[ᠨᠡᠢ᠌ᠲᠡᠯᠡᠭᠰᠡᠨ ᠨᠢᠭᠡᠴᠢ] ᠭᠦᠢᠯᠭᠡᠭᠡᠨ᠎ᠤ ᠦᠢᠯᠡᠰ᠎ᠦᠨ ᠬᠦᠭᠵᠢᠭᠦᠯᠦᠯᠲᠡ᠎ᠶᠢᠨ ᠭᠠᠵᠠᠷ
[ᠨᠡᠢ᠌ᠲᠡᠯᠡᠭᠰᠡᠨ ᠳ᠋ᠤᠭᠠᠷ] ᠬᠤᠳᠠᠯᠳᠤᠭ᠎ᠠ ᠠᠯᠪᠠᠨ ᠭᠦᠢ᠍ᠯᠭᠡᠭᠡᠨ ᠵᠠᠬᠢᠳᠠᠯ 2025 ᠣᠨ᠎ᠤ 422 ᠳ᠋ᠤᠭ᠋ᠠᠷ ᠲᠤᠭ᠋ᠠᠲᠦ
[ ᠪᠢᠴᠢᠭᠳᠡᠭᠰᠡᠨ ᠡᠳᠦᠷ ᠬᠤᠭᠤᠴᠠᠭ᠎ᠠ] 2025 ᠣᠨ᠎ᠤ 10 ᠳ᠋ᠤᠭ᠋ᠠᠷ ᠰᠠᠷ᠎ᠠ᠎ᠶ᠋ᠢᠨ 27 ᠤ ᠡᠳᠦᠷ
ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠵᠤ᠂ ᠲᠥᠪ᠎ᠦᠨ ᠠᠵᠤ ᠠᠬᠤᠢ᠎ᠶᠢᠨ ᠠᠵᠢᠯ᠎ᠤᠨ ᠬᠤᠷᠠᠯ᠂ ᠲᠥᠪ᠎ᠦᠨ ᠬᠤᠳᠠ᠎ᠶᠢᠨ ᠠᠵᠢᠯ᠎ᠤᠨ ᠬᠤᠷᠠᠯ ᠪᠠ ᠲᠥᠪ᠎ᠦᠨ ᠡᠳ᠋᠎ᠦᠨ ᠵᠠᠰᠠᠭ ᠠᠵᠤ ᠠᠬᠤᠢ᠎ᠶᠢᠨ ᠬᠣᠷᠢᠶᠠᠨ᠎ᠤ ᠳᠥᠷᠪᠡᠳᠦᠭᠡᠷ ᠬᠤᠷᠠᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠵᠤ᠂ ᠬᠡᠷᠡᠭᠯᠡᠭᠡ᠎ᠶᠢ ᠬᠦᠴᠦᠲᠡᠢ ᠬᠦᠭᠵᠢᠭᠦᠯᠵᠦ᠂ ᠳᠣᠲᠣᠭᠠᠳᠤ ᠬᠡᠷᠡᠭ᠌ᠴᠡᠭᠡ᠎ᠶᠢ ᠪᠦᠬᠦ᠌ ᠲᠠᠯ᠎ᠠ᠎ᠪᠠᠷ ᠥᠷᠭᠡᠳᠭᠡᠵᠦ᠍᠂ ᠤᠳᠤ ᠦᠶ᠎ᠡ᠎ᠶᠢᠨ ᠠᠷᠠᠯᠵᠢᠶ᠎ᠠ ᠬᠤᠳᠠᠯᠳᠤᠭ᠎ᠠ᠎ᠶᠢᠨ ᠭᠦᠢᠯᠭᠡᠭᠡᠨ᠎ᠦ ᠲᠤᠭᠲᠠᠯᠴᠠᠭ᠎ᠠ ᠶᠢ ᠲᠡᠭᠦᠯᠳᠡᠷᠵᠢᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠡᠷᠭᠢᠯᠲᠡ᠎ᠶᠢᠨ ᠳᠤᠮᠳᠠᠬᠢ ᠬᠣᠲᠠ᠎ᠶᠢᠨ ᠵᠠᠩᠭᠢᠯᠠᠭ᠎ᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠶᠢᠨ ᠲᠥᠯᠥᠭᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ 《ᠬᠣᠲᠠ᠎ᠶᠢᠨ ᠬᠤᠳᠠᠯᠳᠤᠭᠠᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭᠠᠨ᠎ᠤ ᠲᠥᠰᠥᠯ》 ᠢ ᠲᠣᠭᠲᠠᠭᠠᠪᠠ᠃ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠶ᠃
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ
ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ
ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ᠋ ᠠᠯᠪᠠᠨ ᠲᠢᠩᠬᠢᠮ
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠶ᠋ᠢᠨ ᠠᠯᠪᠠᠨ ᠲᠢᠩᠬᠢᠮ
2025 ᠣᠨ᠎ᠤ 10 ᠳ᠋ᠤᠭ᠋ᠠᠷ ᠰᠠᠷ᠎ᠠ᠎ᠶ᠋ᠢᠨ 27 ᠤ ᠡᠳᠦᠷ
ᠬᠤᠲᠠ᠎ᠶ᠋ᠢᠨ ᠬᠤᠳᠠᠯᠳᠤᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠰᠦᠯ
ᠬᠤᠳᠠ᠎ᠶ᠋ᠢᠨ ᠬᠤᠳᠠᠯᠳᠤᠭ᠎ᠠ ᠪᠣᠯ ᠬᠤᠳᠠ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠬᠥᠳᠡᠯᠭᠡᠭᠦᠷ ᠮᠥᠨ᠂ ᠤᠳᠤ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠱᠢᠰᠲ᠋ᠧᠮ᠎ᠤᠨ ᠴᠢᠬᠤᠯᠠ ᠪᠦᠷᠢᠯᠳᠦᠬᠦᠨ ᠮᠥᠨ᠂ ᠬᠡᠷᠡᠭ᠌ᠯᠡᠭᠡ᠎ᠶ᠋ᠢ ᠶᠡᠬᠡᠪᠡᠷ ᠬᠥᠭ᠌ᠵᠢᠭᠡᠬᠦ᠂ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠪᠦᠬᠦ᠌ ᠲᠠᠯ᠎ᠠ᠎ᠪᠠᠷ ᠥᠷᠭᠡᠳᠭᠡᠬᠦ᠌ ᠴᠢᠬᠤᠯᠠ ᠠᠴᠢᠶᠠᠯᠠᠪᠤᠷᠢ ᠮᠥᠨ᠂ ᠵᠠᠬ᠎ᠠ ᠳᠡᠯᠭᠡᠭᠦᠷ᠎ᠢ ᠬᠥᠭ᠌ᠵᠢᠭᠦᠯᠬᠦ᠂ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠭᠠᠳᠠᠭᠠᠳᠤ ᠨᠡᠬᠡᠬᠡᠯᠳᠡ᠎ᠶ᠋ᠢᠨ ᠳᠤᠮᠳᠠ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠂ ᠲᠥᠪ᠎ᠤᠨ ᠬᠤᠲᠠ᠎ᠶ᠋ᠢᠨ ᠠᠵᠢᠯ᠎ᠤᠨ ᠬᠤᠷᠠᠯ ᠪᠠ ᠲᠥᠪ᠎ᠤᠨ ᠡᠳ᠋᠎ᠤᠨ ᠵᠠᠰᠠᠭ ᠠᠵᠤ ᠠᠬᠤᠶ᠎ᠶ᠋ᠢᠨ ᠵᠥᠪᠯᠡᠯ᠎ᠤᠨ ᠳᠥᠷᠪᠡᠳᠦᠭᠡᠷ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠬᠦ᠌ ᠪᠠ ᠬᠡᠷᠡᠭ᠌ᠯᠡᠭᠡ᠎ᠶ᠋ᠢ ᠥᠷᠭᠡᠳᠭᠡᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠤᠲᠠ᠎ᠶ᠋ᠢᠨ ᠬᠤᠳᠠᠯᠳᠤᠭᠠᠨ᠎ᠤ ᠬᠡᠯᠪᠡᠷᠢ᠎ᠪᠠᠨ ᠬᠤᠪᠢᠷᠠᠭᠤᠯᠤᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌᠎ᠶ᠋ᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠲᠠᠸᠠᠷ ᠪᠠ ᠦᠢᠯᠡᠴᠢᠯᠡᠭᠡᠨ᠎ᠤ ᠬᠡᠷᠡᠭ᠌ᠯᠡᠭᠡ᠎ᠶ᠋ᠢ ᠳᠡᠭᠡᠭ᠌ᠰᠢᠯᠡᠭᠦᠯᠦᠨ᠂ ᠬᠤᠲᠠ᠎ᠶ᠋ᠢᠨ ᠤᠯᠤᠰ᠎ᠤᠨ ᠳᠣᠲᠣᠭᠠᠳᠤ ᠪᠠ ᠣᠯᠠᠨ ᠤᠯᠤᠰ᠎ᠤᠨ ᠬᠤᠤᠰ ᠡᠷᠭᠢᠯᠲᠡ᠎ᠳᠠᠬᠢ ᠵᠠᠩᠭᠢᠯᠠᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠶ᠋ᠢᠨ ᠲᠥᠯᠥᠭᠡ᠂ ᠡᠳᠦᠭᠡ ᠳᠣᠤᠷᠠᠬᠢ ᠠᠵᠢᠯᠯᠠᠭᠠᠨ᠎ᠤ ᠲᠥᠰᠦᠯ᠎ᠢ ᠲᠣᠭ᠍ᠲᠠᠭᠠᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠠᠷᠠᠳ᠎ᠤᠨ ᠬᠤᠳᠠ᠎ᠶ᠋ᠢᠨ ᠤᠢ᠍ᠢᠯᠠᠭᠠᠭ᠍ᠳᠠᠬᠤᠨ᠎ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠍᠂ ᠬᠤᠳᠠ᠎ᠶ᠋ᠢᠨ ᠠᠭᠤᠯᠤᠭ᠍ᠳᠠᠬᠤᠨ᠎ᠤ ᠬᠡᠯᠪᠡᠷᠢ᠎ᠶ᠋ᠢᠨ ᠬᠥᠭ᠌ᠵᠢᠯᠲᠡ᠎ᠶ᠋ᠢ ᠪᠠᠷᠢᠮᠲᠠᠯᠠᠵᠤ᠂ ᠬᠤᠳᠠ᠎ᠶ᠋ᠢᠨ ᠱᠢᠨᠡᠴᠢᠯᠡᠯᠲᠡ᠎ᠶ᠋ᠢ ᠦᠷᠭᠦᠯᠵᠢᠯᠡᠨ ᠠᠬᠢᠭᠤᠯᠬᠤ᠎ᠲᠠᠢ ᠤᠶᠠᠯᠳᠤᠭᠤᠯᠵᠤ᠂ ᠬᠤᠳᠠ᠎ᠶ᠋ᠢᠨ ᠬᠤᠳᠠᠯᠳᠤᠭᠠᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠪᠦᠬᠦ᠌ ᠤᠯᠤᠰ᠎ᠤᠨ ᠵᠢᠱ᠌ᠢᠶ᠎ᠡ ᠦᠵᠡᠭᠦᠯᠬᠦ᠌ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠢᠶᠠᠷ ᠤᠳᠤᠷᠢᠳᠤᠮᠵᠢ ᠪᠣᠯᠭᠠᠭ᠍ᠰᠠᠨ᠂ ᠤᠨᠴᠠᠯᠢᠬ᠍ᠳᠤ ᠬᠤᠳᠠᠯᠳᠤᠭᠠᠨ᠎ᠤ ᠵᠡᠭᠡᠯᠢ ᠲᠣᠭᠤᠷᠢᠭ᠎ᠢᠶᠠᠷ ᠲᠤᠯᠭᠠᠭᠤᠷᠢᠯᠠᠯ ᠪᠣᠯᠭᠠᠭ᠍ᠰᠠᠨ᠂ ᠠᠷᠠᠳ᠎ᠲᠤ ᠲᠦᠬᠦᠮ ᠦᠵᠡᠭᠦᠯᠬᠦ᠌ ᠠᠮᠢᠳᠤᠷᠠᠯ᠎ᠤᠨ ᠬᠦᠷᠢᠶ᠎ᠡ᠎ᠪᠠᠷ ᠰᠠᠭᠤᠷᠢ ᠪᠣᠯᠭᠠᠵᠤ᠂ ᠪᠠᠢᠷᠢᠱᠢᠯ᠎ᠨᠢ ᠵᠦᠢ ᠵᠣᠬᠢᠰᠲᠠᠢ᠂ ᠲᠥᠬᠦᠭᠡᠷᠦᠮᠵᠢ᠎ᠨᠢ ᠪᠦᠷᠢᠨ ᠭᠦᠢᠴᠡᠳ᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠨᠢ ᠪᠠᠶᠠᠯᠢᠭ᠂ ᠬᠠᠩᠭᠠᠯᠭ᠎ᠠ᠎ᠨᠢ ᠴᠢᠨᠠᠷ ᠰᠠᠢᠲᠠᠢ᠂ ᠠᠮᠤᠷ ᠲᠦᠪᠱᠢᠨ ᠳᠥᠭᠦᠮ ᠳᠥᠲᠡ ᠬᠤᠳᠠ᠎ᠶ᠋ᠢᠨ ᠬᠤᠳᠠᠯᠳᠤᠭᠠᠨ᠎ᠤ ᠱᠢᠰᠲ᠋ᠧᠮ᠎ᠢ ᠪᠠᠢᠭᠤᠯᠵᠤ᠂ ᠬᠤᠳᠠ᠎ᠶ᠋ᠢᠨ ᠬᠤᠳᠠᠯᠳᠤᠭᠠᠨ᠎ᠤ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠤᠯᠠᠨ ᠶᠠᠩᠵᠤᠴᠢᠯᠠᠭ᠍ᠰᠠᠨ᠂ ᠵᠦᠷᠢᠶᠡᠴᠢᠯᠡᠭ᠌ᠰᠡᠨ ᠬᠡᠷᠡᠭᠯᠡᠭᠡ᠎ᠶᠢᠨ ᠳᠠᠯᠳᠠ ᠬᠦᠴᠦᠨ᠎ᠢ ᠪᠠᠳᠠᠷᠠᠭᠤᠯᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ᠃
ᠬᠤᠶᠠᠷ᠂ ᠬᠤᠲᠠ᠎ᠶ᠋ᠢᠨ ᠬᠤᠳᠠᠯᠳᠤᠭᠠᠨ᠎ᠤ ᠪᠠᠢᠷᠢᠱᠢᠭᠤᠯᠤᠯ᠎ᠤᠨ ᠲᠤᠭᠲᠠᠯᠴᠠᠭ᠎ᠠ᠎ᠶ᠋ᠢ ᠲᠡᠭᠦᠯᠳᠡᠷᠵᠢᠭᠦᠯᠦᠨ᠎ᠡ
(ᠨᠢᠭᠡ) ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠪᠠᠷ ᠬᠤᠲᠠ᠎ᠶ᠋ᠢᠨ ᠬᠤᠳᠠᠯᠳᠤᠭᠠᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠳᠠᠢᠴᠢᠯᠠᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠡᠷᠡᠭ᠌ᠯᠡᠭᠡ᠎ᠶ᠋ᠢ ᠲᠠᠰ ᠳᠡᠪᠱᠢᠭᠦᠯᠬᠦ᠌ ᠠᠴᠢᠶᠠᠯᠠᠪᠤᠷᠢ᠂ ᠬᠤᠲᠠ᠎ᠶ᠋ᠢᠨ ᠳᠦᠷᠢ ᠲᠥᠷᠬᠦ᠌᠎ᠶ᠋ᠢᠨ ᠨᠡᠷ᠎ᠡ᠎ᠶ᠋ᠢᠨ ᠬᠠᠭᠤᠳᠠᠰᠤ ᠪᠠ ᠭᠠᠳᠠᠭ᠍ᠰᠢ ᠨᠡᠭᠡᠭᠡᠯᠲᠡ ᠬᠢᠬᠦ᠌ ᠴᠣᠩᠬᠤ᠎ᠶ᠋ᠢ ᠪᠣᠶ ᠪᠣᠯᠭᠠᠨ᠎ᠠ᠃ ᠪᠥᠬᠦ᠌ ᠤᠯᠤᠰ᠎ᠤᠨ ᠵᠢᠱ᠌ᠢᠶ᠎ᠡ ᠦᠵᠡᠭᠦᠯᠬᠦ᠌ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠶ᠋ᠢ ᠡᠭᠦᠳᠦᠨ ᠪᠠᠢᠭᠤᠯᠬᠤ᠎ᠶ᠋ᠢ ᠥᠷᠨᠢᠭᠦᠯᠵᠦ᠍᠂ ᠬᠤᠲᠠ᠎ᠶ᠋ᠢᠨ ᠱᠢᠨᠡᠴᠢᠯᠡᠯᠲᠡ᠎ᠲᠠᠢ ᠤᠶᠠᠯᠳᠤᠭᠤᠯᠤᠨ᠂ 《ᠨᠢᠭᠡ ᠵᠡᠭᠡᠯᠢ᠎ᠳᠤ ᠨᠢᠭᠡ ᠠᠷᠭ᠎ᠠ ᠪᠣᠳᠣᠯᠭ᠎ᠠ》 ᠲᠠᠢ ᠤᠶᠠᠯᠳᠤᠭᠤᠯᠤᠨ᠂ ᠣᠲᠣ᠎ᠶ᠋ᠢᠨ ᠪᠠᠢᠭ᠎ᠠ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠶ᠋ᠢᠨ ᠪᠡᠯᠡᠳᠭᠡᠮᠵᠢ᠎ᠶ᠋ᠢᠨ ᠥᠭᠡᠷᠡᠴᠢᠯᠡᠯᠲᠡ ᠪᠠ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠲᠠᠰ ᠳᠡᠪᠱᠢᠬᠦ᠌᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠴᠢᠨᠠᠷ ᠰᠠᠢᠲᠠᠶ ᠨᠠᠷᠠᠲᠤ ᠲᠡᠮᠳᠡᠭ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ ᠱᠢᠨ᠎ᠡ ᠪᠠᠢᠳᠠᠯ᠎ᠢ ᠲᠥᠪᠯᠡᠷᠡᠭᠦᠯᠵᠦ᠍᠂ ᠬᠤᠳᠠᠯᠳᠤᠭ᠎ᠠ ᠡᠷᠭᠢᠯᠡᠬᠦ᠌ ᠪᠠ ᠬᠡᠷᠡᠭᠯᠡᠭᠡ᠎ᠶᠢᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠦᠨ᠂ ᠨᠢᠭᠡ ᠪᠦᠯᠦᠭ ᠲᠣᠰ ᠭᠠᠵᠠᠷ᠎ᠲᠤ ᠰᠠᠭᠤᠷᠢᠯᠠᠭ᠍ᠰᠠᠨ᠂ ᠪᠥᠬᠦ᠌ ᠤᠯᠤᠰ᠎ᠢ ᠨᠥᠯᠥᠭᠡᠯᠡᠭ᠌ᠰᠡᠨ᠂ ᠳᠡᠯᠡᠬᠡᠶ᠎ᠳᠤ ᠬᠠᠨᠳᠤᠭᠤᠯᠤᠭ᠍ᠰᠠᠨ ᠪᠥᠬᠦ᠌ ᠤᠯᠤᠰ᠎ᠤᠨ ᠵᠢᠱ᠌ᠢᠶ᠎ᠡ ᠦᠵᠡᠭᠦᠯᠬᠦ᠌ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠶ᠋ᠢ ᠪᠣᠶ ᠪᠣᠯᠭᠠᠨ᠎ᠠ᠃
(ᠬᠤᠶᠠᠷ) ᠣᠨᠴᠠᠯᠢᠭ᠍ᠲᠤ ᠬᠤᠳᠠᠯᠳᠤᠭᠠᠨ᠎ᠤ ᠵᠡᠭᠡᠯᠢ ᠲᠣᠭᠣᠷᠢᠭ᠎ᠢ ᠬᠥᠭ᠌ᠵᠢᠭᠦᠯᠦᠨ᠎ᠡ᠃ ᠣᠨᠴᠠᠯᠢᠭ᠍ᠲᠤ ᠬᠤᠳᠠᠯᠳᠤᠭᠠᠨ᠎ᠤ ᠬᠠᠭᠤᠴᠢᠨ ᠵᠡᠭᠡᠯᠢ᠂ ᠠᠵᠤ ᠦᠢᠯᠡᠳᠪᠦᠷᠢ᠎ᠶ᠋ᠢᠨ ᠪᠠᠭᠤᠷᠢ᠎ᠶ᠋ᠢ ᠥᠭᠡᠷᠡᠴᠢᠯᠡᠬᠦ᠌ ᠪᠦᠲᠦᠭᠡᠯᠴᠢ ᠰᠡᠳᠭᠢᠮᠵᠢ᠎ᠶ᠋ᠢᠨ ᠵᠡᠭᠡᠯᠢ ᠲᠣᠭᠤᠷᠢᠭ᠂ ᠣᠨᠴᠠᠯᠢᠭ᠍ᠲᠤ ᠡᠵᠡᠩᠨᠡᠯᠲᠡ᠎ᠶ᠋ᠢᠨ ᠬᠡᠯᠪᠡᠷᠢ᠎ᠶ᠋ᠢᠨ ᠲᠤᠰᠭᠠᠶ ᠵᠡᠭᠡᠯᠢ ᠲᠣᠭᠤᠷᠢᠭ᠂ ᠵᠤᠭᠠᠴᠠᠯ ᠰᠡᠯᠡᠭᠦᠴᠡᠯ᠎ᠤᠨ ᠵᠡᠭᠡᠯᠢ ᠲᠣᠭᠤᠷᠢᠭ ᠵᠡᠷᠭᠡ ᠣᠨᠴᠠᠯᠢᠭ᠍ᠲᠤ ᠬᠤᠳᠠᠯᠳᠤᠭᠠᠨ᠎ᠤ ᠵᠡᠭᠡᠯᠢ ᠲᠣᠭᠤᠷᠢᠭ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠬᠥᠲᠥᠯᠥᠨ ᠵᠢᠯᠣᠭᠤᠳᠴᠤ᠌᠂ ᠪᠠᠢᠭ᠎ᠠ ᠣᠷᠣᠨ ᠪᠦᠰᠡ᠂ ᠪᠦᠬᠦ᠌ ᠬᠤᠲᠠ᠎ᠶ᠋ᠢᠨ ᠬᠦᠷᠢᠶ᠎ᠡ ᠬᠡᠪᠴᠢᠶ᠎ᠡ᠎ᠶ᠋ᠢ ᠨᠥᠯᠥᠭᠡᠯᠡᠭ᠌ᠰᠡᠨ ᠬᠡᠷᠡᠭ᠌ᠯᠡᠭ᠌ᠴᠢ᠎ᠳᠤ ᠬᠠᠨᠳᠤᠭᠤᠯᠤᠨ᠂ ᠥᠪᠡᠷᠮᠢᠴᠡ ᠪᠠᠢᠳᠠᠯ᠂ ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠬᠡᠯᠪᠡᠷᠢ ᠪᠠᠢᠳᠠᠯ ᠪᠠ ᠡᠵᠡᠩᠨᠡᠯᠲᠡ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠦᠨ ᠡᠵᠡᠩᠨᠡᠬᠦ᠌ ᠵᠠᠭ᠍ᠪᠤᠷ᠎ᠢᠶᠠᠷ ᠵᠦᠷᠢᠶᠡᠴᠢᠯᠡᠭ᠌ᠰᠡᠨ ᠬᠡᠷᠡᠭᠯᠡᠭᠡ᠎ᠶᠢᠨ ᠣᠢᠯᠠᠭᠠᠯᠲᠠ᠎ᠶ᠋ᠢ ᠪᠣᠶ ᠪᠣᠯᠭᠠᠵᠤ᠂ ᠬᠤᠲᠠ᠎ᠶ᠋ᠢᠨ ᠬᠤᠳᠠᠯᠳᠤᠭᠠᠨ᠎ᠤ ᠲᠤᠭᠲᠠᠯᠴᠠᠭ᠎ᠠ᠎ᠳᠤ ᠲᠤᠯᠭᠠᠭᠤᠷᠢᠯᠠᠯ ᠬᠠᠩᠭᠠᠨ᠎ᠠ᠃ ᠡᠯ᠎ᠡ ᠭᠠᠵᠠᠷ᠎ᠤᠨ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠵᠢᠯᠯᠠᠭᠤᠯᠵᠤ ᠪᠣᠯᠬᠤ᠂ ᠲᠣᠯᠢᠯᠠᠵᠤ ᠪᠣᠯᠬᠤ ᠣᠨᠴᠠᠯᠢᠭ᠍ᠲᠤ ᠬᠤᠳᠠᠯᠳᠤᠭᠠᠨ᠎ᠤ ᠵᠡᠭᠡᠯᠢ ᠲᠣᠭᠤᠷᠢᠭ᠎ᠢ ᠰᠦᠪᠡᠭ᠌ᠴᠢᠯᠡᠨ ᠨᠡᠭᠡᠭᠡᠨ ᠬᠥᠭ᠌ᠵᠢᠭᠦᠯᠬᠦ᠌᠎ᠶ᠋ᠢ ᠳᠡᠮᠵᠢᠬᠦ᠌ ᠬᠡᠷᠡᠭ᠌ᠲᠡᠶ᠃ ᠤᠨᠴᠠᠯᠢᠬ᠍ᠳᠤ ᠬᠤᠳᠠᠯᠳᠤᠭᠠᠨ᠎ᠤ ᠵᠡᠭᠡᠯᠢ ᠲᠣᠭᠤᠷᠢᠭ᠎ᠤᠨ ᠡᠵᠡᠩᠨᠡᠯᠲᠡ᠎ᠶ᠋ᠢᠨ ᠪᠠᠢᠳᠠᠯ᠎ᠢ ᠭᠤᠣᠯᠳᠠᠯᠭ᠎ᠠ᠎ᠲᠠᠢ ᠬᠢᠨᠠᠨ ᠬᠡᠮᠵᠢᠬᠦ᠌ ᠪᠠ ᠬᠠᠷᠢᠯᠴᠠᠬᠤ ᠲᠣᠭ᠍ᠲᠠᠴᠠ᠎ᠶ᠋ᠢ ᠪᠠᠢᠭᠤᠯᠵᠤ᠂ 《ᠬᠤᠣᠰᠯᠠᠬᠤ》 ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠵᠡᠭᠡᠯᠢ ᠭᠤᠳᠤᠮᠵᠢ᠎ᠶ᠋ᠢᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠵᠡᠭᠡᠯᠢ ᠭᠤᠳᠤᠮᠵᠢ᠎ᠶ᠋ᠢ ᠵᠢᠯᠣᠭᠤᠳᠤᠨ ᠭᠠᠵᠠᠷ ᠣᠷᠣᠨ᠎ᠤ ᠣᠨᠴᠠᠯᠢᠭ᠎ᠢ ᠭᠦᠨᠵᠡᠭᠡᠢ ᠠᠭᠤᠳᠠᠯᠵᠤ᠂ ᠬᠤᠳᠠᠯᠳᠤᠭᠠᠨ᠎ᠤ ᠶᠠᠰᠤ ᠴᠢᠨᠠᠷ ᠪᠣᠯᠤᠨ ᠰᠣᠶᠣᠯ᠎ᠤᠨ ᠠᠭᠤᠯᠬᠤᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃
(ᠭᠤᠷᠪᠠ) ᠠᠮᠢᠳᠤᠷᠠᠯ᠎ᠳᠤ ᠳᠦᠭᠦᠮᠴᠢᠯᠡᠬᠦ ᠮᠦᠴᠡ᠎ᠶᠢᠨ ᠵᠠᠢᠲᠠᠢ ᠲᠤᠭᠤᠷᠢᠭ᠋᠎ᠶᠢᠨ ᠬᠦᠷᠢᠶ᠎ᠡ ᠬᠡᠪᠴᠢᠶ᠎ᠡ᠎ᠶᠢ ᠳᠡᠰ ᠳᠡᠪᠰᠢᠭᠦᠯᠦᠨ ᠦᠷᠭᠡᠳᠭᠡᠨ᠎ᠡ᠃ ᠬᠤᠲᠠ᠎ᠶ᠋ᠢᠨ ᠬᠤᠳᠠᠯᠳᠤᠭᠠᠨ᠎ᠤ ᠲᠤᠭᠲᠠᠯᠴᠠᠭ᠎ᠠ᠎ᠳᠠᠬᠢ ᠠᠮᠢᠳᠤᠷᠠᠯ᠎ᠳᠤ ᠳᠦᠭᠦᠮᠴᠢᠯᠡᠬᠦ ᠮᠦᠴᠡ᠎ᠶᠢᠨ ᠵᠠᠢᠲᠠᠢ ᠲᠤᠭᠤᠷᠢᠭ᠋᠂ ᠪᠠᠲᠤᠯᠠᠭ᠎ᠠ᠎ᠶ᠋ᠢᠨ ᠴᠢᠨᠠᠷᠲᠠᠶ ᠦᠢᠯᠡᠳᠦᠯ᠎ᠢ ᠤᠯᠠᠮ ᠨᠢᠭᠡ ᠠᠯᠬᠤᠮ ᠪᠠᠬᠢᠵᠢᠭᠦᠯᠵᠦ᠍᠂ ᠪᠠᠢᠭ᠎ᠠ ᠨᠡᠢᠭᠡᠮ ᠲᠣᠭᠤᠷᠢᠭ᠎ᠤᠨ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠤᠨ ᠦᠨᠳᠦᠰᠦᠨ ᠬᠡᠷᠡᠭ᠌ᠯᠡᠭᠡ ᠪᠠ ᠶᠠᠰᠤ ᠴᠢᠨᠠᠷᠲᠠᠶ ᠬᠡᠷᠡᠭᠯᠡᠭᠡ᠎ᠶᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃ ᠨᠥᠬᠦᠴᠡᠯ᠎ᠲᠠᠢ ᠲᠤᠰᠭᠠᠶ ᠣᠷᠣᠨ᠎ᠤ ᠠᠮᠢᠳᠤᠷᠠᠯ᠎ᠳᠤ ᠳᠦᠭᠦᠮᠴᠢᠯᠡᠬᠦ ᠮᠦᠴᠡ᠎ᠶᠢᠨ ᠵᠠᠢᠲᠠᠢ ᠲᠤᠭᠤᠷᠢᠭ᠋᠎ᠤᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠪᠥᠬᠦ᠌ ᠴᠠᠷᠠᠭᠠᠨ᠎ᠳᠤ ᠤᠷᠢᠳᠠᠪᠠᠷ ᠬᠡᠷᠡᠭ᠌ᠵᠢᠭᠦᠯᠬᠦ᠌ ᠲᠣᠭᠤᠷᠢᠭ᠎ᠤᠨ ᠲᠤᠷᠱᠢᠯᠲᠠ᠎ᠶ᠋ᠢᠨ ᠴᠡᠭ᠎ᠢ ᠥᠷᠨᠢᠭᠦᠯᠵᠦ᠍᠂ ᠲᠤᠷᠱᠢᠯᠲᠠ᠎ᠶ᠋ᠢᠨ ᠭᠠᠵᠠᠷ ᠣᠷᠣᠨ᠎ᠤ ᠬᠤᠲᠠ᠂ ᠱᠢᠶᠠᠨ᠎ᠤ ᠭᠤᠤᠯ ᠬᠤᠲᠠ᠎ᠶ᠋ᠢᠨ ᠲᠣᠭᠤᠷᠢᠭ᠎ᠤᠨ ᠨᠡᠢᠭᠡᠮ ᠲᠣᠭᠤᠷᠢᠭ᠎ᠲᠤ ᠪᠦᠬᠦᠨ᠎ᠢ ᠬᠠᠮᠤᠷᠬᠤ᠎ᠶ᠋ᠢ ᠪᠡᠶᠡᠯᠡᠭᠦᠯᠦᠨ᠎ᠡ᠃ ᠬᠤᠳᠠᠯᠳᠤᠭᠠᠨ᠎ᠤ ᠡᠬᠢ ᠪᠠᠶᠠᠯᠢᠭ᠎ᠢ ᠬᠥᠲᠥᠯᠥᠨ ᠵᠢᠯᠣᠭᠤᠳᠴᠤ᠌ ᠪᠠᠢᠭᠠᠳ ᠨᠡᠢᠭᠡᠮ ᠲᠣᠭᠤᠷᠢᠭ᠎ᠲᠤ ᠭᠦᠨᠵᠡᠭᠡᠢᠷᠡᠨ᠂ ᠪᠠᠢᠷᠢᠱᠢᠭᠤᠯᠤᠯᠲᠠ᠎ᠶ᠋ᠢ ᠨᠠᠩ ᠱᠢᠯᠢᠳᠡᠭ᠌ᠵᠢᠭᠦᠯᠬᠦ᠂ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠨᠠᠩ ᠡᠯᠪᠡᠭ ᠪᠠᠶᠠᠯᠢᠭ᠂ ᠦᠢᠯᠡᠴᠢᠯᠡᠭᠡ᠎ᠶ᠋ᠢ ᠨᠠᠩ ᠴᠢᠨᠠᠷ ᠰᠠᠢᠲᠠᠶ᠂ ᠬᠠᠮᠢᠶᠠᠷᠤᠯᠲᠠ᠎ᠶ᠋ᠢ ᠨᠠᠩ ᠣᠶᠤᠨᠴᠢ ᠪᠣᠯᠭᠠᠵᠤ᠂ ᠪᠦᠷᠢᠨ ᠪᠦᠲᠦᠨ ᠨᠡᠢᠭᠡᠮ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠲᠠᠢ ᠤᠶᠠᠯᠳᠤᠭᠤᠯᠤᠨ᠂ ᠬᠡᠷ ᠠᠬᠤᠶ᠂ ᠨᠠᠰᠤᠵᠢᠯ᠎ᠤᠨ ᠠᠰᠠᠷᠠᠮᠵᠢ᠂ ᠨᠠᠢᠳᠠᠨ ᠬᠥᠮᠦᠵᠢᠭᠦᠯᠬᠦ᠂ ᠲᠤᠰᠠᠯᠠᠬᠤ ᠬᠤᠭᠤᠯᠠ ᠵᠡᠷᠭᠡ ᠦᠢᠯᠡᠴᠢᠯᠡᠭᠡᠨ᠎ᠤ ᠪᠡᠯᠡᠳᠭᠡᠮᠵᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠲᠣᠤᠷ ᠴᠡᠭ᠎ᠤᠨ ᠳᠤᠲᠠᠭᠤᠳᠠᠯ᠎ᠢ ᠨᠥᠬᠦᠪᠥᠷᠢᠯᠡᠵᠦ᠍᠂ ᠨᠡᠢᠭᠡᠮ ᠲᠣᠭᠤᠷᠢᠭ᠎ᠤᠨ ᠬᠤᠳᠠᠯᠳᠤᠭᠠᠨ᠎ᠤ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠠᠮᠢᠳᠤᠷᠠᠯ᠎ᠳᠤ ᠳᠦᠭᠦᠮᠴᠢᠯᠡᠬᠦ ᠮᠦᠴᠡ᠎ᠶᠢᠨ ᠵᠠᠢᠲᠠᠢ ᠲᠤᠭᠤᠷᠢᠭ᠋᠎ᠤᠨ ᠬᠡᠪᠴᠢᠶ᠎ᠡ᠎ᠶ᠋ᠢ ᠲᠠᠰ ᠳᠡᠪᠱᠢᠭᠦᠯᠬᠦ᠌ ᠬᠡᠪ᠎ᠢ ᠪᠣᠶ ᠪᠣᠯᠭᠠᠨ᠎ᠠ᠃
ᠭᠤᠷᠪᠠ᠂ ᠬᠤᠲᠠ᠎ᠶ᠋ᠢᠨ ᠬᠤᠳᠠᠯᠳᠤᠭᠠᠨ᠎ᠤ ᠡᠵᠡᠩᠨᠡᠯᠲᠡ᠎ᠶ᠋ᠢᠨ ᠪᠠᠢᠳᠠᠯ᠎ᠤᠨ ᠳᠡᠰ ᠳᠡᠪᠱᠢᠬᠦ᠌᠎ᠶᠢ ᠠᠬᠢᠭᠤᠯᠤᠨ᠎ᠠ
(ᠲᠦᠷᠪᠡ) ᠶᠡᠷᠦᠩᠬᠡᠢᠯᠡᠭ᠌ᠰᠡᠨ ᠬᠡᠷᠡᠭᠯᠡᠭᠡ᠎ᠶᠢᠨ ᠬᠡᠷᠡᠭ᠌ᠴᠡᠭᠡ᠎ᠳᠤ ᠬᠠᠨᠳᠤᠭᠤᠯᠤᠨ ᠶᠠᠰᠤ ᠴᠢᠨᠠᠷ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠪᠤᠢᠵᠢᠭᠤᠯᠤᠨ᠎ᠠ᠃ ᠬᠡᠷᠡᠭ᠌ᠯᠡᠭ᠌ᠴᠢᠳ᠎ᠤᠨ ᠶᠡᠷᠦᠩᠬᠡᠢᠯᠡᠭ᠌ᠰᠡᠨ ᠬᠡᠯᠪᠡᠷᠢ᠎ᠶ᠋ᠢᠨ ᠪᠠᠷᠠᠭ᠎ᠠ ᠬᠤᠳᠠᠯᠳᠤᠨ ᠠᠪᠬᠤ ᠰᠡᠯᠡᠭᠦᠴᠡᠯ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠬᠠᠨᠳᠤᠭᠤᠯᠵᠤ᠂ ᠬᠤᠲᠠ᠎ᠶ᠋ᠢᠨ ᠲᠥᠪ ᠣᠷᠣᠨ ᠪᠦᠰᠡ᠂ ᠭᠤᠤᠯᠳᠠᠯᠭ᠎ᠠ᠎ᠲᠠᠢ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ)ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠤᠷᠢᠭ᠂ ᠰᠥᠨᠢ᠎ᠶ᠋ᠢᠨ ᠰᠣᠶᠣᠯ ᠪᠠ ᠵᠢᠭᠤᠯᠴᠢᠯᠠᠯ᠎ᠤᠨ ᠬᠡᠷᠡᠭ᠌ᠯᠡᠭᠡ ᠲᠥᠪᠯᠡᠷᠡᠭ᠌ᠰᠡᠨ ᠣᠷᠣᠨ᠎ᠳᠤ ᠨᠢᠭᠡ ᠪᠦᠯᠦᠭ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠴᠣᠭ᠍ᠴᠠ᠎ᠶ᠋ᠢ ᠪᠤᠢᠵᠢᠭᠤᠯᠵᠤ᠂ ᠣᠯᠠᠨ ᠡᠱᠢᠵᠢᠭ᠌ᠰᠡᠨ ᠡᠵᠡᠩᠨᠡᠯᠲᠡ᠎ᠶ᠋ᠢᠨ ᠪᠠᠢᠳᠠᠯ᠂ ᠠᠬᠤᠶ ᠪᠠᠢᠳᠠᠯ ᠪᠠ ᠦᠢᠯᠡᠴᠢᠯᠡᠭᠡ᠎ᠶ᠋ᠢ ᠲᠥᠪᠯᠡᠷᠡᠭᠦᠯᠦᠨ᠂ ᠳᠡᠯᠡᠬᠡᠢᠴᠢᠯᠡᠭ᠌ᠰᠡᠨ᠂ ᠴᠢᠨᠠᠷ ᠰᠠᠢᠲᠠᠶ ᠬᠡᠷᠡᠭᠯᠡᠭᠡ ᠲᠠᠲᠠᠬᠤ ᠬᠦᠴᠦᠨ᠎ᠢ ᠳᠡᠭᠡᠭ᠌ᠰᠢᠯᠡᠭᠦᠯᠵᠦ᠍᠂ ᠨᠢᠭᠡ ᠥᠷᠲᠡᠭᠡ ᠮᠠᠶᠢᠭ᠎ᠤᠨ ᠣᠯᠠᠨ ᠡᠱᠢᠲᠦ ᠬᠡᠷᠡᠭᠯᠡᠭᠡ᠎ᠶᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃ ᠨᠢᠭᠡ ᠪᠦᠯᠦᠭ ᠤᠯᠠᠮᠵᠢᠯᠠᠯᠲᠤ ᠪᠦᠷᠢᠨ ᠪᠠᠷᠠᠭ᠎ᠠ᠎ᠶ᠋ᠢᠨ ᠳᠡᠯᠭᠡᠭᠦᠷ᠂ ᠪᠠᠷᠠᠭ᠎ᠠ ᠬᠤᠳᠠᠯᠳᠤᠨ ᠠᠪᠬᠤ ᠲᠥᠪ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠲᠠᠸᠠᠷ ᠪᠠ ᠦᠢᠯᠡᠴᠢᠯᠡᠭᠡᠨ᠎ᠤ ᠬᠠᠩᠭᠠᠯᠭ᠎ᠠ ᠡᠯᠪᠡᠭ ᠪᠠᠶᠠᠯᠢᠭ᠂ ᠪᠠᠷᠠᠭ᠎ᠠ ᠬᠤᠳᠠᠯᠳᠤᠨ ᠠᠪᠴᠤ᠌ ᠰᠡᠯᠡᠭᠦᠴᠡᠬᠦ᠌ ᠵᠡᠷᠭᠡ ᠴᠢᠳᠠᠮᠵᠢ ᠪᠦᠷᠢᠨ ᠲᠡᠭᠦᠯᠳᠡᠷ ᠬᠡᠷᠡᠭᠯᠡᠭᠡ᠎ᠶᠢᠨ ᠠᠴᠢᠶᠠᠯᠠᠪᠤᠷᠢ᠎ᠶ᠋ᠢ ᠪᠣᠶ ᠪᠣᠯᠭᠠᠨ᠎ᠠ᠃ ᠨᠥᠬᠦᠴᠡᠯ᠎ᠳᠤ ᠨᠡᠢᠴᠡᠬᠦ᠌ ᠳᠡᠯᠭᠡᠭᠦᠷ᠎ᠢ ᠬᠢᠯᠢ᠎ᠪᠠᠷ ᠭᠠᠷᠴᠤ᠌ ᠭᠠᠢᠯᠢ ᠪᠤᠴᠠᠭᠠᠬᠤ ᠳᠡᠯᠭᠡᠭᠦᠷ ᠪᠣᠯᠭᠠᠬᠤ᠎ᠶ᠋ᠢ ᠳᠡᠮᠵᠢᠵᠦ᠍᠂ ᠬᠢᠯᠢ᠎ᠪᠠᠷ ᠣᠷᠣᠵᠤ ᠢᠷᠡᠬᠦ᠌ ᠬᠡᠷᠡᠭ᠌ᠯᠡᠭᠡ᠎ᠶ᠋ᠢ ᠥᠷᠭᠡᠳᠭᠡᠨ᠎ᠡ᠃
(ᠲᠠᠪᠤ) ᠣᠨᠴᠠ ᠲᠣᠭ᠍ᠲᠠᠭ᠍ᠰᠠᠨ ᠬᠦᠷᠢᠶᠡᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠢᠷᠢᠯᠠᠭᠤᠯᠬᠤ ᠲᠤᠰᠭᠠᠶ ᠮᠡᠷᠭᠡᠵᠢᠯ᠎ᠤᠨ ᠡᠵᠡᠩᠨᠡᠯᠲᠡ᠎ᠶ᠋ᠢᠨ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠎ᠡ᠃ ᠬᠦᠮᠦᠷᠭᠡᠯᠡᠨ ᠬᠠᠳᠠᠭᠠᠯᠠᠬᠤ ᠨᠡᠢᠭᠡᠮᠯᠢᠭ᠎ᠤᠨ ᠭᠡᠱᠢᠭᠦᠳ᠎ᠤᠨ ᠳᠡᠯᠭᠡᠭᠦᠷ᠂ ᠲᠤᠰᠭᠠᠢ ᠳᠡᠯᠭᠡᠭᠦᠷ ᠵᠡᠷᠭᠡ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠬᠥᠭ᠌ᠵᠢᠭᠦᠯᠵᠦ᠍᠂ ᠬᠠᠳᠠᠭᠠᠯᠠᠬᠤ ᠪᠠ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ᠂ ᠪᠥᠭᠡᠮ᠎ᠢᠶᠠᠷ ᠬᠤᠳᠠᠯᠳᠤᠬᠤ ᠪᠠ ᠵᠢᠵᠢᠭ᠌ᠯᠡᠨ ᠬᠤᠳᠠᠯᠳᠤᠬᠤ᠎ᠶ᠋ᠢ ᠵᠡᠷᠭᠡ᠎ᠪᠠᠷ ᠡᠵᠡᠩᠨᠡᠵᠦ᠍᠂ ᠣᠨᠴᠠ ᠲᠣᠭ᠍ᠲᠠᠭ᠍ᠰᠠᠨ ᠲᠠᠸᠠᠷ᠎ᠤᠨ ᠪᠠᠷᠠᠭ᠎ᠠ ᠬᠠᠩᠭᠠᠬᠤ ᠪᠠ ᠬᠡᠷᠡᠭ᠌ᠯᠡᠭ᠌ᠴᠢᠳ᠎ᠤᠨ ᠬᠤᠳᠠᠯᠳᠤᠨ ᠠᠪᠬᠤ ᠬᠡᠷᠡᠭ᠌ᠴᠡᠭᠡ᠎ᠶ᠋ᠢ ᠬᠠᠩᠭᠠᠨ᠎ᠠ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠦ᠋ᠲᠯᠧᠰ᠂ ᠨᠠᠷᠠᠲᠤ ᠲᠡᠮᠳᠡᠭ᠎ᠦᠨ ᠲᠤᠰᠭᠠᠶ ᠳᠡᠯᠭᠡᠭᠦᠷ᠂ ᠦᠨ᠎ᠡ ᠪᠠᠭᠤᠷᠠᠭᠤᠯᠬᠤ ᠳᠡᠯᠭᠡᠭᠦᠷ ᠵᠡᠷᠭᠡ ᠡᠵᠡᠩᠨᠡᠯᠲᠡ᠎ᠶ᠋ᠢᠨ ᠪᠠᠢᠳᠠᠯ᠎ᠢ ᠪᠤᠢᠵᠢᠭᠤᠯᠵᠤ᠂ ᠵᠢᠭᠤᠯᠴᠢᠯᠠᠯ᠎ᠤᠨ ᠵᠠᠮ ᠱᠤᠭᠤᠮ᠂ ᠰᠡᠯᠡᠭᠦᠴᠡᠯ᠎ᠤᠨ ᠠᠵᠤ ᠦᠢᠯᠡᠰ᠎ᠲᠠᠢ ᠣᠷᠭᠠᠨᠢᠭ᠎ᠢᠶᠠᠷ ᠤᠶᠠᠯᠳᠤᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠯ᠎ᠡ ᠲᠠᠰ ᠳᠠᠪᠬᠤᠷᠭ᠎ᠠ᠎ᠶ᠋ᠢᠨ ᠴᠢᠨᠠᠷ ᠰᠠᠢᠲᠠᠶ ᠨᠠᠷᠠᠲᠤ ᠲᠡᠮᠳᠡᠭ᠎ᠦᠨ ᠲᠥᠪᠯᠡᠷᠡᠭ᠌ᠰᠡᠨ ᠭᠠᠵᠠᠷ᠎ᠢ ᠪᠣᠶ ᠪᠣᠯᠭᠠᠨ᠎ᠠ᠃ ᠭᠤᠤᠯ ᠰᠡᠳᠦᠪ᠎ᠨᠢ ᠢᠯᠡ ᠲᠣᠳᠣ᠂ ᠣᠨᠴᠠᠯᠢᠭ᠎ᠢᠶᠠᠷ ᠲᠣᠪᠤᠢᠮ᠎ᠠ ᠲᠦᠷᠭᠡᠨ ᠬᠢᠯᠪᠡᠭᠡᠨ ᠳᠡᠯᠭᠡᠭᠦᠷ᠂ ᠬᠤᠳᠠᠯᠳᠤᠨ ᠠᠪᠬᠤ ᠳᠡᠯᠭᠡᠭᠦᠷ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠪᠠ ᠺᠠᠷᠲ᠋ᠣᠨ ᠵᠢᠷᠤᠭ᠂ ᠲᠣᠭ᠍ᠯᠠᠭᠠᠮ᠂ ᠡᠯᠧᠺᠲᠷᠣᠨ ᠥᠷᠢᠰᠥᠯᠳᠦᠭᠡᠨ᠂ ᠪᠡᠶ᠎ᠡ᠎ᠶ᠋ᠢᠨ ᠲᠠᠮᠢᠷ ᠵᠡᠷᠭᠡ ᠦᠶ᠋ᠯᠡᠴᠢᠯᠡᠭᠡᠨ᠎ᠤ ᠬᠡᠷᠡᠭᠯᠡᠭᠡ᠎ᠶᠢᠨ ᠱᠢᠨ᠎ᠡ ᠪᠠᠢᠳᠠᠯ᠎ᠢ ᠵᠣᠷᠢᠭ᠍ᠵᠢᠭᠤᠯᠵᠤ᠂ 《ᠪᠠᠭ᠎ᠠ ᠮᠥᠷᠲᠡᠭᠡᠨ ᠭᠤᠶᠣ》᠂ 《ᠲᠤᠰᠭᠠᠶ ᠮᠥᠷᠲᠡᠭᠡᠨ ᠨᠠᠷᠢᠯᠢᠭ》 ᠤᠨᠴᠠᠯᠢᠬ᠍ᠳᠤ ᠳᠡᠯᠭᠡᠭᠦᠷ᠎ᠢ ᠪᠤᠢᠵᠢᠭᠤᠯᠤᠨ᠎ᠠ᠃
(ᠵᠢᠷᠭᠤᠭ᠎ᠠ) ᠡᠳᠦᠷ ᠲᠤᠲᠤᠮ᠎ᠤᠨ ᠠᠮᠢᠳᠤᠷᠠᠯ᠎ᠤᠨ ᠬᠡᠷᠡᠭ᠌ᠴᠡᠭᠡ᠎ᠳᠤ ᠰᠠᠭᠤᠷᠢᠯᠠᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠪᠠᠲᠤᠯᠠᠭ᠎ᠠ᠎ᠶ᠋ᠢ ᠴᠢᠩᠭᠠᠳᠭᠠᠨ᠎ᠠ᠃ ᠬᠡᠲᠦ ᠳᠡᠯᠭᠡᠭᠦᠷ᠂ ᠲᠥᠬᠦᠮ ᠦᠵᠡᠭᠦᠯᠬᠦ᠌ ᠳᠡᠯᠭᠡᠭᠦᠷ᠎ᠤᠨ ᠰᠦᠯᠵᠢᠶᠡᠨ᠎ᠤ ᠪᠠᠢᠷᠢᠱᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠨᠠᠷᠠᠲᠤ ᠲᠡᠮᠳᠡᠭ᠌ᠴᠢᠯᠡᠭ᠌ᠰᠡᠨ᠂ ᠬᠡᠯᠬᠢᠶᠡᠵᠢᠭ᠌ᠰᠡᠨ᠂ ᠤᠶᠤᠨᠴᠢᠯᠠᠭ᠍ᠰᠠᠨ ᠡᠵᠡᠩᠨᠡᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠂ ᠬᠤᠲᠠ᠎ᠶ᠋ᠢᠨ ᠰᠠᠭᠤᠭᠠᠯᠢ ᠠᠷᠠᠳ᠎ᠤᠨ ᠴᠠᠭ ᠲᠤᠬᠠᠢᠴᠢ ᠴᠢᠨᠠᠷᠲᠠᠶ᠂ ᠳᠥᠭᠦᠮ ᠳᠥᠲᠡ ᠴᠢᠨᠠᠷᠲᠠᠶ ᠬᠡᠷᠡᠭᠯᠡᠭᠡ᠎ᠶᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃ ᠰᠠᠭᠤᠭᠠᠯᠢ ᠠᠷᠠᠳ᠎ᠤᠨ ᠲᠣᠭᠤᠷᠢᠭ᠎ᠲᠤ ᠣᠢᠷᠠᠲᠤᠭ᠍ᠰᠠᠨ ᠤᠯᠠᠮᠵᠢᠯᠠᠯᠲᠤ ᠬᠤᠳᠠᠯᠳᠤᠭᠠᠨ᠎ᠤ ᠲᠠᠯᠠᠪᠤᠷ᠎ᠤᠨ 《ᠨᠢᠭᠡ ᠳᠡᠯᠭᠡᠭᠦᠷ ᠣᠯᠠᠨ ᠴᠢᠳᠠᠪᠤᠷᠢ᠎ᠲᠠᠢ》 ᠬᠥᠷᠰᠢ ᠵᠡᠷᠭᠡᠯᠡᠳᠡᠭᠡ᠎ᠶ᠋ᠢᠨ ᠲᠥᠪ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠳᠡᠮᠵᠢᠵᠦ᠍᠂ ᠨᠢᠭᠡ ᠳᠡᠯᠭᠡᠭᠦᠷ ᠨᠢᠭᠡ ᠡᠷᠳᠡ᠂ ᠨᠢᠭᠡ ᠨᠣᠭᠤᠭ᠎ᠠ ᠨᠢᠭᠡ ᠵᠠᠰᠠᠬᠤ᠂ ᠨᠠᠰᠤᠲᠠᠨ᠎ᠢ ᠠᠰᠠᠷᠠᠵᠤ ᠬᠡᠦᠬᠡᠳ ᠰᠠᠭᠠᠲᠠᠭᠤᠯᠬᠤ ᠵᠡᠷᠭᠡ ᠦᠨᠳᠦᠰᠦᠨ ᠪᠠᠲᠤᠯᠠᠭ᠎ᠠ᠎ᠶ᠋ᠢᠨ ᠲᠥᠷᠥᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠪᠦᠷᠢᠨ ᠪᠣᠯᠭᠠᠨ᠂ ᠵᠤᠭ᠎ᠠ ᠴᠡᠩᠭᠡᠯ᠂ ᠪᠡᠶ᠎ᠡ ᠴᠢᠭᠢᠷᠠᠭ᠍ᠵᠢᠭᠤᠯᠬᠤ ᠵᠡᠷᠭᠡ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠥᠷᠥᠯ᠎ᠤᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠣᠷᠣᠭᠤᠯᠤᠨ ᠠᠪᠴᠢᠷᠠᠵᠤ᠂ ᠱᠢᠤᠳᠠᠨ᠎ᠤ ᠲᠦᠷᠭᠡᠨ ᠬᠦᠷᠭᠡᠯᠲᠡ᠂ ᠣᠷᠣᠯᠠᠨ ᠰᠠᠭᠤᠯᠭᠠᠨ ᠠᠪᠴᠤ᠌ ᠣᠷᠣᠯᠠᠨ ᠲᠤᠱᠢᠶᠠᠬᠤ᠂ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠵᠡᠷᠭᠡ ᠠᠷᠠᠳ᠎ᠲᠤ ᠲᠥᠬᠦᠮ ᠦᠵᠡᠭᠦᠯᠬᠦ᠌ ᠠᠮᠢᠳᠤᠷᠠᠯ᠎ᠤᠨ ᠦᠢᠯᠡᠴᠢᠯᠡᠭᠡᠨ᠎ᠤ ᠴᠢᠳᠠᠮᠵᠢ᠎ᠶ᠋ᠢ ᠠᠴᠢᠶᠠᠯᠠᠨ᠎ᠠ᠃
(ᠳᠤᠯᠤᠭ᠎ᠠ) ᠰᠦᠯᠵᠢᠶᠡᠨ ᠳᠡᠭᠡᠷᠡᠬᠢ ᠪᠠ ᠰᠦᠯᠵᠢᠶᠡᠨ᠎ᠦ ᠭᠠᠳᠠᠭᠤᠷᠬᠢ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠠᠵᠤ ᠠᠬᠤᠢᠯᠠᠯ ᠬᠢᠭᠡᠳ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶ᠋ᠢ ᠵᠢᠯᠣᠭᠤᠳᠴᠤ᠌᠂ ᠴᠠᠭ ᠲᠤᠬᠠᠶ᠎ᠳᠤᠨᠢ ᠵᠢᠵᠢᠭ᠌ᠯᠡᠨ ᠬᠤᠳᠠᠯᠳᠤᠬᠤ ᠵᠠᠭ᠍ᠪᠤᠷ᠎ᠢᠶᠠᠷ ᠳᠠᠮᠵᠢᠭᠤᠯᠤᠨ ᠰᠦᠯᠵᠢᠶᠡᠨ᠎ᠦ ᠭᠠᠳᠠᠭᠤᠷᠬᠢ ᠬᠤᠳᠠᠯᠳᠤᠭᠠᠨ᠎ᠤ ᠠᠴᠢᠶᠠᠯᠠᠪᠤᠷᠢ ᠬᠢᠭᠡᠳ ᠰᠦᠯᠵᠢᠶᠡᠨ ᠳᠡᠭᠡᠷᠡᠬᠢ ᠲᠠᠪᠴᠠᠩ ᠬᠤᠯᠪᠣᠭᠠᠯᠠᠨ ᠬᠥᠳᠡᠯᠦᠯᠴᠡᠬᠦ᠌᠎ᠶ᠋ᠢ ᠪᠡᠶᠡᠯᠡᠭᠦᠯᠵᠦ᠍᠂ ᠲᠠᠪᠴᠠᠩ᠎ᠤᠨ ᠵᠠᠬᠢᠶᠠᠯᠠᠭ᠎ᠠ + ᠡᠭᠦᠳᠡᠨ ᠳᠡᠯᠭᠡᠭᠦᠷ ᠲᠣᠬᠢᠷᠠᠭᠤᠯᠤᠨ ᠬᠦᠷᠭᠡᠬᠦ᠂ ᠡᠭᠦᠳᠡᠨ ᠳᠡᠯᠭᠡᠭᠦᠷ ᠵᠠᠬᠢᠶᠠᠯᠠᠭ᠎ᠠ ᠪᠠᠭᠤᠯᠭ᠋ᠠᠬᠤ + ᠴᠠᠭ ᠲᠤᠬᠠᠶ᠎ᠳᠤᠨᠢ ᠲᠣᠬᠢᠷᠠᠭᠤᠯᠤᠨ ᠬᠦᠷᠭᠡᠬᠦ᠌ ᠵᠡᠷᠭᠡ ᠵᠠᠭ᠍ᠪᠤᠷ᠎ᠢ ᠬᠥᠭ᠌ᠵᠢᠭᠦᠯᠦᠨ᠎ᠡ᠃ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ ᠬᠢᠭᠡᠳ ᠲᠦᠷᠭᠡᠨ ᠢᠯᠡᠭᠡᠯᠲᠡ᠎ᠶ᠋ᠢᠨ ᠠᠵᠤ ᠠᠬᠤᠢᠯᠠᠯ᠎ᠯᠤᠭ᠎ᠠ ᠬᠠᠮᠲᠤᠷᠠᠯᠴᠠᠬᠤ᠎ᠶ᠋ᠢ ᠵᠣᠷᠢᠬ᠍ᠵᠢᠭᠤᠯᠵᠤ᠂ ᠲᠠᠷᠠᠬᠠᠢ ᠪᠤᠲᠠᠷᠬᠠᠢ ᠬᠡᠷᠡᠭ᠌ᠴᠡᠭᠡ ᠱᠠᠭᠠᠷᠳᠠᠯᠭ᠎ᠠ᠎ᠶ᠋ᠢᠨ ᠵᠠᠬᠢᠶᠠᠯᠠᠭ᠎ᠠ᠎ᠶ᠋ᠢ ᠡᠮᠬᠢᠯᠡᠨ ᠨᠡᠢᠯᠡᠭᠦᠯᠵᠦ᠍᠂ ᠬᠠᠮᠲᠤ᠎ᠪᠠᠷ ᠲᠣᠬᠢᠷᠠᠭᠤᠯᠤᠨ ᠬᠦᠷᠭᠡᠬᠦ᠂ ᠲᠥᠪᠯᠡᠷᠡᠭᠦᠯᠦᠨ ᠲᠣᠬᠢᠷᠠᠭᠤᠯᠤᠨ ᠬᠦᠷᠭᠡᠬᠦ᠌᠎ᠶ᠋ᠢ ᠬᠥᠭ᠌ᠵᠢᠭᠦᠯᠦᠨ᠂ ᠴᠠᠭ ᠲᠤᠬᠠᠢᠳᠤᠨᠢ ᠲᠣᠬᠢᠷᠠᠭᠤᠯᠤᠨ ᠬᠦᠷᠭᠡᠬᠦ᠂ ᠬᠥᠮᠥᠨ ᠦᠭᠡᠢ᠎ᠪᠠᠷ ᠲᠣᠬᠢᠷᠠᠭᠤᠯᠤᠨ ᠬᠦᠷᠭᠡᠬᠦ᠌᠎ᠶ᠋ᠢ ᠳᠡᠯᠭᠡᠷᠡᠭᠦᠯᠵᠦ᠍᠂ ᠲᠦᠢᠯ᠎ᠤᠨ ᠣᠨᠣᠪᠴᠢᠲᠠᠢ᠎ᠪᠠᠷ ᠳᠠᠭᠠᠵᠤ ᠬᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠬᠤᠲᠠ᠎ᠶ᠋ᠢᠨ ᠣᠷᠣᠨ ᠵᠠᠢ᠎ᠶ᠋ᠢᠨ ᠪᠠᠢᠷᠢᠱᠢᠭᠤᠯᠤᠯ᠎ᠤᠨ ᠤᠷᠢᠳᠠᠴᠢ ᠬᠥᠮᠥᠷᠭᠡ᠂ ᠤᠬᠠᠭᠠᠯᠢᠭ ᠲᠦᠷᠭᠡᠨ ᠢᠯᠡᠭᠡᠯᠲᠡ᠎ᠶ᠋ᠢᠨ ᠬᠠᠢᠷᠴᠠᠭ ᠪᠣᠯᠣᠨ ᠲᠦᠷᠭᠡᠨ ᠢᠯᠡᠭᠡᠯᠲᠡ᠎ᠶ᠋ᠢᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠥᠷᠲᠡᠭᠡ ᠵᠡᠷᠭᠡ ᠪᠡᠯᠡᠳᠭᠡᠮᠵᠢ᠎ᠶ᠋ᠢ ᠠᠱᠢᠭ᠍ᠯᠠᠵᠤ᠂ ᠲᠡᠭᠦᠰᠭᠡᠯ᠎ᠤᠨ ᠲᠣᠬᠢᠷᠠᠭᠤᠯᠤᠨ ᠬᠦᠷᠭᠡᠬᠦ᠌ ᠦᠷ᠎ᠡ ᠪᠦᠲᠦᠮᠵᠢ ᠪᠣᠯᠣᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃
ᠳᠥᠷᠪᠡ᠂ ᠴᠢᠨᠠᠷ ᠰᠠᠢᠲᠠᠶ ᠲᠠᠸᠠᠷ᠎ᠤᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠪᠠᠶᠠᠯᠢᠭ᠍ᠵᠢᠭᠤᠯᠤᠨ᠎ᠠ
(ᠨᠠᠢ᠍ᠮᠠ) ᠲᠠᠸᠠᠷ ᠪᠠ ᠦᠢᠯᠡᠴᠢᠯᠡᠭᠡᠨ᠎ᠦ ᠶᠠᠰᠤ ᠴᠢᠨᠠᠷ᠎ᠢ ᠱᠢᠯᠢᠳᠡᠭ᠌ᠵᠢᠭᠦᠯᠦᠨ᠎ᠡ᠃ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠠᠵᠤ ᠠᠬᠤᠢᠯᠠᠯ᠎ᠢ ᠬᠥᠲᠥᠯᠥᠨ ᠵᠢᠯᠣᠭᠤᠳᠴᠤ᠌ ᠪᠠᠢᠭᠠᠳ ᠲᠡᠷᠢᠭᠦᠨ᠎ᠤ ᠡᠵᠡᠩᠨᠡᠯᠲᠡ᠎ᠶ᠋ᠢᠨ ᠲᠤᠷᠱᠢᠯᠭ᠎ᠠ᠎ᠶ᠋ᠢ ᠰᠤᠷᠤᠯᠴᠠᠨ ᠲᠣᠯᠢᠯᠠᠵᠤ᠂ ᠡᠵᠡᠩᠨᠡᠯᠲᠡ᠎ᠶ᠋ᠢᠨ ᠵᠠᠭ᠍ᠪᠤᠷ᠎ᠢ ᠱᠢᠨᠡᠳᠭᠡᠨ ᠲᠠᠰ ᠳᠡᠪᠱᠢᠭᠦᠯᠬᠦ᠌᠎ᠶ᠋ᠢ ᠪᠡᠶ᠎ᠡ᠎ᠪᠠᠨ ᠳᠠᠭᠠᠭᠠᠨ ᠥᠷᠨᠢᠭᠦᠯᠵᠦ᠍᠂ ᠲᠠᠸᠠᠷ᠎ᠤᠨ ᠵᠥᠪᠱᠢᠶᠡᠷᠡᠨ ᠣᠷᠣᠭᠤᠯᠬᠤ ᠪᠠ ᠪᠣᠳᠠᠰ᠎ᠤᠨ ᠡᠵᠡᠮᠳᠡᠯ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠤᠨ᠂ ᠥᠨᠳᠥᠷ ᠪᠠᠷᠢᠮᠵᠢᠶ᠎ᠠ᠂ ᠮᠥᠷᠳᠡᠵᠦ᠍ ᠪᠣᠯᠬᠤ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠪᠠᠷ ᠳᠠᠮᠵᠢᠭᠤᠯᠤᠨ ᠲᠠᠸᠠᠷ᠎ᠤᠨ ᠶᠠᠰᠤ ᠴᠢᠨᠠᠷ᠎ᠤᠨ ᠪᠣᠭᠤᠮᠲᠠ᠎ᠶ᠋ᠢ ᠴᠢᠩᠭ᠎ᠠ ᠠᠳᠭᠤᠨ᠎ᠠ᠃ ᠡᠵᠡᠩᠨᠡᠯᠲᠡ᠎ᠶ᠋ᠢᠨ ᠦᠢᠯᠡᠴᠢᠯᠡᠭᠡᠨ᠎ᠤ ᠵᠠᠭ᠍ᠪᠤᠷ᠎ᠲᠤ ᠱᠢᠨ᠎ᠡ᠎ᠶ᠋ᠢ ᠡᠭᠦᠳᠴᠦ᠍᠂ ᠲᠤᠰᠭᠠᠢᠵᠢᠭ᠍ᠰᠠᠨ ᠬᠤᠳᠠᠯᠳᠤᠬᠤ᠎ᠠᠴᠠ ᠡᠮᠦᠨᠡᠬᠢ ᠪᠣᠷᠣᠯᠠᠭᠤᠯᠭ᠎ᠠ᠎ᠶ᠋ᠢᠨ ᠳᠠᠷᠠᠭᠠᠬᠢ ᠦᠢᠯᠡᠴᠢᠯᠡᠭᠡ ᠪᠠ ᠬᠥᠮᠥᠡᠯᠢᠭ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡ ᠬᠠᠩᠭᠠᠵᠤ᠂ ᠬᠡᠷᠡᠭ᠌ᠯᠡᠭ᠌ᠴᠢᠳ᠎ᠤᠨ ᠪᠠᠷᠠᠭ᠎ᠠ ᠬᠤᠳᠠᠯᠳᠤᠨ ᠠᠪᠬᠤ ᠰᠡᠯᠡᠭᠦᠴᠡᠯ᠎ᠤᠨ ᠣᠢᠯᠠᠭᠠᠯᠲᠠ᠎ᠶ᠋ᠢ ᠳᠡᠭᠡᠭ᠌ᠰᠢᠯᠡᠭᠦᠯᠦᠨ᠎ᠡ᠃
(ᠶᠢᠰᠦ) ᠣᠯᠠᠨ ᠡᠱᠢᠲᠦ ᠲᠠᠸᠠᠷ᠎ᠤᠨ ᠬᠠᠩᠭᠠᠯᠭ᠎ᠠ᠎ᠶ᠋ᠢ ᠥᠷᠭᠡᠳᠭᠡᠨ᠎ᠡ᠃ ᠤᠯᠤᠰ᠎ᠤᠨ ᠪᠠᠷᠠᠭᠠᠨ᠎ᠤ 《ᠤᠷᠤᠰᠭᠠᠯ᠎ᠤᠨ ᠪᠣᠳᠠᠰ》 ᠤᠨ ᠬᠡᠷᠡᠭ᠌ᠯᠡᠭᠡ᠎ᠶ᠋ᠢ ᠠᠬᠢᠭᠤᠯᠵᠤ᠂ ᠬᠠᠭᠤᠴᠢᠨ ᠨᠡᠷᠡᠲᠦ ᠲᠡᠮᠳᠡᠭ ᠬᠢᠭᠡᠳ ᠲᠡᠦᠬᠡ ᠰᠣᠶᠣᠯ᠎ᠤᠨ ᠡᠬᠢ ᠪᠠᠶᠠᠯᠢᠭ᠂ ᠱᠢᠨ᠎ᠡ ᠬᠡᠷᠡᠭ᠌ᠯᠡᠭᠡᠨ᠎ᠤ ᠨᠠᠷᠠᠲᠤ ᠲᠥᠷᠥᠯ ᠲᠡᠮᠳᠡᠭ᠎ᠦᠨ ᠬᠤᠯᠪᠣᠭᠠᠯᠠᠨ ᠬᠥᠳᠡᠯᠦᠯᠴᠡᠬᠦ᠌᠎ᠶ᠋ᠢ ᠵᠣᠷᠢᠭ᠍ᠵᠢᠭᠤᠯᠵᠤ᠂ ᠨᠢᠭᠡ ᠪᠦᠯᠦᠭ 《ᠵᠠᠪᠠᠯ ᠬᠤᠳᠠᠯᠳᠤᠨ ᠠᠪᠤᠪᠠᠯ ᠵᠠᠪᠠᠯ ᠳᠠᠭᠠᠭᠤᠯᠬᠤ》 ᠬᠤᠲᠠ᠎ᠶ᠋ᠢᠨ ᠬᠠᠪᠰᠤᠷᠤᠯᠴᠠᠭ᠎ᠠ᠎ᠶ᠋ᠢ ᠪᠣᠶ ᠪᠣᠯᠭᠠᠨ᠎ᠠ᠃ ᠭᠠᠳᠠᠭᠠᠳᠣ᠎ᠠᠴᠠ ᠣᠷᠣᠭᠤᠯᠬᠤ ᠬᠡᠷᠡᠭ᠌ᠯᠡᠭᠡ᠎ᠶ᠋ᠢ ᠦᠷᠭᠡᠳᠭᠡᠵᠦ᠍᠂ ᠬᠢᠯᠢ ᠠᠯᠥᠰᠯᠬᠠᠰᠠᠨ ᠡᠯᠧᠺᠲᠷᠣᠨ ᠬᠤᠳᠠᠯᠳᠣᠭᠠᠨ᠎ᠤ ᠵᠢᠵᠢᠭ᠌ᠯᠡᠨ ᠬᠤᠳᠠᠯᠳᠣᠬᠤ ᠭᠠᠳᠠᠭᠠᠳᠣ᠎ᠠᠴᠠ ᠣᠷᠣᠭᠤᠯᠬᠤ ᠢᠳᠡᠪᠬᠢ ᠦᠢᠯᠡᠳᠣᠯ᠎ᠢ ᠪᠠᠳᠡᠷᠡᠭᠤᠯᠵᠦ᠍᠂ ᠣᠯᠡᠨ ᠣᠯᠥᠰ᠎ᠤᠨ ᠨᠡᠷ᠎ᠡ ᠴᠣᠣᠳᠡᠢ ᠨᠡᠷᠡᠳᠣ ᠲᠡᠮᠳᠡᠭ᠎ᠢ ᠳᠡᠳᠡᠨᠠ᠃ ᠶᠠᠰᠤ ᠴᠢᠨᠠᠷ᠎ᠤᠨ ᠡᠯᠧᠺᠲᠷᠣᠨ ᠬᠤᠳᠠᠯᠳᠤᠭ᠎ᠠ᠎ᠶ᠋ᠢ ᠬᠥᠭ᠌ᠵᠢᠭᠦᠯᠵᠦ᠍᠂ ᠴᠢᠨᠠᠷ ᠰᠠᠢᠲᠠᠶ ᠲᠠᠸᠠᠷ᠎ᠤᠨ ᠦᠶ᠋ᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠨ᠎ᠡ᠃ ᠭᠠᠳᠠᠭᠠᠳᠤ ᠠᠷᠠᠯᠵᠢᠶᠠᠨ᠎ᠤ ᠱᠢᠯᠢᠳᠡᠭ ᠬᠡᠷᠡᠭ᠌ᠯᠡᠭᠡ᠎ᠶ᠋ᠢ ᠥᠷᠭᠡᠳᠭᠡᠵᠦ᠍᠂ ᠳᠣᠲᠣᠭᠠᠳᠤ ᠭᠠᠳᠠᠭᠠᠳᠤ ᠠᠷᠠᠯᠵᠢᠶᠠᠨ᠎ᠤ ᠠᠷᠭ᠎ᠠ ᠵᠠᠮ᠎ᠢ ᠵᠣᠯᠭᠠᠭᠤᠯᠬᠤ᠂ ᠲᠦᠷᠦᠯ ᠲᠡᠮᠳᠡᠭ᠎ᠢ ᠵᠣᠯᠭᠠᠭᠤᠯᠬᠤ᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ᠂ ᠪᠠᠷᠢᠮᠵᠢᠶ᠎ᠠ᠎ᠶ᠋ᠢ ᠵᠣᠯᠭᠠᠭᠤᠯᠬᠤ᠎ᠶ᠋ᠢ ᠠᠬᠢᠭᠤᠯᠤᠨ᠎ᠠ᠃ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠡᠷᠡᠭ᠌ᠯᠡᠭᠡ᠎ᠨᠢ ᠪᠠᠲᠤᠯᠠᠵᠤ᠂ 《ᠨᠤᠲᠤᠭ᠎ᠤᠨ ᠣᠨᠴᠠ ᠭᠠᠷᠤᠯᠲᠠ》 ᠶ᠋ᠢᠨ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠴᠢᠩᠭᠠᠳᠭᠠᠨ᠂ ᠴᠡᠪᠡᠷ ᠨᠣᠭᠣᠭ᠎ᠠ᠎ᠶ᠋ᠢ ᠬᠣᠲᠠ᠎ᠳᠤ ᠣᠷᠣᠭᠤᠯᠬᠤ ᠱᠢᠨ᠎ᠡ ᠵᠠᠭ᠍ᠪᠤᠷ᠎ᠢ ᠬᠥᠭ᠌ᠵᠢᠭᠦᠯᠵᠦ᠍᠂ ᠬᠣᠲᠠ᠎ᠶ᠋ᠢᠨ ᠰᠠᠭᠤᠭᠠᠯᠢ ᠠᠷᠠᠳ᠎ᠤᠨ 《ᠨᠤᠭᠤᠭ᠎ᠠ ᠢᠳᠡᠭᠡᠨ》᠎ᠢ ᠪᠠᠶᠠᠯᠢᠭᠵᠢᠭᠤᠯᠤᠨ᠎ᠠ᠃
(ᠠᠷᠪᠠ) ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ᠎ᠶ᠋ᠢᠨ ᠲᠠᠮᠢᠷ᠎ᠤᠨ ᠠᠭᠤᠰᠤᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ 《ᠳᠤᠮᠳᠠᠳᠤ ᠤᠯᠤᠰ᠎ᠡᠴᠡ ᠬᠤᠳᠠᠯᠳᠤᠨ ᠠᠪᠬᠤ》 ᠰᠢᠷᠢᠰ ᠠᠵᠢᠯᠯᠠᠭ᠎ᠠ᠎ᠶᠢ ᠵᠣᠬᠢᠶᠠᠨ ᠪᠠᠢᠭᠤᠯᠤᠨ ᠥᠷᠨᠢᠭᠦᠯᠵᠦ᠍᠂ ᠰᠢᠨ᠎ᠡ᠎ᠶᠢ ᠡᠭᠦᠳᠬᠦ᠌ ᠣᠯᠠᠨ ᠡᠰᠢᠲᠦ ᠬᠡᠷᠡᠭᠯᠡᠭᠡ᠎ᠶᠢᠨ ᠪᠠᠢᠳᠠᠯ᠎ᠢ᠋ ᠪᠣᠢ ᠪᠣᠯᠭ᠋ᠠᠨ᠎ᠠ᠃ 《ᠬᠤᠳᠠᠯᠳᠤᠭ᠎ᠠ + ᠵᠢᠭᠤᠯᠴᠢᠯᠠᠯ》᠂ 《ᠬᠤᠳᠠᠯᠳᠤᠭ᠎ᠠ + ᠰᠣᠶᠣᠯ》᠎ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠳᠡᠮᠵᠢᠵᠦ᠍᠂ ᠬᠤᠲᠠ᠎ᠶ᠋ᠢᠨ ᠬᠤᠳᠠᠯᠳᠤᠭᠠᠨ᠎ᠤ ᠪᠡᠯᠡᠳᠭᠡᠮᠵᠢ ᠬᠢᠭᠡᠳ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠲᠡᠤᠬᠡ᠎ᠶ᠋ᠢᠨ ᠪᠠᠷᠢᠯᠭ᠎ᠠ᠂ ᠲᠣᠭ᠍ᠯᠠᠯᠲᠠ᠎ᠶ᠋ᠢᠨ ᠤᠷᠠᠯᠢᠭ᠎ᠤᠨ ᠲᠠᠯᠠᠪᠤᠷ ᠣᠷᠳᠣᠨ ᠵᠡᠷᠭᠡ᠎ᠶ᠋ᠢᠨ ᠬᠠᠮᠵᠢᠯᠴᠠᠨ ᠬᠠᠮᠲᠤᠷᠠᠯᠴᠠᠬᠤ᠎ᠶ᠋ᠢ ᠬᠥᠲᠥᠯᠦᠨ ᠵᠢᠯᠣᠭᠤᠳᠴᠤ᠌᠂ ᠭᠠᠵᠠᠷ ᠣᠷᠣᠨ᠎ᠤ ᠣᠨᠴᠠᠯᠢᠭ ᠪᠦᠬᠦᠢ ᠦᠢᠯᠡᠳᠬᠦᠨ ᠵᠢᠴᠢ ᠦᠢᠯᠡᠴᠢᠯᠡᠭᠡ᠎ᠶ᠋ᠢ ᠨᠡᠭᠡᠭᠡᠨ ᠬᠥᠭ᠌ᠵᠢᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠢᠶ᠎ᠠ ᠪᠦᠬᠦᠢ ᠦᠢᠯᠡᠳᠬᠦᠨ ᠪᠠ ᠣᠢᠯᠡᠴᠢᠯᠡᠬᠡᠨᠤ ᠬᠤᠳᠠ᠎ᠶ᠋ᠢᠨ ᠬᠤᠳᠠᠯᠳᠤᠭᠠᠨ᠎ᠤ ᠪᠡᠯᠡᠣᠡᠭᠡᠮᠵᠢ᠎ᠳᠤ ᠣᠷᠣᠬᠤ᠎ᠶ᠋ᠢ ᠳᠡᠮᠵᠢᠨ᠎ᠠ᠃ 《 ᠬᠤᠳᠠᠯᠳᠤᠭ᠎ᠠ + ᠪᠡᠶ᠎ᠡ᠎ᠶ᠋ᠢᠨ ᠲᠠᠮᠢᠷ》᠂ 《 ᠬᠤᠳᠠᠯᠳᠤᠭ᠎ᠠ + ᠡᠷᠡᠭᠦᠯ ᠮᠡᠨᠳᠦ》 ᠶ᠋ᠢᠨ ᠡᠵᠡᠩᠨᠡᠯᠲᠡ᠎ᠶ᠋ᠢᠨ ᠪᠠᠢᠳᠠᠯ᠎ᠤᠨ ᠬᠥᠭ᠌ᠵᠢᠯᠲᠡ᠎ᠶ᠋ᠢ ᠳᠡᠮᠵᠢᠵᠦ᠍᠂ ᠡᠯ᠎ᠡ ᠲᠥᠷᠥᠯ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠭᠠᠵᠠᠷ᠎ᠤᠨ ᠪᠡᠯᠡᠳᠭᠡᠮᠵᠢ ᠵᠡᠷᠭᠡ ᠦᠢᠯᠡᠴᠢᠯᠡᠭᠡᠨ᠎ᠤ ᠬᠡᠷᠡᠭᠯᠡᠭᠡ᠎ᠶᠢᠨ ᠲᠠᠯᠠᠪᠤᠷ ᠭᠠᠵᠠᠷ᠎ᠤᠨ ᠬᠠᠩᠭᠠᠯᠭ᠎ᠠ᠎ᠶ᠋ᠢ ᠨᠡᠮᠡᠭ᠌ᠳᠡᠭᠦᠯᠦᠨ᠂ ᠲᠣᠮᠣ ᠬᠡᠯᠪᠡᠷᠢ᠎ᠶ᠋ᠢᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠶᠠᠪᠤᠳᠠᠯ᠎ᠤᠨ ᠬᠥᠲᠥᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠢᠵᠢ ᠪᠥᠷᠢᠳᠦᠭᠦᠯᠬᠦ᠌ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠥᠷᠨᠢᠭᠦᠯᠦᠨ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠵᠡᠭᠡᠯᠢ ᠲᠣᠭᠤᠷᠢᠭ᠂ ᠬᠤᠳᠠᠯᠳᠤᠭᠠᠨ᠎ᠤ ᠲᠣᠭᠤᠷᠢᠭ᠎ᠲᠤ ᠣᠷᠣᠭᠤᠯᠬᠤ᠎ᠶ᠋ᠢ ᠠᠬᠢᠭᠤᠯᠤᠨ᠎ᠠ᠃
ᠲᠠᠪᠤ᠂ ᠬᠤᠲᠠ᠎ᠶ᠋ᠢᠨ ᠬᠤᠳᠠᠯᠳᠤᠭᠠᠨ᠎ᠤ ᠠᠵᠢᠯᠯᠠᠭᠠᠨ᠎ᠤ ᠪᠠᠲᠤᠯᠠᠭ᠎ᠠ᠎ᠶ᠋ᠢ ᠴᠢᠩᠭᠠᠷᠠᠭᠤᠯᠤᠨ᠎ᠠ
(ᠠᠷᠪᠠᠨ ᠨᠢᠭᠡ) ᠪᠠᠴᠢᠮ ᠪᠠᠢᠳᠠᠯ᠎ᠢ ᠠᠷᠭᠠᠴᠠᠭᠠᠬᠤ ᠬᠠᠩᠭᠠᠯᠭ᠎ᠠ᠎ᠶ᠋ᠢ ᠪᠠᠲᠤᠯᠠᠬᠤ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠬᠤᠲᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠬᠠᠩᠭᠠᠯᠭ᠎ᠠ᠎ᠶ᠋ᠢ ᠪᠠᠲᠤᠯᠠᠬᠤ ᠪᠡᠯᠡᠳᠭᠡᠯ ᠲᠥᠰᠦᠯ᠎ᠢ ᠪᠠᠢᠭᠤᠯᠤᠨ ᠲᠡᠭᠦᠯᠳᠡᠷᠵᠢᠭᠦᠯᠵᠦ᠍᠂ ᠵᠠᠬ᠎ᠠ ᠳᠡᠯᠭᠡᠭᠦᠷ᠎ᠤᠨ ᠠᠵᠢᠯᠯᠠᠭ᠎ᠠ᠎ᠨᠢ ᠵᠠᠳᠠᠯᠤᠨ ᠬᠢᠨᠠᠨ ᠬᠡᠮᠵᠢᠬᠦ᠌᠎ᠶ᠋ᠢ ᠴᠢᠩᠭᠠᠷᠠᠭᠤᠯᠤᠨ᠂ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠳᠠᠭᠠᠬᠤ ᠬᠤᠷᠳᠤᠴᠠ᠎ᠶ᠋ᠢ ᠳᠡᠭᠡᠭ᠌ᠰᠢᠯᠡᠭᠦᠯᠦᠨ᠎ᠡ᠃ ᠠᠮᠢᠳᠤᠷᠠᠯ᠎ᠤᠨ ᠴᠢᠬᠤᠯᠠ ᠬᠡᠷᠡᠭᠴᠡᠭᠡ᠎ᠶᠢᠨ ᠵᠦᠢᠯ᠎ᠤᠨ ᠭᠦᠢᠯᠭᠡᠭᠡᠨ᠎ᠤ ᠬᠠᠩᠭᠠᠯᠭ᠎ᠠ᠎ᠶ᠋ᠢ ᠪᠠᠲᠤᠯᠠᠬᠤ ᠲᠣᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠤᠣᠯᠳᠠᠯᠭ᠎ᠠ᠎ᠲᠠᠢ ᠪᠡᠯᠡᠳᠭᠡᠮᠵᠢ᠎ᠶ᠋ᠢᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠴᠢᠳᠠᠪᠤᠷᠢ ᠪᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ᠎ᠢ ᠳᠡᠭᠡᠭ᠌ᠰᠢᠯᠡᠭᠦᠯᠦᠨ᠎ᠡ᠃ ᠱᠢᠨ᠎ᠡ᠎ᠪᠠᠷ ᠪᠠᠢᠭᠤᠯᠤᠭ᠍ᠰᠠᠨ ᠬᠤᠳᠠᠯᠳᠤᠭᠠᠨ᠎ᠤ ᠪᠡᠯᠡᠳᠭᠡᠮᠵᠢ᠎ᠶ᠋ᠢᠨ ᠬᠤᠷᠠᠮᠠᠯ 《ᠡᠩ᠎ᠤᠨ ᠪᠠ ᠪᠠᠴᠢᠮ ᠬᠤᠶᠠᠷ᠎ᠢ ᠬᠡᠷᠡᠭ᠌ᠯᠡᠬᠦ᠌》 ᠴᠢᠳᠠᠮᠵᠢ᠎ᠶ᠋ᠢ ᠳᠡᠮᠵᠢᠵᠦ᠍᠂ ᠦᠯᠡᠳᠡᠭᠡᠯ ᠬᠤᠳᠠᠯᠳᠤᠭᠠᠨ᠎ᠤ ᠪᠡᠯᠡᠳᠭᠡᠮᠵᠢ᠎ᠶ᠋ᠢᠨ ᠬᠡᠷᠡᠭ᠌ᠯᠡᠯᠲᠡ᠎ᠶ᠋ᠢᠨ ᠪᠠᠢᠳᠠᠯ᠎ᠢ ᠥᠷᠭᠡᠳᠭᠡᠨ᠂ ᠬᠤᠳᠠᠯᠳᠤᠭᠠᠨ᠎ᠤ ᠶᠠᠪᠤᠳᠠᠯ᠎ᠤᠨ ᠬᠦᠷᠢᠶᠡᠨ᠎ᠳᠠᠬᠢ 《ᠡᠩ᠎ᠤᠨ ᠪᠠ ᠪᠠᠴᠢᠮ ᠬᠤᠶᠠᠷ᠎ᠢ ᠬᠡᠷᠡᠭ᠌ᠯᠡᠬᠦ᠌》 ᠣᠯᠠᠨ ᠨᠡᠢᠲᠡ᠎ᠶ᠋ᠢᠨ ᠰᠠᠭᠤᠷᠢ ᠪᠡᠯᠡᠳᠭᠡᠮᠵᠢ᠎ᠶ᠋ᠢᠨ ᠬᠡᠪᠴᠢᠶᠡᠨ᠎ᠳᠤ ᠣᠷᠣᠭᠤᠯᠵᠤ᠂ 《ᠡᠩ᠎ᠤᠨ ᠪᠠ ᠪᠠᠴᠢᠮ ᠬᠤᠶᠠᠷ᠎ᠢ ᠬᠡᠷᠡᠭ᠌ᠯᠡᠬᠦ᠌》 ᠣᠯᠠᠨ ᠨᠡᠢᠲᠡ᠎ᠶ᠋ᠢᠨ ᠰᠠᠭᠤᠷᠢ ᠪᠡᠯᠡᠳᠭᠡᠮᠵᠢ ᠬᠢᠭᠡᠳ ᠬᠤᠲᠠ᠎ᠶ᠋ᠢᠨ ᠬᠤᠳᠠᠯᠳᠤᠭᠠᠨ᠎ᠤ ᠪᠡᠯᠡᠳᠭᠡᠮᠵᠢ᠎ᠶ᠋ᠢᠨ ᠠᠭᠤᠰᠤᠯᠴᠠᠯ᠎ᠤᠨ ᠴᠢᠨᠠᠷ᠎ᠢ ᠦᠨᠡᠨᠬᠦ᠌ ᠪᠠᠲᠤᠯᠠᠨ᠎ᠠ᠃
(ᠠᠷᠪᠠᠨ ᠬᠣᠶᠠᠷ) ᠡᠷᠭᠢᠯᠳᠦᠭᠦᠯᠬᠦ᠌ ᠭᠦᠢᠯᠭᠡᠭᠡᠨ᠎ᠦ ᠵᠠᠮ᠎ᠢ ᠨᠡᠪᠲᠡᠷᠡᠭᠦᠯᠬᠦ᠌ ᠬᠡᠷᠡᠭ᠌ᠲᠡᠶ᠃ ᠳᠠᠬᠢᠯᠳᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠲᠤᠭᠲᠠᠯᠴᠠᠭ᠎ᠠ᠎ᠶ᠋ᠢ ᠪᠦᠷᠢᠨᠱᠢᠭᠦᠯᠵᠦ᠍᠂ ᠡᠭᠡᠭᠦᠯᠦᠨ ᠬᠤᠷᠢᠶᠠᠬᠤ ᠴᠡᠭ᠂ ᠳᠠᠮᠵᠢᠭᠤᠯᠬᠤ ᠥᠷᠲᠡᠭᠡ᠂ ᠢᠯᠭᠠᠬᠤ ᠲᠥᠪ ᠵᠡᠷᠭᠡ ᠳᠠᠬᠢᠯᠳᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠰᠠᠭᠤᠷᠢ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠬᠤᠳᠠᠯᠳᠤᠭᠠᠨ᠎ᠤ ᠪᠡᠯᠡᠳᠭᠡᠮᠵᠢ᠎ᠶ᠋ᠢᠨ ᠳᠠᠬᠢᠯᠳᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠴᠢᠳᠠᠮᠵᠢ᠎ᠶ᠋ᠢ ᠳᠡᠮᠵᠢᠵᠦ᠍᠂ 《ᠢᠨᠲ᠋ᠧᠷ ᠰᠦᠯᠵᠢᠶ᠎ᠡ +》 ᠶ᠋ᠢᠨ ᠱᠢᠨ᠎ᠡ ᠮᠠᠶᠢᠭ᠎ᠤᠨ ᠡᠭᠡᠭᠦᠯᠦᠨ ᠬᠤᠷᠢᠶᠠᠬᠤ ᠵᠠᠭ᠍ᠪᠤᠷ᠎ᠢ ᠳᠡᠯᠭᠡᠷᠡᠭᠦᠯᠦᠨ᠂ ᠠᠮᠢᠳᠤᠷᠠᠯ᠎ᠤᠨ ᠬᠣᠭ ᠨᠣᠪᠰᠢ᠎ᠶ᠋ᠢ ᠲᠥᠷᠥᠯ ᠬᠤᠪᠢᠶᠠᠬᠤ ᠬᠢᠭᠡᠳ ᠳᠠᠬᠢᠯᠳᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠲᠣᠤᠷ ᠴᠡᠭᠯᠦᠭᠡ ᠵᠣᠯᠭᠠᠭᠤᠯᠤᠨ ᠠᠭᠤᠰᠤᠯᠴᠠᠭᠤᠯᠬᠤ᠎ᠶ᠋ᠢ ᠲᠦᠯᠬᠢᠨ ᠠᠬᠢᠭᠤᠯᠤᠨ᠎ᠠ᠃ ᠭᠠᠷ ᠳᠠᠮᠵᠢᠭ᠍ᠰᠠᠨ ᠲᠠᠸᠠᠷ᠎ᠤᠨ ᠭᠦᠢᠯᠭᠡᠭᠡᠨ᠎ᠦ ᠲᠣᠣᠷ ᠴᠡᠭ᠎ᠦᠨ ᠪᠠᠢᠭᠤᠯᠤᠯᠲᠠ᠎ᠶ᠋ᠢ ᠴᠢᠩᠭ᠋ᠠᠳᠬᠠᠵᠤ᠂ ᠨᠥᠬᠥᠴᠡᠯ ᠪᠦᠬᠦᠢ ᠨᠡᠢᠭᠡᠮ ᠲᠣᠭᠤᠷᠢᠭ ᠰᠤᠯᠠ ᠪᠠᠢᠭ᠎ᠠ ᠭᠡᠷ ᠪᠠᠢ᠌ᠰᠢᠩ᠎ᠢ ᠠᠱᠢᠭ᠍ᠯᠠᠬᠤ ᠪᠣᠶᠤ ᠲᠤᠰᠭᠠᠢᠵᠢᠭ᠍ᠰᠠᠨ ᠡᠵᠡᠩᠨᠡᠯᠲᠡ᠎ᠶ᠋ᠢᠨ ᠺᠤᠮᠫᠠᠨᠢ᠎ᠳᠤ ᠨᠠᠢᠳᠠᠵᠤ ᠬᠠᠭᠤᠴᠢᠨ ᠲᠠᠸᠠᠷ ᠨᠠᠢᠳᠠᠵᠤ ᠬᠤᠳᠠᠯᠳᠤᠬᠤ ᠳᠡᠯᠭᠡᠭᠦᠷ (ᠴᠡᠭ) ᠪᠠᠢᠭᠤᠯᠬᠤ᠎ᠶ᠋ᠢ ᠵᠣᠷᠢᠭ᠍ᠵᠢᠭᠤᠯᠤᠨ᠎ᠠ᠂ ᠣᠯᠠᠨ ᠡᠱᠢᠵᠢᠭ᠌ᠰᠡᠨ ᠬᠠᠭᠤᠴᠢᠨ ᠲᠠᠸᠠᠷ᠎ᠤᠨ ᠭᠦᠢᠯᠭᠡᠭᠡᠨ᠎ᠦ ᠠᠷᠭ᠎ᠠ ᠵᠠᠮ᠎ᠢ ᠪᠣᠢ᠌ᠵᠢᠭᠤᠯᠤᠨ᠎ᠠ᠃
ᠵᠢᠷᠭᠤᠭ᠎ᠠ᠂ ᠬᠤᠲᠠ᠎ᠶ᠋ᠢᠨ ᠬᠤᠳᠠᠯᠳᠤᠭᠠᠨ᠎ᠤ ᠣᠷᠣᠨ ᠵᠠᠶ᠎ᠶ᠋ᠢᠨ ᠠᠱᠢᠭ᠍ᠯᠠᠯᠲᠠ᠎ᠶ᠋ᠢ ᠱᠢᠯᠢᠳᠡᠭ᠌ᠵᠢᠭᠦᠯᠦᠨ᠎ᠡ
(ᠠᠷᠪᠠᠨ ᠭᠤᠷᠪᠠ) ᠤᠭ᠎ᠤᠨ ᠪᠠᠢᠭ᠍ᠰᠠᠨ ᠲᠥᠬᠥᠭᠡᠷᠦᠮᠵᠢ᠎ᠶ᠋ᠢ ᠥᠭᠡᠷᠡᠴᠢᠯᠡᠬᠦ᠌᠎ᠶ᠋ᠢ ᠠᠬᠢᠭᠤᠯᠤᠨ᠎ᠠ᠃ ᠬᠤᠲᠠ᠎ᠶ᠋ᠢᠨ ᠵᠢᠵᠢᠭ᠌ᠯᠡᠨ ᠬᠤᠳᠠᠯᠳᠤᠬᠤ ᠦᠢᠯᠡᠰ᠎ᠤᠨ ᠱᠢᠨ᠎ᠡ᠎ᠶ᠋ᠢ ᠡᠭᠦᠳᠦᠨ ᠳᠡᠭᠡᠭ᠌ᠰᠢᠯᠡᠭᠦᠯᠬᠦ᠌᠎ᠶ᠋ᠢ ᠭᠦᠨᠵᠡᠭᠡᠢᠷᠡᠭᠦᠯᠵᠦ᠍᠂ 《ᠨᠢᠭᠡ ᠳᠡᠯᠭᠡᠭᠦᠷ ᠨᠢᠭᠡ ᠠᠷᠭ᠎ᠠ ᠪᠣᠳᠣᠯᠭ᠎ᠠ》 ᠠᠪᠴᠤ᠌ ᠪᠠᠢᠭᠠᠳ ᠦᠯᠡᠳᠡᠭᠡᠯ ᠬᠤᠳᠠᠯᠳᠤᠭᠠᠨ᠎ᠤ ᠪᠡᠯᠡᠳᠭᠡᠮᠵᠢ᠎ᠶ᠋ᠢᠨ ᠥᠭᠡᠷᠡᠴᠢᠯᠡᠯᠲᠡ᠎ᠶ᠋ᠢ ᠥᠷᠨᠢᠭᠦᠯᠵᠦ᠍᠂ ᠣᠷᠣᠨ ᠨᠤᠲᠤᠭ᠎ᠠᠴᠠ ᠨᠥᠬᠦᠴᠡᠯ᠎ᠳᠤ ᠨᠡᠢᠴᠡᠬᠦ᠌ ᠬᠤᠳᠠᠯᠳᠤᠭᠠᠨ᠎ᠤ ᠪᠡᠯᠡᠳᠭᠡᠮᠵᠢ᠂ ᠰᠣᠶᠣᠯ ᠪᠠ ᠵᠢᠭᠤᠯᠴᠢᠯᠠᠯ᠎ᠤᠨ ᠪᠡᠯᠡᠳᠭᠡᠮᠵᠢ᠎ᠶ᠋ᠢ ᠥᠭᠡᠷᠡᠴᠢᠯᠡᠬᠦ᠌ ᠲᠥᠷᠥᠯ ᠵᠦᠢᠯ᠎ᠢᠶᠠᠨ ᠶᠡᠭᠡ ᠬᠡᠪᠴᠢᠶᠡᠨ᠎ᠤ ᠲᠥᠬᠦᠭᠡᠷᠦᠮᠵᠢ᠎ᠶ᠋ᠢ ᠱᠢᠨᠡᠳᠭᠡᠬᠦ᠌ ᠵᠢᠴᠢ ᠬᠤᠲᠠ᠎ᠶ᠋ᠢᠨ ᠱᠢᠨᠡᠳᠭᠡᠬᠦ᠌ ᠠᠵᠢᠯᠯᠠᠭ᠎ᠠ᠎ᠶ᠋ᠢ ᠳᠡᠮᠵᠢᠬᠦ᠌ ᠬᠦᠷᠢᠶ᠎ᠡ ᠴᠠᠷᠠᠭ᠎ᠠ᠎ᠳᠤ ᠣᠷᠣᠭᠤᠯᠬᠤ᠎ᠶ᠋ᠢ ᠳᠡᠮᠵᠢᠵᠦ᠍᠂ ᠬᠤᠳᠠᠯᠳᠤᠭᠠᠨ᠎ᠤ ᠪᠡᠯᠡᠳᠭᠡᠮᠵᠢ᠎ᠶ᠋ᠢᠨ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠱᠢᠨᠡᠳᠭᠡᠨ ᠥᠭᠡᠷᠡᠴᠢᠯᠡᠬᠦ᠌ ᠠᠵᠢᠯ ᠥᠷᠨᠢᠭᠦᠯᠬᠦ᠌᠎ᠶ᠋ᠢ ᠬᠥᠲᠥᠯᠦᠨ ᠵᠢᠯᠣᠭᠤᠳᠴᠤ᠌᠂ ᠵᠠᠮ ᠬᠠᠷᠢᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠲᠡᠷᠭᠡ ᠵᠣᠭ᠍ᠰᠣᠭᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠪᠡᠯᠡᠳᠭᠡᠮᠵᠢ ᠵᠡᠷᠭᠡ ᠲᠠᠯᠠᠪᠤᠷ ᠭᠠᠵᠠᠷ᠎ᠤᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌ ᠢᠨᠵᠧᠨᠧᠷᠢᠩ᠎ᠢ ᠨᠡᠮᠡᠭ᠌ᠳᠡᠭᠦᠯᠦᠨ᠂ ᠦᠢᠯᠡᠴᠢᠯᠡᠭᠡᠨ᠎ᠤ ᠡᠵᠡᠩᠨᠡᠯᠲᠡ᠎ᠶ᠋ᠢᠨ ᠬᠡᠯᠪᠡᠷᠢ ᠪᠠᠢᠳᠠᠯ᠂ ᠵᠢᠪᠦᠮᠡᠯ ᠬᠡᠯᠪᠡᠷᠢ᠎ᠶ᠋ᠢᠨ ᠪᠡᠶᠡᠴᠢᠯᠡᠨ ᠣᠢᠯᠠᠭᠠᠬᠤ ᠮᠠᠶᠢᠭ᠎ᠤᠨ ᠦᠵᠡᠭ᠌ᠳᠡᠯ ᠵᠡᠷᠭᠡ ᠣᠯᠠᠨ ᠡᠱᠢᠲᠦ ᠡᠵᠡᠩᠨᠡᠯᠲᠡ᠎ᠶ᠋ᠢᠨ ᠪᠠᠢᠳᠠᠯ᠎ᠤᠨ ᠱᠢᠨ᠎ᠡ᠎ᠶ᠋ᠢ ᠡᠭᠦᠳᠬᠦ᠌ ᠢᠨᠵᠧᠨᠧᠷᠢᠩ᠎ᠢ ᠣᠷᠣᠭᠤᠯᠤᠨ ᠠᠪᠴᠢᠷᠠᠵᠤ᠂ ᠬᠤᠲᠠ᠎ᠶ᠋ᠢᠨ ᠬᠤᠳᠠᠯᠳᠤᠭᠠᠨ᠎ᠤ ᠵᠠᠬ᠎ᠠ ᠳᠡᠯᠭᠡᠭᠦᠷ᠎ᠢ ᠴᠡᠴᠡᠭ᠌ᠯᠡᠭᠦᠯᠦᠨ᠎ᠡ᠃
(ᠠᠷᠪᠠᠨ ᠳᠥᠷᠪᠡ) ᠱᠢᠨ᠎ᠡ᠎ᠪᠠᠷ ᠬᠥᠭ᠌ᠵᠢᠭ᠌ᠰᠡᠨ ᠮᠡᠷᠭᠡᠵᠢᠯ᠎ᠤᠨ ᠡᠨᠧᠷᠭᠢ ᠣᠯᠭᠤᠬᠤ᠎ᠶ᠋ᠢ ᠴᠢᠩᠭᠠᠳᠭᠠᠨ᠎ᠠ᠃ ᠵᠣᠬᠢᠶᠠᠮᠠᠯ ᠣᠶᠤᠨ᠂ ᠪᠣᠳᠠᠰᠯᠢᠭ ᠬᠤᠯᠪᠣᠭᠠᠲᠤ ᠰᠦᠯᠵᠢᠶ᠎ᠡ᠂ ᠡᠭᠦᠯᠡᠨ ᠪᠣᠳᠣᠯᠲᠠ᠂ ᠬᠡᠰᠡᠭᠦᠳᠦᠨ ᠬᠡᠯᠬᠢᠶ᠎ᠡ᠂ ᠥᠷᠭᠡᠳᠭᠡᠭ᠌ᠰᠡᠨ ᠪᠣᠳᠠᠲᠤ ᠠᠬᠤᠶ ᠵᠡᠷᠭᠡ ᠮᠡᠷᠭᠡᠵᠢᠯ᠎ᠢ ᠬᠤᠲᠠ᠎ᠶ᠋ᠢᠨ ᠬᠤᠳᠠᠯᠳᠤᠭᠠᠨ᠎ᠤ ᠲᠣᠭᠲᠠᠯᠴᠠᠭ᠎ᠠ᠎ᠳᠤ ᠨᠢᠭᠡᠳᠭᠡᠨ ᠬᠡᠷᠡᠭ᠌ᠯᠡᠬᠦ᠌᠎ᠶ᠋ᠢ ᠴᠢᠩᠭᠠᠳᠭᠠᠨ᠎ᠠ᠃ ᠡᠵᠡᠩᠨᠡᠯᠲᠡ᠎ᠶ᠋ᠢᠨ ᠦᠵᠦᠭᠦᠷᠲᠤ᠌᠂ ᠬᠤᠲᠠ᠎ᠶ᠋ᠢᠨ ᠬᠤᠳᠠᠯᠳᠤᠭᠠᠨ᠎ᠤ ᠲᠣᠭᠤᠷᠢᠭ᠎ᠤᠨ ᠲᠣᠮᠣ ᠳ᠋ᠠᠢᠲ᠋ᠠ᠎ᠶ᠋ᠢᠨ ᠲᠠᠪᠴᠠᠩ᠎ᠤᠨ ᠴᠢᠳᠠᠮᠵᠢ᠎ᠶ᠋ᠢ ᠲᠡᠭᠦᠯᠳᠡᠷᠵᠢᠭᠦᠯᠵᠦ᠍᠂ ᠪᠦᠬᠦ᠌ ᠤᠯᠤᠰ᠎ᠤᠨ ᠭᠤᠣᠯᠳᠠᠯᠭ᠎ᠠ᠎ᠲᠠᠢ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠶ᠋ᠢ ᠦᠷᠭᠡᠳᠭᠡᠵᠦ᠂ ᠠᠶᠠᠨᠴᠢᠳ᠎ᠤᠨ ᠤᠷᠤᠰᠭᠠᠯ᠎ᠤᠨ ᠬᠡᠮᠵᠢᠶ᠎ᠡ᠂ ᠡᠵᠡᠩᠨᠡᠯᠲᠡ᠎ᠶ᠋ᠢᠨ ᠲᠤᠭ᠎ᠠ᠎ᠶ᠋ᠢᠨ ᠬᠢᠨᠠᠨ ᠬᠡᠮᠵᠢᠬᠦ᠌ ᠬᠡᠪᠴᠢᠶ᠎ᠡ ᠪᠠ ᠴᠠᠭ᠎ᠤᠨ ᠳᠠᠪᠲᠠᠮᠵᠢ᠎ᠶ᠋ᠢ ᠭᠦᠨᠵᠡᠭᠡᠶ ᠵᠠᠳᠠᠯᠤᠨ ᠰᠤᠳᠤᠯᠵᠤ ᠮᠠᠭᠠᠳᠯᠠᠨ᠂ ᠬᠡᠷᠡᠭᠯᠡᠭᠡ᠎ᠶᠢᠨ ᠣᠨᠴᠠᠯᠢᠭ ᠵᠢᠴᠢ ᠬᠠᠨᠳᠤᠰᠢ᠎ᠶ᠋ᠢ ᠭᠦᠨᠵᠡᠭᠡᠶ ᠵᠠᠳᠠᠯᠤᠨ ᠰᠤᠳᠤᠯᠵᠤ ᠮᠠᠭᠠᠳᠯᠠᠵᠤ᠂ ᠭᠠᠵᠠᠷ ᠬᠡᠷᠡᠭ᠌ᠯᠡᠬᠦ᠌ ᠲᠥᠯᠥᠪᠵᠢᠭᠦᠯᠭᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠪᠠᠷᠠᠭᠠᠨ᠎ᠤ ᠭᠦᠢᠯᠭᠡᠭᠡᠨ᠎ᠤ ᠬᠠᠮᠢᠶᠠᠷᠤᠯᠲᠠ᠂ ᠠᠮᠤᠷ ᠲᠦᠪᠱᠢᠨ᠎ᠤ ᠪᠠᠲᠤᠯᠠᠭ᠎ᠠ ᠵᠡᠷᠭᠡ ᠣᠶᠤᠨᠴᠢ ᠦᠢᠯᠡᠴᠢᠯᠡᠭᠡ᠎ᠶ᠋ᠢ ᠲᠡᠭᠦᠯᠳᠡᠷᠵᠢᠭᠦᠯᠦᠨ᠎ᠡ᠃ ᠬᠡᠷᠡᠭᠯᠡᠭᠡ᠎ᠶᠢᠨ ᠦᠵᠦᠭᠦᠷᠲᠤ᠌᠂ ᠣᠶᠤᠨᠴᠢ ᠬᠥᠲᠥᠯᠥᠨ ᠵᠢᠯᠣᠭᠤᠳᠭᠤ᠂ ᠨᠠᠷᠢᠯᠢᠭ ᠣᠨᠣᠴᠠᠲᠠᠶ᠎ᠪᠠᠷ ᠡᠵᠡᠩᠨᠡᠨ ᠪᠣᠷᠣᠯᠠᠭᠤᠯᠬᠤ᠂ ᠡᠭᠦᠯᠡᠨ ᠳᠡᠭᠡᠷᠡᠬᠢ ᠪᠠᠷᠠᠭ᠎ᠠ ᠬᠤᠳᠠᠯᠳᠤᠨ ᠠᠪᠬᠤ᠂ ᠵᠢᠪᠦᠭ᠌ᠰᠡᠨ ᠪᠠ ᠪᠡᠶᠡᠴᠢᠯᠡᠨ ᠣᠢᠯᠠᠭᠠᠬᠤ ᠵᠡᠷᠭᠡ ᠣᠶᠤᠨᠴᠢ ᠬᠤᠳᠠᠯᠳᠤᠭᠠᠨ᠎ᠤ ᠱᠢᠨ᠎ᠡ ᠵᠠᠭ᠍ᠪᠤᠷ᠎ᠢ ᠲᠡᠭᠦᠯᠳᠡᠷᠵᠢᠭᠦᠯᠵᠦ᠍᠂ ᠨᠢᠭᠡ ᠪᠦᠯᠦᠭ 《ᠵᠣᠬᠢᠶᠠᠮᠠᠯ ᠤᠶᠤᠨ + ᠬᠡᠷᠡᠭ᠌ᠯᠡᠭᠡ》 ᠶ᠋ᠢᠨ ᠪᠠᠢᠳᠠᠯ᠎ᠢ ᠳᠡᠯᠭᠡᠷᠡᠭᠦᠯᠦᠨ᠎ᠡ᠃
ᠳᠣᠯᠤᠭ᠎ᠠ᠂ ᠬᠤᠲᠠ᠎ᠶ᠋ᠢᠨ ᠬᠤᠳᠠᠯᠳᠤᠭᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠡᠭᠦᠯᠳᠡᠷᠵᠢᠭᠦᠯᠦᠨ᠎ᠡ
(ᠠᠷᠪᠠᠨ ᠲᠠᠪᠤ) ᠬᠣᠲᠠ᠎ᠶ᠋ᠢᠨ ᠬᠤᠳᠠᠯᠳᠤᠭᠠᠨ᠎ᠤ ᠰᠦᠯᠵᠢᠶᠡᠨ᠎ᠦ ᠴᠡᠭ᠎ᠤᠨ ᠪᠠᠢᠷᠢᠯᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠦᠯᠦᠪᠵᠢᠬᠦᠯᠦᠨ᠎ᠡ᠃ ᠲᠣᠰ ᠭᠠᠵᠠᠷ᠎ᠤᠨ ᠠᠵᠤ ᠠᠬᠤᠶ᠎ᠶ᠋ᠢᠨ ᠬᠢᠷᠢ ᠬᠡᠮᠵᠢᠶ᠎ᠡ᠂ ᠠᠵᠤ ᠦᠢᠯᠡᠰ᠎ᠤᠨ ᠪᠦᠲᠦᠴᠡ᠂ ᠬᠥᠮᠦᠨ ᠠᠮᠠ᠎ᠶ᠋ᠢᠨ ᠶᠡᠷᠦᠩᠬᠡᠶ ᠬᠡᠮᠵᠢᠶ᠎ᠡ᠂ ᠬᠡᠷᠡᠭᠯᠡᠭᠡ᠎ᠶᠢᠨ ᠬᠡᠷᠡᠭ᠌ᠴᠡᠭᠡ ᠱᠠᠭᠠᠷᠳᠠᠯᠭ᠎ᠠ᠂ ᠬᠥᠭ᠌ᠵᠢᠯᠲᠡ᠎ᠶ᠋ᠢᠨ ᠴᠢᠭ᠌ᠯᠡᠯ ᠵᠡᠷᠭᠡ ᠬᠦᠴᠦᠨ ᠵᠦᠢᠯ᠎ᠲᠠᠢ ᠤᠶᠠᠯᠳᠤᠭᠤᠯᠤᠨ᠂ ᠬᠤᠲᠠ᠎ᠶ᠋ᠢᠨ ᠬᠤᠳᠠᠯᠳᠤᠭᠠᠨ᠎ᠤ ᠪᠡᠯᠡᠳᠭᠡᠮᠵᠢ᠎ᠶ᠋ᠢᠨ ᠬᠠᠩᠭᠠᠯᠭ᠎ᠠ᠎ᠶ᠋ᠢᠨ ᠬᠡᠪᠴᠢᠶ᠎ᠡ᠎ᠶ᠋ᠢ ᠵᠦᠶ ᠵᠣᠬᠢᠰᠲᠠᠶ ᠲᠣᠭ᠍ᠲᠠᠭᠠᠵᠤ᠂ ᠬᠤᠲᠠ᠎ᠶ᠋ᠢᠨ ᠲᠥᠪ᠂ ᠲᠣᠭᠤᠷᠢᠭ ᠱᠢᠶᠠᠨ᠂ ᠨᠡᠢᠭᠡᠮ ᠲᠣᠭᠤᠷᠢᠭ ᠵᠡᠷᠭᠡ ᠠᠳᠠᠯᠢ ᠪᠤᠰᠤ ᠲᠠᠰ ᠳᠠᠪᠬᠤᠷᠭ᠎ᠠ᠎ᠶ᠋ᠢᠨ ᠬᠤᠳᠠᠯᠳᠤᠭᠠᠨ᠎ᠤ ᠲᠣᠤᠷ ᠴᠡᠭ᠎ᠲᠤ ᠴᠢᠭ᠌ᠯᠡᠭᠦᠯᠦᠨ᠂ ᠴᠢᠳᠠᠮᠵᠢ᠂ ᠡᠵᠡᠩᠨᠡᠯᠲᠡ᠎ᠶ᠋ᠢᠨ ᠪᠠᠢᠳᠠᠯ᠂ ᠣᠷᠴᠢᠨ ᠲᠣᠭᠤᠷᠢᠨ᠂ ᠵᠠᠮ ᠬᠠᠷᠢᠯᠴᠠᠭᠠᠨ᠎ᠤ ᠲᠣᠤᠷ ᠰᠦᠯᠵᠢᠶ᠎ᠡ ᠵᠡᠷᠭᠡ ᠲᠠᠯ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠤᠷᠢᠨ᠎ᠳᠤ ᠨᠠᠷᠢᠨ ᠲᠥᠯᠥᠪᠵᠢᠭᠦᠯᠭᠡ᠎ᠶ᠋ᠢ ᠲᠡᠭᠦᠯᠳᠡᠷᠵᠢᠭᠦᠯᠵᠦ᠍᠂ ᠳᠠᠪᠬᠤᠷᠳᠠᠭᠤᠯᠤᠨ ᠪᠦᠲᠦᠭᠡᠨ ᠪᠠᠢᠭᠤᠯᠬᠤ᠂ ᠰᠣᠬᠤᠷ ᠪᠠᠯᠠᠶ᠎ᠪᠠᠷ ᠬᠥᠭ᠌ᠵᠢᠭᠦᠯᠬᠦ᠌᠎ᠠᠴᠠ ᠵᠠᠢᠯᠠᠰᠭᠢᠨ᠎ᠡ᠃
(ᠠᠷᠪᠠᠨ ᠵᠢᠷᠭᠤᠭ᠎ᠠ) ᠬᠤᠲᠠ᠎ᠶ᠋ᠢᠨ ᠬᠤᠳᠠᠯᠳᠤᠭᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠬᠤᠲᠠ᠎ᠶ᠋ᠢᠨ ᠬᠤᠳᠠᠯᠳᠤᠭᠠᠨ᠎ᠤ ᠲᠥᠯᠥᠪᠵᠢᠭᠦᠯᠭᠡ᠎ᠶ᠋ᠢ ᠬᠤᠲᠠ᠎ᠶ᠋ᠢᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ ᠪᠠ ᠨᠠᠷᠢᠨ ᠲᠥᠯᠥᠪᠵᠢᠭᠦᠯᠭᠡ᠂ ᠬᠤᠲᠠ᠎ᠶ᠋ᠢᠨ ᠱᠢᠨᠡᠴᠢᠯᠡᠯᠲᠡ᠎ᠶ᠋ᠢᠨ ᠲᠤᠰᠭᠠᠶ ᠲᠥᠯᠥᠪᠵᠢᠭᠦᠯᠭᠡ ᠵᠡᠷᠭᠡ᠎ᠯᠦᠭᠡ ᠪᠦᠲᠦᠮᠵᠢᠲᠡᠶ ᠵᠣᠯᠭᠠᠭᠤᠯᠬᠤ᠎ᠶ᠋ᠢ ᠠᠬᠢᠭᠤᠯᠵᠤ᠂ ᠬᠠᠮᠲᠤᠳᠤᠨᠢ ᠲᠥᠯᠥᠪᠵᠢᠭᠦᠯᠵᠦ᠍᠂ ᠬᠠᠮᠲᠤᠳᠤᠨᠢ ᠪᠠᠢᠷᠢᠯᠠᠭᠤᠯᠵᠤ᠂ ᠬᠠᠮᠲᠤᠳᠤᠨᠢ ᠠᠬᠢᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠶ᠃ ᠬᠤᠲᠠ᠎ᠶ᠋ᠢᠨ ᠬᠤᠳᠠᠯᠳᠤᠭᠠᠨ᠎ᠤ ᠲᠣᠤᠷ ᠴᠡᠭ᠎ᠤᠨ ᠪᠣᠳᠠᠲᠠᠶ ᠪᠥᠲᠥᠭᠡᠨ ᠪᠠᠢᠭᠤᠯᠤᠯᠲᠠ᠎ᠶ᠋ᠢᠨ ᠪᠠᠢᠳᠠᠯ᠎ᠢ ᠦᠷᠭᠦᠯᠵᠢᠯᠡᠨ ᠳᠠᠭᠠᠵᠤ᠂ ᠲᠥᠯᠥᠪᠵᠢᠭᠦᠯᠭᠡ᠎ᠶ᠋ᠢ ᠨᠠᠢᠳᠠᠪᠤᠷᠢᠵᠢᠭᠤᠯᠤᠭ᠍ᠰᠠᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠪᠠ ᠠᠰᠠᠭᠤᠳᠠᠯ᠎ᠢ ᠣᠨᠣᠱᠢᠯᠠᠬᠤ ᠠᠵᠢᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠍᠂ ᠬᠠᠤᠯᠢ᠎ᠪᠠᠷ ᠲᠣᠭ᠍ᠲᠠᠭᠠᠭ᠍ᠰᠠᠨ ᠲᠠᠰ ᠳᠠᠷᠠᠭᠠᠯᠠᠯ᠎ᠢᠶᠠᠷ ᠳᠠᠮᠵᠢᠭᠤᠯᠤᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠨᠠᠷᠢᠨ ᠲᠥᠯᠥᠪᠵᠢᠭᠦᠯᠭᠡ᠎ᠶ᠋ᠢ ᠳᠣᠭᠢᠷᠠᠭᠤᠯᠬᠤ᠎ᠶ᠋ᠢ ᠳᠡᠮᠵᠢᠵᠦ᠍᠂ ᠬᠥᠲᠥᠯᠦᠨ ᠵᠢᠯᠣᠭᠤᠳᠭᠤ ᠣᠷᠣᠨ ᠵᠠᠶ᠎ᠶ᠋ᠢ ᠨᠡᠢᠯᠡᠭᠦᠯᠦᠨ ᠠᠱᠢᠭ᠍ᠯᠠᠬᠤ ᠪᠠ ᠬᠡᠷᠡᠭ᠌ᠴᠡᠭᠡ᠎ᠶ᠋ᠢ ᠬᠤᠪᠢᠷᠠᠭᠤᠯᠬᠤ᠎ᠶ᠋ᠢ ᠵᠢᠷᠤᠮᠵᠢᠭᠤᠯᠵᠤ᠂ ᠬᠤᠳᠠᠯᠳᠤᠭᠠᠨ᠎ᠤ ᠲᠣᠤᠷ ᠴᠡᠭ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠬᠤᠲᠠ᠎ᠶ᠋ᠢᠨ ᠬᠤᠳᠠᠯᠳᠤᠭᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃
(ᠠᠷᠪᠠᠨ ᠳᠣᠯᠣᠭ᠎ᠠ) ᠬᠤᠲᠠ᠎ᠶ᠋ᠢᠨ ᠬᠤᠳᠠᠯᠳᠤᠭᠠᠨ᠎ᠤ ᠪᠡᠯᠡᠳᠭᠡᠮᠵᠢ᠎ᠶ᠋ᠢᠨ ᠬᠠᠩᠭᠠᠯᠭ᠎ᠠ᠎ᠶ᠋ᠢ ᠬᠥᠳᠡᠯᠦᠩᠭᠦᠶ᠎ᠪᠠᠷ ᠱᠢᠯᠢᠳᠡᠭ᠌ᠵᠢᠭᠦᠯᠦᠨ᠎ᠡ᠃ ᠭᠤᠤᠯ ᠪᠣᠯᠬᠤ ᠬᠤᠳᠠᠯᠳᠤᠭᠠᠨ᠎ᠤ ᠲᠣᠭᠤᠷᠢᠭ᠂ ᠶᠠᠪᠠᠭᠠᠨ ᠵᠡᠭᠡᠯᠢ᠂ ᠬᠤᠳᠠᠯᠳᠤᠭᠠᠨ᠎ᠤ ᠶᠡᠷᠦᠩᠬᠡᠢᠯᠡᠭ᠌ᠰᠡᠨ ᠴᠣᠭ᠍ᠴᠠ᠎ᠶ᠋ᠢᠨ ᠦᠷ᠎ᠡ ᠪᠦᠲᠦᠮᠵᠢ ᠵᠢᠴᠢ ᠲᠦᠷᠢᠶᠡᠰᠦᠯᠡᠭᠦᠯᠦᠭ᠌ᠰᠡᠨ ᠨᠣᠷᠮ᠎ᠠ᠎ᠳᠤ ᠬᠥᠳᠡᠯᠦᠩᠭᠦᠶ ᠬᠢᠨᠠᠨ ᠬᠡᠮᠵᠢᠯᠲᠡ᠎ᠶ᠋ᠢ ᠥᠷᠨᠢᠭᠦᠯᠵᠦ᠍᠂ ᠬᠤᠳᠠᠯᠳᠤᠭᠠᠨ᠎ᠤ ᠪᠡᠯᠡᠳᠭᠡᠮᠵᠢ᠎ᠶ᠋ᠢᠨ ᠬᠠᠩᠭᠠᠯᠭ᠎ᠠ ᠦᠯᠡᠭᠦᠳᠡᠭ᠌ᠰᠡᠨ᠂ ᠠᠵᠢᠯᠯᠠᠭᠠᠨ᠎ᠤ ᠦᠷ᠎ᠡ ᠪᠦᠲᠦᠮᠵᠢ ᠳᠣᠤᠷ᠎ᠠ ᠪᠠᠢᠪᠠᠯ᠂ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠵᠦ᠍᠂ ᠬᠠᠩᠭᠠᠯᠭ᠎ᠠ ᠬᠦᠷᠦᠯᠴᠡᠬᠦ᠌ ᠥᠬᠡᠶ᠎ᠶ᠋ᠢ᠎ᠨᠢ ᠲᠦᠷᠭᠡᠳᠭᠡᠨ ᠨᠥᠬᠦᠪᠥᠷᠢᠯᠡᠵᠦ᠍᠂ ᠦᠯᠡᠳᠡᠭᠡᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠨ᠎ᠠ᠃ ᠯᠠᠪᠳᠠᠭᠤᠨ ᠪᠥᠭᠡᠳ ᠡᠮᠬᠢ ᠵᠢᠷᠤᠮ᠎ᠲᠠᠢ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠭᠠᠵᠠᠷ ᠳᠣᠣᠷᠠᠬᠢ ᠬᠤᠳᠠᠯᠳᠤᠭᠠᠨ᠎ᠤ ᠵᠡᠭᠡᠯᠢ᠎ᠶ᠋ᠢ ᠲᠥᠯᠥᠪᠵᠢᠭᠦᠯᠦᠨ ᠪᠥᠲᠥᠭᠡᠨ ᠪᠠᠢᠭᠤᠯᠤᠨ᠎ᠠ᠃ ᠱᠢᠨ᠎ᠡ᠎ᠪᠡᠷ ᠪᠠᠢᠭᠤᠯᠤᠭ᠍ᠰᠠᠨ ᠨᠡᠢᠭᠡᠮ ᠲᠣᠭᠣᠷᠢᠭ᠎ᠤᠨ ᠬᠤᠳᠠᠯᠳᠤᠭᠠᠨ᠎ᠤ ᠲᠣᠤᠷ ᠴᠡᠭ᠎ᠲᠦ ᠬᠥᠳᠡᠯᠦᠩᠭᠦᠶ ᠲᠣᠬᠢᠷᠠᠭᠤᠯᠤᠯᠲᠠ ᠬᠢᠬᠦ᠌᠎ᠶ᠋ᠢ ᠬᠡᠷᠡᠭ᠌ᠵᠢᠭᠦᠯᠵᠦ᠍᠂ ᠨᠡᠢᠭᠡᠮ ᠲᠣᠭᠣᠷᠢᠭ᠎ᠤᠨ ᠬᠥᠮᠦᠨ ᠠᠮᠠ᠎ᠶ᠋ᠢᠨ ᠪᠦᠲᠦᠴᠡ ᠪᠠ ᠡᠷᠭᠢᠨ ᠲᠣᠭᠣᠷᠢᠨ᠎ᠤ ᠬᠤᠳᠠᠯᠳᠤᠭᠠᠨ᠎ᠤ ᠬᠠᠩᠭᠠᠯᠭ᠎ᠠ᠎ᠲᠠᠶ ᠤᠶᠠᠯᠳᠤᠭᠤᠯᠤᠨ᠂ ᠨᠡᠢᠭᠡᠮ ᠲᠣᠭᠣᠷᠢᠭ᠎ᠤᠨ ᠬᠤᠳᠠᠯᠳᠤᠭ᠎ᠠ ᠪᠠ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠪᠡᠯᠡᠳᠭᠡᠮᠵᠢ᠎ᠶ᠋ᠢᠨ ᠲᠠᠯᠠᠪᠠᠶ᠎ᠶ᠋ᠢᠨ ᠨᠡᠢᠭᠡᠮ ᠲᠣᠭᠣᠷᠢᠭ᠎ᠤᠨ ᠶᠡᠷᠦᠩᠬᠡᠶ ᠪᠠᠷᠢᠯᠭ᠎ᠠ᠎ᠶ᠋ᠢᠨ ᠲᠠᠯᠠᠪᠠᠶ᠎ᠳᠠᠬᠢ ᠡᠵᠡᠯᠡᠬᠦ᠌ ᠬᠠᠷᠢᠴᠠᠯ᠎ᠢ ᠵᠦᠢ ᠵᠣᠬᠢᠰᠲᠠᠶ ᠲᠣᠭ᠍ᠲᠠᠭᠠᠵᠤ᠂ ᠨᠡᠢᠭᠡᠮ ᠲᠣᠭᠣᠷᠢᠭ᠎ᠤᠨ ᠰᠤᠯᠠ ᠪᠠᠢᠭ᠎ᠠ ᠭᠠᠵᠠᠷ ᠢ ᠠᠮᠢᠳᠤᠯᠢᠭ᠍ᠵᠢᠭᠤᠯᠵᠤ ᠠᠷᠠᠳ᠎ᠲᠤ ᠳᠥᠭᠥᠮ ᠦᠵᠡᠭᠦᠯᠬᠦ᠌ ᠦᠢᠯᠡᠴᠢᠯᠡᠭᠡᠨ ᠢ ᠲᠡᠭᠦᠯᠳᠡᠷᠵᠢᠭᠦᠯᠬᠦ᠌᠎ᠶ᠋ᠢ ᠳᠡᠮᠵᠢᠨ᠎ᠡ ᠃
ᠨᠠᠶ᠋ᠮᠠ᠂ ᠬᠣᠲᠠ᠎ᠶ᠋ᠢᠨ ᠬᠤᠳᠠᠯᠳᠤᠭᠠᠨ᠎ᠤ ᠬᠠᠮᠢᠶᠠᠷᠤᠯᠲᠠ᠎ᠶ᠋ᠢᠨ ᠪᠠᠢᠭᠤᠯᠤᠯ᠎ᠢ ᠪᠦᠷᠢᠨᠰᠢᠭᠦᠯᠦᠨ᠎ᠡ
(ᠠᠷᠪᠠᠨ ᠨᠠᠶ᠋ᠮᠠ) ᠨᠠᠮ᠎ᠤᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ᠎ᠶ᠋ᠢ ᠭᠦᠨᠵᠡᠭᠡᠢᠷᠡᠭᠦᠯᠦᠨ᠎ᠡ᠃ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠶ᠋ᠢ ᠠᠬᠢᠭᠤᠯᠤᠨ᠎ᠠ᠃ ᠬᠤᠳᠠ᠎ᠶ᠋ᠢᠨ ᠬᠤᠳᠠᠯᠳᠤᠭᠠᠨ᠎ᠤ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠨᠢ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ᠂ ᠱᠢᠨ᠎ᠡ ᠨᠡᠢᠭᠡᠮ᠎ᠤᠨ ᠵᠣᠬᠢᠶᠠᠨ ᠪᠠᠢᠭᠤᠯᠤᠯᠲᠠ᠂ ᠱᠢᠨ᠎ᠡ᠎ᠪᠠᠷ ᠠᠵᠢᠯ ᠣᠯᠤᠭ᠍ᠰᠠᠨ ᠬᠠᠮᠲᠤᠯᠢᠭ ᠪᠠ ᠵᠠᠯᠠᠭᠤᠴᠤᠳ᠎ᠤᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠳᠤ ᠦᠢᠯᠡᠴᠢᠯᠡᠬᠦ᠌ ᠬᠡᠷᠡᠭ᠌ᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ ᠠᠵᠢᠯ ᠲᠥᠷᠥᠯ᠎ᠤᠨ ᠨᠡᠢᠭᠡᠮᠯᠢᠭ᠂ ᠤᠶᠤᠨ᠎ᠤ ᠬᠥᠮᠥᠷᠭᠡ᠎ᠶ᠋ᠢᠨ ᠪᠠᠢᠭᠤᠯᠤᠮᠵᠢ᠂ ᠡᠵᠡᠩᠨᠡᠯᠲᠡ᠎ᠶ᠋ᠢᠨ ᠭᠤᠣᠯ ᠴᠣᠭ᠍ᠴᠠ᠎ᠯᠤᠭ᠎ᠠ ᠨᠠᠮ᠎ᠤᠨ ᠪᠠᠢᠭᠤᠯᠤᠯᠲᠠ᠎ᠶ᠋ᠢ ᠬᠠᠮᠲᠤ᠎ᠪᠠᠷ ᠪᠠᠢᠭᠤᠯᠬᠤ᠎ᠪᠠᠷ ᠲᠠᠪᠴᠠᠩ ᠪᠣᠯᠭᠠᠵᠤ᠂ ᠨᠡᠪᠲᠡᠷᠡᠯᠴᠡᠨ ᠰᠣᠯᠢᠯᠴᠠᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ ᠲᠦᠷᠦ᠍᠎ᠶ᠋ᠢᠨ ᠪᠤᠳᠤᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠵᠣᠬᠢᠴᠠᠭᠤᠯᠤᠨ ᠨᠠᠢᠳᠠᠪᠤᠷᠢᠵᠢᠭᠤᠯᠵᠤ᠂ ᠪᠣᠳᠠᠲᠠᠢ ᠬᠦᠴᠢᠷᠳᠡᠯ᠎ᠢ᠎ᠨᠢ ᠬᠠᠪᠰᠤᠷᠤᠨ ᠱᠢᠢᠳᠪᠦᠷᠢᠯᠡᠵᠦ᠍ ᠥᠭ᠌ᠬᠦ᠎ᠶ᠋ᠢ ᠵᠣᠷᠢᠭ᠍ᠵᠢᠭᠤᠯᠤᠨ᠎ᠠ᠃
(ᠠᠷᠪᠠ ᠶᠢᠰᠦ) ᠣᠯᠠᠨ ᠨᠡᠢᠲᠡ᠎ᠶ᠋ᠢᠨ ᠦᠢᠯᠡᠴᠢᠯᠡᠭᠡᠨᠢ ᠴᠢᠩᠭ᠋ᠠᠳᠬᠠᠨ᠎ᠠ᠃ ᠡᠯ᠎ᠠ ᠱᠠᠳᠣᠨ᠎ᠤ ᠬᠤᠳᠠᠯᠳᠣᠭᠠᠨ᠎ᠤ ᠶᠠᠪᠤᠳᠡᠯ᠎ᠤᠨ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ᠎ᠨᠢ ᠬᠠᠮᠢᠶ᠎ᠠ ᠪᠦᠬᠦᠢ ᠰᠠᠯᠠᠭ᠎ᠠ ᠮᠦᠴᠢᠷ᠎ᠯᠦᠭᠡ ᠠᠵᠢᠯ᠎ᠤᠨ ᠬᠠᠮᠳᠣᠷᠡᠨ ᠬᠦᠳᠡᠯᠥᠯᠴᠡᠬᠦ᠌ ᠲᠣᠠᠠᠳᠡᠴᠠ᠎ᠶ᠋ᠢ ᠪᠠᠢᠭᠤᠯᠵᠦ᠍᠂ ᠳᠥᠷᠥ᠎ᠶ᠋ᠢᠨ ᠪᠤᠳᠣᠯᠭ᠎ᠠ ᠲᠣᠠᠠᠳᠠᠭᠠᠬᠤ᠂ ᠵᠠᠬ᠎ᠠ ᠳᠡᠯᠭᠡᠬᠦᠷ᠎ᠤᠨ ᠬᠢᠨᠡᠯᠳᠡ ᠬᠠᠮᠢᠶᠡᠷᠦᠯᠳᠡ᠎ᠶ᠋ᠢᠨ ᠬᠦᠴᠣᠨ ᠴᠢᠳᠡᠪᠦᠷᠢ᠎ᠶ᠋ᠢ ᠳᠡᠭᠡᠭ᠌ᠰᠢᠯᠡᠬᠦᠯᠥᠨ᠂ ᠠᠵᠢᠯ᠎ᠤᠨ ᠨᠡᠢᠯᠡᠮᠡᠯ ᠬᠦᠴᠣᠨ᠎ᠢ ᠪᠦᠷᠢᠯᠳᠦᠬᠦᠯᠥᠨ᠎ᠠ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠤᠲᠠ᠎ᠶ᠋ᠢᠨ ᠬᠤᠳᠠᠯᠳᠤᠭᠠᠨ᠎ᠤ ᠭᠤᠤᠯ ᠴᠣᠭ᠍ᠴᠠ ᠵᠢᠴᠢ ᠬᠡᠷᠡᠭ᠌ᠯᠡᠭ᠌ᠴᠢᠳ᠎ᠤᠨ ᠠᠵᠢᠯ ᠶᠠᠪᠤᠳᠠᠯ ᠭᠦᠢᠴᠡᠳᠭᠡᠬᠦ᠌ ᠥᠩᠭᠡᠷᠡᠯᠲᠡ᠎ᠶ᠋ᠢ ᠱᠢᠯᠢᠳᠡᠭ᠌ᠵᠢᠭᠦᠯᠦᠨ᠂ ᠵᠠᠰᠠᠭ ᠵᠠᠬᠢᠷᠭᠠᠨ᠎ᠤ ᠵᠦᠢᠯᠡᠰ᠎ᠢ 《ᠨᠢᠭᠡ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠌》᠂ 《ᠨᠢᠭᠡ ᠴᠣᠩᠬᠤᠪᠴᠢ᠎ᠪᠠᠷ ᠨᠡᠢᠳᠡᠮ ᠭᠦᠢᠴᠡᠳᠭᠡᠬᠦ᠌》 ᠶ᠋ᠢ ᠪᠡᠶᠡᠯᠡᠭᠦᠯᠦᠨ᠎ᠡ᠃ ᠶᠠᠪᠠᠭᠠᠨ ᠵᠡᠭᠡᠯᠢ (ᠬᠤᠳᠠᠯᠳᠤᠭᠠᠨ᠎ᠤ ᠲᠣᠭᠤᠷᠢᠭ) ᠶ᠋ᠢ ᠲᠤᠰᠭᠠᠢᠵᠢᠭ᠍ᠰᠠᠨ ᠡᠵᠡᠩᠨᠡᠯᠲᠡ᠎ᠶ᠋ᠢᠨ ᠡᠩᠨᠡᠭᠡ᠎ᠶ᠋ᠢ ᠣᠷᠣᠭᠤᠯᠤᠨ ᠠᠪᠴᠢᠷᠠᠬᠤ᠂ ᠬᠤᠳᠠᠯᠳᠤᠭᠠᠨ᠎ᠤ ᠡᠷᠦᠬᠡ᠎ᠶ᠋ᠢᠨ ᠬᠤᠯᠪᠣᠭ᠎ᠠ ᠪᠠᠢᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠠᠮᠲᠤ᠎ᠪᠠᠷ ᠬᠠᠮᠢᠶᠠᠷᠴᠤ᠌ ᠬᠠᠮᠲᠤ᠎ᠪᠠᠷ ᠵᠠᠰᠠᠬᠤ ᠵᠠᠭ᠍ᠪᠤᠷ᠎ᠢ ᠬᠠᠢᠨ ᠰᠦᠪᠡᠭ᠌ᠴᠢᠯᠡᠵᠦ᠍᠂ ᠵᠢᠷᠤᠮᠵᠢᠭ᠍ᠰᠠᠨ ᠬᠠᠮᠢᠶᠠᠷᠤᠯᠲᠠ᠂ ᠥᠨᠳᠥᠷ ᠦᠷ᠎ᠡ ᠪᠦᠲᠦᠮᠵᠢᠲᠡᠶ ᠡᠵᠡᠩᠨᠡᠯᠲᠡ᠎ᠶ᠋ᠢ ᠪᠡᠶᠡᠯᠡᠭᠦᠯᠦᠨ᠎ᠡ᠃
( ᠬᠣᠷᠢ) ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷᠬᠢ᠂ ᠲᠠᠸᠠᠷ᠎ᠤᠨ ᠦᠢᠯᠡᠴᠢᠯᠡᠭᠡ ᠵᠡᠷᠭᠡ ᠠᠳᠠᠯᠢ ᠪᠤᠰᠤ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠤᠨ ᠣᠨᠴᠠᠯᠢᠭ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠵᠦᠶ ᠵᠣᠬᠢᠰᠲᠠᠶ ᠳᠡᠮᠵᠢᠬᠦ᠌ ᠲᠥᠷᠥ᠎ᠶ᠋ᠢᠨ ᠪᠣᠳᠣᠯᠭ᠎ᠠ ᠪᠠ ᠬᠢᠨᠠᠨ ᠬᠠᠮᠢᠶᠠᠷᠬᠤ ᠪᠠᠷᠢᠮᠵᠢᠶ᠎ᠠ᠎ᠶ᠋ᠢ ᠲᠣᠭ᠍ᠲᠠᠭᠠᠵᠤ᠂ 《ᠳᠣᠲᠣᠭᠠᠳᠤ ᠡᠪᠬᠡᠮᠡᠯ ᠮᠠᠶᠢᠭ》 ᠤᠨ ᠥᠷᠢᠰᠥᠯᠳᠦᠭᠡᠨ᠎ᠢ ᠴᠡᠭ᠌ᠴᠡᠯᠡᠨ ᠵᠠᠰᠠᠵᠤ᠂ ᠲᠥᠪ ᠭᠤᠤᠯᠴᠢ ᠡᠷᠬᠡ ᠲᠡᠭ᠌ᠰᠢ᠂ ᠱᠢᠨ᠎ᠡ᠎ᠶ᠋ᠢ ᠡᠭᠦᠳᠬᠦ᠌ ᠴᠢᠯᠥᠭᠡᠲᠦ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠠᠢᠭᠤᠯᠤᠨ᠎ᠠ᠃ ᠢᠲᠡᠭᠡᠮᠵᠢ᠎ᠪᠠᠷ ᠰᠠᠭᠤᠷᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠂ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠎ᠶ᠋ᠢ ᠱᠢᠢᠳᠪᠦᠷᠢᠯᠡᠬᠦ᠌ ᠪᠠ ᠬᠢᠨᠠᠯᠲᠠ ᠲᠠᠯᠪᠢᠵᠤ ᠦᠨᠡᠯᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠵᠤ ᠠᠬᠤᠢᠯᠠᠯ᠎ᠤᠨ ᠦᠨᠡᠨᠴᠢ ᠢᠲᠡᠭᠡᠮᠵᠢᠲᠡᠢ ᠡᠵᠡᠩᠨᠡᠬᠦ᠂ ᠬᠡᠷᠡᠭ᠌ᠯᠡᠭ᠌ᠴᠢᠳ᠎ᠲᠤ ᠰᠠᠨᠠᠭ᠎ᠠ ᠠᠮᠤᠷ ᠬᠡᠷᠡᠭ᠌ᠯᠡᠭᠡ ᠬᠢᠬᠦ᠌᠎ᠶ᠋ᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢ ᠨᠠᠷᠢᠨ ᠨᠢᠮᠪᠠᠢ ᠨᠠᠢᠳᠠᠪᠤᠷᠢᠵᠢᠭᠤᠯᠵᠤ᠂ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠵᠢᠭ᠍ᠰᠠᠭᠠᠨ ᠪᠠᠢᠴᠠᠭᠠᠬᠤ᠎ᠶ᠋ᠢ ᠴᠢᠩᠭᠠᠳᠭᠠᠵᠤ᠂ ᠬᠤᠳᠠ᠎ᠶ᠋ᠢᠨ ᠬᠤᠳᠠᠯᠳᠤᠭᠠᠨ᠎ᠤ ᠭᠤᠣᠯ ᠴᠣᠭ᠍ᠴᠠ᠎ᠶ᠋ᠢᠨ ᠭᠡᠨᠡᠳᠲᠡ᠎ᠶ᠋ᠢᠨ ᠬᠡᠷᠡᠭ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭᠰᠢᠯᠡᠭᠦᠯᠦᠨ᠎ᠡ᠃
(ᠬᠣᠷᠢᠨ ᠨᠢᠭᠡ) ᠡᠳ᠋᠎ᠦᠨ ᠵᠠᠰᠠᠭ᠎ᠤᠨ ᠳᠡᠮᠵᠢᠯᠭᠡ᠎ᠶ᠋ᠢ ᠴᠢᠩᠭᠠᠷᠠᠭᠤᠯᠤᠨ᠎ᠠ᠃ ᠣᠳᠣ ᠦᠢ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠦ ᠱᠢᠰᠲ᠋ᠧᠮᠵᠢ᠎ᠶ᠋ᠢᠨ ᠲᠤᠷᠱᠢᠯᠲᠠ᠎ᠶ᠋ᠢᠨ ᠴᠡᠭ᠎ᠦᠨ ᠬᠣᠲᠠ᠎ᠳᠤ ᠲᠥᠪ᠎ᠦᠨ ᠡᠳ᠋᠎ᠦᠨ ᠵᠠᠰᠠᠭ᠎ᠤᠨ ᠪᠡᠯᠡ ᠮᠥᠩᠭᠥ᠎ᠶ᠋ᠢ ᠨᠢᠭᠡᠳᠦᠯᠲᠡᠶ ᠲᠥᠯᠥᠪᠯᠡᠨ ᠬᠡᠷᠡᠭ᠌ᠯᠡᠬᠦ᠌᠎ᠶ᠋ᠢ ᠳᠡᠮᠵᠢᠵᠦ᠍᠂ ᠬᠣᠲᠠ᠎ᠶ᠋ᠢᠨ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠦ ᠠᠵᠤ ᠠᠬᠤᠢᠯᠠᠯ᠎ᠤᠨ ᠡᠵᠡᠩᠨᠡᠯᠲᠡ ᠪᠠ ᠦᠢᠯᠡᠴᠢᠯᠡᠭᠡᠨ᠎ᠦ ᠪᠡᠯᠡᠳᠭᠡᠮᠵᠢ ᠲᠥᠬᠥᠭᠡᠷᠦᠮᠵᠢ᠎ᠪᠡᠨ ᠥᠭᠡᠷᠡᠴᠢᠯᠡᠬᠦ᠌᠎ᠶ᠋ᠢ ᠲᠦᠯᠬᠢᠨ ᠠᠬᠢᠭᠤᠯᠵᠤ ᠂ ᠡᠭᠦᠳᠡᠨ ᠳᠡᠯᠭᠡᠭᠦᠷ᠎ᠦᠨ ᠲᠣᠤᠷ ᠴᠡᠭ᠎ᠦᠨ ᠪᠠᠢᠷᠢᠱᠢᠭᠤᠯᠤᠯ᠎ᠢ ᠪᠠᠶᠠᠯᠢᠭ᠍ᠵᠢᠭᠤᠯᠬᠤ ᠬᠡᠷᠡᠭ᠌ᠲᠡᠶ᠃ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡᠨ᠎ᠤ ᠠᠵᠢᠯ ᠲᠥᠷᠥᠯ᠎ᠤᠨ ᠣᠨᠴᠠᠯᠢᠭ ᠪᠠ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠦᠨᠳᠦᠰᠦᠯᠡᠨ᠂ ᠵᠢᠵᠢᠭ ᠪᠢᠴᠢᠯ ᠠᠵᠤ ᠠᠬᠤᠢᠯᠠᠯ᠎ᠤᠨ ᠭᠠᠢᠯᠢ ᠰᠦᠢᠳᠭᠡᠯ᠎ᠤᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠦᠨᠡᠨᠴᠢ ᠢᠲᠡᠭᠡᠮᠵᠢᠲᠡᠶ᠎ᠪᠠᠷ ᠭᠠᠢᠯᠢ ᠲᠤᠱᠢᠶᠠᠵᠤ᠂ ᠲᠣᠭ᠍ᠲᠠᠭᠠᠯ᠎ᠳᠤ ᠨᠡᠢᠴᠡᠭᠦᠯᠦᠨ ᠡᠵᠡᠩᠨᠡᠬᠦ᠌᠎ᠶ᠋ᠢ ᠬᠥᠲᠥᠯᠦᠨ ᠵᠢᠯᠣᠭᠤᠳᠴᠤ᠌᠂ ᠬᠤᠲᠠ᠎ᠶ᠋ᠢᠨ ᠬᠤᠳᠠᠯᠳᠤᠭᠠᠨ᠎ᠤ ᠵᠢᠵᠢᠭ ᠪᠢᠴᠢᠯ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠳᠡᠮᠵᠢᠨ᠎ᠡ᠃ ᠡᠯ᠎ᠡ ᠲᠥᠷᠥᠯ᠎ᠤᠨ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠦᠢᠯᠡᠳᠦᠯ᠎ᠢ ᠪᠠᠳᠠᠷᠠᠭᠤᠯᠵᠤ᠂ ᠮᠥᠩᠭᠦᠨ ᠭᠦᠢᠯᠭᠡᠭᠡᠨ᠎ᠤ ᠦᠢᠯᠡᠳᠬᠦᠨ ᠪᠠ ᠦᠢᠯᠡᠴᠢᠯᠡᠭᠡ᠎ᠶ᠋ᠢ ᠪᠠᠶᠠᠯᠢᠭ᠍ᠵᠢᠭᠤᠯᠤᠨ᠂ ᠨᠥᠬᠦᠴᠡᠯ᠎ᠳᠤ ᠨᠡᠢᠴᠡᠬᠦ᠌ ᠬᠤᠳᠠᠯᠳᠤᠭᠠᠨ᠎ᠤ ᠭᠠᠵᠠᠷ ᠬᠥᠷᠥᠩᠭᠡ᠎ᠶ᠋ᠢᠨ ᠲᠥᠷᠥᠯ ᠵᠦᠢᠯ᠎ᠢ ᠳᠡᠮᠵᠢᠵᠦ᠍ ᠪᠠᠢᠭᠠᠳ ᠥᠯᠥ᠍ ᠬᠥᠳᠡᠯᠬᠦ᠌ ᠬᠥᠷᠥᠩᠭᠡ᠎ᠶ᠋ᠢᠨ ᠪᠡᠯᠡ ᠣᠷᠣᠭᠤᠯᠤᠯᠲᠠ᠎ᠶ᠋ᠢᠨ ᠢᠲᠡᠭᠡᠮᠵᠢᠲᠦ ᠰᠠᠭᠤᠷᠢ ᠮᠥᠩᠭᠦ᠌ (REITs) ᠶ᠋ᠢ ᠲᠠᠷᠬᠠᠭᠠᠨ᠎ᠠ᠂ ᠬᠤᠲᠠ᠎ᠶ᠋ᠢᠨ ᠬᠤᠳᠠᠯᠳᠤᠭᠠᠨ᠎ᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠤᠷᠲᠤ ᠬᠤᠭᠤᠴᠠᠭᠠᠨ᠎ᠤ ᠪᠦᠲᠦᠮᠵᠢᠲᠡᠶ ᠪᠡᠯᠡ ᠲᠣᠬᠢᠷᠠᠭᠤᠯᠬᠤ ᠳᠡᠮᠵᠢᠯᠭᠡ ᠬᠠᠩᠭᠠᠨ᠎ᠠ᠃