶᠠᠨ᠎ᠤ ᠬᠤᠲᠠ᠎ᠶ᠋ᠢᠨ ᠨᠡᠢᠭᠡᠮ ᠲᠣᠭᠤᠷᠢᠭ᠎ᠲᠤ ᠴᠢᠭ᠌ᠯᠡᠭᠦᠯᠬᠦ᠌ ᠴᠢᠨᠠᠷᠲᠠᠶ᠎ᠪᠠᠷ ᠠᠬᠢᠭᠤᠯᠬᠤ ᠡᠷᠴᠢᠮ᠎ᠢᠶᠠᠨ ᠴᠢᠩᠭᠠᠷᠠᠭᠤᠯᠵᠤ᠂ ᠲᠥᠷᠥ᠎ᠶ᠋ᠢᠨ ᠪᠣᠳᠣᠯᠭ᠎ᠠ᠂ ᠲᠦᠷᠢᠮ᠂ ᠬᠠᠮᠢᠶᠠᠷᠤᠯᠲᠠ᠂ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠨ᠎ᠠ᠃ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠬᠦᠷᠢᠶ᠎ᠡ ᠬᠡᠪᠴᠢᠶ᠎ᠡ ᠬᠢᠭᠡᠳ ᠨᠠᠰᠤᠲᠠᠨ᠎ᠢ ᠠᠰᠠᠷᠠᠵᠤ ᠬᠡᠦᠬᠡᠳ ᠰᠠᠭᠠᠲᠠᠭᠤᠯᠬᠤ ᠬᠦᠷᠢᠶ᠎ᠡ᠂ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡᠨ᠎ᠤ ᠬᠦᠷᠢᠶ᠎ᠡ᠂ 15 ᠮᠢᠨᠦ᠋ᠲ᠎ᠤᠨ ᠪᠡᠶ᠎ᠡ ᠴᠢᠭᠢᠷᠠᠭ᠍ᠵᠢᠭᠤᠯᠬᠤ ᠬᠦᠷᠢᠶ᠎ᠡ᠂ ᠵᠤᠭ᠎ᠠ ᠴᠡᠩᠭᠡᠯ᠎ᠤᠨ ᠰᠣᠶᠣᠯ᠎ᠤᠨ ᠬᠦᠷᠢᠶ᠎ᠡ᠂ ᠠᠵᠢᠯ ᠣᠯᠭᠤᠬᠤ ᠦᠢᠯᠡᠴᠢᠯᠡᠭᠡᠨ᠎ᠤ ᠬᠦᠷᠢᠶ᠎ᠡ᠂ ᠡᠷᠡᠭᠦᠯ ᠮᠡᠨᠳᠦ᠍᠎ᠶ᠋ᠢᠨ ᠡᠮᠴᠢᠯᠡᠭᠡᠨ᠎ᠤ ᠬᠦᠷᠢᠶ᠎ᠡ ᠵᠡᠷᠭᠡ᠎ᠶ᠋ᠢᠨ ᠬᠠᠷᠢᠯᠴᠠᠨ ᠠᠭᠤᠰᠤᠯᠴᠠᠬᠤ᠎ᠶ᠋ᠢ ᠠᠬᠢᠭᠤᠯᠤᠨ᠎ᠠ᠃

  ᠭᠤᠷᠪᠠ᠂ ᠪᠡᠯᠡᠳᠭᠡᠮᠵᠢ᠎ᠶ᠋ᠢᠨ ᠪᠠᠢᠷᠢᠱᠢᠭᠤᠯᠤᠯ᠎ᠢ ᠰᠢᠯᠢᠳᠡᠭᠵᠢᠭᠦᠯᠦᠨ᠎ᠡ

  (ᠭᠤᠷᠪᠠ) ᠪᠦᠬᠦᠯᠢ ᠴᠣᠭ᠍ᠴᠠ᠎ᠪᠠᠷ ᠨᠢ ᠲᠥᠯᠥᠪᠵᠢᠭᠦᠯᠵᠦ᠍ ᠵᠢᠷᠤᠭ᠍ᠯᠠᠨ ᠲᠥᠯᠥᠪᠯᠡᠬᠦ᠌᠎ᠶ᠋ᠢ ᠴᠢᠩᠭᠠᠳᠭᠠᠨ᠎ᠠ᠃ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠲᠤᠰᠭᠠᠶ ᠲᠥᠯᠥᠪᠵᠢᠭᠦᠯᠭᠡ ᠪᠤᠶᠤ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠵᠤ᠂ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠬᠦᠷᠢᠶ᠎ᠡ᠎ᠶ᠋ᠢ ᠬᠤᠲᠠ᠎ᠶ᠋ᠢᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠂ ᠬᠤᠲᠠ᠎ᠶ᠋ᠢᠨ ᠱᠢᠨᠡᠴᠢᠯᠡᠯᠲᠡ᠎ᠶ᠋ᠢᠨ ᠲᠤᠰᠭᠠᠶ ᠲᠥᠯᠥᠪᠵᠢᠭᠦᠯᠭᠡ᠎ᠳᠤ ᠣᠷᠣᠭᠤᠯᠤᠨ᠂ ᠡᠳᠦᠶ ᠲᠡᠳᠦᠶ ᠨᠡᠢᠭᠡᠮ ᠲᠣᠭᠤᠷᠢᠭ᠎ᠢᠶᠠᠷ ᠨᠢᠭᠡᠴᠢ ᠪᠣᠯᠭᠠᠨ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠴᠢᠳᠠᠮᠵᠢ᠂ ᠪᠦᠲᠦᠴᠡ᠂ ᠲᠣᠤᠷ ᠴᠡᠭ᠎ᠤᠨ ᠪᠠᠢᠷᠢᠱᠢᠭᠤᠯᠤᠯ ᠪᠠ ᠬᠡᠪᠴᠢᠶ᠎ᠡ᠎ᠶ᠋ᠢ ᠨᠢᠭᠡᠳᠦᠯᠲᠡᠶ ᠲᠥᠯᠥᠪᠯᠡᠨ ᠵᠢᠷᠤᠵᠤ ᠲᠥᠯᠥᠪᠯᠡᠨ᠂ ᠭᠠᠵᠠᠷ ᠱᠢᠷᠣᠶ᠂ ᠪᠡᠯᠡᠳᠭᠡᠮᠵᠢ᠎ᠶ᠋ᠢ ᠨᠡᠢᠯᠡᠭᠦᠯᠦᠨ ᠨᠡᠭᠡᠭᠡᠨ ᠬᠥᠭ᠌ᠵᠢᠭᠦᠯᠬᠦ᠂ ᠡᠷᠴᠢᠮᠵᠢᠭᠦᠯᠦᠨ ᠬᠡᠷᠡᠭ᠌ᠯᠡᠬᠦ᠌᠎ᠶ᠋ᠢ ᠳᠥᠯᠭᠢᠨ ᠠᠬᠢᠭᠤᠯᠤᠨ᠎ᠠ᠃

  (ᠲᠦᠷᠪᠡ) ᠨᠢᠭᠡ ᠲᠣᠭᠤᠷᠢᠭ᠎ᠲᠤ ᠨᠢᠭᠡ ᠠᠷᠭ᠎ᠠ ᠪᠣᠳᠣᠯᠭ᠎ᠠ ᠠᠪᠴᠤ᠌ ᠲᠥᠷᠥᠯ ᠬᠤᠪᠢᠶᠠᠨ ᠪᠠᠢᠭᠤᠯᠤᠨ᠎ᠠ᠃ ᠨᠢᠭᠡᠨᠲᠡ ᠪᠠᠢᠭ᠎ᠠ ᠨᠡᠢᠭᠡᠮ ᠲᠣᠭᠤᠷᠢᠭ᠎ᠨᠢ ᠲᠥᠯᠥᠪᠵᠢᠭᠦᠯᠭᠡ᠎ᠳᠤ ᠨᠡᠢᠴᠡᠭᠦᠯᠵᠦ᠍᠂ ᠠᠮᠤᠷ ᠲᠦᠪᠱᠢᠨ᠎ᠢ ᠦᠨᠡᠨ ᠬᠦ᠌ ᠪᠠᠲᠤᠯᠠᠭ᠍ᠰᠠᠨ ᠤᠷᠢᠲᠠᠯ ᠳᠣᠤᠷ᠎ᠠ ᠰᠤᠯᠠ ᠪᠠᠢᠭ᠎ᠠ ᠦᠢᠯᠡᠳᠪᠦᠷᠢ᠎ᠶ᠋ᠢᠨ ᠭᠡᠷ ᠪᠠᠢᠱᠢᠩ᠂ ᠰᠠᠩ ᠬᠥᠮᠥᠷᠭᠡ ᠵᠡᠷᠭᠡ ᠪᠡᠯᠡᠳᠭᠡᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠵᠦ᠍᠂ ᠪᠠᠷᠢᠮᠵᠢᠶᠠᠵᠢᠭᠤᠯᠬᠤ᠂ ᠨᠠᠰᠤᠵᠢᠬᠤ᠂ ᠳᠣᠭᠢᠷᠠᠬᠤ ᠪᠠ ᠰᠠᠭᠠᠳ ᠥᠬᠡᠶ ᠲᠠᠰ ᠳᠡᠪᠱᠢᠭᠦᠯᠦᠨ ᠥᠭᠡᠷᠡᠴᠢᠯᠡᠬᠦ᠌᠎ᠶ᠋ᠢ ᠠᠬᠢᠭᠤᠯᠵᠤ᠂ ᠥᠷᠯᠥᠭᠡ᠎ᠶ᠋ᠢᠨ ᠬᠤᠭᠤᠯᠠᠨ᠎ᠤ ᠲᠡᠷᠭᠡ᠂ ᠢᠳᠡᠱᠢᠨ ᠨᠣᠭᠤᠭ᠎ᠠ᠎ᠶ᠋ᠢᠨ ᠱᠢᠭᠤᠳ ᠨᠡᠪᠲᠡᠷᠡᠬᠦ᠌ ᠲᠡᠷᠭᠡ᠂ ᠥᠪᠡᠰᠦᠪᠡᠨ ᠪᠠᠷᠠᠭ᠎ᠠ ᠬᠤᠳᠠᠯᠳᠤᠬᠤ ᠬᠤᠷᠭᠤ ᠵᠡᠷᠭᠡ ᠱᠢᠯᠵᠢᠮᠡᠯ ᠮᠠᠶᠢᠭ᠎ᠤᠨ ᠬᠤᠳᠠᠯᠳᠤᠭᠠᠨ᠎ᠤ ᠪᠡᠯᠡᠳᠭᠡᠮᠵᠢ᠎ᠶ᠋ᠢ ᠠᠱᠢᠭ᠍ᠯᠠᠨ ᠣᠷᠣᠨ ᠵᠠᠶ ᠬᠦᠷᠦᠯᠴᠡᠬᠦ᠌ ᠥᠬᠡᠶ ᠲᠠᠯ᠎ᠠ᠎ᠶ᠋ᠢ ᠨᠥᠬᠦᠪᠥᠷᠢᠯᠡᠨ᠎ᠡ᠃ ᠱᠢᠨ᠎ᠡ᠎ᠪᠠᠷ ᠪᠠᠢᠭᠤᠯᠤᠭ᠍ᠰᠠᠨ ᠨᠡᠢᠭᠡᠮ ᠲᠣᠭᠤᠷᠢᠭ᠎ᠨᠢ ᠲᠥᠪᠯᠡᠷᠡᠭ᠌ᠰᠡᠨ ᠬᠡᠯᠪᠡᠷᠢ᠎ᠶ᠋ᠢᠨ ᠬᠤᠳᠠᠯᠳᠤᠭᠠᠨ᠎ᠤ ᠬᠡᠯᠪᠡᠷᠢ ᠪᠠᠢᠳᠠᠯ᠎ᠢ ᠡᠩ ᠲᠡᠷᠢᠭᠦᠨ᠎ᠳᠤ ᠪᠣᠳᠣᠯᠬᠢᠯᠠᠵᠤ᠂ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠲᠥᠪ᠂ ᠬᠥᠷᠰᠢ ᠵᠡᠷᠭᠡᠯᠡᠳᠡᠭᠡ᠎ᠶ᠋ᠢᠨ ᠲᠥᠪ᠂ ᠨᠡᠢᠭᠡᠮ ᠲᠣᠭᠤᠷᠢᠭ᠎ᠤᠨ ᠨᠠᠰᠤᠵᠢᠯ᠎ᠤᠨ ᠦᠢᠯᠡᠴᠢᠯᠡᠭᠡᠨ᠎ᠤ ᠪᠠᠢᠭᠤᠯᠤᠮᠵᠢ᠂ ᠨᠠᠰᠤᠲᠠᠢᠴᠤᠳ᠎ᠤᠨ ᠠᠵᠢᠯᠯᠠᠭᠠᠨ᠎ᠤ ᠲᠥᠪ ᠵᠡᠷᠭᠡ᠎ᠶ᠋ᠢ ᠭᠤᠣᠯᠳᠠᠯᠭ᠎ᠠ᠎ᠲᠠᠢ ᠪᠠᠢᠭᠤᠯᠵᠤ᠂ ᠣᠷᠣᠨ ᠰᠠᠭᠤᠴᠠ᠎ᠲᠠᠢ ᠵᠡᠷᠭᠡ᠎ᠪᠠᠷ ᠲᠥᠯᠥᠪᠵᠢᠭᠦᠯᠬᠦ᠂ ᠪᠦᠳᠦᠭᠡᠨ ᠪᠠᠢᠭᠤᠯᠬᠤ᠂ ᠱᠢᠯᠭᠠᠨ ᠠᠪᠬᠤ ᠪᠠ ᠲᠤᠱᠢᠶᠠᠨ ᠥᠭ᠌ᠭᠦᠨ᠎ᠡ᠃

  (ᠲᠠᠪᠤ) ᠬᠤᠳᠠᠯᠳᠤᠭᠠᠨ᠎ᠤ ᠲᠥᠬᠥᠭᠡᠷᠦᠮᠵᠢ᠎ᠶ᠋ᠢ ᠱᠢᠨᠵᠢᠯᠡᠬᠦ᠌ ᠤᠬᠠᠭᠠᠨᠴᠢ᠎ᠪᠠᠷ  ᠪᠠᠢ᠌ᠷᠢᠰᠢᠭᠤᠯᠤᠨ᠎ᠠ᠃ ᠬᠥᠮᠦᠨ ᠠᠮᠠ ᠨᠢᠭ᠍ᠲᠠᠷᠠᠭ᠍ᠰᠠᠨ᠂ ᠵᠠᠮ ᠬᠠᠷᠢᠯᠴᠠᠭ᠎ᠠ ᠳᠥᠭᠦᠮ ᠳᠥᠲᠡ ᠪᠦᠬᠦᠢ ᠲᠣᠮᠣ ᠬᠡᠯᠪᠡᠷᠢ᠎ᠶ᠋ᠢᠨ ᠣᠷᠣᠨ ᠰᠠᠭᠤᠴᠠ᠎ᠶ᠋ᠢᠨ ᠲᠣᠭᠣᠷᠢᠭ᠎ᠢ ᠭᠣᠤᠯᠳᠠᠯᠭ᠎ᠠ᠎ᠲᠠᠶ ᠰᠣᠩᠭᠣᠵᠤ᠂ ᠨᠡᠢᠭᠡᠮ ᠲᠣᠭᠣᠷᠢᠭ᠎ᠤᠨ ᠬᠤᠳᠠᠯᠳᠤᠭᠠᠨ᠎ᠤ ᠲᠥᠪ᠂ ᠶᠡᠷᠦᠩᠬᠡᠢᠯᠡᠭ᠌ᠰᠡᠨ ᠬᠡᠯᠪᠡᠷᠢ᠎ᠶ᠋ᠢᠨ ᠢᠳᠡᠱᠢᠨ ᠨᠣᠭᠣᠭ᠎ᠠ᠎ᠶ᠋ᠢᠨ ᠵᠠᠬ᠎ᠠ ᠳᠡᠯᠭᠡᠭᠦᠷ ᠪᠤᠶᠤ ᠲᠦᠭᠦᠬᠡᠶ ᠱᠢᠨ᠎ᠡ ᠰᠣᠷᠭᠣᠭ ᠬᠡᠲᠦ ᠳᠡᠯᠭᠡᠭᠦᠷ᠎ᠢᠶᠡᠷ ᠭᠣᠤᠯ ᠪᠣᠯᠭᠠᠨ᠂ ᠵᠡᠭᠡᠯᠢ ᠳᠠᠭᠠᠤ ᠳᠡᠯᠭᠡᠭᠦᠷ ᠫᠦᠰᠡ᠎ᠶ᠋ᠢ ᠤᠷᠲᠤᠳᠭᠠᠵᠤ᠂ ᠬᠤᠳᠠᠯᠳᠤᠭ᠎ᠠ᠂ ᠰᠡᠯᠡᠭᠦᠴᠡᠯ᠂ ᠰᠣᠶᠣᠯ᠂ ᠨᠠᠰᠤᠵᠢᠯ᠎ᠤᠨ ᠠᠰᠠᠷᠠᠮᠵᠢ᠂ ᠨᠠᠢᠳᠠᠵᠤ ᠬᠥᠮᠦᠵᠢᠭᠦᠯᠬᠦ᠂ ᠣᠯᠠᠨ ᠨᠡᠢᠲᠡ᠎ᠶ᠋ᠢᠨ ᠦᠢᠯᠡᠴᠢᠯᠡᠭᠡᠨ ᠵᠡᠷᠭᠡ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠨᠡᠢᠭᠡᠮ ᠲᠣᠭᠣᠷᠢᠭ᠎ᠤᠨ ᠨᠢᠭᠡ ᠪᠦᠯᠦᠭ ᠬᠤᠳᠠᠯᠳᠤᠭᠠᠨ᠎ᠤ ᠵᠡᠭᠡᠯᠢ ᠲᠣᠭᠣᠷᠢᠭ᠎ᠢ ᠪᠦᠲᠦᠭᠡᠨ ᠪᠠᠢᠭᠤᠯᠬᠤ ᠪᠠ ᠥᠭᠡᠷᠡᠴᠢᠯᠡᠨ ᠪᠠᠢᠭᠤᠯᠤᠨ᠎ᠠ᠃ ᠵᠡᠭᠡᠯᠢ ᠭᠤᠳᠤᠮᠵᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ 《ᠠᠮᠢᠵᠢᠷᠠᠯ᠎ᠤᠨ ᠬᠦᠴᠦᠨ ᠪᠢᠯᠬᠠᠭ᠍ᠰᠠᠨ ᠭᠤᠳᠤᠮᠵᠢ》᠂ 《ᠪᠤᠭᠤᠷᠤᠯᠴᠤᠳ᠎ᠤᠨ ᠵᠡᠭᠡᠯᠢ》᠂ 《ᠬᠡᠤᠬᠡᠳ᠎ᠤᠨ ᠵᠤᠭ᠎ᠠ ᠴᠡᠩᠭᠡᠯ᠎ᠤᠨ ᠬᠦᠷᠢᠶᠡᠯᠡᠩ》 ᠎ᠢ ᠲᠥᠷᠥᠯ ᠬᠤᠪᠢᠶᠠᠨ ᠴᠣᠭ᠍ᠴᠠᠯᠠᠨ᠎ᠠ᠃ 《ᠨᠡᠢᠭᠡᠮ ᠲᠣᠭᠣᠷᠢᠭ᠎ᠤᠨ ᠬᠤᠳᠠᠯᠳᠤᠭ᠎ᠠ +》 ᠎ᠶ᠋ᠢ ᠳᠡᠯᠭᠡᠷᠡᠭᠦᠯᠵᠦ᠍᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠠᠯᠠᠪᠤᠷ᠂ ᠠᠳᠠᠯ ᠠᠬᠤᠶ᠎ᠶ᠋ᠢᠨ ᠦᠢᠯᠡᠴᠢᠯᠡᠭᠡᠨ᠎ᠦ ᠪᠡᠯᠡᠳᠭᠡᠮᠵᠢ᠂ ᠵᠦᠯᠭᠡ ᠭᠠᠵᠠᠷ᠎ᠤᠨ ᠴᠡᠴᠡᠷᠯᠢᠭ᠂ ᠪᠡᠶ᠎ᠡ᠎ᠶ᠋ᠢᠨ ᠲᠠᠮᠢᠷ᠎ᠤᠨ ᠲᠠᠯᠠᠪᠤᠷ ᠵᠡᠷᠭᠡ᠎ᠯᠦᠭᠡ ᠠᠭᠤᠰᠤᠯᠴᠠᠨ ᠬᠥᠭ᠌ᠵᠢᠬᠦ᠌᠎ᠶ᠋ᠢ ᠳᠡᠮᠵᠢᠨ᠎ᠠ᠃ ᠱᠠᠭᠠᠷᠳᠠᠯᠭ᠎ᠠ ᠶᠣᠰᠣᠭᠠᠷ ᠲᠦᠷᠭᠡᠨ ᠬᠦᠷᠭᠡᠬᠦ᠌ ᠬᠠᠢᠷᠴᠠᠭ (ᠠᠪᠳᠠᠷ᠎ᠠ)᠂ ᠨᠥᠬᠦᠴᠡᠯ᠎ᠲᠠᠢ ᠭᠠᠵᠠᠷ ᠣᠷᠣᠨ᠎ᠳᠤ ᠵᠢᠯᠣᠭᠤᠴᠢ ᠦᠭᠡᠢ ᠲᠡᠷᠭᠡ᠎ᠶ᠋ᠢ ᠲᠣᠬᠢᠷᠠᠭᠤᠯᠤᠨ ᠬᠦᠷᠭᠡᠬᠦ᠌ ᠰᠠᠭᠤᠷᠢ ᠲᠥᠬᠦᠭᠡᠷᠦᠮᠵᠢ᠎ᠶ᠋ᠢ ᠰᠦᠪᠡᠭ᠌ᠴᠢᠯᠡᠨ ᠪᠠᠢᠭᠤᠯᠵᠤ᠂ ᠦᠢᠯᠡᠴᠢᠯᠡᠭᠡᠨ᠎ᠤ ᠬᠡᠷᠡᠭ᠌ᠯᠡᠭᠡᠨ᠎ᠤ ᠪᠠᠢᠳᠠᠯ᠎ᠢ ᠬᠠᠤᠯᠢ ᠲᠣᠭ᠍ᠲᠠᠭᠠᠯ ᠶᠣᠰᠣᠭᠠᠷ ᠥᠷᠭᠡᠳᠭᠡᠵᠦ᠍ ᠪᠣᠯᠤᠨ᠎ᠠ᠃

  ᠳᠥᠷᠪᠡ᠂ ᠡᠵᠡᠩᠨᠡᠯᠲᠡ᠎ᠶ᠋ᠢᠨ ᠪᠠᠢᠳᠠᠯ᠎ᠤᠨ ᠳᠡᠰ ᠳᠡᠪᠱᠢᠬᠦ᠌᠎ᠶ᠋ᠢ ᠠᠬᠢᠭᠤᠯᠤᠨ᠎ᠠ

  (ᠵᠢᠷᠭᠤᠭ᠎ᠠ) ᠦᠨᠳᠦᠰᠦᠨ ᠪᠠᠲᠤᠯᠠᠭ᠎ᠠ᠎ᠶ᠋ᠢᠨ ᠪᠠᠢᠳᠠᠯ᠎ᠢ ᠪᠦᠬᠦ᠌ ᠲᠠᠯ᠎ᠠ᠎ᠪᠠᠷ ᠨᠥᠬᠦᠪᠥᠷᠢᠯᠡᠨ᠎ᠡ᠃ ᠨᠡᠢᠭᠡᠮ ᠲᠣᠭᠤᠷᠢᠭ᠎ᠤᠨ ᠲᠣᠤᠷ ᠴᠡᠭ᠎ᠤᠨ ᠳᠤᠲᠠᠭᠤᠳᠠᠯ᠎ᠢ ᠨᠥᠬᠦᠪᠥᠷᠢᠯᠡᠵᠦ᠍᠂ ᠦᠨᠳᠦᠰᠦᠨ ᠪᠠᠲᠤᠯᠠᠭ᠎ᠠ᠎ᠶ᠋ᠢᠨ ᠲᠥᠷᠥᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠡᠩ ᠲᠡᠷᠢᠭᠦᠨ᠎ᠳᠤ ᠭᠦᠢᠴᠡᠳ ᠲᠣᠬᠢᠷᠠᠭᠤᠯᠵᠤ᠂ 《ᠨᠢᠭᠡ ᠳᠡᠯᠭᠡᠭᠦᠷ ᠨᠢᠭᠡ ᠦᠷᠯᠦᠭᠡ᠎ᠶᠢᠨ ᠬᠤᠭᠤᠯᠠ》 ᠎ᠶ᠋ᠢ ᠬᠥᠭ᠌ᠵᠢᠭᠦᠯᠵᠦ᠍᠂ 《ᠨᠢᠭᠡ ᠨᠣᠭᠤᠭ᠎ᠠ ᠨᠢᠭᠡ ᠰᠡᠯᠪᠢᠨ ᠵᠠᠰᠠᠬᠤ》 ᠎ᠶ᠋ᠢ ᠨᠥᠬᠦᠪᠥᠷᠢᠯᠡᠵᠦ᠍᠂ 《ᠨᠢᠭᠡ ᠨᠠᠰᠤᠲᠠᠨ ᠨᠢᠭᠡ ᠪᠠᠭ᠎ᠠ》 ᠎ᠳᠤ ᠦᠢᠯᠡᠴᠢᠯᠡᠵᠦ᠍᠂ 《ᠨᠢᠭᠡ᠎ᠶ᠋ᠢ ᠬᠤᠷᠢᠶᠠᠵᠤ ᠨᠢᠭᠡ ᠎ᠶᠢ ᠤᠬᠢᠶᠠᠬᠤ》 (ᠳᠠᠬᠢᠯᠲᠠ ᠡᠬᠢ ᠪᠠᠶᠠᠯᠢᠭ᠎ᠢ ᠬᠤᠷᠢᠶᠠᠨ ᠠᠪᠬᠤ ᠴᠡᠭ᠂ ᠲᠡᠷᠭᠡ ᠤᠬᠢᠶᠠᠬᠤ ᠭᠠᠵᠠᠷ᠎ᠢ ᠪᠠᠢᠷᠢᠯᠠᠭᠤᠯᠤᠨ᠎ᠠ) ᠪᠠᠷᠢᠮᠵᠢᠶᠠᠵᠢᠭᠤᠯᠬᠤ᠎ᠶ᠋ᠢ ᠥᠭᠡᠷᠡᠴᠢᠯᠡᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠤᠶᠤᠨᠴᠢ ᠦᠵᠦᠭᠦᠷ᠎ᠤᠨ ᠲᠥᠬᠦᠭᠡᠷᠦᠮᠵᠢ᠎ᠶ᠋ᠢ ᠣᠷᠣᠭᠤᠯᠤᠨ ᠠᠪᠴᠢᠷᠠᠨ᠎ᠠ᠃

  (ᠳᠤᠯᠤᠭ᠎ᠠ) ᠨᠠᠰᠤᠲᠠᠳ᠎ᠲᠤ ᠦᠢᠯᠡᠴᠢᠯᠡᠬᠦ᠌ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠭᠣᠤᠯᠳᠠᠯᠭ᠎ᠠ᠎ᠲᠠᠶ ᠪᠥᠲᠥᠭᠡᠨ ᠪᠠᠢᠭᠤᠯᠤᠨ᠎ᠠ᠃ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠡᠷᠬᠡᠪᠰᠢ ᠪᠡᠯᠡᠳᠭᠡᠬᠦ᠌ ᠡᠵᠡᠩᠨᠡᠯᠲᠡ᠎ᠶ᠋ᠢᠨ ᠬᠡᠯᠪᠡᠷᠢ ᠪᠠᠢᠳᠠᠯ ᠵᠢᠴᠢ ᠲᠤᠷᠱᠢᠯᠲᠠ ᠬᠢᠵᠦ᠍ ᠰᠣᠩᠭᠤᠬᠤ᠂ ᠪᠦᠲᠦᠭᠡᠨ ᠪᠠᠢᠭᠤᠯᠬᠤ᠂ ᠦᠨᠡᠯᠡᠨ ᠵᠢᠱ᠌ᠢᠬᠦ᠌ ᠵᠡᠷᠭᠡ ᠠᠵᠢᠯ᠎ᠤᠨ ᠴᠢᠬᠤᠯᠠ ᠪᠣᠳᠣᠯᠬᠢᠯᠠᠬᠤ ᠬᠦᠴᠦᠨ ᠵᠦᠢᠯ ᠪᠣᠯᠭᠠᠨ᠎ᠠ᠃ ᠬᠣᠲᠠ᠎ᠶᠢᠨ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠲᠤ ᠲᠦᠱᠢᠭ᠌ᠯᠡᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠪᠡᠯᠡᠳᠭᠡᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠵᠦ᠍᠂ ᠡᠷᠬᠢᠨ ᠲᠣᠭᠤᠷᠢᠨ᠎ᠤ ᠲᠠᠯᠠᠪᠤᠷ ᠭᠠᠵᠠᠷ᠎ᠤᠨ ᠪᠡᠯᠡᠳᠭᠡᠮᠵᠢ ᠵᠡᠷᠭᠡ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠨᠡᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠪᠦᠲᠦᠮᠵᠢᠲᠡᠶ ᠬᠠᠩᠭᠠᠯᠭ᠎ᠠ᠎ᠶ᠋ᠢ ᠥᠷᠭᠡᠳᠭᠡᠨ᠂ ᠦᠶ᠎ᠡ᠎ᠶ᠋ᠢᠨ ᠬᠤᠭᠤᠷᠣᠨᠳᠣᠬᠢ ᠠᠭᠤᠰᠤᠯᠴᠠᠯ᠎ᠤᠨ ᠲᠥᠷᠥᠯ ᠵᠦᠢᠯ᠎ᠢ ᠰᠦᠪᠡᠭ᠌ᠴᠢᠯᠡᠨ ᠪᠠᠢᠭᠤᠯᠤᠨ᠎ᠠ᠃ 《ᠭᠡᠷ ᠠᠬᠤᠢ + ᠨᠠᠰᠣᠵᠢᠯ》 ᠎ᠢ ᠠᠭᠤᠰᠣᠯᠴᠠᠭᠤᠯᠥᠨ ᠬᠦᠭ᠌ᠵᠢᠬᠦᠯᠬᠦ᠌᠎ᠶ᠋ᠢ ᠠᠬᠢᠭᠤᠯᠵᠦ᠍᠂ ᠭᠡᠷ ᠠᠬᠤᠢ᠎ᠶ᠋ᠢᠨ ᠦᠢᠯᠡᠴᠢᠯᠡᠭᠡᠨ᠎ᠤ ᠠᠵᠦ᠍ ᠠᠬᠤᠢᠯᠠᠯ ᠬᠢᠭᠡᠳ ᠨᠡᠢᠭᠡᠮ ᠲᠤᠭᠤᠷᠢᠭ᠎ᠤᠨ ᠨᠠᠰᠣᠵᠢᠯ᠎ᠤᠨ ᠦᠢᠯᠡᠴᠢᠯᠡᠭᠡᠨ᠎ᠤ ᠪᠠᠢᠭᠤᠯᠥᠮᠵᠢ᠎ᠶ᠋ᠢᠨ ᠨᠢᠠᠠᠳᠡ ᠬᠠᠮᠵᠢᠯᠴᠠᠬᠤ᠎ᠶ᠋ᠢ ᠳᠡᠮᠵᠢᠨ᠎ᠠ᠃ ᠨᠥᠬᠦᠴᠡᠯ᠎ᠲᠠᠢ ᠠᠮᠢᠳᠤᠷᠠᠯ᠎ᠤᠨ ᠲᠣᠭᠤᠷᠢᠭ᠎ᠲᠤ ᠲᠤᠰᠭᠠᠶ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ ᠪᠠᠢᠭᠤᠯᠬᠤ᠎ᠶ᠋ᠢ ᠵᠣᠷᠢᠭ᠍ᠵᠢᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠨ᠂ ᠵᠡᠮᠳᠡᠭ᠌ᠴᠦᠳ᠂ ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ᠎ᠤᠨ ᠠᠰᠠᠷᠠᠵᠤ ᠬᠠᠷᠠᠭᠠᠯᠵᠠᠨ ᠠᠰᠠᠷᠠᠬᠤ ᠦᠢᠯᠡᠴᠢᠯᠡᠭᠡ᠎ᠶ᠋ᠢ ᠴᠢᠩᠭᠠᠳᠭᠠᠵᠤ᠂ ᠲᠤᠰᠭᠠᠢᠵᠢᠭ᠍ᠰᠠᠨ ᠦᠢᠯᠡᠴᠢᠯᠡᠭᠡ᠎ᠶ᠋ᠢ ᠬᠡᠷ᠎ᠲᠡᠭᠡᠨ ᠰᠠᠭᠤᠬᠤ ᠪᠠ ᠨᠡᠢᠭᠡᠮ ᠲᠣᠭᠤᠷᠢᠭ ᠲᠡᠢᠰᠢ ᠤᠷᠲᠤᠳᠭᠠᠬᠤ᠎ᠶ᠋ᠢ ᠠᠬᠢᠭᠤᠯᠤᠨ᠂ ᠲᠤᠰᠭᠠᠶ ᠰᠤᠪᠢᠯᠠᠯᠲᠠ᠂ ᠡᠳᠦᠷ ᠲᠤᠲᠤᠮ᠎ᠤᠨ ᠬᠠᠷᠠᠭᠠᠯᠵᠠᠯ᠂ ᠡᠷᠡᠭᠦᠯᠵᠢᠯ᠎ᠤᠨ ᠰᠤᠪᠢᠯᠠᠯᠲᠠ᠂ ᠬᠡᠷ᠎ᠲᠤᠨᠢ ᠬᠦᠷᠴᠦ᠍ ᠦᠢᠯᠡᠴᠢᠯᠡᠬᠦ᠂ ᠤᠶᠤᠨ ᠰᠠᠨᠠᠭᠠᠨ᠎ᠤ ᠲᠠᠢᠳᠭᠤᠷᠠᠭᠤᠯᠤᠯ᠂ ᠬᠠᠪᠰᠤᠷᠤᠨ ᠡᠮᠨᠡᠭᠦᠯᠬᠦ᠌᠎ᠳᠤ ᠲᠤᠰᠠᠯᠠᠬᠤ ᠵᠡᠷᠭᠡ ᠦᠢᠯᠡᠴᠢᠯᠡᠭᠡ ᠬᠠᠩᠭᠠᠨ᠎ᠠ᠃ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠲᠥᠪ᠂ ᠵᠡᠭᠡᠯᠢ ᠭᠤᠳᠤᠮᠵᠢ᠎ᠳᠤ ᠲᠦᠱᠢᠭ᠌ᠯᠡᠨ᠂ ᠨᠠᠰᠤᠲᠠᠢᠴᠤᠳ᠎ᠢ ᠲᠤᠰᠠᠯᠠᠬᠤ ᠬᠤᠭᠤᠯᠠ ᠤᠮᠳᠠ᠂ ᠤᠩᠱᠢᠯᠭ᠎ᠠ᠂ ᠨᠡᠢᠭᠡᠮ᠎ᠤᠨ ᠬᠠᠷᠢᠯᠴᠠᠭᠠᠨ᠎ᠤ ᠰᠡᠯᠡᠭᠦᠴᠡᠯ᠂ ᠡᠷᠡᠭᠦᠯᠵᠢᠯ ᠰᠤᠪᠢᠯᠠᠯᠲᠠ᠎ᠶ᠋ᠢᠨ ᠹᠢᠽᠢᠺ ᠵᠠᠰᠠᠯ᠂ ᠨᠠᠰᠤᠲᠠᠢᠴᠤᠳ᠎ᠤᠨ ᠬᠡᠷᠡᠭ᠌ᠰᠡᠯ᠎ᠢ ᠪᠣᠷᠣᠯᠠᠭᠤᠯᠬᠤ᠂ ᠡᠷᠡᠭᠦᠯᠵᠢᠯ᠎ᠤᠨ ᠲᠤᠰᠠᠯᠠᠬᠤ ᠪᠠᠭᠠᠵᠢ ᠬᠡᠷᠡᠭ᠌ᠰᠡᠯ ᠬᠤᠳᠠᠯᠳᠤᠨ ᠠᠪᠬᠤ ᠪᠠ ᠲᠦᠷᠢᠶᠡᠰᠦᠯᠡᠭᠦᠯᠬᠦ᠌ ᠦᠢᠯᠡᠴᠢᠯᠡᠭᠡ ᠵᠡᠷᠭᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠴᠢᠳᠠᠮᠵᠢ᠎ᠶ᠋ᠢ ᠵᠣᠬᠢᠰᠲᠠᠶ ᠲᠥᠪᠯᠡᠷᠡᠭᠦᠯᠬᠦ᠌᠎ᠶ᠋ᠢ ᠬᠥᠲᠥᠯᠥᠨ ᠵᠢᠯᠣᠭᠤᠳᠴᠤ᠌᠂ 《 ᠪᠤᠭᠤᠷᠤᠯᠴᠦᠳ᠎ᠤᠨ ᠵᠡᠭᠡᠯᠢ》 ᠎ᠶ᠋ᠢ ᠪᠣᠶ ᠪᠣᠯᠭᠠᠨ᠎ᠠ᠃ ᠪᠤᠭᠤᠷᠤᠯᠴᠦᠳ᠎ᠤᠨ ᠵᠢᠭᠤᠯᠴᠢᠯᠠᠯ᠎ᠤᠨ ᠴᠤᠪᠤᠭ᠎ᠠ ᠲᠡᠷᠭᠡ᠂ ᠱᠢᠤᠳᠠᠨ᠎ᠤ ᠬᠥᠯᠭᠡ ᠣᠩᠭᠤᠴᠠᠨ᠎ᠤ ᠠᠶᠠᠯᠠᠯ᠂ ᠵᠤᠭᠠᠴᠠᠨ ᠰᠠᠭᠤᠬᠤ ᠡᠷᠡᠭᠦᠯᠵᠢᠯ ᠰᠤᠪᠢᠯᠠᠯᠲᠠ᠎ᠶ᠋ᠢᠨ ᠤᠬᠠᠭᠤᠯᠭ᠎ᠠ᠎ᠶ᠋ᠢ ᠨᠡᠢᠭᠡᠮ ᠲᠣᠭᠤᠷᠢᠭ᠎ᠲᠤ ᠣᠷᠣᠭᠤᠯᠬᠤ᠂ ᠤᠶᠤᠨᠴᠢᠯᠠᠭ᠍ᠰᠠᠨ ᠨᠠᠰᠤᠵᠢᠯ᠎ᠤᠨ ᠲᠥᠬᠦᠭᠡᠷᠦᠮᠵᠢ᠂ ᠮᠠᠱᠢᠨ ᠬᠥᠮᠥᠨ ᠲᠤᠰᠠᠯᠠᠬᠤ᠂ ᠤᠶᠤᠨᠴᠢᠯᠠᠭ᠍ᠰᠠᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠨᠡᠢᠭᠡᠮ ᠲᠣᠭᠤᠷᠢᠭ᠎ᠲᠤ ᠣᠷᠣᠭᠤᠯᠬᠤ᠎ᠶ᠋ᠢ ᠵᠣᠷᠢᠭ᠍ᠵᠢᠭᠤᠯᠤᠨ᠎ᠠ᠃

  (ᠨᠠᠢ᠍ᠮᠠ) ᠬᠡᠦᠬᠡᠳ ᠪᠣᠢᠵᠢᠭᠤᠯᠬᠤ ᠦᠢᠯᠡᠴᠢᠯᠡᠭᠡᠨ᠎ᠦ ᠡᠵᠡᠩᠨᠡᠯᠲᠡ᠎ᠶ᠋ᠢᠨ ᠪᠠᠢᠳᠠᠯ ᠲᠥᠯᠥᠪ᠎ᠢ ᠲᠦᠷᠭᠡᠨ  ᠬᠦᠭᠵᠢᠭᠦᠯᠦᠨ᠎ᠡ᠃ ᠠᠯᠪᠠᠨ᠎ᠠᠴᠠ ᠪᠠᠢᠭᠤᠯᠵᠤ ᠬᠡᠤᠬᠡᠳ ᠰᠠᠭᠠᠲᠠᠭᠤᠯᠬᠤ ᠬᠠᠩᠭᠠᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠵᠦ᠍᠂ ᠨᠡᠢᠭᠡᠮ ᠲᠣᠭᠤᠷᠢᠭ᠎ᠤᠨ ᠱᠢᠭᠢᠳᠭᠡᠭ᠌ᠰᠡᠨ ᠮᠠᠶᠢᠭ᠎ᠤᠨ ᠬᠡᠦᠬᠡᠳ ᠰᠠᠭᠠᠲᠠᠭᠤᠯᠬᠤ ᠪᠠ ᠭᠡᠷ ᠪᠦᠯᠢ᠎ᠶ᠋ᠢᠨ ᠬᠡᠦᠬᠡᠳ ᠰᠠᠭᠠᠲᠠᠭᠤᠯᠬᠤ ᠴᠡᠭ᠎ᠢ ᠬᠥᠭ᠌ᠵᠢᠭᠦᠯᠵᠦ᠍᠂ ᠨᠥᠬᠦᠴᠡᠯ᠎ᠲᠠᠢ ᠬᠡᠤᠬᠡᠳ᠎ᠤᠨ ᠴᠡᠴᠡᠷᠯᠢᠭ᠎ᠤᠨ ᠬᠡᠤᠬᠡᠳ ᠰᠠᠭᠠᠲᠠᠭᠤᠯᠬᠤ ᠦᠢᠯᠡᠴᠢᠯᠡᠭᠡ᠎ᠶ᠋ᠢ ᠤᠷᠲᠤᠳᠭᠠᠬᠤ᠎ᠶ᠋ᠢ ᠳᠡᠮᠵᠢᠵᠦ᠍᠂ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠪᠦᠷᠬᠦᠴᠡ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠦᠨ᠎ᠡ᠃ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠴᠣᠭ᠍ᠴᠠ᠂ ᠬᠤᠳᠠᠯᠳᠤᠭᠠᠨ᠎ᠤ ᠳᠡᠯᠭᠡᠭᠦᠷ᠎ᠤᠨ ᠬᠡᠲᠦ ᠳᠡᠯᠭᠡᠭᠦᠷ᠎ᠢ ᠵᠣᠷᠢᠭ᠍ᠵᠢᠭᠤᠯᠵᠤ ᠪᠠᠢᠭᠠᠳ ᠬᠡᠦᠬᠡᠳ᠎ᠲᠤ ᠲᠣᠬᠢᠷᠠᠬᠤ ᠥᠭᠡᠷᠡᠴᠢᠯᠡᠯᠲᠡ᠎ᠶ᠋ᠢ ᠥᠷᠨᠢᠭᠦᠯᠵᠦ᠍᠂ ᠡᠬᠡ ᠨᠢᠯᠬᠠᠰ᠎ᠤᠨ ᠪᠡᠯᠡᠳᠭᠡᠮᠵᠢ᠎ᠶ᠋ᠢ ᠪᠥᠲᠥᠭᠡᠨ ᠪᠠᠢᠭᠤᠯᠤᠨ᠎ᠠ᠃ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠡᠤᠬᠡᠳ᠎ᠤᠨ ᠠᠵᠢᠯᠯᠠᠭᠠᠨ᠎ᠤ ᠲᠠᠯᠠᠪᠤᠷ ᠪᠠᠢᠭᠤᠯᠵᠤ᠂ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠲᠥᠪ᠂ ᠵᠡᠭᠡᠯᠢ ᠭᠤᠳᠤᠮᠵᠢ᠎ᠳᠤ ᠲᠦᠱᠢᠭ᠌ᠯᠡᠨ ᠬᠡᠤᠬᠡᠳ᠎ᠤᠨ ᠨᠣᠮ᠎ᠤᠨ ᠳᠡᠯᠭᠡᠭᠦᠷ᠂ IP ᠴᠡᠩᠭᠡᠯ᠎ᠤᠨ ᠬᠦᠷᠢᠶᠡᠯᠡᠩ᠂ ᠬᠡᠤᠬᠡᠳ ᠰᠠᠭᠠᠲᠠᠭᠤᠯᠬᠤ ᠨᠠᠢᠳᠠᠨ ᠬᠠᠮᠢᠶᠠᠷᠤᠭᠤᠯᠬᠤ᠂ ᠡᠴᠢᠭᠡ ᠡᠬᠡ ᠬᠡᠤᠬᠡᠳ᠎ᠤᠨ ᠬᠤᠭᠤᠯᠠᠨ ᠬᠡᠷ᠂ ᠵᠠᠯᠠᠭᠤᠴᠤᠳ ᠪᠠᠭᠠᠴᠤᠳ᠎ᠤᠨ ᠲᠠᠮᠢᠷ᠎ᠤᠨ ᠣᠷᠳᠣᠨ ᠵᠡᠷᠭᠡ᠎ᠶ᠋ᠢ ᠬᠥᠭ᠌ᠵᠢᠭᠦᠯᠵᠦ᠍᠂ 《ᠬᠡᠤᠬᠡᠳ᠎ᠤᠨ ᠵᠤᠭ᠎ᠠ ᠴᠡᠩᠭᠡᠯ᠎ᠤᠨ ᠬᠦᠷᠢᠶᠡᠯᠡᠩ》 ᠎ᠢ ᠪᠣᠶ ᠪᠣᠯᠭᠠᠨ᠎ᠠ᠃ ᠬᠡᠦᠬᠡᠳ᠎ᠦᠨ ᠲᠠᠸᠠᠷ ᠪᠣᠯᠣᠨ ᠦᠢᠯᠡᠴᠢᠯᠡᠭᠡᠨ᠎ᠦ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭ᠋ᠠᠳᠬᠠᠨ᠎ᠠ᠃

  (ᠶᠢᠰᠦ) ᠱᠢᠨ᠎ᠡ ᠡᠵᠡᠩᠨᠡᠯᠲᠡ᠎ᠶ᠋ᠢᠨ ᠪᠠᠢᠳᠠᠯ ᠱᠢᠨ᠎ᠡ ᠵᠠᠭ᠍ᠪᠤᠷ᠎ᠢ ᠪᠤᠢᠵᠢᠭᠤᠯᠬᠤ᠎ᠶ᠋ᠢ ᠵᠣᠷᠢᠭ᠍ᠵᠢᠭᠤᠯᠤᠨ᠎ᠠ᠃ ᠣᠨᠴᠠᠯᠢᠭ᠍ᠲᠤ ᠢᠳᠡᠭᠡᠨ ᠤᠮᠳᠠᠭᠠᠨ᠂ ᠱᠢᠨ᠎ᠡ ᠮᠠᠶᠢᠭ᠎ᠤᠨ ᠨᠣᠮ᠎ᠤᠨ ᠳᠡᠯᠭᠡᠭᠦᠷ᠂ ᠡᠩᠬᠦᠷᠡᠶ ᠠᠮᠢᠲᠠᠨ᠎ᠤ ᠳᠡᠯᠭᠡᠭᠦᠷ ᠵᠡᠷᠭᠡ ᠣᠯᠠᠨ ᠶᠠᠩᠵᠤ᠎ᠶ᠋ᠢᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠬᠥᠲᠥᠯᠦᠨ ᠵᠢᠯᠣᠭᠤᠳᠴᠤ᠌ ᠲᠣᠬᠢᠷᠠᠭᠤᠯᠤᠨ᠎ᠠ᠃ ᠵᠣᠴᠢᠨ᠎ᠤ ᠲᠢᠩᠬᠢᠮ᠂ ᠬᠠᠮᠲᠤ᠎ᠪᠠᠷ ᠡᠳ᠋ᠯᠡᠬᠦ᠌ ᠳᠠᠪᠲᠠᠯᠭ᠎ᠠ᠎ᠶ᠋ᠢᠨ ᠲᠠᠰᠤᠭ᠂ ᠬᠠᠮᠲᠤ᠎ᠪᠠᠷ ᠡᠳ᠋ᠯᠡᠬᠦ᠌ ᠪᠠᠭᠠᠵᠢ᠎ᠶ᠋ᠢᠨ ᠬᠠᠢᠷᠴᠠᠭ ᠵᠡᠷᠭᠡ ᠬᠠᠮᠲᠤ᠎ᠪᠠᠷ ᠡᠳ᠋ᠯᠡᠬᠦ᠌ ᠠᠵᠤ ᠠᠬᠤᠶ᠎ᠶ᠋ᠢᠨ ᠵᠠᠭ᠍ᠪᠤᠷ᠎ᠢ ᠬᠠᠮᠲᠤ᠎ᠪᠠᠷ ᠡᠳ᠋ᠯᠡᠬᠦ᠌᠎ᠶ᠋ᠢ ᠵᠣᠷᠢᠬ᠍ᠵᠢᠭᠤᠯᠤᠨ᠎ᠠ᠃ ᠥᠪᠡᠷ᠎ᠢᠶᠡᠨ ᠲᠦᠱᠢᠭ᠌ᠯᠡᠨ ᠬᠠᠳᠠᠭᠠᠯᠠᠬᠤ ᠬᠥᠮᠥᠷᠭᠡ᠂ ᠨᠠᠢᠳᠠᠨ ᠬᠤᠳᠠᠯᠳᠤᠬᠤ ᠳᠡᠯᠭᠡᠭᠦᠷ ᠎ᠢ ᠬᠥᠭ᠌ᠵᠢᠭᠦᠯᠵᠦ᠍᠂ ᠰᠠᠭᠤᠭᠠᠯᠢ ᠠᠷᠠᠳ᠎ᠤᠨ ᠰᠤᠯᠠ ᠪᠠᠢᠬᠤ ᠡᠳ᠋ ᠪᠣᠳᠠᠰ ᠵᠢᠴᠢ ᠭᠡᠷ᠎ᠦᠨ ᠬᠡᠷᠡᠭ᠌ᠰᠡᠯ᠎ᠢ ᠰᠣᠯᠠᠯᠠᠨ ᠱᠢᠯᠵᠢᠭᠦᠯᠬᠦ᠌᠎ᠳᠦ ᠦᠢᠯᠡᠴᠢᠯᠡᠭᠡ ᠬᠠᠩᠭᠠᠵᠤ᠂ ᠣᠷᠣᠯᠠᠭᠴᠢ ᠲᠣᠭᠣᠭᠠᠴᠢ᠂ ᠡᠮᠬᠢᠯᠡᠵᠦ᠍ ᠬᠤᠷᠢᠶᠠᠬᠤ᠂ ᠡᠩᠬᠦᠷᠡᠶ ᠠᠮᠢᠲᠠᠨ᠎ᠤ ᠦᠢᠯᠡᠴᠢᠯᠡᠭᠡ ᠵᠡᠷᠭᠡ ᠱᠢᠨ᠎ᠡ ᠡᠵᠡᠩᠨᠡᠯᠲᠡ᠎ᠶ᠋ᠢᠨ ᠪᠠᠢᠳᠠᠯ ᠲᠥᠯᠥᠪ ᠎ᠢ ᠵᠢᠷᠤᠮᠵᠢᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠬᠥᠲᠥᠯᠥᠨ ᠵᠢᠯᠣᠭᠣᠳᠤᠨ᠎ᠠ᠃ ᠲᠣᠰᠣ ᠨᠡᠮᠡᠬᠦ᠌ ᠥᠷᠲᠡᠭᠡ᠎ᠶ᠋ᠢᠨ ᠬᠤᠳᠠᠯᠳᠤᠭᠠᠨ᠎ᠤ ᠭᠠᠵᠠᠷ ᠲᠠᠯᠠᠪᠠᠶ᠎ᠳᠤ ᠠᠷᠠᠳ᠎ᠲᠤ ᠳᠥᠭᠥᠮ ᠦᠢᠯᠡᠴᠢᠯᠡᠭᠡ ᠬᠠᠩᠭᠠᠬᠤ᠎ᠶ᠋ᠢ ᠵᠣᠷᠢᠭ᠍ᠵᠢᠭᠤᠯᠤᠨ᠎ᠠ᠃

  ᠲᠠᠪᠤ᠂ ᠦᠢᠯᠡᠴᠢᠯᠡᠭᠡᠨ᠎ᠤ ᠳᠡᠰ ᠳᠡᠪᠱᠢᠬᠦ᠌᠎ᠶ᠋ᠢ ᠠᠬᠢᠭᠤᠯᠤᠨ᠎ᠠ

  (ᠠᠷᠪᠠ) ᠨᠡᠷᠡᠲᠦ ᠲᠥᠷᠥᠯ ᠲᠡᠮᠳᠡᠭ᠌ᠲᠦ᠍᠎ᠶ᠋ᠢᠨ ᠬᠡᠯᠬᠢᠶᠡᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ᠃ ᠲᠤᠮᠦ᠍ ᠠᠵᠤ ᠠᠬᠤᠢᠯᠠᠯ᠎ᠤᠨ ᠨᠡᠷᠡᠲᠦ ᠲᠥᠷᠥᠯ ᠲᠡᠮᠳᠡᠭ᠌ᠲᠦ᠂ ᠪᠠᠷᠢᠮᠵᠢᠶ᠎ᠠ᠂ ᠬᠠᠮᠢᠶᠠᠷᠤᠯᠲᠠ ᠪᠠ ᠦᠢᠯᠡᠴᠢᠯᠡᠭᠡᠨ ᠎ᠢ ᠭᠠᠷᠭᠠᠬᠤ᠎ᠶ᠋ᠢ ᠵᠣᠷᠢᠭ᠍ᠵᠢᠭᠤᠯᠵᠤ᠂ ᠵᠢᠵᠢᠭ ᠪᠢᠴᠢᠯ ᠠᠵᠤ ᠠᠬᠤᠢᠯᠠᠯ ᠪᠠ ᠬᠤᠪᠢ᠎ᠶ᠋ᠢᠨ ᠡᠷᠦᠬᠡ᠎ᠶ᠋ᠢᠨ ᠳᠡᠯᠭᠡᠭᠦᠷ᠎ᠦᠨ ᠱᠢᠨ᠎ᠡ᠎ᠶ᠋ᠢ ᠡᠭᠦᠳᠴᠦ᠍ ᠬᠡᠯᠪᠡᠷᠢ᠎ᠪᠡᠨ ᠬᠤᠪᠢᠷᠠᠭᠤᠯᠬᠤ᠎ᠶ᠋ᠢ ᠳᠠᠢᠴᠢᠯᠠᠨ᠎ᠠ᠃ ᠡᠯ᠎ᠡ ᠲᠥᠷᠥᠯ᠎ᠤᠨ ᠨᠠᠷᠠᠲᠤ ᠲᠥᠷᠥᠯ ᠲᠡᠮᠳᠡᠭ᠌ᠲᠦ᠍᠎ᠶ᠋ᠢᠨ ᠬᠤᠯᠪᠣᠭᠠᠲᠤ ᠳᠡᠯᠭᠡᠭᠦᠷ᠎ᠢ ᠨᠡᠢᠭᠡᠮ ᠲᠣᠭᠤᠷᠢᠭ᠎ᠲᠤ ᠣᠷᠣᠭᠤᠯᠬᠤ᠎ᠶ᠋ᠢ ᠠᠬᠢᠭᠤᠯᠵᠤ᠂ ᠬᠡᠷ᠎ᠤᠨ ᠶᠠᠪᠤᠳᠠᠯ᠎ᠤᠨ ᠪᠣᠯᠵᠣᠬᠤ᠂ ᠣᠷᠣᠯᠠᠨ ᠬᠤᠷᠢᠶᠠᠵᠤ ᠣᠷᠣᠯᠠᠨ ᠲᠠᠷᠬᠠᠭᠠᠬᠤ᠂ ᠳᠠᠷᠤᠮᠠᠯᠯᠠᠵᠤ ᠳᠠᠷᠤᠮᠠᠯᠯᠠᠬᠤ ᠵᠡᠷᠭᠡ ᠦᠢᠯᠡᠴᠢᠯᠡᠭᠡ᠎ᠶ᠋ᠢ ᠠᠴᠢᠶᠠᠯᠠᠨ᠎ᠠ᠃ ᠭᠡᠷ᠎ᠦᠨ ᠶᠠᠪᠤᠳᠠᠯ᠎ᠤᠨ ᠦᠢᠯᠡᠴᠢᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠲᠦᠯᠬᠢᠨ ᠠᠬᠢᠭᠤᠯᠵᠤ᠂ ᠭᠡᠷ᠎ᠦᠨ ᠶᠠᠪᠤᠳᠠᠯ᠎ᠤᠨ ᠦᠢᠯᠡᠴᠢᠯᠡᠭ᠌ᠴᠢ᠎ᠶ᠋ᠢᠨ ᠤᠷ᠎ᠠ ᠴᠢᠳᠠᠪᠤᠷᠢ᠎ᠶ᠋ᠢ ᠳᠡᠰ ᠳᠡᠪᠱᠢᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠎ᠡ᠃ ᠬᠠᠭᠤᠴᠢᠨ ᠨᠡᠷᠡᠲᠦ ᠠᠵᠤ ᠠᠬᠤᠢᠯᠠᠯ᠎ᠤᠨ ᠴᠢᠨᠠᠷ ᠰᠠᠢᠲᠠᠶ ᠲᠠᠸᠠᠷ ᠪᠣᠯᠤᠨ ᠦᠢᠯᠡᠴᠢᠯᠡᠭᠡᠨ᠎ᠢ ᠨᠡᠢᠭᠡᠮ ᠲᠣᠭᠣᠷᠢᠭ᠎ᠲᠤ ᠣᠷᠣᠭᠤᠯᠬᠤ᠎ᠶ᠋ᠢ ᠵᠣᠷᠢᠭ᠍ᠵᠢᠭᠤᠯᠬᠤ ᠬᠡᠷᠡᠭ᠌ᠲᠡᠶ᠃

  (ᠠᠷᠪᠠᠨ ᠨᠢᠭᠡ) ᠬᠥᠮᠦᠨᠴᠢᠯᠡᠭ᠌ᠰᠡᠨ ᠴᠢᠨᠠᠷᠵᠢᠭᠤᠨ ᠦᠢᠯᠡᠴᠢᠯᠡᠭᠡ ᠬᠠᠩᠭᠠᠨ᠎ᠠ᠃ ᠠᠳᠠᠯ ᠠᠬᠤᠶ᠎ᠶ᠋ᠢᠨ ᠦᠢᠯᠡᠴᠢᠯᠡᠭᠡᠨ᠎ᠦ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠤ ᠂ 《 ᠠᠳᠠᠯ ᠠᠬᠤᠶ᠎ᠶ᠋ᠢᠨ ᠦᠢᠯᠡᠴᠢᠯᠡᠭᠡᠨ + ᠠᠮᠢᠳᠤᠷᠠᠯ᠎ᠤᠨ ᠦᠢᠯᠡᠴᠢᠯᠡᠭᠡ 》 ᠎ᠶ᠋ᠢ ᠢᠳᠡᠪᠬᠢᠲᠡᠶ ᠬᠥᠭ᠌ᠵᠢᠭᠦᠯᠵᠦ᠍᠂ ᠨᠠᠰᠤᠵᠢᠯ᠂ ᠬᠡᠦᠬᠡᠳ ᠰᠠᠭᠠᠲᠠᠭᠤᠯᠬᠤ᠂ ᠭᠡᠷ᠎ᠦᠨ ᠶᠠᠪᠤᠳᠠᠯ᠂ ᠢᠳᠡᠭᠡᠨ ᠤᠮᠳᠠᠭᠠᠨ᠂ ᠲᠣᠬᠢᠷᠠᠭᠤᠯᠤᠨ ᠬᠦᠷᠭᠡᠬᠦ᠌ ᠵᠡᠷᠭᠡ ᠬᠦᠷᠢᠶ᠎ᠡ ᠲᠡᠢ᠌ᠰᠢ ᠤᠷᠲᠤᠳᠭᠠᠨ᠎ᠠ᠃ ᠴᠡᠪᠡᠷ ᠨᠣᠭᠤᠭ᠎ᠠ᠎ᠶ᠋ᠢ ᠬᠡᠲᠦ ᠳᠡᠯᠭᠡᠭᠦᠷ᠎ᠲᠤ ᠣᠷᠣᠭᠤᠯᠬᠤ᠎ᠶ᠋ᠢ ᠳᠡᠮᠵᠢᠵᠦ᠍᠂ 《ᠨᠢᠭᠡ ᠬᠥᠮᠦᠨ᠎ᠤ ᠬᠤᠭᠤᠯᠠ》 ᠪᠠ ᠵᠢᠵᠢᠭ ᠪᠣᠭᠤᠳᠠᠯ ᠪᠠᠭ᠍ᠯᠠᠭ᠎ᠠ᠎ᠶ᠋ᠢᠨ ᠲᠠᠸᠠᠷ᠎ᠢ ᠪᠠᠶᠠᠯᠢᠭ᠍ᠵᠢᠭᠤᠯᠤᠨ᠂ ᠭᠠᠭ᠍ᠴᠠ ᠪᠡᠶ᠎ᠡ᠂ ᠪᠤᠭᠤᠷᠤᠯᠴᠦᠳ᠎ᠤᠨ ᠪᠦᠯᠦᠭ᠌ᠯᠡᠯ᠎ᠤᠨ ᠬᠡᠷᠡᠭ᠌ᠴᠡᠭᠡ᠎ᠶ᠋ᠢ ᠬᠠᠩᠭᠠᠨ᠎ᠠ᠃ ᠨᠡᠢᠭᠡᠮ ᠲᠣᠭᠤᠷᠢᠭ᠎ᠤᠨ ᠬᠤᠭᠤᠯᠠᠨ ᠭᠡᠷ᠎ᠤᠨ ᠱᠢᠨᠵᠢᠯᠡᠬᠦ᠌ ᠤᠬᠠᠭᠠᠨᠴᠢ᠎ᠪᠠᠷ ᠦᠨ᠎ᠡ ᠲᠣᠭ᠍ᠲᠠᠭᠠᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ᠌᠎ᠶ᠋ᠢ ᠲᠦᠯᠬᠢᠨ ᠠᠬᠢᠭᠤᠯᠵᠤ᠂ 《ᠵᠢᠷᠭᠤᠭᠠᠨ ᠲᠣᠬᠢᠷᠠᠮᠵᠢᠲᠠᠶ》 (ᠵᠥᠭᠡᠯᠡᠨ᠂ ᠰᠢᠩᠭᠡᠨ᠂ ᠴᠣᠯᠭᠣᠢ᠂ ᠴᠦᠬᠡᠨ᠂ ᠳᠤᠯᠠᠭ᠋ᠠᠨ᠂ ᠱᠢᠨ᠎ᠡ ᠰᠣᠷᠭᠤᠭ᠎ᠢ ᠬᠠᠩᠭᠠᠨ᠎ᠠ ) ᠨᠠᠰᠤᠲᠠᠢᠴᠤᠳ᠎ᠤᠨ ᠬᠤᠭᠤᠯᠠ ᠢᠳᠡᠬᠦ᠌᠎ᠳᠤ ᠵᠣᠬᠢᠬᠤ ᠬᠡᠮᠵᠢᠶᠡᠨ᠎ᠤ ᠬᠠᠷᠠᠭᠠᠯᠵᠠᠯ ᠦᠵᠡᠭᠦᠯᠵᠦ᠍᠂ ᠬᠤᠭᠤᠯᠠ ᠬᠦᠷᠭᠡᠬᠦ᠂ ᠬᠠᠭ᠍ᠰᠠᠭᠠᠮᠠᠯ ᠪᠣᠣᠪᠤ᠂ ᠬᠠᠮᠲᠤ᠎ᠪᠠᠷ ᠬᠤᠳᠠᠯᠳᠤᠨ ᠠᠪᠬᠤ ᠵᠡᠷᠭᠡ ᠦᠢᠯᠡᠴᠢᠯᠡᠭᠡ᠎ᠶ᠋ᠢ ᠥᠷᠭᠡᠳᠭᠡᠨ᠎ᠡ᠃ ᠨᠡᠢᠭᠡᠮ ᠲᠣᠭᠣᠷᠢᠭ᠎ᠲᠤ ᠱᠢᠭᠤᠳ ᠬᠦᠷᠬᠦ᠌ ᠪᠢᠴᠢᠯ ᠡᠷᠭᠢᠯᠲᠡ᠎ᠶ᠋ᠢᠨ ᠨᠡᠢᠲᠡ᠎ᠶ᠋ᠢᠨ ᠵᠠᠮ ᠬᠠᠷᠢᠯᠴᠠᠭᠠᠨ᠎ᠤ ᠱᠤᠭᠤᠮ ᠨᠡᠭᠡᠭᠡᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠶ᠃

  (ᠠᠷᠪᠠᠨ ᠬᠣᠶᠠᠷ) ᠣᠨᠴᠠᠯᠢᠬ᠍ᠵᠢᠭ᠍ᠰᠠᠨ ᠣᠯᠠᠨ ᠶᠠᠩᠵᠤ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ᠎ᠠ᠃ 《ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠦᠢᠯᠡᠴᠢᠯᠡᠭᠡᠨ᠎ᠤ ᠰᠠᠷ᠎ᠠ》 ᠎ᠶᠢ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠨᠡᠢᠭᠡᠮ ᠲᠣᠭᠤᠷᠢᠭ᠎ᠤᠨ ᠵᠠᠬ᠎ᠠ ᠳᠡᠯᠭᠡᠭᠦᠷ᠎ᠤᠨ ᠴᠤᠭ᠍ᠯᠠᠷᠠᠯ᠂ ᠬᠢᠮᠳᠠ ᠪᠠᠷᠠᠭᠠᠨ᠎ᠤ ᠵᠠᠬ᠎ᠠ ᠳᠡᠯᠭᠡᠭᠦᠷ ᠵᠡᠷᠭᠡ ᠠᠵᠢᠯᠯᠠᠭ᠎ᠠ᠎ᠶ᠋ᠢ ᠡᠷᠭᠢᠯᠡᠨ᠂ ᠬᠡᠷᠡᠭ᠌ᠯᠡᠭᠡᠨ᠎ᠤ ᠵᠦᠢᠯ᠎ᠤᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠂ ᠬᠠᠭᠤᠴᠢᠨ ᠨᠠᠷᠠᠲᠤ ᠲᠡᠮᠳᠡᠭ᠂ ᠢᠳᠡᠭᠡᠨ ᠤᠮᠳᠠᠭᠠᠨ᠂ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡ᠎ᠶ᠋ᠢ ᠨᠡᠢᠭᠡᠮ ᠲᠣᠭᠤᠷᠢᠭ᠎ᠲᠤ ᠣᠷᠣᠭᠤᠯᠬᠤ᠎ᠶ᠋ᠢ ᠠᠬᠢᠭᠤᠯᠵᠤ᠂ ᠬᠡᠷ ᠠᠬᠤᠶ᠂ ᠪᠣᠳᠠᠰ᠎ᠢᠶᠠᠷ ᠡᠳ᠋ ᠪᠣᠳᠠᠰ ᠰᠣᠯᠢᠬᠤ᠂ ᠵᠢᠵᠢᠭ ᠵᠠᠰᠠᠪᠤᠷᠢ ᠣᠷᠣᠭᠤᠯᠬᠤ᠂ ᠠᠯᠪᠠᠨ ᠵᠢᠷᠤᠮ᠎ᠤᠨ ᠡᠮᠴᠢᠯᠡᠭᠡ ᠬᠢᠬᠦ᠌ ᠵᠡᠷᠭᠡ ᠦᠢᠯᠡᠴᠢᠯᠡᠭᠡ᠎ᠶ᠋ᠢ ᠬᠠᠩᠭᠠᠨ᠎ᠠ᠃ ᠪᠠᠩᠬᠢ᠎ᠶ᠋ᠢᠨ ᠴᠤᠭ᠍ᠯᠠᠭ᠎ᠠ ᠮᠠᠢᠮᠠᠢ᠂ ᠵᠤᠭᠠᠴᠠᠯ᠎ᠤᠨ ᠭᠠᠵᠠᠷ᠂ ᠵᠠᠮ᠎ᠤᠨ ᠲᠣᠭ᠍ᠯᠠᠯᠲᠠ ᠵᠡᠷᠭᠡ᠎ᠶ᠋ᠢ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠴᠢᠨᠠᠷ ᠰᠠᠢᠲᠠᠢ ᠮᠥᠩᠭᠦᠨ ᠭᠦᠢᠯᠭᠡᠭᠡᠨ᠎ᠤ ᠬᠡᠷᠡᠭ᠌ᠯᠡᠭᠡᠨ᠎ᠤ ᠪᠦᠲᠦᠭᠡᠭ᠌ᠳᠡᠬᠦᠨ᠎ᠢ ᠤᠬᠠᠭᠤᠯᠤᠨ ᠳᠡᠯᠭᠡᠷᠡᠭᠦᠯᠦᠨ᠎ᠡ᠃

  ᠵᠢᠷᠭᠤᠭ᠎ᠠ᠂ ᠬᠠᠮᠢᠶᠠᠷᠤᠯᠲᠠ᠎ᠶ᠋ᠢᠨ ᠳᠡᠰ ᠳᠡᠪᠱᠢᠬᠦ᠌᠎ᠶ᠋ᠢ ᠠᠬᠢᠭᠤᠯᠤᠨ᠎ᠠ

  (ᠠᠷᠪᠠᠨ ᠭᠤᠷᠪᠠ) ᠣᠯᠠᠨ ᠡᠱᠢᠲᠦ ᠵᠠᠰᠠᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ᠎ᠠ᠃ ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠤᠯᠠᠨ ᠲᠠᠯ᠎ᠠ᠎ᠶ᠋ᠢᠨ᠎ᠬᠢᠨ ᠣᠷᠣᠯᠴᠠᠭ᠍ᠰᠠᠨ ᠬᠡᠷᠡᠭ ᠵᠥᠪᠯᠡᠵᠦ᠍ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠤᠨ᠎ᠠ᠃ ᠬᠤᠳᠠᠯᠳᠤᠭᠠᠨ᠎ᠤ ᠡᠷᠦᠬᠡ᠎ᠶ᠋ᠢᠨ ᠨᠠᠮ᠎ᠤᠨ ᠭᠡᠱᠢᠭᠦᠨ᠎ᠤ 《ᠪᠡᠶ᠎ᠡ᠎ᠶ᠋ᠢᠨ ᠭᠠᠷᠤᠯ᠎ᠢᠶᠠᠨ ᠲᠣᠳᠣᠷᠠᠭᠤᠯᠬᠤ》 ᠎ᠶ᠋ᠢ ᠵᠣᠷᠢᠭ᠍ᠵᠢᠭᠤᠯᠵᠤ᠂ ᠪᠠᠴᠢᠮ ᠪᠠᠢᠳᠠᠯ᠎ᠢ ᠠᠷᠭ᠋ᠠᠴᠠᠭ᠋ᠠᠵᠤ ᠬᠠᠩᠭᠠᠯᠭ᠎ᠠ᠎ᠶ᠋ᠢ ᠪᠠᠲᠤᠯᠠᠬᠤ᠂ ᠦᠨᠡᠨᠴᠢ ᠢᠲᠡᠭᠡᠮᠵᠢᠲᠡᠶ ᠡᠵᠡᠩᠨᠡᠬᠦ᠂ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠵᠡᠷᠭᠡ ᠲᠠᠯ᠎ᠠ᠎ᠪᠠᠷ᠎ᠬᠢ ᠭᠤᠤᠯᠯᠠᠭ᠍ᠴᠢ ᠦᠢᠯᠡᠳᠦᠯ᠎ᠢᠶᠠᠨ ᠨᠠᠩ ᠰᠠᠢᠲᠤᠷ ᠪᠠᠳᠠᠷᠠᠭᠤᠯᠤᠨ᠎ᠠ᠃ ᠬᠤᠳᠠᠯᠳᠤᠭᠠᠨ᠎ᠤ ᠡᠷᠦᠬᠡ᠎ᠶ᠋ᠢᠨ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠨᠡᠢᠭᠡᠮᠯᠢᠭ ᠪᠠᠢᠭᠤᠯᠬᠤ᠎ᠶ᠋ᠢ ᠵᠣᠷᠢᠭ᠍ᠵᠢᠭᠤᠯᠵᠤ᠂ ᠬᠤᠳᠠᠯᠳᠤᠭᠠᠨ᠎ᠤ ᠡᠷᠦᠬᠡ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠡᠵᠡᠩᠨᠡᠯᠲᠡ ᠪᠠ ᠦᠢᠯᠡᠴᠢᠯᠡᠭᠡᠨ᠎ᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠎ᠠ᠃ ᠬᠠᠮᠲᠤᠷᠠᠨ ᠰᠤᠷᠤᠯᠴᠠᠵᠤ ᠬᠠᠮᠲᠤᠪᠠᠷ ᠪᠠᠢᠭᠤᠯᠬᠤ᠎ᠶ᠋ᠢ ᠳᠡᠮᠵᠢᠵᠦ᠍᠂ ᠬᠦᠰᠡᠯ ᠡᠷᠡᠮᠡᠯᠵᠡᠯ᠎ᠲᠠᠢ ᠪᠥᠭᠡᠳ ᠲᠤᠰᠭᠠᠶ ᠴᠢᠳᠠᠪᠤᠷᠢ᠎ᠲᠠᠢ ᠨᠠᠰᠤᠲᠠᠢᠴᠤᠳ᠎ᠤᠨ ᠣᠢᠷ᠎ᠠ ᠬᠠᠪᠢ᠎ᠳᠠᠭᠠᠨ ᠨᠡᠢᠭᠡᠮ ᠲᠣᠭᠤᠷᠢᠭ᠎ᠤᠨ ᠰᠠᠢᠨ ᠳᠤᠷ᠎ᠠ᠎ᠶ᠋ᠢᠨ ᠦᠢᠯᠡᠴᠢᠯᠡᠭᠡ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ᠎ᠠ᠃ 《ᠰᠢᠶᠤᠤ ᠭᠧ ᠤᠯᠠᠭ᠎ᠠ ᠥᠷᠲᠡᠭᠡ》 ᠎ᠶ᠋ᠢ ᠪᠠᠢᠭᠤᠯᠵᠤ᠂ ᠲᠦᠷᠭᠡᠨ ᠬᠦᠷᠭᠡᠭ᠌ᠴᠢ᠂ ᠰᠦᠯᠵᠢᠶ᠎ᠡ᠎ᠪᠠᠷ ᠪᠣᠯᠵᠣᠵᠤ ᠲᠣᠬᠢᠷᠠᠭᠤᠯᠤᠨ ᠬᠦᠷᠭᠡᠭ᠌ᠴᠢ᠂ ᠴᠡᠪᠡᠷᠯᠡᠭ᠌ᠴᠢ ᠵᠡᠷᠭᠡ᠎ᠳᠤ ᠠᠮᠠᠷᠠᠬᠤ᠂ ᠤᠤᠭᠤᠬᠤ ᠤᠰᠤ ᠪᠠ ᠴᠠᠬᠢᠯᠭᠠᠨ ᠴᠡᠨᠡᠭ᠌ᠯᠡᠬᠦ᠌ ᠦᠢᠯᠡᠴᠢᠯᠡᠭᠡ ᠎ᠶᠢ ᠬᠠᠩᠭ᠋ᠠᠨ᠎ᠠ᠃

  (ᠠᠷᠪᠠᠨ ᠳᠦᠷᠪᠡ) ᠲᠤᠰᠭᠠᠢ ᠮᠡᠷᠭᠡᠵᠢᠯ᠎ᠤᠨ ᠭᠤᠣᠯ ᠴᠣᠭ᠍ᠴᠠ᠎ᠶ᠋ᠢᠨ ᠠᠵᠢᠯᠯᠠᠭᠠᠨ᠎ᠢ ᠳᠡᠮᠵᠢᠨ᠎ᠡ᠃ ᠲᠤᠰᠭᠠᠢᠵᠢᠭ᠍ᠰᠠᠨ ᠡᠵᠡᠩᠨᠡᠯᠲᠡ᠎ᠶ᠋ᠢᠨ ᠬᠤᠳᠠᠯᠳᠤᠭᠠᠴᠢᠨ᠎ᠢ ᠣᠷᠣᠭᠤᠯᠤᠨ ᠠᠪᠴᠢᠷᠠᠵᠤ᠂ ᠨᠡᠢᠭᠡᠮ ᠲᠣᠭᠤᠷᠢᠭ᠎ᠤᠨ ᠲᠥᠯᠥᠪᠵᠢᠭᠦᠯᠦᠭ᠌ᠴᠢ᠎ᠶ᠋ᠢᠨ ᠳᠦᠷᠢᠮ᠎ᠢ ᠬᠡᠷᠡᠭ᠌ᠵᠢᠭᠦᠯᠦᠨ᠂ ᠬᠤᠳᠠᠯᠳᠤᠭ᠍ᠰᠠᠨ᠎ᠤ ᠳᠠᠷᠠᠭ᠎ᠠ ᠪᠤᠴᠠᠭᠠᠵᠤ ᠲᠦᠷᠢᠶᠡᠰᠦᠯᠡᠬᠦ᠂ ᠨᠢᠭᠡᠳᠦᠯᠲᠡᠶ ᠲᠦᠷᠢᠶᠡᠰᠦᠯᠡᠬᠦ᠂ ᠬᠠᠮᠲᠤᠷᠠᠨ ᠲᠦᠷᠢᠶᠡᠰᠦᠯᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠨᠢᠭᠡᠳᠦᠯᠲᠡᠶ ᠲᠥᠯᠥᠪᠵᠢᠭᠦᠯᠬᠦ᠂ ᠬᠤᠳᠠᠯᠳᠤᠭᠠᠴᠢᠨ ᠤᠷᠢᠬᠤ᠂ ᠡᠵᠡᠩᠨᠡᠬᠦ᠌ ᠪᠠ ᠬᠠᠮᠢᠶᠠᠷᠬᠤ᠎ᠶ᠋ᠢ ᠵᠣᠷᠢᠭ᠍ᠵᠢᠭᠤᠯᠤᠨ᠎ᠠ᠃ ᠡᠯ᠎ᠡ ᠲᠥᠷᠥᠯ᠎ᠦᠨ ᠠᠵᠤ ᠠᠬᠤᠢᠯᠠᠯ᠎ᠤᠨ ᠭᠣᠤᠯ ᠴᠣᠭ᠍ᠴᠠ᠎ᠶ᠋ᠢᠨ ᠨᠡᠢᠭᠡᠮ ᠲᠣᠭᠣᠷᠢᠭ᠎ᠤᠨ ᠵᠠᠬ᠎ᠠ ᠳᠡᠯᠭᠡᠭᠦᠷ᠎ᠲᠦ ᠪᠠᠭᠤᠬᠤ᠎ᠶ᠋ᠢ ᠵᠣᠷᠢᠭ᠍ᠵᠢᠭᠤᠯᠤᠨ ᠂ 《 ᠪᠠᠭ᠎ᠠ ᠮᠥᠷᠲᠡᠭᠡᠨ ᠭᠣᠶᠣ᠂ ᠪᠠᠭ᠎ᠠ ᠮᠥᠷᠲᠡᠭᠡᠨ ᠨᠠᠷᠢᠯᠢᠭ》 ᠣᠨᠴᠠᠯᠢᠠᠠᠳᠣ ᠳᠡᠯᠭᠡᠭᠦᠷ᠂ ᠲᠤᠰᠭᠠᠶ ᠳᠡᠯᠭᠡᠭᠦᠷ ᠎ᠢ ᠪᠣᠢᠵᠢᠭᠤᠯᠤᠨ᠎ᠠ᠃ ᠳᠤᠮᠳᠠ ᠵᠢᠵᠢᠭ ᠬᠡᠯᠪᠡᠷᠢ᠎ᠶ᠋ᠢᠨ ᠳᠡᠯᠭᠡᠭᠦᠷ᠎ᠲᠤ ᠲᠤᠭ᠎ᠠ ᠪᠠᠷᠢᠮᠲᠠ᠎ᠪᠠᠷ ᠡᠨᠧᠷᠭᠢ ᠣᠯᠭᠤᠬᠤ᠂ ᠬᠠᠩᠭᠠᠯᠭ᠎ᠠ᠎ᠶ᠋ᠢᠨ ᠬᠡᠯᠬᠢᠶ᠎ᠡ᠎ᠳᠤ ᠡᠨᠧᠷᠭᠢ ᠣᠯᠭᠤᠬᠤ᠎ᠶ᠋ᠢ ᠵᠣᠷᠢᠭ᠍ᠵᠢᠭᠤᠯᠤᠨ᠎ᠠ᠃ ᠠᠵᠤ ᠠᠬᠤᠢᠯᠠᠯ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠨᠡᠢᠭᠡᠮ ᠲᠣᠭᠣᠷᠢᠭ᠎ᠤᠨ ᠡᠬᠢ ᠪᠠᠶᠠᠯᠢᠭ᠎ᠢ ᠠᠱᠢᠭ᠍ᠯᠠᠨ ᠣᠯᠠᠨ ᠨᠡᠢᠲᠡ᠎ᠶ᠋ᠢᠨ ᠬᠡᠷᠡᠭ ᠶᠠᠪᠤᠳᠠᠯ ᠪᠣᠯᠤᠨ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ ᠥᠷᠨᠢᠭᠦᠯᠬᠦ᠌᠎ᠶ᠋ᠢ ᠳᠡᠮᠵᠢᠨ᠎ᠡ᠃ ᠰᠠᠭᠤᠭᠠᠯᠢ ᠠᠷᠠᠳ᠎ᠤᠨ ᠨᠡᠢᠭᠡᠮ ᠲᠣᠭᠤᠷᠢᠭ᠎ᠤᠨ ᠡᠷᠬᠢᠨ ᠲᠣᠭᠤᠷᠢᠨ᠎ᠳᠤ ᠠᠳᠠᠯ ᠦᠢᠯᠡᠰ ᠴᠣᠭ᠍ᠴᠠᠯᠠᠨ ᠠᠵᠢᠯ ᠣᠯᠭᠤᠬᠤ ᠪᠠ ᠬᠡᠷᠡᠭ᠌ᠯᠡᠭᠡ᠎ᠶ᠋ᠢ ᠵᠣᠷᠢᠭ᠍ᠵᠢᠭᠤᠯᠵᠤ᠂ ᠨᠡᠢᠭᠡᠮ ᠲᠣᠭᠤᠷᠢᠭ᠎ᠤᠨ ᠠᠵᠤ ᠠᠬᠤᠢ᠎ᠶ᠋ᠢᠨ 《ᠪᠢᠴᠢᠯ ᠡᠷᠭᠢᠯᠲᠡ》 ᠎ᠶ᠋ᠢ ᠱᠢᠯᠤᠭᠤᠳᠭᠠᠨ᠎ᠠ᠃

  (ᠠᠷᠪᠠᠨ ᠲᠠᠪᠤ) ᠲᠣᠭ᠋ᠠᠴᠢᠯᠠᠭᠰᠠᠨ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠲᠣᠮᠣ ᠳ᠋ᠠᠢᠲ᠋ᠠ᠂ ᠵᠣᠬᠢᠶᠠᠮᠠᠯ ᠣᠶᠤᠨ᠂ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠲᠡᠷᠢᠭᠦᠨ᠎ᠤ ᠮᠡᠷᠭᠡᠵᠢᠯ ᠬᠡᠷᠡᠭ᠌ᠯᠡᠬᠦ᠌᠎ᠶ᠋ᠢ ᠵᠣᠷᠢᠭ᠍ᠵᠢᠭᠤᠯᠵᠤ᠂ ᠣᠶᠤᠨᠴᠢ ᠳᠡᠯᠭᠡᠭᠦᠷ᠂ AI ᠬᠤᠭᠤᠯᠠᠨ ᠬᠡᠷ᠂ ᠥᠪᠡᠰᠦᠪᠡᠨ ᠬᠤᠳᠠᠯᠳᠤᠬᠤ ᠮᠠᠱᠢᠨ᠂ ᠥᠪᠡᠰᠦᠪᠡᠨ ᠠᠪᠬᠤ ᠯᠠᠩᠭᠦᠶ᠂ ᠵᠢᠯᠣᠭᠤᠴᠢ ᠥᠬᠡᠶ ᠲᠣᠭᠠᠴᠢᠯᠠᠭ᠍ᠰᠠᠨ ᠦᠵᠦᠭᠦᠷ ᠵᠡᠷᠭᠡ᠎ᠶ᠋ᠢ ᠬᠥᠭ᠌ᠵᠢᠭᠦᠯᠦᠨ᠎ᠡ᠃ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠣᠶᠤᠨᠴᠢ ᠦᠢᠯᠡᠴᠢᠯᠡᠭᠡᠨ᠎ᠤ ᠲᠠᠪᠴᠠᠩ᠎ᠢ ᠪᠠᠢᠭᠤᠯᠵᠤ᠂ ᠲᠣᠰ ᠭᠠᠵᠠᠷ᠎ᠤᠨ ᠬᠤᠳᠠᠯᠳᠤᠭᠠᠨ᠎ᠤ ᠡᠷᠦᠬᠡ᠎ᠶ᠋ᠢᠨ ᠡᠬᠢ ᠪᠠᠶᠠᠯᠢᠭ᠎ᠲᠤ ᠵᠠᠯᠭᠠᠨ ᠣᠷᠣᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠭᠤᠷᠬᠢ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠨ᠎ᠠ᠃ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠤᠭᠤᠷᠢᠭ᠎ᠤᠨ ᠬᠥᠲᠥᠯᠥᠨ ᠵᠢᠯᠣᠭᠤᠳᠭᠤ ᠵᠢᠷᠤᠭ᠂ ᠲᠣᠤᠷ ᠴᠡᠭ᠎ᠤᠨ ᠬᠥᠳᠡᠯᠦᠩᠭᠦᠶ ᠬᠢᠨᠠᠨ ᠬᠡᠮᠵᠢᠬᠦ᠌ ᠭᠠᠵᠠᠷ᠎ᠤᠨ ᠵᠢᠷᠤᠭ᠂ 《ᠪᠠᠭ᠎ᠠ ᠵᠠᠰᠠᠵᠣ ᠪᠠᠭ᠎ᠠ ᠨᠥᠬᠦᠪᠥᠷᠢᠯᠡᠬᠦ᠌》 ᠠᠷᠠᠳ᠎ᠲᠤ ᠲᠥᠬᠦᠮ ᠦᠵᠡᠭᠦᠯᠬᠦ᠌ ᠭᠠᠵᠠᠷ᠎ᠤᠨ ᠵᠢᠷᠤᠭ᠎ᠢ ᠳᠡᠯᠭᠡᠷᠡᠭᠦᠯᠵᠦ᠍᠂ ᠲᠣᠮᠣ ᠳ᠋ᠠᠢᠲ᠋ᠠ᠎ᠶ᠋ᠢ ᠠᠱᠢᠭ᠍ᠯᠠᠨ ᠬᠤᠳᠠᠯᠳᠤᠭᠠᠨ᠎ᠤ ᠲᠣᠤᠷ ᠴᠡᠭ᠎ᠢ ᠨᠦᠬᠦᠨ ᠪᠠᠢᠭᠤᠯᠤᠨ᠎ᠠ᠃

  ᠳᠣᠯᠤᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠨ᠎ᠠ

  (ᠠᠷᠪᠠᠨ ᠵᠢᠷᠭᠤᠭ᠎ᠠ) ᠲᠠᠯᠠᠪᠤᠷ ᠭᠠᠵᠠᠷ᠎ᠤᠨ ᠪᠡᠯᠡᠳᠭᠡᠮᠵᠢ᠎ᠶ᠋ᠢᠨ ᠬᠠᠩᠭᠠᠯᠭ᠎ᠠ᠎ᠶ᠋ᠢ ᠥᠷᠭᠡᠳᠭᠡᠨ᠎ᠡ᠃ ᠵᠠᠭᠤᠨ ᠡᠷᠦᠬᠡ ᠪᠦᠷᠢ᠎ᠳᠦ ᠨᠡᠢᠭᠡᠮ ᠲᠣᠭᠣᠷᠢᠭ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠪᠡᠯᠡᠳᠭᠡᠮᠵᠢ᠎ᠶ᠋ᠢᠨ ᠲᠠᠯᠠᠪᠠᠶ᠎ᠶ᠋ᠢ ᠳᠤᠮᠳᠠᠴᠢ᠎ᠪᠠᠷ 30 ᠲᠡᠭ᠌ᠰᠢ ᠳᠥᠷᠪᠡᠯᠵᠢᠨ ᠮᠧᠲ᠋ᠷ᠎ᠡᠴᠡ ᠳᠤᠲᠠᠭᠤ ᠦᠭᠡᠶ ᠪᠠᠢᠯᠭᠠᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠬᠠᠩᠭᠠᠨ ᠪᠣᠷᠣᠯᠠᠭᠤᠯᠬᠤ ᠬᠣᠷᠱᠢᠶᠠᠨ᠎ᠤ ᠣᠳᠣ ᠪᠠᠢᠭ᠎ᠠ ᠭᠦᠢᠯᠭᠡᠭᠡᠨ᠎ᠦ ᠪᠡᠯᠡᠳᠭᠡᠮᠵᠢ᠎ᠶ᠋ᠢ ᠭᠦᠢᠴᠡᠳ ᠠᠱᠢᠭ᠍ᠯᠠᠨ ᠠᠷᠠᠳ᠎ᠲᠤ ᠳᠥᠭᠥᠮ ᠦᠵᠡᠭᠦᠯᠬᠦ᠌ ᠦᠢᠯᠡᠴᠢᠯᠡᠭᠡᠨ᠎ᠢ ᠬᠥᠭ᠌ᠵᠢᠭᠦᠯᠦᠨ᠎ᠡ᠃ ᠤᠯᠤᠰ᠎ᠤᠨ ᠦᠮᠴᠢᠯᠡᠯᠲᠦ ᠠᠵᠤ ᠠᠬᠤᠢᠯᠠᠯ ᠵᠢᠴᠢ ᠵᠠᠰᠠᠭ ᠵᠠᠬᠢᠷᠭᠠᠨ ᠠᠵᠢᠯ ᠦᠢᠯᠡᠰ᠎ᠤᠨ ᠨᠢᠭᠡᠴᠢ᠎ᠶ᠋ᠢᠨ ᠰᠤᠯᠠ ᠪᠠᠢᠬᠤ ᠦᠷ᠎ᠡ ᠪᠦᠲᠦᠮᠵᠢ᠎ᠪᠠᠷ ᠳᠣᠣᠷ᠎ᠠ ᠤᠯᠤᠰ᠎ᠤᠨ ᠦᠮᠴᠢᠯᠡᠯᠲᠦ ᠡᠳ᠋ ᠬᠦᠷᠦᠩᠭᠡ᠎ᠶ᠋ᠢ ᠥᠭᠡᠷᠡᠴᠢᠯᠡᠬᠦ᠌ ᠪᠠ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠲᠣᠭ᠍ᠲᠠᠭ᠍ᠰᠠᠨ ᠡᠷᠬᠡ ᠮᠡᠳᠡᠯ᠎ᠤᠨ ᠬᠡᠪᠴᠢᠶ᠎ᠡ ᠶᠣᠰᠣᠭᠠᠷ ᠬᠢᠨᠠᠨ ᠵᠥᠪᠱᠢᠶᠡᠷᠡᠭ᠌ᠰᠡᠨ᠎ᠤ ᠳᠠᠷᠠᠭ᠎ᠠ᠂ ᠠᠷᠠᠳ᠎ᠲᠤ ᠳᠥᠭᠦᠮ ᠦᠵᠡᠭᠦᠯᠬᠦ᠌ ᠬᠤᠳᠠᠯᠳᠤᠭᠠᠨ᠎ᠤ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠳᠤ ᠤᠷᠢᠳᠠᠪᠠᠷ ᠬᠡᠷᠡᠭ᠌ᠯᠡᠨ᠎ᠡ᠃ ᠣᠷᠣᠨ ᠨᠣᠳᠤᠭ᠎ᠤᠨ ᠣᠯᠥᠰ᠎ᠤᠨ ᠦᠮᠴᠢᠯᠠᠯᠳᠦ ᠠᠵᠦ᠍ ᠠᠬᠤᠢᠯᠠᠯ᠎ᠤᠨ ᠠᠷᠡᠳ᠎ᠲᠤ ᠳᠦᠬᠦᠮ ᠦᠵᠡᠬᠦᠯᠬᠦ᠌ ᠠᠮᠢᠳᠣᠷᠡᠯ᠎ᠤᠨ ᠲᠤᠭᠤᠷᠢᠭ᠎ᠤᠨ ᠲᠣᠣᠷ ᠴᠡᠭ᠎ᠦᠨ ᠪᠠᠢᠷᠢᠱᠢᠭᠤᠯᠥᠯᠳᠡ᠎ᠪᠠᠨ ᠴᠢᠩᠭᠠᠷᠡᠭᠤᠯᠬᠤ᠎ᠶ᠋ᠢ ᠠᠬᠢᠭᠤᠯᠵᠦ᠍᠂ ᠣᠯᠥᠰ᠎ᠤᠨ ᠦᠮᠴᠢᠯᠠᠯᠳᠦ ᠠᠵᠦ᠍ ᠠᠬᠤᠢ᠎ᠶ᠋ᠢᠨ ᠠᠰᠠᠷᠡᠮᠵᠢ᠎ᠶ᠋ᠢᠨ ᠴᠢᠨᠡᠷ᠂ ᠪᠠᠳᠣᠯᠠᠭ᠎ᠠ᠎ᠶ᠋ᠢᠨ ᠴᠢᠨᠡᠷᠳᠡᠢ ᠦᠢᠯᠡᠳᠣᠯ᠎ᠢ ᠪᠠᠳᠡᠷᠡᠭᠤᠯᠥᠨ᠎ᠠ᠃ ᠦᠯᠡᠳᠡᠭᠡᠯ ᠵᠢᠵᠢᠭ᠌ᠯᠡᠨ ᠬᠤᠳᠠᠯᠳᠤᠬᠤ ᠬᠤᠳᠠᠯᠳᠤᠭᠠᠨ᠎ᠤ ᠪᠡᠯᠡᠳᠭᠡᠮᠵᠢ᠎ᠶ᠋ᠢᠨ ᠥᠭᠡᠷᠡᠴᠢᠯᠡᠯᠲᠡ᠎ᠶ᠋ᠢ ᠠᠮᠢᠳᠤᠷᠠᠯ᠎ᠳᠤ ᠳᠦᠭᠦᠮᠯᠡᠬᠦ ᠮᠦᠴᠡ᠎ᠶᠢᠨ ᠵᠠᠢ᠌ᠲᠠᠢ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠳᠤ ᠣᠷᠣᠭᠤᠯᠬᠤ᠎ᠶ᠋ᠢ ᠳᠡᠮᠵᠢᠨ᠎ᠡ᠃ ᠨᠥᠬᠥᠴᠡᠯ᠎ᠲᠡᠶ ᠭᠠᠵᠠᠷ ᠨᠢ ᠵᠡᠭᠡᠯᠢ ᠭᠤᠳᠤᠮᠵᠢ᠎ᠶ᠋ᠢᠨ ᠨᠡᠢᠭᠡᠮ ᠲᠣᠭᠣᠷᠢᠭ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠪᠡᠯᠡᠳᠭᠡᠮᠵᠢ᠂ ᠤᠯᠤᠰ᠎ᠤᠨ ᠥᠮᠴᠢᠯᠡᠯᠲᠦ ᠭᠡᠷ ᠪᠠᠢᠱᠢᠩ ᠵᠡᠷᠭᠡ᠎ᠶ᠋ᠢ ᠲᠣᠭ᠍ᠲᠠᠭᠠᠯ ᠶᠣᠰᠣᠭᠠᠷ ᠲᠥᠯᠥᠪᠦᠷᠢ ᠦᠭᠡᠶ᠎ᠪᠡᠷ ᠬᠠᠩᠭᠠᠵᠤ ᠲᠤᠰᠭᠠᠶ ᠮᠡᠷᠭᠡᠵᠢᠯ᠎ᠦᠨ ᠨᠠᠰᠤᠵᠢᠯ᠎ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠪᠠᠢᠭᠤᠯᠤᠮᠵᠢ᠎ᠶ᠋ᠢᠨ ᠡᠵᠡᠩᠨᠡᠯᠲᠡ᠎ᠶ᠋ᠢᠨ ᠭᠠᠵᠠᠷ ᠪᠣᠯᠭᠠᠵᠤ ᠪᠣᠯᠤᠨ᠎ᠠ᠃ ᠨᠡᠢᠭᠡᠮ ᠲᠣᠭᠣᠷᠢᠭ᠎ᠤᠨ ᠬᠡᠷᠡᠭ᠌ᠯᠡᠭᠡᠨ᠎ᠦ ᠡᠯ᠎ᠡ ᠲᠥᠷᠥᠯ᠎ᠦᠨ ᠭᠠᠵᠠᠷ ᠲᠠᠯᠠᠪᠠᠶ᠎ᠶ᠋ᠢ ᠳᠡᠮᠵᠢᠵᠦ᠍ ᠪᠠᠢᠭᠠᠳ ᠬᠠᠷᠰᠢ ᠰᠠᠭᠠᠳ ᠦᠭᠡᠶ ᠪᠡᠯᠡᠳᠭᠡᠮᠵᠢ᠎ᠶ᠋ᠢᠨ ᠥᠭᠡᠷᠡᠴᠢᠯᠡᠯᠲᠡ ᠬᠢᠬᠦ᠌ ᠬᠡᠷᠡᠭ᠌ᠲᠡᠶ᠃ ᠬᠡᠷ᠎ᠲᠡᠭᠡᠨ ᠰᠠᠭᠤᠵᠤ ᠨᠠᠰᠤᠵᠢᠬᠤ᠎ᠳᠤ ᠳᠣᠭᠢᠷᠠᠬᠤ ᠬᠠᠷᠰᠢ ᠰᠠᠭᠠᠳ ᠥᠬᠡᠶ ᠥᠭᠡᠷᠡᠴᠢᠯᠡᠯᠲᠡ᠎ᠶ᠋ᠢ ᠥᠷᠨᠢᠭᠦᠯᠵᠦ᠍᠂ ᠬᠡᠷ᠎ᠲᠡᠭᠡᠨ ᠰᠠᠭᠤᠵᠤ ᠨᠠᠰᠤᠵᠢᠬᠤ᠎ᠳᠤ ᠳᠣᠭᠢᠷᠠᠬᠤ ᠬᠠᠷᠰᠢ ᠰᠠᠭᠠᠳ ᠥᠬᠡᠶ ᠥᠭᠡᠷᠡᠴᠢᠯᠡᠬᠦ᠌ ᠥᠯᠢᠭᠡᠷ ᠬᠡᠪ᠎ᠤᠨ ᠲᠠᠰᠤᠭ ᠭᠠᠷᠭᠠᠬᠤ᠎ᠶ᠋ᠢ ᠵᠣᠷᠢᠭ᠍ᠵᠢᠭᠤᠯᠤᠨ᠎ᠠ᠃

  (ᠠᠷᠪᠠᠨ ᠳᠣᠯᠣᠭ᠎ᠠ) ᠳᠡᠮᠵᠢᠯᠭᠡ᠎ᠶ᠋ᠢᠨ ᠲᠥᠷᠥᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠳᠡᠮᠵᠢᠨ᠎ᠡ᠃ ᠬᠡᠲᠦ ᠳᠡᠯᠭᠡᠭᠦᠷ᠂ ᠳᠥᠭᠦᠮ ᠳᠡᠯᠭᠡᠭᠦᠷ᠂ ᠢᠳᠡᠱᠢᠨ ᠨᠣᠭᠤᠭ᠎ᠠ᠎ᠶ᠋ᠢᠨ ᠵᠠᠬ᠎ᠠ ᠳᠡᠯᠭᠡᠭᠦᠷ᠂ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ ᠵᠡᠷᠭᠡ᠎ᠶ᠋ᠢ ᠠᠷᠠᠳ᠎ᠤᠨ ᠠᠮᠢᠳᠤᠷᠠᠯ᠎ᠢ ᠪᠠᠲᠤᠯᠠᠬᠤ᠂ ᠪᠠᠴᠢᠮ ᠪᠠᠢᠳᠠᠯ᠎ᠢ ᠠᠷᠭ᠋ᠠᠴᠠᠭ᠋ᠠᠵᠤ ᠬᠠᠩᠭᠠᠯᠭ᠎ᠠ᠎ᠶ᠋ᠢ ᠪᠠᠲᠤᠯᠠᠬᠤ ᠲᠤᠭᠲᠠᠯᠴᠠᠭ᠎ᠠ ᠎ᠳᠤ ᠣᠷᠣᠭᠤᠯᠵᠤ᠂ ᠤᠶᠤᠨᠲᠤ ᠲᠦᠷᠭᠡᠨ ᠬᠦᠷᠭᠡᠬᠦ᠌ ᠬᠠᠢᠷᠴᠠᠭ᠂ ᠲᠦᠷᠭᠡᠨ ᠬᠦᠷᠭᠡᠬᠦ᠌ ᠲᠡᠭᠦᠰᠭᠡᠯ ᠦᠵᠦᠭᠦᠷ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠠᠯᠠᠪᠤᠷ ᠭᠠᠵᠠᠷ ᠵᠡᠷᠭᠡ᠎ᠶ᠋ᠢ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠰᠠᠭᠤᠷᠢ ᠪᠡᠯᠡᠳᠭᠡᠮᠵᠢ᠎ᠳᠤ ᠣᠷᠣᠭᠤᠯᠵᠤ᠂ ᠨᠥᠬᠦᠴᠡᠯ᠎ᠲᠠᠢ ᠭᠠᠵᠠᠷ ᠣᠷᠣᠨ᠎ᠨᠢ ᠨᠡᠢᠭᠡᠮ ᠲᠣᠭᠤᠷᠢᠭ᠎ᠤᠨ ᠬᠤᠭᠤᠯᠠᠨ ᠭᠡᠷ᠂ ᠪᠠᠭ᠎ᠠ ᠵᠠᠰᠠᠵᠣ ᠪᠠᠭ᠎ᠠ ᠨᠥᠬᠦᠪᠥᠷᠢᠯᠡᠬᠦ᠌ ᠵᠡᠷᠭᠡ ᠥᠴᠦᠬᠡᠨ ᠠᠱᠢᠭ ᠣᠯᠬᠤ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠡᠵᠡᠩᠨᠡᠯᠲᠡ᠎ᠶ᠋ᠢᠨ ᠪᠠᠢᠳᠠᠯ᠎ᠳᠤ ᠭᠡᠷ᠎ᠤᠨ ᠲᠦᠷᠢᠶᠡᠰᠦ᠎ᠶ᠋ᠢ ᠬᠠᠰᠤᠵᠤ ᠬᠡᠯᠲᠦᠷᠢᠭᠦᠯᠬᠦ᠌ ᠵᠡᠷᠭᠡ ᠳᠡᠮᠵᠢᠯᠭᠡ ᠦᠵᠡᠭᠦᠯᠵᠦ᠍᠂ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠲᠥᠪ᠂ ᠢᠳᠡᠱᠢᠨ ᠨᠣᠭᠤᠭ᠎ᠠ᠎ᠶ᠋ᠢᠨ ᠵᠠᠬ᠎ᠠ ᠳᠡᠯᠭᠡᠭᠦᠷ ᠵᠡᠷᠭᠡ ᠲᠥᠷᠥᠯ ᠵᠦᠢᠯ᠎ᠤᠨ ᠥᠭᠡᠷᠡᠴᠢᠯᠡᠯᠲᠡ᠎ᠳᠤ ᠪᠡᠯᠡ ᠮᠥᠩᠭᠦ᠎ᠶ᠋ᠢᠨ ᠨᠡᠮᠡᠭᠦᠷᠢ ᠣᠯᠭᠤᠨ᠎ᠠ᠃

  (ᠠᠷᠪᠠᠨ ᠨᠠᠢ᠍ᠮᠠ) ᠭᠠᠢᠯᠢ ᠰᠦᠢᠳᠭᠡᠯ᠎ᠤᠨ ᠬᠠᠷᠡᠭᠠᠯᠵᠠᠯᠳᠣ ᠳᠦᠷᠦ᠍᠎ᠶ᠋ᠢᠨ ᠪᠤᠳᠣᠯᠭ᠎ᠠ᠎ᠶ᠋ᠢ ᠨᠠᠢ᠌ᠳᠠᠪᠤᠷᠢᠵᠢᠭᠤᠯᠤᠨ᠎ᠠ᠃ ᠨᠥᠬᠥᠴᠡᠯ᠎ᠳᠦ ᠨᠡᠢᠴᠡᠬᠦ᠌ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ᠎ᠶ᠋ᠢᠨ ᠠᠵᠤ ᠦᠢᠯᠡᠳᠪᠦᠷᠢ ᠬᠤᠳᠠᠯᠳᠤᠭ᠎ᠠ᠎ᠶ᠋ᠢᠨ ᠡᠷᠦᠬᠡ᠎ᠳᠦ ᠲᠣᠭ᠍ᠲᠠᠭᠠᠯ ᠶᠣᠰᠣᠭᠠᠷ ᠭᠠᠢᠯᠢ ᠰᠦᠢᠳᠭᠡᠯ᠎ᠦᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠨᠠᠰᠤᠲᠠᠨ᠎ᠢ᠋ ᠠᠰᠠᠷᠠᠬᠤ᠂ ᠨᠠᠢᠳᠠᠨ ᠬᠥᠮᠦᠵᠢᠭᠦᠯᠬᠦ᠌᠂ ᠨᠠᠰᠤᠲᠠᠢᠴᠤᠳ᠎ᠢ᠋ ᠲᠤᠰᠠᠯᠠᠬᠤ ᠬᠣᠭᠣᠯᠠᠨ᠎ᠤ᠋ ᠦᠢᠯᠡᠴᠢᠯᠡᠭᠡᠨ᠎ᠦ᠌ ᠪᠠᠢᠭᠤᠯᠤᠮᠵᠢ᠎ᠶᠢᠨ ᠴᠠᠬᠢᠯᠭᠠᠨ ᠬᠡᠷᠡᠭ᠌ᠯᠡᠬᠦ᠌᠂ ᠤᠰᠤ ᠬᠡᠷᠡᠭ᠌ᠯᠡᠬᠦ᠌᠂ ᠬᠡᠢ ᠬᠡᠷᠡᠭ᠌ᠯᠡᠬᠦ᠌᠂ ᠢᠯᠴᠢ ᠬᠡᠷᠡᠭ᠌ᠯᠡᠬᠦ᠌᠎ᠳ᠋ᠦ᠍ ᠰᠠᠭᠤᠭᠠᠯᠢ ᠠᠷᠠᠳ᠎ᠤ᠋ᠨ ᠦᠨ᠎ᠡ ᠬᠠᠩᠰᠢ᠎ᠶᠢᠨ ᠲᠥᠷᠥ᠎ᠶᠢᠨ ᠪᠣᠳᠣᠯᠭ᠎ᠠ᠎ᠶᠢ ᠬᠡᠷᠡᠭ᠌ᠵᠢᠭᠦᠯᠦᠨ᠎ᠡ᠃ ᠨᠥᠬᠥᠴᠡᠯ ᠪᠦᠬᠦᠢ ᠭᠠᠵᠠᠷ ᠣᠷᠣᠨ᠎ᠢ ᠵᠣᠷᠢᠭ᠍ᠵᠢᠭᠤᠯᠤᠨ ᠨᠡᠢᠭᠡᠮ ᠲᠣᠭᠣᠷᠢᠭ᠎ᠤᠨ ᠭᠡᠷ᠎ᠦᠨ ᠶᠠᠪᠤᠳᠠᠯ᠎ᠤᠨ ᠦᠢᠯᠡᠴᠢᠯᠡᠭᠡᠨ᠎ᠦ ᠲᠣᠤᠷ ᠴᠡᠭ᠎ᠦᠨ ᠤᠰᠤ ᠴᠠᠬᠢᠯᠭᠠᠨ ᠵᠡᠷᠭᠡ ᠵᠠᠷᠤᠳᠠᠯ᠎ᠳᠤ ᠰᠠᠭᠤᠭᠠᠯᠢ ᠠᠷᠠᠳ᠎ᠤᠨ ᠦᠨ᠎ᠡ ᠬᠠᠩᠰᠢ᠎ᠶ᠋ᠢ ᠬᠡᠷᠡᠭ᠌ᠵᠢᠭᠦᠯᠦᠨ᠎ᠡ᠃

  (ᠠᠷᠪᠠ ᠶᠢᠰᠦ) ᠮᠥᠩᠭᠦᠨ ᠭᠦᠢᠯᠭᠡᠭᠡᠨ᠎ᠤ ᠳᠠᠭᠠᠳᠭᠠᠯ᠎ᠤᠨ ᠳᠡᠮᠵᠢᠯᠭᠡ᠎ᠶ᠋ᠢ ᠨᠡᠮᠡᠭ᠌ᠳᠡᠭᠦᠯᠦᠨ᠎ᠡ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠵᠣᠷᠢᠭ᠍ᠵᠢᠭᠤᠯᠵᠤ ᠪᠠᠢᠭᠠᠳ ᠨᠡᠢᠭᠡᠮ ᠲᠣᠭᠤᠷᠢᠭ᠎ᠤᠨ ᠡᠷᠬᠢᠨ ᠲᠣᠭᠤᠷᠢᠨ᠎ᠤ ᠰᠤᠯᠠ ᠪᠠᠢᠭ᠎ᠠ ᠬᠤᠳᠠᠯᠳᠤᠭᠠᠨ᠎ᠤ ᠪᠡᠯᠡᠳᠭᠡᠮᠵᠢ᠎ᠶ᠋ᠢ ᠠᠮᠢᠳᠤᠯᠢᠭ ᠪᠣᠯᠭᠠᠬᠤ᠎ᠶ᠋ᠢ ᠳᠡᠮᠵᠢᠵᠦ᠍᠂ 《 ᠨᠢᠭᠡ  ᠨᠠᠰᠤᠲᠠᠢ ᠨᠢᠭᠡ  ᠪᠠᠭ᠎ᠠ》 ᠎ᠶᠢᠨ ᠦᠢᠯᠡᠴᠢᠯᠡᠭᠡ᠎ᠶ᠋ᠢ ᠬᠥᠭ᠌ᠵᠢᠭᠦᠯᠬᠦ᠌᠎ᠳᠤ ᠤᠷᠢᠳᠠᠪᠠᠷ ᠬᠡᠷᠡᠭ᠌ᠯᠡᠨ᠎ᠡ᠃ ᠪᠡᠯᠡᠨ ᠵᠤᠭᠤᠰ᠎ᠢ ᠦᠯᠡᠳᠡᠭᠡᠬᠦ᠂ ᠪᠠᠩᠬᠢ᠎ᠶ᠋ᠢᠨ ᠺᠠᠷᠲ ᠵᠡᠷᠭᠡ ᠣᠯᠠᠮᠵᠢᠯᠠᠯᠳᠦ ᠲᠣᠭᠠᠴᠠᠭ᠎ᠠ ᠬᠢᠬᠦ᠌ ᠠᠷᠭ᠎ᠠ ᠮᠠᠶᠢᠭ ᠪᠠ ᠬᠦᠮᠦᠨ᠎ᠤ ᠬᠦᠴᠥ᠎ᠪᠠᠷ ᠦᠢᠯᠡᠴᠢᠯᠡᠬᠦ᠌ ᠠᠷᠭ᠎ᠠ ᠮᠠᠶᠢᠭ᠎ᠢ ᠦᠯᠡᠳᠡᠭᠡᠵᠦ᠍᠂ ᠨᠠᠰᠣᠳᠡᠢᠴᠣᠳ᠎ᠤᠨ ᠲᠣᠰᠭᠠᠢ ᠲᠤᠭᠤᠷᠢᠭ ᠪᠤᠶᠤ ᠳᠦᠬᠦᠮ ᠳᠦᠳᠡ ᠴᠣᠩᠬᠤᠪᠴᠢ᠎ᠶ᠋ᠢ ᠨᠡᠭᠡᠭᠡᠨ᠎ᠠ᠃ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠤᠨ ᠳᠥᠷᠢᠮ᠎ᠢ ᠳᠥᠷᠭᠡᠳᠭᠡᠨ ᠪᠠᠢᠭᠤᠯᠵᠦ᠍᠂ ᠴᠢᠲᠡᠯ ᠳᠡᠩᠭᠡᠭᠡ᠎ᠪᠠᠨ ᠠᠯᠳ᠋ᠬᠠᠰᠠᠨ ᠨᠠᠰᠣᠳᠡᠳ᠎ᠤᠨ ᠰᠣᠪᠢᠯᠠᠯᠳᠡ᠎ᠶ᠋ᠢᠨ ᠨᠡᠮᠡᠭᠦᠷᠢ᠎ᠶ᠋ᠢᠨ ᠬᠠᠮᠤᠷᠬᠤ ᠭᠡᠪᠴᠢᠶ᠎ᠠ ᠪᠠ ᠨᠡᠮᠡᠭᠦᠷᠢ ᠦᠭ᠌ᠬᠦ ᠪᠡᠷᠢᠮᠵᠢᠶ᠎ᠠ᠎ᠶ᠋ᠢ ᠵᠦᠢ ᠵᠤᠬᠢᠰᠳᠡᠢ᠎ᠪᠠᠷ ᠲᠣᠠᠠᠳᠠᠭᠠᠵᠦ᠍᠂ ᠣᠷᠳᠣ ᠬᠤᠭᠤᠴᠠᠭᠠᠨ᠎ᠤ ᠰᠣᠪᠢᠯᠠᠯᠳᠡ᠎ᠶ᠋ᠢᠨ ᠲᠠᠭᠠᠳᠭᠠᠯ᠎ᠢ ᠠᠵᠦ᠍ ᠠᠬᠤᠢ ᠬᠦᠴᠢᠷᠳᠡᠯᠳᠡᠢ ᠦᠨᠳᠣᠷ ᠨᠠᠰᠥᠳᠡᠢ᠂ ᠴᠢᠲᠠᠯ ᠳᠡᠩᠭᠡᠭᠡ᠎ᠪᠠᠨ ᠠᠯᠳ᠋ᠬᠠᠰᠠᠨ ᠨᠠᠰᠣᠳᠡᠳ᠎ᠤᠨ ᠰᠣᠪᠢᠯᠠᠯᠳᠡ᠎ᠶ᠋ᠢᠨ ᠨᠡᠮᠡᠭᠦᠷᠢ ᠦᠭ᠌ᠬᠦ ᠵᠡᠷᠭᠡ ᠳᠥᠷᠥ᠎ᠶ᠋ᠢᠨ ᠪᠤᠳᠣᠯᠭ᠎ᠠ᠎ᠶ᠋ᠢᠨ ᠵᠤᠯᠭᠠᠭᠤᠯᠭ᠎ᠠ᠎ᠶ᠋ᠢ ᠰᠠᠢᠳᠣᠷ ᠬᠢᠨ᠎ᠠ᠃ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠶᠡᠷᠦᠩᠬᠡᠢ ᠴᠣᠭ᠍ᠴᠠ᠂ ᠬᠥᠷᠰᠢ ᠵᠡᠷᠭᠡᠯᠡᠳᠡᠭᠡ᠎ᠶ᠋ᠢᠨ ᠲᠥᠪ᠂ ᠪᠦᠷᠢᠨ ᠪᠠᠷᠠᠭᠠᠲᠤ ᠳᠡᠯᠭᠡᠭᠦᠷ᠂ ᠢᠳᠡᠱᠢᠨ ᠨᠣᠭᠤᠭ᠎ᠠ᠎ᠶ᠋ᠢᠨ ᠵᠠᠬ᠎ᠠ ᠳᠡᠯᠭᠡᠭᠦᠷ ᠵᠡᠷᠭᠡ ᠬᠡᠷᠡᠭ᠌ᠯᠡᠭᠡᠨ᠎ᠤ ᠰᠠᠭᠤᠷᠢ ᠪᠡᠯᠡᠳᠭᠡᠮᠵᠢ᠎ᠶ᠋ᠢᠨ ᠲᠥᠷᠥᠯ ᠵᠦᠢᠯ ᠲᠠᠷᠬᠠᠭᠠᠬᠤ ᠰᠠᠭᠤᠷᠢ ᠪᠡᠯᠡᠳᠭᠡᠮᠵᠢ᠎ᠶ᠋ᠢᠨ ᠬᠦᠷᠢᠶᠡᠨ᠎ᠳᠠᠬᠢ ᠦᠯᠦ᠍ ᠬᠥᠳᠡᠯᠬᠦ᠌ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠢᠲᠡᠭᠡᠮᠵᠢᠲᠦ ᠰᠠᠭᠤᠷᠢ ᠮᠥᠩᠭᠦ᠌ (REITs) ᠎ᠶ᠋ᠢ ᠤᠷᠢᠳᠠᠪᠠᠷ ᠳᠡᠮᠵᠢᠨ᠎ᠡ᠃ 5000 ᠳ᠋ᠦᠩᠱᠢᠭᠤᠷ ᠲᠥᠭᠥᠷᠢᠭ᠎ᠦᠨ ᠦᠢᠯᠡᠴᠢᠯᠡᠭᠡᠨ᠎ᠦ ᠬᠡᠷᠡᠭ᠌ᠯᠡᠭᠡ ᠬᠢᠭᠡᠳ ᠨᠠᠰᠤᠵᠢᠯ᠎ᠤᠨ ᠳᠡᠭᠢᠨ ᠵᠢᠭᠡᠯᠡᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠭᠦᠢᠴᠡᠳ ᠠᠱᠢᠭ᠍ᠯᠠᠨ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠤᠨ᠎ᠠ ᠃ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶ᠋ᠢᠨ ᠭᠣᠤᠯ ᠴᠣᠭ᠍ᠴᠠ᠎ᠶ᠋ᠢᠨ ᠵᠢᠭᠡᠯᠡᠯᠭᠡ᠎ᠳᠦ ᠳᠠᠮ ᠬᠦᠦ ᠥᠭ᠌ᠬᠦ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠎ᠠ᠃

  (ᠬᠣᠷᠢ)  ᠲᠦᠷᠣ᠎ᠶᠢᠨ ᠪᠤᠳᠤᠯᠭ᠎ᠠ᠎ᠶᠢᠨ ᠬᠤᠷᠠᠮᠳᠤᠯ᠎ᠢ ᠴᠢᠩᠭ᠋ᠠᠳᠬᠠᠨ᠎ᠠ᠃ ᠬᠤᠯᠪᠣᠭ᠍ᠳᠠᠯ ᠪᠥᠬᠦᠶ ᠬᠤᠳᠠᠯᠳᠤᠭᠠᠴᠢᠳ᠎ᠤᠨ ᠨᠡᠢᠭᠡᠮᠯᠢᠭ᠎ᠲᠤ ᠲᠦᠱᠢᠭ᠌ᠯᠡᠨ ᠠᠷᠠᠳ᠎ᠲᠤ ᠲᠥᠬᠦᠮ ᠦᠵᠡᠭᠦᠯᠬᠦ᠌ ᠨᠢᠭᠡ ᠪᠦᠯᠦᠭ ᠠᠮᠢᠳᠤᠷᠠᠯ᠎ᠤᠨ ᠬᠦᠷᠢᠶ᠎ᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠭᠤᠤᠯᠳᠠᠯᠭ᠎ᠠ᠎ᠲᠠᠢ ᠠᠵᠤ ᠠᠬᠤᠢᠯᠠᠯ᠎ᠢ ᠲᠣᠭ᠍ᠲᠠᠭᠠᠨ᠎ᠠ᠃ ᠨᠥᠬᠦᠴᠡᠯ᠎ᠳᠤ ᠨᠡᠢᠴᠡᠬᠦ᠌ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠪᠡᠯᠡᠳᠭᠡᠮᠵᠢ᠎ᠶ᠋ᠢᠨ ᠨᠠᠰᠤᠵᠢᠬᠤ᠎ᠳᠤ ᠳᠣᠭᠢᠷᠠᠬᠤ᠂ ᠬᠡᠦᠬᠡᠳ᠎ᠲᠤ ᠳᠣᠭᠢᠷᠠᠬᠤ ᠥᠭᠡᠷᠡᠴᠢᠯᠡᠯᠲᠡ᠎ᠶ᠋ᠢᠨ ᠲᠥᠷᠥᠯ ᠵᠦᠢᠯ᠎ᠢ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠱᠢᠰᠲ᠋ᠧᠮᠵᠢ᠎ᠶ᠋ᠢᠨ ᠲᠤᠷᠱᠢᠯᠲᠠ᠎ᠶ᠋ᠢᠨ ᠴᠡᠭ᠂ ᠬᠡᠷᠡᠭ᠌ᠯᠡᠭᠡᠨ᠎ᠤ ᠱᠢᠨ᠎ᠡ ᠡᠵᠡᠩᠨᠡᠯᠲᠡ᠎ᠶ᠋ᠢᠨ ᠪᠠᠢᠳᠠᠯ ᠱᠢᠨ᠎ᠡ ᠵᠠᠭ᠍ᠪᠤᠷ ᠱᠢᠨ᠎ᠡ ᠪᠠᠢᠳᠠᠯ᠎ᠤᠨ ᠲᠤᠷᠱᠢᠯᠲᠠ᠎ᠶ᠋ᠢᠨ ᠴᠡᠭ᠂ ᠵᠢᠵᠢᠭ᠌ᠯᠡᠨ ᠬᠤᠳᠠᠯᠳᠤᠬᠤ ᠦᠢᠯᠡᠰ᠎ᠤᠨ ᠱᠢᠨ᠎ᠡ᠎ᠶ᠋ᠢ ᠡᠭᠦᠳᠦᠨ ᠳᠡᠭᠡᠭ᠌ᠰᠢᠯᠡᠭᠦᠯᠬᠦ᠌ ᠲᠤᠷᠱᠢᠯᠲᠠ᠎ᠶ᠋ᠢᠨ ᠴᠡᠭ᠎ᠲᠤ ᠣᠷᠣᠭᠤᠯᠬᠤ᠎ᠶ᠋ᠢ ᠵᠣᠷᠢᠭ᠍ᠵᠢᠭᠤᠯᠤᠨ᠎ᠠ᠃ ᠰᠠᠯᠠᠭ᠎ᠠ ᠮᠦᠴᠢᠷ᠎ᠤᠨ ᠳᠥᠷᠥ᠎ᠶ᠋ᠢᠨ ᠪᠤᠳᠣᠯᠭ᠎ᠠ᠎ᠶ᠋ᠢᠨ ᠬᠤᠷᠡᠮᠠᠯ᠎ᠢ ᠴᠢᠩᠭᠠᠳᠭᠠᠨ᠂ ᠠᠷᠡᠳ᠎ᠲᠤ ᠳᠦᠬᠦᠮ ᠦᠵᠡᠬᠦᠯᠬᠦ᠌ ᠠᠮᠢᠳᠣᠷᠡᠯ᠎ᠤᠨ ᠲᠤᠭᠤᠷᠢᠭ᠎ᠤᠨ ᠪᠦᠳᠦᠭᠡᠨ ᠪᠠᠢᠭᠤᠯᠥᠯᠳᠡ᠎ᠶ᠋ᠢ ᠠᠯᠪᠠᠨ᠎ᠠᠴᠠ ᠡᠷᠬᠢᠯᠡᠭ᠌ᠰᠡᠨ ᠨᠠᠰᠣᠵᠢᠯ᠎ᠤᠨ ᠦᠢᠯᠡᠴᠢᠯᠡᠬᠡᠨ᠎ᠤ ᠴᠢᠳᠡᠪᠦᠷᠢ᠎ᠯᠤᠭ᠎ᠠ ᠳᠡᠭᠡᠭ᠌ᠰᠢᠯᠡᠬᠦᠯᠬᠦ᠌ ᠳᠥᠷᠦᠯ ᠵᠦᠢᠯ᠂ ᠬᠠᠭᠤᠴᠢᠨ ᠵᠢᠵᠢᠭ ᠲᠤᠭᠤᠷᠢᠭ᠎ᠢ ᠦᠭᠡᠷᠡᠴᠢᠯᠡᠨ ᠱᠢᠨᠡᠳᠭᠡᠬᠦ᠂ ᠪᠦᠷᠢᠨ ᠪᠦᠳᠦᠨ ᠨᠡᠢᠭᠡᠮ ᠲᠤᠭᠤᠷᠢᠭ᠎ᠤᠨ ᠪᠦᠳᠦᠭᠡᠨ ᠪᠠᠢᠭᠤᠯᠥᠯᠳᠡ ᠵᠡᠷᠭᠡ ᠬᠤᠳᠡ᠎ᠶ᠋ᠢᠨ ᠱᠢᠨᠡᠳᠭᠡᠬᠦ᠌ ᠳᠥᠷᠦᠯ ᠵᠦᠢᠯ᠎ᠯᠦᠭᠡ ᠬᠠᠷᠢᠯᠴᠠᠨ ᠬᠠᠮᠵᠢᠯᠴᠠᠵᠦ᠍᠂ 《ᠨᠢᠭᠡ ᠨᠠᠰᠤᠲᠠᠢ ᠨᠢᠭᠡ ᠪᠠᠭ᠎ᠠ》 ᠵᠡᠷᠭᠡ ᠦᠢᠯᠡᠴᠢᠯᠡᠭᠡᠨ᠎ᠤ ᠲᠣᠣᠷ ᠴᠡᠭ᠎ᠤᠨ ᠳᠡᠮᠵᠢᠬᠦ᠌ ᠠᠷᠭ᠎ᠠ ᠪᠠᠷᠢᠯ᠎ᠢ ᠦᠷᠭᠡᠳᠭᠡᠨ᠎ᠠ᠃ ᠨᠡᠢᠭᠡᠮ ᠲᠣᠭᠤᠷᠢᠭ᠎ᠤᠨ ᠱᠢᠭᠢᠳᠭᠡᠯ ᠮᠠᠶᠢᠭ᠎ᠤᠨ ᠦᠢᠯᠡᠴᠢᠯᠡᠭᠡᠨ᠎ᠤ ᠪᠡᠯᠡᠳᠭᠡᠮᠵᠢ᠎ᠶ᠋ᠢ ᠳᠡᠬᠦᠯᠳᠡᠷᠵᠢᠬᠦᠯᠵᠦ᠍᠂ ᠨᠡᠢᠭᠡᠮ ᠲᠣᠭᠤᠷᠢᠭ᠎ᠤᠨ ᠱᠢᠭᠢᠳᠭᠡᠯ ᠮᠠᠶᠢᠭ᠎ᠤᠨ ᠦᠢᠯᠡᠴᠢᠯᠡᠭᠡᠨ᠎ᠤ ᠲᠣᠰᠭᠠᠢᠵᠢᠭ᠍ᠰᠠᠨ ᠨᠡᠷᠡᠲᠦ ᠳᠡᠮᠳᠡᠭ᠌ᠵᠢᠬᠦᠯᠥᠨ ᠬᠡᠯᠬᠢᠶᠡᠵᠢᠬᠦᠯᠥᠨ ᠬᠦᠭ᠌ᠵᠢᠬᠦᠯᠬᠦ᠌᠎ᠶ᠋ᠢ ᠠᠬᠢᠭᠤᠯᠥᠨ᠎ᠠ᠃ ᠠᠷᠠᠳ᠎ᠲᠤ ᠲᠥᠬᠦᠮ ᠦᠵᠡᠭᠦᠯᠬᠦ᠌ ᠠᠮᠢᠳᠤᠷᠠᠯ᠎ᠤᠨ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢ 《ᠵᠠᠯᠠᠭᠤ ᠨᠠᠰᠤᠨ᠎ᠤ ᠵᠢᠵᠢᠭ ᠳᠡᠯᠭᠡᠭᠦᠷ》᠂ 《ᠠᠵᠢᠯᠴᠢᠨ᠎ᠤ ᠡᠪᠯᠡᠯ᠎ᠤᠨ ᠠᠵᠢᠯ ᠣᠯᠭᠤᠯᠲᠠ᠎ᠶ᠋ᠢ ᠬᠠᠪᠰᠤᠷᠬᠤ》 ᠠᠵᠢᠯᠯᠠᠭ᠎ᠠ᠂ 《ᠵᠡᠮᠳᠡᠭ᠌ᠴᠦᠳ᠎ᠤᠨ ᠬᠡᠷ ᠪᠦᠯᠢ》 ᠎ᠶ᠋ᠢ ᠪᠥᠲᠥᠭᠡᠨ ᠪᠠᠢᠭᠤᠯᠬᠤ ᠵᠡᠷᠭᠡ᠎ᠲᠠᠢ ᠵᠣᠯᠭᠠᠭᠤᠯᠵᠤ᠂ ᠨᠡᠢᠯᠡᠮᠡᠯ ᠬᠦᠴᠦᠨ᠎ᠢ ᠪᠦᠷᠢᠯᠳᠦᠭᠦᠯᠦᠨ᠎ᠡ᠃

  

  ᠬᠤᠳᠠᠯᠳᠤᠭᠠᠨ᠎ᠤ ᠶᠠᠪᠤᠳᠠᠯ᠎ᠤᠨ ᠶᠠᠮᠤᠨ

  ᠠᠷᠠᠳ᠎ᠤᠨ ᠶᠠᠪᠤᠳᠠᠯ᠎ᠤᠨ ᠶᠠᠮᠤᠨ

  ᠬᠥᠮᠦᠨ᠎ᠦ᠌ ᠬᠦᠴᠦᠨ᠎ᠦ᠌ ᠡᠬᠢ ᠪᠠᠶᠠᠯᠢᠭ ᠨᠡᠢᠭᠡᠮ᠎ᠦ᠋ᠨ ᠪᠠᠲᠤᠯᠠᠭ᠎ᠠ᠎ᠶᠢᠨ ᠶᠠᠮᠤᠨ

  ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ

  ᠣᠷᠣᠨ ᠰᠠᠭᠤᠴᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ

  ᠰᠣᠶᠣᠯ ᠪᠠ ᠵᠢᠭᠤᠯᠴᠢᠯᠠᠯ᠎ᠤᠨ ᠶᠠᠮᠤᠨ

  ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ

  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠤᠪᠴᠢᠶ᠎ᠠ

  ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ

  2025 ᠣᠨ᠎ᠤ 9 ᠳ᠋ᠤᠭᠡᠷ ᠰᠠᠷ᠎ᠠ᠎ᠶ᠋ᠢᠨ 1 ᠎ᠤ ᠡᠳᠦᠷ

ᠢᠷᠡᠯᠲᠡ᠄ ᠦᠢᠯᠡᠴᠢᠯᠡᠭᠡᠨ᠎ᠦ ᠠᠷᠠᠯᠵᠢᠶ᠎ᠠ ᠪᠠ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠦ ᠦᠢᠯᠡᠰ᠎ᠦᠨ ᠵᠤᠷᠭᠠᠨ
          
ᠬᠠᠮᠢᠶ᠎ᠡ ᠪᠦᠬᠦᠢ ᠰᠣᠨᠢᠨ
 
            