ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠄ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠦᠢᠯᠡᠴᠢᠯᠡᠬᠡᠨ᠎ᠤ ᠠᠷᠠᠯᠵᠢᠶ᠎ᠠ᠎ᠶ᠋ᠢᠨ ᠵᠤᠷᠭᠠᠨ᠎ᠤ ᠬᠠᠷᠢᠭᠤᠴᠠᠯᠭᠠᠲᠠᠨ《ᠬᠤᠨᠣᠭ᠍ᠯᠠᠬᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠵᠢᠯᠣᠭᠤᠳᠭᠤ ᠰᠠᠨᠠᠯ 》᠎ᠳᠤ ᠲᠠᠢᠯᠤᠮᠵᠢ ᠬᠢᠪᠠ
ᠨᠡᠶ᠋ᠢᠲᠡᠯᠡᠭᠰᠡᠨ ᠴᠠᠭ᠄ 2025-10-17

  ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ ᠣᠢᠷ᠎ᠠ᠎ᠳᠤ ᠬᠠᠮᠲᠤᠷᠠᠨ 《 ᠬᠤᠨᠣᠭ᠍ᠯᠠᠬᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠵᠢᠯᠣᠭᠤᠳᠭᠤ ᠰᠠᠨᠠᠯ 》( ᠳᠣᠷᠣᠭ᠍ᠰᠢ 《 ᠵᠢᠯᠣᠭᠤᠳᠭᠤ ᠰᠠᠨᠠᠯ 》 ᠭᠡᠵᠦ᠍ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠵᠤ᠂ ᠬᠤᠨᠣᠭ᠍ᠯᠠᠬᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠵᠢᠯᠣᠭᠤᠳᠤᠨ ᠠᠬᠢᠭᠤᠯᠪᠠ᠃ ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠷᠠᠯᠵᠢᠶ᠎ᠠ᠎ᠶ᠋ᠢᠨ ᠵᠤᠷᠭᠠᠨ᠎ᠤ ᠬᠠᠷᠢᠭᠤᠴᠠᠯᠭᠠᠲᠠᠨ 《 ᠵᠢᠯᠣᠭᠤᠳᠭᠤ ᠰᠠᠨᠠᠯ 》᠎ᠳᠤ ᠲᠠᠢᠯᠤᠮᠵᠢ ᠬᠢᠪᠡ᠃

  ᠨᠢᠭᠡ᠂ 《 ᠵᠢᠯᠣᠭᠤᠳᠭᠤ ᠰᠠᠨᠠᠯ 》᠎ᠢ ᠨᠡᠢᠲᠡᠯᠡᠭ᠌ᠰᠡᠨ ᠠᠬᠤᠢ ᠪᠠᠢᠳᠠᠯ

  ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠠᠴᠠ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠠᠬᠢᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠥᠪ᠎ᠤᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠠᠴᠠ ᠦᠢᠯᠡᠴᠢᠯᠡᠭᠡᠨ᠎ᠤ ᠬᠡᠷᠡᠭ᠌ᠯᠡᠭᠡ᠎ᠳᠤ ᠣᠯᠠᠨ ᠤᠳᠠᠭ᠎ᠠ ᠪᠠᠢᠷᠢᠯᠠᠭᠤᠯᠤᠯᠲᠠ ᠬᠢᠵᠦ᠍᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠶᠡᠬᠡ ᠪᠡᠷ ᠬᠥᠭ᠌ᠵᠢᠭᠦᠯᠵᠦ᠍᠂ ᠬᠡᠷᠡᠭ᠌ᠯᠡᠭᠡᠨ᠎ᠤ ᠠᠵᠤ ᠠᠬᠤᠶ᠎ᠶ᠋ᠢᠨ ᠨᠡᠮᠡᠭ᠌ᠳᠡᠯ᠎ᠳᠤ ᠦᠵᠡᠭᠦᠯᠬᠦ᠌ ᠳᠠᠢᠴᠢᠯᠠᠬᠤ ᠦᠢᠯᠡᠳᠦᠯ᠎ᠢ ᠴᠢᠩᠭᠠᠳᠭᠠᠬᠤ ᠬᠡᠷᠡᠭ᠌ᠲᠡᠶ ᠭᠡᠵᠦ᠍ ᠱᠠᠭᠠᠷᠳᠠᠪᠠ᠃ ᠬᠤᠨᠣᠭ᠍ᠯᠠᠬᠤ ᠦᠢᠯᠡᠰ ᠪᠣᠯ ᠭᠤᠷᠪᠠᠳᠤᠭᠠᠷ ᠠᠵᠤ ᠦᠢᠯᠡᠰ᠎ᠦᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠴᠤ᠌ ᠦᠢᠯᠡᠴᠢᠯᠡᠭᠡᠨ᠎ᠦ ᠬᠡᠷᠡᠭ᠌ᠯᠡᠭᠡᠨ᠎ᠦ ᠴᠢᠬᠤᠯᠠ ᠬᠦᠷᠢᠶ᠎ᠡ ᠴᠠᠷᠠᠭ᠎ᠠ ᠪᠣᠯᠤᠨ᠎ᠠ᠃ ᠬᠤᠨᠣᠭ᠍ᠯᠠᠬᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠨᠢ ᠠᠷᠠᠳ ᠤᠯᠠᠨ᠎ᠤ ᠴᠢᠨᠠᠷ ᠰᠠᠢᠲᠠᠢ ᠬᠤᠨᠤᠭ᠍ᠯᠠᠬᠤ ᠦᠢᠯᠡᠴᠢᠯᠡᠭᠡᠨ᠎ᠤ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ ᠴᠢᠳᠠᠬᠤ᠎ᠪᠠᠷ ᠪᠠᠷᠠᠬᠤ ᠦᠭᠡᠢ ᠪᠠᠰᠠ ᠰᠣᠶᠣᠯ ᠵᠤᠭᠠᠴᠠᠯ᠎ᠤᠨ ᠠᠵᠤ ᠦᠢᠯᠡᠰ᠂ ᠪᠤᠭᠤᠷᠤᠯᠴᠤᠳ᠎ᠤᠨ ᠠᠵᠤ ᠠᠬᠤᠢ᠂ ᠤᠷᠤᠯᠳᠤᠭᠠᠨ᠎ᠤ ᠶᠠᠪᠤᠳᠠᠯ᠎ᠤᠨ ᠠᠵᠤ ᠠᠬᠤᠢ᠂ ᠮᠥᠰᠥ᠍ ᠴᠠᠰᠤᠨ᠎ᠤ ᠠᠵᠤ ᠠᠬᠤᠢ᠎ᠶ᠋ᠢ ᠬᠥᠭ᠌ᠵᠢᠭᠦᠯᠬᠦ᠌᠎ᠳᠤ ᠴᠢᠬᠤᠯᠠ ᠬᠡᠯᠬᠢᠶᠡᠰᠦ ᠪᠠ ᠲᠤᠯᠭᠠᠭᠤᠷᠢᠯᠠᠬᠤ ᠦᠢᠯᠡᠳᠦᠯ ᠦᠵᠡᠭᠦᠯᠬᠦ᠌ ᠪᠣᠯᠤᠨ᠎ᠠ᠃ ᠭᠡᠪᠡᠴᠦ᠍ ᠡᠭᠦᠨ᠎ᠤ ᠬᠠᠮᠲᠤ᠌᠂ ᠮᠠᠨ᠎ᠤ ᠤᠯᠤᠰ᠎ᠤᠨ ᠬᠤᠨᠣᠭ᠍ᠯᠠᠬᠤ ᠦᠢᠯᠡᠰ᠎ᠤᠨ ᠬᠥᠭ᠌ᠵᠢᠯᠲᠡ᠎ᠳᠤ ᠮᠥᠨ ᠬᠦ᠌ ᠵᠠᠷᠢᠮ ᠠᠰᠠᠭᠤᠳᠠᠯ ᠪᠠ ᠳᠤᠲᠠᠭᠤᠳᠠᠯ ᠲᠤᠯᠭᠠᠷᠠᠵᠤ ᠪᠠᠢᠨ᠎ᠠ᠂ ᠵᠢᠱ᠌ᠢᠶᠡᠯᠡᠪᠡᠯ ᠪᠡᠶ᠎ᠡ᠎ᠪᠠᠨ ᠳᠠᠭᠠᠭᠠᠭ᠍ᠰᠠᠨ ᠨᠠᠷᠠᠲᠤ ᠲᠡᠮᠳᠡᠭ᠎ᠦᠨ ᠪᠠᠢᠭᠤᠯᠤᠯᠲᠠ᠎ᠶ᠋ᠢᠨ ᠡᠷᠴᠢᠮ ᠬᠦᠷᠦᠯᠴᠡᠬᠦ᠌ ᠥᠬᠡᠶ᠂ ᠢᠵᠢᠯᠢᠱᠢᠬᠦ᠌ ᠥᠷᠢᠰᠥᠯᠳᠦᠭᠡᠨ᠎ᠤ ᠦᠵᠡᠭ᠌ᠳᠡᠯ ᠲᠣᠪᠣᠢᠮ᠎ᠠ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠬᠢᠷᠢ ᠲᠦᠪᠱᠢᠨ ᠥᠨᠳᠥᠷ ᠪᠢᠰᠢ ᠪᠠᠢᠵᠤ᠂ ᠰᠠᠯᠠᠭ᠎ᠠ ᠮᠥᠴᠢᠷ᠎ᠤᠨ ᠨᠡᠢᠯᠡᠮᠡᠯ ᠬᠦᠴᠦᠨ᠎ᠢ ᠲᠦᠷᠭᠡᠨ ᠪᠠᠳᠠᠷᠠᠭᠤᠯᠵᠤ᠂ ᠬᠤᠨᠤᠭ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠪᠠ ᠬᠥᠲᠥᠯᠦᠨ ᠵᠢᠯᠣᠭᠤᠳᠭᠤ ᠴᠢᠬᠤᠯᠠᠲᠠᠶ ᠪᠠᠢᠨ᠎ᠠ᠃

  ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠬᠤᠨᠣᠭ᠍ᠯᠠᠬᠤ ᠦᠢᠯᠡᠰ᠎ᠤᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠴᠢᠨᠠᠷ ᠰᠠᠢᠲᠠᠶ ᠬᠤᠨᠣᠭ᠍ᠯᠠᠬᠤ ᠦᠢᠯᠡᠴᠢᠯᠡᠭᠡᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠨᠠᠩ ᠰᠠᠢᠲᠤᠷ ᠥᠷᠭᠡᠳᠭᠡᠬᠦ᠌᠎ᠶ᠋ᠢᠨ ᠲᠥᠯᠥᠭᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ ᠲᠥᠷᠥᠯ᠎ᠤᠨ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠶ ᠥᠷᠨᠢᠭᠦᠯᠦᠭ᠌ᠰᠡᠨ ᠰᠠᠭᠤᠷᠢᠨ ᠳᠡᠭᠡᠷ᠎ᠡ 《ᠵᠢᠯᠣᠭᠤᠳᠭᠤ ᠰᠠᠨᠠᠯ 》᠎ᠢ ᠰᠤᠳᠤᠯᠤᠨ ᠲᠤᠭᠤᠷᠪᠢᠬᠤ᠎ᠶ᠋ᠢᠨ ᠬᠠᠮᠲᠤ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠪᠡ᠃

  ᠬᠤᠶᠠᠷ᠂《 ᠵᠢᠯᠣᠭᠤᠳᠭᠤ ᠰᠠᠨᠠᠯ 》᠎ᠤᠨ ᠶᠡᠷᠦᠩᠬᠡᠶ ᠰᠡᠳᠭᠢᠬᠦᠢ ᠪᠠ ᠭᠤᠤᠯ ᠠᠭᠤᠯᠭ᠎ᠠ

  《ᠵᠢᠯᠣᠭᠤᠳᠭᠤ ᠰᠠᠨᠠᠯ 》᠎ᠳᠤ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ᠎ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠦᠢᠯᠡᠴᠢᠯᠡᠵᠦ᠍᠂ ᠳᠣᠲᠣᠭᠠᠳᠤ ᠬᠡᠷᠡᠭ᠌ᠴᠡᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠥᠷᠭᠡᠳᠭᠡᠬᠦ᠌ ᠪᠠ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠤᠨᠣᠭ᠍ᠯᠠᠬᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠬᠠᠩᠭᠠᠯᠭ᠎ᠠ᠎ᠶ᠋ᠢᠨ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠵᠦ᠍᠂ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠬᠤᠨᠣᠭ᠍ᠯᠠᠬᠤ ᠦᠢᠯᠡᠰ᠎ᠤᠨ ᠶᠠᠰᠤ ᠴᠢᠨᠠᠷ᠂ ᠤᠶᠤᠨᠴᠢᠯᠠᠯᠲᠠ᠂ ᠠᠭᠤᠰᠤᠯᠴᠠᠯ᠂ ᠪᠣᠬᠢᠷᠲᠤᠯ ᠦᠭᠡᠢ᠂ ᠣᠯᠠᠨ ᠤᠯᠤᠰᠴᠢᠯᠠᠭ᠍ᠰᠠᠨ ᠬᠥᠭ᠌ᠵᠢᠯᠲᠡ᠎ᠶ᠋ᠢ ᠠᠬᠢᠭᠤᠯᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃

  《 ᠵᠢᠯᠣᠭᠤᠳᠭᠤ ᠰᠠᠨᠠᠯ 》᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠳᠤ ᠵᠢᠷᠭᠤᠭᠠᠨ ᠶᠡᠭᠡ ᠬᠡᠰᠡᠭ᠎ᠢ ᠪᠠᠭ᠍ᠲᠠᠭᠠᠵᠤ᠂ ᠨᠡᠢᠲᠡ 17 ᠵᠦᠢᠯ ᠪᠣᠶ᠃

  ᠨᠢᠭᠡ᠎ᠳᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠪᠤᠢᠵᠢᠭᠤᠯᠤᠨ᠎ᠠ᠃ ᠬᠤᠨᠤᠭ᠍ᠯᠠᠬᠤ ᠦᠢᠯᠡᠰ᠎ᠤᠨ ᠨᠡᠷᠡᠳᠣ ᠳᠡᠮᠳᠡᠭ᠌ᠳᠦ᠍᠎ᠶ᠋ᠢᠨ ᠪᠠᠢᠭᠤᠯᠥᠯᠳᠡ᠎ᠶ᠋ᠢ ᠴᠢᠩᠭᠠᠳᠭᠠᠵᠦ᠍᠂ ᠨᠢᠭᠡ ᠪᠦᠯᠥᠭ ᠲᠣᠮᠳᠡ ᠳᠡᠭᠡᠳᠦ ᠦᠵᠦᠭᠦᠷ᠎ᠤᠨ ᠪᠠᠭᠤᠳᠡᠯ᠎ᠤᠨ ᠨᠡᠷᠡᠳᠣ ᠳᠡᠮᠳᠡᠭ᠌ᠳᠦ᠂ ᠠᠷᠡᠳ᠎ᠤᠨ ᠣᠷᠣᠨ ᠰᠠᠭᠤᠴᠠ᠎ᠶ᠋ᠢᠨ ᠨᠡᠷᠡᠳᠣ ᠳᠡᠮᠳᠡᠭ᠌ᠳᠦ᠍᠎ᠶ᠋ᠢ ᠪᠤᠢᠵᠢᠭᠤᠯᠵᠦ᠍᠂ ᠡᠵᠡᠩᠨᠡᠯᠳᠡ᠎ᠶ᠋ᠢᠨ ᠭᠤᠤᠯ ᠴᠣᠠᠠᠴᠠ᠎ᠶ᠋ᠢᠨ ᠦᠭᠡᠷᠡᠴᠢᠯᠡᠨ ᠳᠡᠰ ᠳᠡᠪᠱᠢᠬᠦᠯᠬᠦ᠌᠎ᠶ᠋ᠢ ᠠᠬᠢᠭᠤᠯᠥᠨ᠂ ᠣᠯᠠᠨ ᠤᠯᠤᠰᠴᠢᠯᠠᠯᠲᠠ᠎ᠶ᠋ᠢᠨ ᠬᠢᠷᠢ ᠭᠡᠮᠵᠢᠶ᠎ᠠ᠎ᠶ᠋ᠢ ᠳᠡᠭᠡᠭ᠌ᠰᠢᠯᠡᠬᠦᠯᠬᠦ᠌᠎ᠶ᠋ᠢ ᠳᠡᠮᠵᠢᠨ᠎ᠠ᠃ ᠬᠤᠶᠠᠷ᠎ᠲᠤ᠌᠂ ᠶᠠᠰᠤ ᠴᠢᠨᠠᠷ᠎ᠤᠨ ᠬᠠᠩᠭᠠᠯᠭ᠎ᠠ᠎ᠶ᠋ᠢ ᠥᠷᠭᠡᠳᠭᠡᠨ᠎ᠡ᠃ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠱᠢᠨ᠎ᠡ᠎ᠶ᠋ᠢ ᠡᠭᠦᠳᠬᠦ᠌ ᠵᠢᠴᠢ ᠣᠶᠤᠨᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠵᠤ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠭᠠᠳᠠᠭᠠᠳᠤ᠎ᠳᠤ ᠬᠤᠯᠪᠣᠭ᠍ᠳᠠᠬᠤ ᠭᠥᠯᠢᠶᠡᠨ ᠠᠪᠬᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠭᠤᠷᠪᠠ᠎ᠳᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠲᠦᠷᠭᠡᠳᠭᠡᠨ᠎ᠡ᠃ ᠬᠤᠨᠤᠭ᠍ᠯᠠᠬᠤ ᠦᠢᠯᠡᠰ᠎ᠤᠨ ᠲᠣᠣᠷ᠎ᠠ ᠨᠡᠬᠦᠷᠡᠰᠦᠳᠦ᠋ᠷᠦᠭ᠌ᠴᠢᠳᠦ ᠣᠷᠴᠢᠨ ᠲᠤᠭᠤᠷᠢᠨ᠎ᠢ ᠬᠠᠮᠠᠭᠠᠯᠠᠬᠤ ᠬᠦᠭ᠌ᠵᠢᠯᠳᠡ᠎ᠶ᠋ᠢ ᠠᠬᠢᠭᠤᠯᠥᠨ᠂ ᠵᠤᠴᠢᠳ᠎ᠤᠨ ᠪᠠᠭᠤᠳᠠᠯ᠎ᠤᠨ ᠪᠤᠬᠢᠷᠳᠣᠯ ᠦᠭᠡᠢ ᠪᠣᠯᠭᠠᠬᠤ ᠪᠦᠳᠦᠭᠡᠨ ᠪᠠᠢᠭᠤᠯᠥᠯᠳᠡ᠎ᠶ᠋ᠢ ᠳᠥᠷᠭᠡᠳᠭᠡᠵᠦ᠍᠂ ᠪᠤᠬᠢᠷᠳᠣᠯ ᠦᠭᠡᠢ ᠵᠤᠴᠢᠳ᠎ᠤᠨ ᠪᠠᠭᠤᠳᠠᠯ᠂ ᠣᠳᠣᠨ ᠳᠡᠰ᠎ᠤᠨ ᠵᠢᠭᠤᠯᠴᠢᠯᠠᠯ᠎ᠤᠨ ᠵᠤᠴᠢᠳ᠎ᠤᠨ ᠪᠠᠭᠤᠳᠠᠯ᠎ᠤᠨ ᠣᠯᠥᠰ᠎ᠤᠨ ᠪᠡᠷᠢᠮᠵᠢᠶ᠎ᠠ᠎ᠶ᠋ᠢ ᠲᠤᠭᠤᠱᠢᠯᠠᠭᠤᠯᠤᠨ ᠭᠡᠷᠡᠭ᠌ᠵᠢᠬᠦᠯᠬᠦ᠌᠎ᠶ᠋ᠢ ᠵᠣᠷᠢᠠᠠᠵᠢᠭᠤᠯᠥᠨ᠎ᠠ᠃ ᠳᠥᠷᠪᠡ᠎ᠳᠤ᠂ ᠬᠥᠭ᠌ᠵᠢᠯᠲᠡ᠎ᠶ᠋ᠢᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠦᠨ᠎ᠡ᠃ ᠬᠤᠨᠣᠭ᠍ᠯᠠᠬᠤ ᠦᠢᠯᠡᠰ᠎ᠤᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠮᠠᠶᠢᠭ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠤᠨᠣᠭ᠍ᠯᠠᠬᠤ ᠦᠢᠯᠡᠰ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠲᠠᠪᠤ᠎ᠳᠤ᠂ ᠡᠯᠧᠮᠧᠨ᠋ᠲ᠎ᠤᠨ ᠲᠤᠯᠭᠠᠭᠤᠷᠢᠯᠠᠯ᠎ᠢ ᠴᠢᠩᠭᠠᠳᠭᠠᠨ᠎ᠠ᠃ ᠬᠣᠨᠣᠭ᠍ᠯᠠᠬᠤ ᠦᠢᠯᠡᠰ᠎ᠦᠨ ᠬᠡᠷᠡᠭ᠌ᠯᠡᠬᠦ᠌ ᠭᠠᠵᠠᠷ᠎ᠤᠨ ᠲᠥᠯᠥᠪᠵᠢᠭᠦᠯᠭᠡ᠎ᠶ᠋ᠢ ᠴᠢᠩᠭᠠᠷᠠᠭᠤᠯᠤᠨ᠂ ᠮᠥᠩᠭᠥᠨ ᠭᠦᠢᠯᠭᠡᠭᠡᠨ᠎ᠦ ᠳᠡᠮᠵᠢᠯᠭᠡ᠎ᠶ᠋ᠢ ᠴᠢᠩᠭᠠᠳᠭᠠᠵᠤ᠂ ᠮᠡᠷᠭᠡᠵᠢᠯ᠎ᠦᠨ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠨ᠂ ᠴᠢᠳᠠᠪᠤᠷᠢᠲᠠᠨ ᠬᠥᠮᠦᠵᠢᠭᠦᠯᠬᠦ᠌᠎ᠶ᠋ᠢ ᠴᠢᠩᠭᠠᠳᠭᠠᠨ᠎ᠠ᠃ ᠵᠢᠷᠭᠤᠭ᠎ᠠ᠎ᠳᠤ᠂ ᠠᠵᠢᠯ᠎ᠤᠨ ᠰᠠᠭᠤᠷᠢ᠎ᠶ᠋ᠢ ᠪᠠᠬᠢᠵᠢᠭᠦᠯᠦᠨ᠎ᠡ᠃ ᠲᠣᠭ᠎ᠠ ᠪᠦᠷᠢᠳᠭᠡᠯ᠎ᠦᠨ ᠬᠢᠨᠠᠨ ᠬᠡᠮᠵᠢᠬᠦ᠌ ᠱᠢᠰᠲ᠋ᠧᠮ᠎ᠢ ᠲᠡᠭᠦᠯᠳᠡᠷᠵᠢᠭᠦᠯᠦᠨ᠂ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢ ᠴᠢᠩᠭᠠᠷᠠᠭᠤᠯᠤᠨ᠎ᠠ᠃

  ᠭᠤᠷᠪᠠ᠂ 《 ᠵᠢᠯᠣᠭᠤᠳᠭᠤ ᠰᠠᠨᠠᠯ 》᠎ᠤᠨ ᠭᠤᠣᠯ ᠣᠨᠴᠠᠯᠢᠭ ᠪᠠ ᠪᠣᠳᠣᠯᠬᠢᠯᠠᠯ

  ᠨᠢᠭᠡ᠎ᠳᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠶᠠᠰᠤ ᠴᠢᠨᠠᠷ᠎ᠢ ᠱᠢᠰᠲ᠋ᠧᠮ᠎ᠲᠠᠢ ᠳᠡᠭᠡᠭ᠌ᠰᠢᠯᠡᠭᠦᠯᠦᠨ᠎ᠡ᠃ ᠣᠳᠣᠬᠠᠨ᠎ᠤ ᠠᠵᠢᠯ ᠲᠥᠷᠥᠯ᠎ᠤᠨ ᠬᠥᠭ᠌ᠵᠢᠯᠲᠡ᠎ᠳᠤ ᠣᠷᠣᠱᠢᠵᠤ ᠪᠠᠢᠭ᠎ᠠ ᠳᠤᠲᠠᠭᠤᠳᠠᠯ ᠪᠠᠭᠤᠷᠠᠶ ᠲᠠᠯ᠎ᠠ᠎ᠳᠤ ᠴᠢᠭ᠌ᠯᠡᠭᠦᠯᠦᠨ᠂ 《ᠵᠢᠯᠣᠭᠤᠳᠭᠤ ᠰᠠᠨᠠᠯ 》᠎ᠨᠢ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠪᠠᠷ ᠭᠤᠤᠯ ᠱᠢᠵᠢᠮ ᠪᠣᠯᠭᠠᠵᠤ᠂ ᠠᠵᠢᠯ ᠲᠥᠷᠥᠯ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠨᠠᠷᠠᠲᠤ ᠲᠡᠮᠳᠡᠭ᠌ᠲᠦ᠍᠎ᠶ᠋ᠢᠨ ᠪᠠᠢᠭᠤᠯᠤᠯᠲᠠ᠂ ᠲᠥᠬᠥᠭᠡᠷᠦᠮᠵᠢ᠎ᠶ᠋ᠢᠨ ᠲᠠᠰ ᠳᠡᠪᠱᠢᠬᠦ᠂ ᠣᠶᠤᠨᠴᠢ ᠬᠡᠯᠪᠡᠷᠢ᠎ᠶ᠋ᠢᠨ ᠬᠤᠪᠢᠷᠠᠭᠤᠯᠤᠯᠲᠠ᠂ ᠡᠵᠡᠩᠨᠡᠯᠲᠡ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠬᠦ᠂ ᠪᠣᠬᠢᠷᠲᠤᠯ ᠥᠬᠡᠶ ᠬᠥᠭ᠌ᠵᠢᠯᠲᠡ᠂ ᠣᠯᠠᠨ ᠤᠯᠤᠰ᠎ᠤᠨ ᠬᠠᠮᠲᠤᠷᠠᠯᠴᠠᠭ᠎ᠠ ᠵᠡᠷᠭᠡ ᠣᠯᠠᠨ ᠲᠠᠯ᠎ᠠ᠎ᠠᠴᠠ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠳᠤᠲᠠᠭᠤᠳᠠᠯ᠎ᠢ ᠬᠦᠴᠦᠯᠡᠨ ᠨᠥᠬᠦᠪᠥᠷᠢᠯᠡᠵᠦ᠍᠂ ᠴᠢᠨᠠᠷ ᠰᠠᠢᠲᠠᠶ ᠬᠣᠨᠣᠭ᠍ᠯᠠᠬᠤ ᠦᠢᠯᠡᠴᠢᠯᠡᠭᠡᠨ᠎ᠤ ᠬᠠᠩᠭᠠᠯᠭ᠎ᠠ᠎ᠶ᠋ᠢ ᠦᠷᠭᠦᠯᠵᠢᠯᠡᠨ ᠥᠷᠭᠡᠳᠭᠡᠵᠦ᠍᠂ ᠠᠷᠠᠳ ᠣᠯᠠᠨ᠎ᠢ ᠰᠠᠨᠠᠭ᠎ᠠ ᠠᠮᠤᠷ ᠰᠠᠭᠤᠯᠭᠠᠨ᠎ᠠ᠃

  ᠬᠤᠶᠠᠷ᠎ᠲᠤ᠌᠂ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌᠎ᠶ᠋ᠢ ᠴᠢᠬᠤᠯᠠᠴᠢᠯᠠᠵᠤ᠂ ᠠᠵᠢᠯ ᠲᠦᠷᠦᠯ᠎ᠤᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠥᠭ᠌ᠵᠢᠭᠡᠨ᠎ᠡ᠃ 《ᠵᠢᠯᠣᠭᠤᠳᠭᠤ ᠰᠠᠨᠠᠯ 》᠎ᠨᠢ ᠠᠵᠢᠯ ᠲᠥᠷᠥᠯ᠎ᠤᠨ ᠡᠵᠡᠩᠨᠡᠯᠲᠡ᠎ᠶ᠋ᠢᠨ ᠭᠤᠣᠯ ᠴᠣᠭ᠍ᠴᠠ᠎ᠳᠤ ᠬᠠᠨᠳᠤᠭᠤᠯᠤᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠨᠤᠭᠤᠳ᠎ᠢ ᠳᠤᠷᠠᠳᠭᠤ᠎ᠶ᠋ᠢᠨ ᠬᠠᠮᠲᠤ᠌᠂ ᠪᠠᠰᠠ ᠵᠠᠬ᠎ᠠ ᠳᠡᠯᠭᠡᠭᠦᠷ᠎ᠤᠨ ᠡᠮᠬᠢ ᠵᠢᠷᠤᠮ᠂ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠯᠪᠡᠷᠢ᠂ ᠪᠠᠷᠢᠮᠵᠢᠶ᠎ᠠ᠎ᠶ᠋ᠢᠨ ᠱᠢᠰᠲ᠋ᠧᠮ ᠵᠡᠷᠭᠡ᠎ᠳᠤ ᠴᠢᠭ᠌ᠯᠡᠭᠦᠯᠦᠨ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠲᠠᠪᠴᠠᠩ᠎ᠤᠨ ᠳᠦᠷᠢᠮ᠎ᠤᠨ ᠢᠯᠡ ᠲᠣᠳᠣ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠂ ᠭᠠᠭ᠍ᠴᠠᠭᠠᠷ ᠡᠵᠡᠮᠱᠢᠯ᠎ᠢ ᠡᠰᠡᠷᠭᠦᠴᠡᠬᠦ᠌ ᠪᠠ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ᠌ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠬᠤ᠂ ᠬᠠᠮᠢᠶ᠎ᠠ ᠪᠦᠬᠦᠢ ᠭᠡᠷᠡᠴᠢ ᠦᠨᠡᠮᠯᠡᠯ᠎ᠢ ᠭᠦᠢᠴᠡᠳᠭᠡᠬᠦ᠌ ᠶᠠᠪᠤᠴᠠ᠎ᠶ᠋ᠢ ᠱᠢᠯᠢᠳᠡᠭ᠌ᠵᠢᠭᠦᠯᠬᠦ᠂ ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠦᠢᠯᠡᠴᠢᠯᠡᠭᠡᠨ᠎ᠤ ᠪᠠᠷᠢᠮᠵᠢᠶ᠎ᠠ᠎ᠶ᠋ᠢ ᠲᠣᠭ᠍ᠲᠠᠭᠠᠬᠤ ᠵᠡᠷᠭᠡ᠎ᠶ᠋ᠢ ᠲᠦᠯᠬᠢᠨ ᠠᠬᠢᠭᠤᠯᠬᠤ᠂ ᠡᠷᠬᠡ ᠲᠡᠭ᠌ᠰᠢ᠎ᠪᠠᠷ ᠥᠷᠢᠰᠥᠯᠳᠦᠬᠦ᠂ ᠱᠢᠨ᠎ᠡ᠎ᠶ᠋ᠢ ᠡᠭᠦᠳᠬᠦ᠌᠎ᠨᠢ ᠬᠥᠭ᠌ᠵᠢᠶᠡᠨᠲᠡᠢ᠂ ᠲᠣᠭ᠍ᠲᠠᠭᠤᠨ ᠡᠮᠬᠢ ᠵᠢᠷᠤᠮ᠎ᠲᠠᠢ ᠬᠥᠭ᠌ᠵᠢᠭᠦᠯᠬᠦ᠌ ᠠᠮᠢ ᠠᠬᠤᠢ᠎ᠶ᠋ᠢ ᠬᠦᠴᠦᠯᠡᠨ ᠪᠠᠢᠭᠤᠯᠵᠤ᠂ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠭᠦ᠌ ᠬᠦᠴᠦᠨ᠎ᠢ ᠭᠦᠢᠴᠡᠳ ᠬᠥᠭ᠌ᠵᠢᠭᠡᠵᠦ᠍᠂ ᠠᠵᠢᠯ ᠲᠥᠷᠥᠯ᠎ᠤᠨ ᠬᠥᠭ᠌ᠵᠢᠯᠲᠡ᠎ᠶ᠋ᠢᠨ ᠢᠲᠡᠭᠡᠯ᠎ᠢ ᠨᠡᠮᠡᠭ᠌ᠳᠡᠭᠦᠯᠬᠦ᠌ ᠬᠡᠷᠡᠭ᠌ᠲᠡᠢ᠃

  ᠭᠤᠷᠪᠠ᠎ᠳᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠰᠠᠭᠤᠷᠢ᠎ᠶ᠋ᠢ ᠪᠠᠬᠢᠵᠢᠭᠦᠯᠦᠨ᠎ᠡ᠃ ᠠᠮᠤᠷ ᠲᠦᠪᠱᠢᠨ ᠪᠣᠯ ᠬᠤᠨᠣᠭ᠍ᠯᠠᠬᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠤᠷᠢᠲᠠᠯ ᠪᠠ ᠪᠠᠲᠤᠯᠠᠭ᠎ᠠ ᠪᠣᠯᠤᠨ᠎ᠠ᠃ 《 ᠵᠢᠯᠣᠭᠤᠳᠭᠤ ᠰᠠᠨᠠᠯ 》᠎ᠨᠢ ᠬᠤᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠵᠤ᠂ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠬᠤ᠂ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢ ᠴᠢᠩᠭᠠᠳᠭᠠᠬᠤ᠂ ᠢᠳᠡᠭᠡᠨ᠎ᠤ ᠠᠮᠤᠷ ᠲᠦᠪᠱᠢᠨ᠎ᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ 《 ᠠᠮᠢ ᠨᠠᠰᠤᠨ᠎ᠤ ᠵᠠᠮ 》 ᠎ᠤᠨ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠬᠤ ᠵᠡᠷᠭᠡ ᠠᠯᠢ ᠤᠯᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠡᠯ᠎ᠡ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠠᠤᠯᠢ ᠲᠣᠭ᠍ᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠶᠣᠰᠣᠭᠠᠷ ᠠᠶᠤᠯᠭᠦᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭ᠌ᠵᠢᠭᠦᠯᠬᠦ᠌ ᠠᠵᠢᠯ᠎ᠢ ᠴᠢᠩᠭᠠᠳᠭᠠᠵᠤ᠂ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢ ᠵᠢᠯᠣᠭᠤᠳᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢ ᠴᠢᠩᠭᠠᠳᠭᠠᠵᠤ᠂ ᠠᠵᠢᠯ ᠲᠦᠷᠦᠯ᠎ᠤᠨ ᠠᠮᠤᠷ ᠲᠦᠪᠱᠢᠨ᠎ᠤ ᠲᠦᠪᠱᠢᠨ᠎ᠢ ᠬᠠᠮᠲᠤ᠎ᠪᠠᠷ ᠳᠡᠭᠡᠭ᠌ᠰᠢᠯᠡᠭᠦᠯᠵᠦ᠍᠂ ᠠᠷᠠᠳ ᠤᠯᠠᠨ᠎ᠢ ᠰᠠᠨᠠᠭ᠎ᠠ ᠠᠮᠤᠷ ᠰᠠᠭᠤᠯᠭᠠᠬᠤ ᠬᠡᠷᠡᠭ᠌ᠲᠡᠢ ᠭᠡᠵᠦ᠍ ᠲᠣᠳᠣᠷᠬᠠᠶ ᠱᠠᠭᠠᠷᠳᠠᠪᠠ᠃

  ᠳᠠᠷᠠᠭᠠᠴᠢ᠎ᠶ᠋ᠢᠨ ᠠᠯᠬᠤᠮ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠣᠷᠣᠨ ᠨᠤᠲᠤᠭ᠎ᠢ ᠵᠢᠯᠣᠭᠤᠳᠤᠨ ᠡᠯ᠎ᠡ ᠵᠦᠢᠯ᠎ᠤᠨ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠨᠠᠷᠢᠨ ᠨᠢᠮᠪᠠᠢ ᠨᠠᠢᠳᠠᠪᠤᠷᠢᠵᠢᠭᠤᠯᠵᠤ᠂ ᠣᠷᠣᠨ ᠨᠤᠲᠤᠭ᠎ᠤᠨ ᠠᠱᠢᠭ᠍ᠲᠠᠢ ᠲᠤᠷᠱᠢᠯᠭ᠎ᠠ ᠠᠷᠭ᠎ᠠ ᠬᠢᠳᠡᠯ᠎ᠢ ᠳ᠋ᠦᠩᠨᠡᠨ ᠳᠡᠯᠭᠡᠷᠡᠭᠦᠯᠵᠦ᠍᠂ ᠬᠣᠨᠣᠭ᠍ᠯᠠᠬᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠠᠷᠠᠳ ᠤᠯᠠᠨ᠎ᠤ ᠴᠢᠨᠠᠷ ᠰᠠᠢᠲᠠᠢ ᠬᠣᠨᠣᠭ᠍ᠯᠠᠬᠤ ᠦᠢᠯᠡᠴᠢᠯᠡᠭᠡᠨ᠎ᠤ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠨ᠎ᠠ᠃

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠬᠤᠳᠠᠯᠳᠣᠭᠠᠨ᠎ᠤ ᠶᠠᠪᠤᠳᠡᠯ᠎ᠤᠨ ᠳᠢᠩᠬᠢᠮ
          
ᠬᠠᠮᠢᠶ᠎ᠡ ᠪᠦᠬᠦᠢ ᠰᠣᠨᠢᠨ
 
            