ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠲᠦᠷᠦ᠎ᠶᠢᠨ ᠪᠣᠳᠤᠯᠭ᠎ᠠ᠎ᠶᠢᠨ ᠲᠠᠶ᠋ᠢᠯᠤᠮᠵᠢ
ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭ᠌ᠯᠡᠭᠡ᠎ᠶ᠋ᠢ ᠠᠬᠢᠭᠤᠯᠬᠤ ᠵᠤᠷᠭᠠᠨ᠎ᠤ ᠬᠠᠷᠢᠭᠤᠴᠠᠯᠭᠠᠲᠠᠨ 《 ᠪᠣᠯᠪᠠᠰᠤᠷᠠᠭᠤᠯᠤᠭ᠍ᠰᠠᠨ ᠲᠣᠰᠣᠨ᠎ᠤ ᠭᠦᠢᠯᠭᠡᠭᠡᠨ᠎ᠤ ᠬᠠᠮᠢᠶᠠᠷᠤᠯᠲᠠ᠎ᠶ᠋ᠢᠨ ᠠᠷᠭ᠎ᠠ 》᠎ᠳᠤ ᠲᠠᠢᠯᠤᠮᠵᠢ ᠬᠢᠪᠠ
ᠨᠡᠶ᠋ᠢᠲᠡᠯᠡᠭᠰᠡᠨ ᠴᠠᠭ᠄ 2025-08-01

  ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ 《 ᠪᠣᠯᠪᠠᠰᠤᠷᠠᠭᠤᠯᠤᠭ᠍ᠰᠠᠨ ᠲᠣᠰᠣᠨ᠎ᠤ ᠭᠦᠢᠯᠭᠡᠭᠡᠨ᠎ᠤ ᠬᠠᠮᠢᠶᠠᠷᠤᠯᠲᠠ᠎ᠶ᠋ᠢᠨ ᠠᠷᠭ᠎ᠠ》 (ᠳᠣᠷᠣᠭ᠍ᠰᠢ 《ᠠᠷᠭ᠎ᠠ》 ᠭᠡᠵᠦ᠍ ᠲᠣᠪᠴᠢᠯᠠᠨ᠎ᠠ) ᠎ᠶ᠋ᠢ ᠳᠠᠷᠤᠮᠠᠯᠯᠠᠨ ᠲᠠᠷᠬᠠᠭᠠᠵᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠬᠡᠷᠡᠭ᠌ᠯᠡᠭᠡ᠎ᠶ᠋ᠢ ᠠᠬᠢᠭᠤᠯᠬᠤ ᠵᠤᠷᠭᠠᠨ᠎ᠤ ᠬᠠᠷᠢᠭᠤᠴᠠᠯᠭᠠᠲᠠᠨ 《ᠠᠷᠭ᠎ᠠ》 ᠎ᠶ᠋ᠢᠨ ᠲᠤᠬᠠᠶ ᠲᠠᠢᠯᠤᠮᠵᠢ ᠬᠢᠪᠠ᠃

  ᠨᠢᠭᠡ᠂ 《ᠠᠷᠭ᠎ᠠ》 ᠎ᠶ᠋ᠢ ᠨᠡᠢᠲᠡᠯᠡᠭ᠌ᠰᠡᠨ ᠠᠬᠤᠶ ᠪᠠᠢᠳᠠᠯ

  ᠪᠣᠯᠪᠠᠰᠤᠷᠠᠭᠤᠯᠤᠭ᠍ᠰᠠᠨ ᠲᠣᠰᠣ ᠪᠣᠯ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ᠎ᠳᠤ ᠬᠣᠯᠪᠣᠭ᠍ᠳᠠᠬᠤ ᠰᠠᠭᠤᠷᠢ ᠴᠢᠨᠠᠷᠲᠠᠶ ᠪᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠡᠬᠢ ᠪᠠᠶᠠᠯᠢᠭ ᠪᠣᠯᠬᠤ ᠲᠤᠯᠠ᠂ ᠤᠯᠤᠰ ᠠᠷᠠᠳ᠎ᠤᠨ ᠠᠵᠤ ᠠᠬᠤᠶ᠎ᠶ᠋ᠢᠨ ᠠᠵᠢᠯᠯᠠᠭᠠᠨ ᠪᠣᠯᠤᠨ ᠠᠷᠠᠳ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠯᠤᠭ᠎ᠠ ᠨᠢᠭ᠍ᠲᠠ ᠬᠣᠯᠪᠣᠭ᠎ᠠ᠎ᠲᠠᠶ ᠶᠤᠮ᠃ ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠤᠯᠤᠰ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠳᠠᠭᠠᠯᠳᠤᠨ᠂ ᠤᠯᠤᠰ᠎ᠤᠨ ᠳᠣᠲᠣᠭᠠᠳᠤ᠎ᠶ᠋ᠢᠨ ᠪᠣᠯᠪᠠᠰᠤᠷᠠᠭᠤᠯᠤᠭ᠍ᠰᠠᠨ ᠲᠣᠰᠣᠨ᠎ᠤ ᠵᠠᠬ᠎ᠠ ᠳᠡᠯᠭᠡᠭᠦᠷ᠎ᠲᠦ ᠵᠠᠷᠢᠮ ᠱᠢᠨ᠎ᠡ ᠪᠠᠢᠳᠠᠯ ᠱᠢᠨ᠎ᠡ ᠠᠰᠠᠭᠤᠳᠠᠯ ᠭᠠᠷᠴᠤ᠌᠂ ᠠᠵᠢᠯ ᠲᠥᠷᠥᠯ᠎ᠦᠨ ᠬᠠᠮᠢᠶᠠᠷᠤᠯᠲᠠ᠎ᠳᠤ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃

  ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠪᠣᠯᠪᠠᠰᠤᠷᠠᠭᠤᠯᠤᠭ᠍ᠰᠠᠨ ᠲᠣᠰᠣᠨ᠎ᠤ ᠭᠦᠢᠯᠭᠡᠭᠡᠨ᠎ᠦ ᠬᠠᠮᠢᠶᠠᠷᠤᠯᠲᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠤᠶ᠃ 2025 ᠣᠨ᠎ᠤ 1 ᠳ᠋ᠦ᠍ᠭᠡᠷ ᠰᠠᠷ᠎ᠠ᠎ᠳᠤ ᠳᠠᠷᠤᠮᠠᠯᠯᠠᠨ ᠲᠠᠷᠬᠠᠭᠠᠭ᠍ᠰᠠᠨ 《ᠪᠣᠯᠪᠠᠰᠤᠷᠠᠭᠤᠯᠤᠭ᠍ᠰᠠᠨ ᠲᠣᠰᠣᠨ᠎ᠤ ᠭᠦᠢᠯᠭᠡᠭᠡᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ᠍ ᠠᠯᠪᠠᠨ ᠲᠠᠷᠬᠠᠭᠠᠭ᠍ᠰᠠᠨ [2025] 5 ᠳ᠋ᠤᠭᠠᠷ ᠲᠣᠭᠠᠲᠤ᠌᠂ ᠳᠣᠷᠣᠭ᠍ᠰᠢ ᠲᠥᠷᠥ ᠠᠯᠪᠠᠨ 5 ᠳ᠋ᠤᠭᠠᠷ ᠲᠣᠭᠠᠲᠤ ᠪᠢᠴᠢᠭ ᠭᠡᠵᠦ᠍ ᠲᠣᠪᠴᠢᠯᠠᠨ᠎ᠠ) ᠎ᠨᠢ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠂ ᠬᠠᠮᠵᠢᠯᠴᠠᠨ ᠬᠢᠨᠠᠨ ᠬᠠᠮᠢᠶᠠᠷᠬᠤ᠎ᠶ᠋ᠢ ᠴᠢᠩᠭᠠᠳᠭᠠᠬᠤ᠂ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ ᠵᠡᠷᠭᠡ ᠲᠠᠯ᠎ᠠ᠎ᠪᠠᠷ ᠱᠢᠷᠢᠰ ᠪᠠᠢᠷᠢᠯᠠᠭᠤᠯᠤᠯᠲᠠ ᠬᠢᠵᠦ᠍᠂ ᠪᠣᠯᠪᠠᠰᠤᠷᠠᠭᠤᠯᠤᠭ᠍ᠰᠠᠨ ᠲᠣᠰᠣᠨ᠎ᠤ ᠭᠦᠢᠯᠭᠡᠭᠡᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ 5 ᠳ᠋ᠤᠭᠠᠷ ᠲᠣᠭᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠪᠣᠯᠪᠠᠰᠤᠷᠠᠭᠤᠯᠤᠭ᠍ᠰᠠᠨ ᠲᠣᠰᠣᠨ᠎ᠤ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠵᠢᠷᠤᠮᠵᠢᠭᠤᠯᠤᠨ᠂ ᠠᠵᠢᠯ ᠲᠥᠷᠥᠯ᠎ᠦᠨ ᠡᠷᠡᠭᠦᠯ ᠪᠥᠭᠡᠳ ᠡᠮᠬᠢ ᠵᠢᠷᠤᠮ᠎ᠲᠠᠶ᠎ᠪᠠᠷ ᠬᠥᠭ᠌ᠵᠢᠬᠦ᠌᠎ᠶ᠋ᠢ ᠬᠥᠲᠥᠯᠥᠨ ᠵᠢᠯᠣᠭᠣᠳᠭᠤ᠎ᠶ᠋ᠢᠨ ᠲᠤᠰᠠᠳᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ 《ᠠᠷᠭ᠎ᠠ》 ᠎ᠶ᠋ᠢ ᠨᠡᠢᠲᠡᠯᠡᠪᠡ᠃

  ᠬᠤᠶᠠᠷ᠂ ᠲᠤᠭᠤᠷᠪᠢᠨ ᠪᠢᠴᠢᠭ᠌ᠰᠡᠨ ᠶᠠᠪᠤᠴᠠ

  ᠬᠤᠳᠠᠯᠳᠤᠭᠠᠨ᠎ᠤ ᠶᠠᠪᠤᠳᠠᠯ᠎ᠤᠨ ᠶᠠᠮᠤᠨ 2022 ᠣᠨ᠎ᠳᠤ 《ᠠᠷᠭ᠎ᠠ》 ᠎ᠶ᠋ᠢ ᠲᠤᠭᠤᠷᠪᠢᠬᠤ ᠠᠵᠢᠯ᠎ᠢ ᠡᠬᠢᠯᠡᠭᠦᠯᠵᠦ᠍᠂ ᠪᠣᠯᠪᠠᠰᠤᠷᠠᠭᠤᠯᠤᠭ᠍ᠰᠠᠨ ᠲᠣᠰᠣᠨ᠎ᠤ ᠬᠦᠷᠢᠶᠡᠨ᠎ᠳᠠᠬᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠪᠥᠬᠦ᠌ ᠲᠠᠯ᠎ᠠ᠎ᠪᠠᠷ ᠡᠮᠬᠢᠯᠡᠨ ᠳᠢᠭ᠌ᠯᠡᠵᠦ᠍᠂ ᠣᠷᠣᠨ ᠨᠤᠲᠤᠭ᠂ ᠠᠵᠢᠯ ᠲᠥᠷᠥᠯ᠎ᠤᠨ ᠨᠡᠢᠭᠡᠮᠯᠢᠭ ᠪᠠ ᠪᠣᠯᠪᠠᠰᠤᠷᠠᠭᠤᠯᠤᠭ᠍ᠰᠠᠨ ᠲᠣᠰᠣᠨ᠎ᠤ ᠭᠦᠢᠯᠭᠡᠭᠡᠨ᠎ᠤ ᠠᠵᠤ ᠠᠬᠤᠢᠯᠠᠯ᠎ᠳᠤ ᠬᠦᠷᠴᠦ᠍ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠰᠠᠨᠠᠯ ᠰᠠᠨᠠᠭᠤᠯᠭ᠎ᠠ᠎ᠶ᠋ᠢ ᠭᠦᠢᠴᠡᠳ ᠰᠣᠨᠣᠰᠪᠠ᠃ 《ᠠᠷᠭ᠎ᠠ》 ᠎ᠶ᠋ᠢᠨ ᠡᠬᠡ ᠨᠣᠣᠷᠠᠭ᠎ᠢ ᠪᠣᠶ ᠪᠣᠯᠭᠠᠭ᠍ᠰᠠᠨ᠎ᠤ ᠳᠠᠷᠠᠭ᠎ᠠ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠣᠯᠠᠨ ᠤᠳᠠᠭ᠎ᠠ ᠲᠤᠰᠭᠠᠶ ᠰᠡᠳᠦᠪᠲᠦ ᠶᠠᠷᠢᠯᠴᠠᠬᠤ ᠬᠤᠷᠠᠯ᠂ ᠪᠢᠴᠢᠭ᠎ᠤᠨ ᠬᠡᠯᠪᠡᠷᠢ᠎ᠪᠠᠷ ᠰᠠᠨᠠᠯ ᠬᠤᠷᠢᠶᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠣᠷᠣᠨ ᠨᠤᠲᠤᠭ᠂ ᠠᠵᠢᠯ ᠲᠥᠷᠥᠯ᠎ᠤᠨ ᠨᠡᠢᠭᠡᠮᠯᠢᠭ᠂ ᠲᠤᠰᠭᠠᠶ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯ ᠵᠢᠴᠢ ᠣᠯᠠᠨ ᠨᠡᠢᠲᠡ᠎ᠶ᠋ᠢᠨ ᠰᠠᠨᠠᠯ᠎ᠢ ᠥᠷᠭᠡᠨ᠎ᠢᠶᠠᠷ ᠬᠤᠷᠢᠶᠠᠵᠤ᠂ ᠨᠠᠷᠢᠨ ᠬᠢᠨᠠᠮᠠᠭᠠᠶ ᠰᠤᠳᠤᠯᠤᠨ ᠱᠢᠩᠭᠡᠭᠡᠬᠦ᠌᠎ᠪᠠᠷ ᠳᠡᠮᠵᠢᠨ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 5 ᠳ᠋ᠤᠭᠠᠷ ᠲᠣᠭᠠᠲᠤ ᠪᠢᠴᠢᠭ᠎ᠤᠨ ᠱᠠᠭᠠᠷᠳᠠᠯᠭ᠎ᠠ᠎ᠲᠠᠢ ᠬᠠᠷᠢᠴᠠᠭᠤᠯᠤᠨ ᠤᠯᠠᠮ ᠨᠢᠭᠡ ᠠᠯᠬᠤᠮ ᠵᠠᠰᠠᠪᠤᠷᠢ ᠣᠷᠣᠭᠤᠯᠵᠤ᠂ ᠡᠴᠦᠰ᠎ᠲᠤ᠎ᠪᠠᠨ 《ᠠᠷᠭ᠎ᠠ》 ᠎ᠶ᠋ᠢᠨ ᠨᠡᠢᠲᠡᠯᠡᠭ᠌ᠰᠡᠨ ᠡᠬᠡ ᠪᠢᠴᠢᠭ᠎ᠢ ᠪᠣᠶ ᠪᠣᠯᠭᠠᠪᠠ᠃

  ᠭᠤᠷᠪᠠ᠂ 《ᠠᠷᠭ᠎ᠠ》 ᠎ᠶ᠋ᠢᠨ ᠭᠤᠣᠯ ᠠᠭᠤᠯᠭ᠎ᠠ

  《ᠠᠷᠭ᠎ᠠ》 ᠎ᠨᠢ ᠨᠡᠢᠲᠡ ᠵᠢᠷᠭᠤᠭᠠᠨ ᠪᠦᠯᠦᠭ 44 ᠵᠤᠷᠪᠤᠰ᠂ ᠭᠤᠤᠯᠳᠠᠭᠤ ᠳᠣᠤᠷᠠᠬᠢ ᠠᠭᠤᠯᠭ᠎ᠠ᠎ᠶ᠋ᠢ ᠲᠣᠭ᠍ᠲᠠᠭᠠᠪᠠ᠄

  (ᠨᠢᠭᠡ) ᠪᠣᠯᠪᠠᠰᠤᠷᠠᠭᠤᠯᠤᠭ᠍ᠰᠠᠨ ᠲᠣᠰᠣᠨ᠎ᠤ᠋ ᠭᠦᠢᠯᠭᠡᠭᠡᠨ᠎ᠦ᠌ ᠬᠠᠮᠢᠶᠠᠷᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠲᠣᠳᠣᠷᠬᠠᠢᠯᠠᠨ᠎ᠠ ᠃ ᠤᠯᠤᠰ᠎ᠠᠴᠠ ᠪᠣᠯᠪᠠᠰᠤᠷᠠᠭᠤᠯᠤᠭ᠍ᠰᠠᠨ ᠲᠤᠰᠤ᠎ᠶ᠋ᠢ ᠪᠥᠭᠡᠮ᠎ᠢᠶᠠᠷ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ ᠡᠵᠡᠩᠨᠡᠯᠲᠡ᠎ᠳᠤ ᠪᠦᠷᠢᠳᠭᠡᠨ ᠳᠠᠩᠰᠠᠯᠠᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠪᠣᠯᠪᠠᠰᠤᠷᠠᠭᠤᠯᠤᠭ᠍ᠰᠠᠨ ᠲᠤᠰᠤ᠎ᠶ᠋ᠢ ᠵᠢᠵᠢᠭ᠌ᠯᠡᠨ ᠬᠤᠳᠠᠯᠳᠤᠬᠤ ᠡᠵᠡᠩᠨᠡᠯᠲᠡ᠎ᠶ᠋ᠢᠨ ᠬᠢᠷᠢ ᠬᠡᠮ᠎ᠳᠤ ᠵᠥᠪᠱᠢᠶᠡᠷᠡᠯ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠭᠡᠷ᠎ᠤᠨ 5 ᠳ᠋ᠤᠭᠠᠷ ᠲᠣᠭᠠᠲᠤ ᠪᠢᠴᠢᠭ ᠮᠠᠲ᠋ᠧᠷᠢᠶᠠᠯ᠎ᠢ ᠦᠨᠳᠦᠰᠦᠯᠡᠨ ᠣᠷᠣᠨ ᠨᠤᠲᠤᠭ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠬᠠᠷᠢᠭᠤᠴᠠᠯᠭ᠎ᠠ᠎ᠶ᠋ᠢᠨ ᠰᠠᠯᠠᠭ᠎ᠠ ᠮᠥᠴᠢᠷ᠎ᠢ ᠲᠣᠳᠣᠷᠬᠠᠢᠯᠠᠨ᠎ᠠ ᠭᠡᠵᠦ᠍ ᠲᠣᠭ᠍ᠲᠠᠭᠠᠵᠠᠶ᠃

  (ᠬᠤᠶᠠᠷ) ᠳᠠᠩᠰᠠᠯᠠᠭᠤᠯᠬᠤ ᠬᠠᠮᠢᠶᠠᠷᠤᠯᠲᠠ ᠪᠠ ᠡᠵᠡᠩᠨᠡᠯᠲᠡ᠎ᠶ᠋ᠢᠨ ᠬᠢᠷᠢ ᠬᠡᠮ᠎ᠤᠨ ᠵᠥᠪᠱᠢᠶᠡᠷᠡᠯ᠎ᠤᠨ ᠪᠣᠳᠠᠲᠠᠶ ᠱᠠᠭᠠᠷᠳᠠᠯᠭ᠎ᠠ᠎ᠶ᠋ᠢ ᠲᠣᠳᠣᠷᠬᠠᠶ ᠪᠣᠯᠭᠠᠨ᠎ᠠ᠃ ᠪᠣᠯᠪᠠᠰᠤᠷᠠᠭᠤᠯᠤᠭ᠍ᠰᠠᠨ ᠲᠣᠰᠣ᠎ᠶ᠋ᠢ ᠪᠥᠭᠡᠮ᠎ᠢᠶᠠᠷ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ ᠡᠵᠡᠩᠨᠡᠯᠲᠡ᠎ᠶ᠋ᠢᠨ ᠠᠵᠤ ᠠᠬᠤᠢᠯᠠᠯ᠎ᠢ ᠳᠡᠩᠰᠡᠯᠡᠵᠦ᠍ ᠬᠡᠷᠡᠭ᠌ᠵᠢᠭᠦᠯᠬᠦ᠌ ᠭᠤᠤᠯ ᠴᠣᠭ᠍ᠴᠠ᠂ ᠭᠠᠷ᠎ᠤᠨ ᠥᠰᠥᠭ ᠵᠢᠷᠤᠬᠤ᠎ᠶ᠋ᠢ ᠬᠦᠴᠦᠨ ᠥᠬᠡᠶ ᠪᠣᠯᠭᠠᠬᠤ᠂ ᠪᠤᠴᠠᠭᠠᠬᠤ ᠪᠠᠷᠢᠮᠲᠠ᠎ᠶ᠋ᠢᠨ ᠬᠦᠴᠦᠨ᠎ᠲᠠᠢ ᠬᠤᠭᠤᠴᠠᠭ᠎ᠠ ᠵᠡᠷᠭᠡ ᠱᠠᠭᠠᠷᠳᠠᠯᠭ᠎ᠠ᠎ᠶ᠋ᠢ ᠳᠠᠩᠰᠠᠯᠠᠭᠤᠯᠤᠨ᠎ᠠ; ᠪᠣᠯᠪᠠᠰᠤᠷᠠᠭᠤᠯᠤᠭ᠍ᠰᠠᠨ ᠲᠣᠰᠣ᠎ᠶ᠋ᠢ ᠵᠢᠵᠢᠭ᠌ᠯᠡᠨ ᠬᠤᠳᠠᠯᠳᠤᠬᠤ ᠡᠵᠡᠩᠨᠡᠯᠲᠡ᠎ᠶ᠋ᠢᠨ ᠬᠢᠷᠢ ᠬᠡᠮ᠎ᠤᠨ ᠵᠥᠪᠱᠢᠶᠡᠷᠡᠯ᠎ᠤᠨ ᠬᠠᠮᠢᠶ᠎ᠠ ᠪᠥᠬᠦᠶ ᠲᠦᠷᠢᠮ᠎ᠢ ᠨᠢᠭᠡᠳᠭᠡᠵᠦ᠍᠂ ᠬᠡᠷᠡᠭ᠌ᠵᠢᠭᠦᠯᠬᠦ᠌ ᠭᠤᠤᠯ ᠴᠣᠭ᠍ᠴᠠ᠂ ᠵᠥᠪᠱᠢᠶᠡᠷᠡᠬᠦ᠌ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠵᠥᠪᠱᠢᠶᠡᠷᠡᠬᠦ᠌ ᠲᠠᠰ ᠳᠠᠷᠠᠭᠠᠯᠠᠯ ᠵᠢᠴᠢ ᠴᠠᠭ ᠬᠤᠭᠤᠴᠠᠭ᠎ᠠ᠂ ᠵᠥᠪᠱᠢᠶᠡᠷᠡᠯ᠎ᠢ᠎ᠨᠢ ᠬᠤᠪᠢᠷᠠᠭᠤᠯᠬᠤ ᠵᠢᠴᠢ ᠦᠨᠡᠮᠯᠡᠯ᠎ᠤᠨ ᠬᠡᠪᠯᠡᠯ᠂ ᠬᠦᠴᠦᠨ᠎ᠲᠠᠢ ᠬᠤᠭᠤᠴᠠᠭ᠎ᠠ᠂ ᠬᠡᠷᠡᠭ᠌ᠯᠡᠯᠲᠡ᠎ᠶ᠋ᠢᠨ ᠵᠢᠷᠤᠮᠵᠢᠯ ᠵᠡᠷᠭᠡ ᠱᠠᠭᠠᠷᠳᠠᠯᠭ᠎ᠠ᠎ᠶ᠋ᠢ ᠲᠣᠭ᠍ᠲᠠᠭᠠᠨ᠎ᠠ᠃

  (ᠭᠤᠷᠪᠠ) ᠠᠵᠤ ᠠᠬᠤᠢᠯᠠᠯ᠎ᠦᠨ ᠡᠵᠡᠩᠨ᠌ᠡᠯᠲᠡ ᠶᠢᠨ ᠵᠢᠷᠤᠮᠵᠢᠭᠤᠨ ᠱᠠᠭ᠋ᠠᠷᠳᠠᠯᠭ᠎ᠠ᠎ᠶᠢ ᠲᠣᠳᠤᠷᠬᠠᠢ᠌ᠯᠠᠨ᠎ᠠ᠃ ᠪᠣᠯᠪᠠᠰᠤᠷᠠᠭᠤᠯᠤᠭ᠍ᠰᠠᠨ ᠲᠣᠰᠣᠨ᠎ᠤ ᠡᠵᠡᠩᠨᠡᠯᠲᠡ᠎ᠶ᠋ᠢᠨ ᠠᠵᠤ ᠠᠬᠤᠢᠯᠠᠯ᠎ᠨᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠪᠠᠷᠢᠮᠵᠢᠶ᠎ᠠ᠎ᠶ᠋ᠢᠨ ᠱᠠᠭᠠᠷᠳᠠᠯᠭ᠎ᠠ ᠶᠣᠰᠣᠭᠠᠷ ᠡᠵᠡᠩᠨᠡᠯᠲᠡ᠎ᠪᠠᠨ ᠥᠷᠨᠢᠭᠦᠯᠵᠦ᠍᠂ ᠤᠯᠤᠰ᠎ᠤᠨ ᠬᠤᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ ᠬᠠᠮᠢᠶ᠎ᠠ ᠪᠦᠬᠦᠢ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠬᠤᠳᠠᠯᠳᠤᠨ ᠠᠪᠬᠤ ᠪᠠ ᠪᠣᠷᠣᠯᠠᠭᠤᠯᠬᠤ ᠪᠠ ᠬᠠᠳᠠᠭᠠᠯᠠᠭ᠍ᠰᠠᠨ ᠳ᠋ᠡᠢ᠌ᠲ᠋ᠠ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠱᠢᠨ᠎ᠡ᠎ᠪᠠᠷ ᠪᠠᠢᠭᠤᠯᠬᠤ ᠪᠠ ᠥᠭᠡᠷᠡᠴᠢᠯᠡᠵᠦ᠍ ᠥᠷᠭᠡᠳᠭᠡᠨ ᠪᠠᠢᠭᠤᠯᠬᠤ᠂ ᠠᠵᠢᠯ ᠵᠣᠭ᠍ᠰᠣᠬᠤ᠂ ᠲᠣᠰᠣᠨ᠎ᠤ ᠵᠦᠢᠯ᠎ᠤᠨ ᠬᠤᠳᠠᠯᠳᠤᠨ ᠠᠪᠬᠤ ᠪᠠ ᠪᠣᠷᠣᠯᠠᠭᠤᠯᠬᠤ᠂ ᠲᠡᠮᠳᠡᠭ᠎ᠢ ᠬᠡᠷᠡᠭ᠌ᠯᠡᠬᠦ᠌ ᠵᠡᠷᠭᠡ ᠲᠠᠯ᠎ᠠ᠎ᠶ᠋ᠢᠨ ᠡᠵᠡᠩᠨᠡᠯᠲᠡ᠎ᠶ᠋ᠢᠨ ᠵᠢᠷᠤᠮᠵᠢᠯ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ᠃

  (ᠲᠦᠷᠪᠡ) ᠡᠯ᠎ᠡ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠲᠣᠳᠣᠷᠬᠠᠢᠯᠠᠨ᠎ᠠ ᠃ ᠡᠯ᠎ᠡ ᠭᠠᠵᠠᠷ ᠣᠷᠣᠨ᠎ᠤ᠎ᠬᠢᠨ ᠪᠣᠯᠪᠠᠰᠤᠷᠠᠭᠤᠯᠤᠭ᠍ᠰᠠᠨ ᠲᠣᠰᠣ᠎ᠶ᠋ᠢ ᠪᠥᠭᠡᠮ᠎ᠢᠶᠠᠷ ᠬᠤᠳᠠᠯᠳᠤᠬᠤ᠂ ᠬᠥᠮᠥᠷᠭᠡᠯᠡᠨ ᠬᠠᠳᠠᠭᠠᠯᠠᠬᠤ᠂ ᠵᠢᠵᠢᠭ᠌ᠯᠡᠨ ᠬᠤᠳᠠᠯᠳᠤᠬᠤ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠨᠡᠷᠡᠰ᠎ᠤᠨ ᠵᠢᠭ᠍ᠰᠠᠭᠠᠯᠲᠠ᠎ᠶ᠋ᠢ ᠪᠠᠢᠭᠤᠯᠬᠤ᠎ᠶ᠋ᠢᠨ ᠬᠠᠮᠲᠤ ᠨᠡᠢᠭᠡᠮ᠎ᠳᠤ ᠨᠡᠢᠲᠡᠯᠡᠵᠦ᠍᠂ ᠪᠣᠯᠪᠠᠰᠤᠷᠠᠭᠤᠯᠤᠭ᠍ᠰᠠᠨ ᠲᠣᠰᠣ᠎ᠶ᠋ᠢ ᠪᠥᠭᠡᠮ᠎ᠢᠶᠠᠷ ᠬᠤᠳᠠᠯᠳᠤᠬᠤ᠂ ᠬᠥᠮᠥᠷᠭᠡᠯᠡᠨ ᠬᠠᠳᠠᠭᠠᠯᠠᠵᠤ ᠡᠵᠡᠩᠨᠡᠬᠦ᠌ ᠠᠵᠤ ᠠᠬᠤᠢᠯᠠᠯ᠎ᠤᠨ ᠬᠡᠪ᠎ᠤᠨ ᠪᠤᠰᠤ ᠪᠠᠢᠳᠠᠯ᠎ᠳᠤ ᠲᠣᠳᠣᠷᠬᠠᠢᠯᠠᠯᠲᠠ ᠬᠢᠬᠦ᠌᠎ᠶ᠋ᠢᠨ ᠬᠠᠮᠲᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠤ ᠬᠦᠷᠭᠡᠨ ᠥᠭ᠌ᠴᠦ᠂ ᠪᠣᠯᠪᠠᠰᠤᠷᠠᠭᠤᠯᠤᠭ᠍ᠰᠠᠨ ᠲᠣᠰᠣᠨ᠎ᠤ ᠵᠢᠵᠢᠭ᠌ᠯᠡᠨ ᠬᠤᠳᠠᠯᠳᠤᠬᠤ ᠱᠢᠰᠲ᠋ᠧᠮ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠎ᠶ᠋ᠢ ᠱᠠᠭᠠᠷᠳᠠᠵᠤ᠂ ᠬᠠᠮᠢᠶ᠎ᠠ ᠪᠦᠬᠦᠢ ᠠᠵᠤ ᠠᠬᠤᠢᠯᠠᠯ᠎ᠳᠤ ᠡᠳᠦᠷ ᠲᠤᠲᠤᠮ᠎ᠤᠨ ᠪᠠᠢᠴᠠᠭᠠᠯᠲᠠ᠂ ᠣᠨ᠎ᠤ ᠪᠠᠢᠴᠠᠭᠠᠯᠲᠠ ᠬᠢᠵᠦ᠍᠂ ᠲᠤᠭ᠎ᠠ ᠪᠠᠷᠢᠮᠲᠠ᠎ᠳᠤ ᠤᠶᠤᠨᠴᠢᠯᠠᠭ᠍ᠰᠠᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ᠎ᠶ᠋ᠢᠨ ᠱᠠᠲᠤ ᠬᠤᠪᠢᠶᠠᠨ ᠬᠢᠨᠠᠨ ᠬᠠᠮᠢᠶᠠᠷᠬᠤ᠎ᠶ᠋ᠢ ᠴᠢᠩᠭᠠᠳᠭᠠᠬᠤ ᠬᠡᠷᠡᠭ᠌ᠲᠡᠶ ᠭᠡᠵᠦ᠍ ᠱᠠᠭᠠᠷᠳᠠᠪᠠ᠃

  (ᠲᠠᠪᠤ) ᠬᠣᠯᠪᠣᠭ᠍ᠳᠠᠯ ᠪᠦᠬᠦᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠰᠢᠢ᠍ᠳᠭᠡᠨ ᠲᠣᠷᠭᠠᠬᠤ᠎ᠶ᠋ᠢ ᠲᠣᠳᠣᠷᠬᠠᠢᠯᠠᠨ᠎ᠠ᠃ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠬᠠᠤᠯᠢ᠂ ᠵᠠᠰᠠᠭ ᠵᠠᠬᠢᠷᠭᠠᠨ᠎ᠤ ᠱᠢᠢᠳᠭᠡᠯ᠎ᠤᠨ ᠬᠠᠤᠯᠢ᠎ᠶ᠋ᠢᠨ ᠲᠣᠭ᠍ᠲᠠᠭᠠᠯ᠎ᠢ ᠦᠨᠳᠦᠰᠦᠯᠡᠨ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠪᠢᠴᠢᠭ ᠮᠠᠲ᠋ᠧᠷᠢᠶᠠᠯ᠎ᠤᠨ ᠡᠷᠬᠡ ᠣᠯᠭᠤᠭ᠍ᠰᠠᠨ ᠪᠠ ᠰᠠᠯᠠᠭ᠎ᠠ ᠮᠥᠴᠢᠷ᠎ᠤᠨ ᠲᠦᠷᠢᠮ ᠲᠣᠭ᠍ᠲᠠᠭᠠᠯ᠎ᠲᠠᠢ ᠤᠶᠠᠯᠳᠤᠭᠤᠯᠤᠨ ᠵᠠᠰᠠᠭ ᠵᠠᠬᠢᠷᠭᠠᠨ᠎ᠤ ᠱᠢᠢᠳᠭᠡᠯ᠎ᠤᠨ ᠡᠷᠬᠡ᠎ᠶ᠋ᠢᠨ ᠬᠢᠵᠠᠭᠠᠷ᠎ᠢ ᠲᠣᠭ᠍ᠲᠠᠭᠠᠵᠤ᠂ ᠥᠯᠥ᠍ ᠳᠠᠩᠰᠠᠯᠠᠭᠤᠯᠬᠤ ᠪᠠ ᠳᠠᠩᠰᠠᠯᠠᠯ᠎ᠢ ᠬᠦᠴᠦᠨ ᠥᠬᠡᠶ ᠪᠣᠯᠭᠠᠬᠤ᠂  ᠵᠦᠪᠰᠢᠶᠡᠷᠡᠬᠦ ᠦᠭᠡᠢ᠂ ᠵᠥᠪᠱᠢᠶᠡᠷᠡᠯ᠎ᠢ ᠬᠦᠴᠦᠨ ᠥᠬᠡᠶ ᠪᠣᠯᠭᠠᠬᠤ᠂ ᠵᠦᠪᠰᠢᠶᠡᠷᠡᠬᠦ ᠵᠡᠷᠭᠡ ᠪᠣᠳᠠᠲᠠᠶ ᠪᠠᠢᠳᠠᠯ᠎ᠢ ᠲᠣᠳᠣᠷᠬᠠᠢᠯᠠᠵᠤ᠂ ᠣᠷᠣᠵᠤ ᠭᠠᠷᠬᠤ ᠬᠠᠮᠢᠶᠠᠷᠤᠯᠲᠠ᠎ᠶ᠋ᠢᠨ ᠪᠢᠲᠡᠭᠦᠦ ᠴᠠᠭᠠᠷᠢᠭ᠎ᠢ ᠪᠣᠶ ᠪᠣᠯᠭᠠᠨ᠎ᠠ᠃ ᠡᠭᠦᠨ᠎ᠠᠴᠠ ᠭᠠᠳᠠᠨ᠎ᠠ᠂ 《ᠠᠷᠭ᠎ᠠ》 ᠎ᠶ᠋ᠢ ᠵᠥᠷᠢᠴᠡᠭ᠌ᠰᠡᠨ ᠬᠠᠮᠢᠶ᠎ᠠ ᠪᠦᠬᠦᠢ ᠦᠢᠯᠡ ᠠᠵᠢᠯᠯᠠᠭ᠎ᠠ᠎ᠳᠤ ᠴᠢᠭ᠌ᠯᠡᠭᠦᠯᠦᠨ᠂ ᠪᠠᠢᠳᠠᠯ ᠬᠦᠨᠳᠦ ᠨᠣᠴᠢᠲᠠᠶ ᠪᠠᠢᠬᠤ ᠬᠡᠮᠵᠢᠶ᠎ᠡ ᠶᠣᠰᠣᠭᠠᠷ᠂ ᠵᠠᠰᠠᠭ ᠵᠠᠬᠢᠷᠭᠠᠨ᠎ᠤ ᠱᠢᠳᠭᠡᠯ ᠲᠣᠷᠭᠠᠭᠤᠯᠢ᠎ᠶ᠋ᠢᠨ ᠵᠦᠢᠯ ᠵᠤᠷᠪᠤᠰ᠎ᠢ ᠱᠠᠲᠤ ᠬᠤᠪᠢᠶᠠᠨ ᠲᠣᠬᠢᠷᠠᠭᠤᠯᠵᠤ᠂ ᠠᠯᠳᠠᠭ᠎ᠠ ᠪᠤᠷᠤᠭᠤ ᠪᠠ ᠱᠢᠢᠳᠭᠡᠯ ᠲᠣᠷᠭᠠᠭᠤᠯᠢ᠎ᠶ᠋ᠢ ᠠᠳᠠᠯᠢ ᠪᠠᠢᠯᠭᠠᠬᠤ ᠬᠡᠷᠡᠭ᠌ᠲᠡᠶ᠃

  (ᠵᠢᠷᠭᠤᠭ᠎ᠠ) ᠬᠠᠮᠢᠶ᠎ᠠ ᠪᠦᠬᠦᠢ ᠲᠣᠳᠣᠷᠬᠠᠢᠯᠠᠯᠲᠠ ᠪᠠ ᠬᠡᠷᠡᠭ᠌ᠵᠢᠭᠦᠯᠬᠦ᠌ ᠱᠠᠭᠠᠷᠳᠠᠯᠭ᠎ᠠ᠎ᠶ᠋ᠢ ᠲᠣᠳᠣᠷᠬᠠᠢᠯᠠᠨ᠎ᠠ᠃ ᠪᠣᠯᠪᠠᠰᠤᠷᠠᠭᠤᠯᠤᠭ᠍ᠰᠠᠨ ᠲᠣᠰᠣ᠂ ᠪᠣᠯᠪᠠᠰᠤᠷᠠᠭᠤᠯᠤᠭ᠍ᠰᠠᠨ ᠲᠣᠰᠣᠨ᠎ᠤ ᠵᠢᠵᠢᠭ᠌ᠯᠡᠨ ᠬᠤᠳᠠᠯᠳᠤᠬᠤ ᠲᠣᠤᠷ ᠴᠡᠭ ᠵᠡᠷᠭᠡ᠎ᠶ᠋ᠢᠨ ᠲᠣᠳᠣᠷᠬᠠᠢᠯᠠᠯᠲᠠ᠎ᠶ᠋ᠢ ᠲᠣᠭ᠍ᠲᠠᠭᠠᠵᠤ᠂ ᠮᠤᠵᠢ᠎ᠶ᠋ᠢᠨ ᠱᠠᠲᠤᠨ᠎ᠤ ᠬᠤᠳᠠᠯᠳᠤᠭᠠᠨ᠎ᠤ ᠶᠠᠪᠤᠳᠠᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠡᠷᠬᠡ ᠣᠯᠭᠤᠨ ᠲᠤᠰ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠬᠡᠷᠡᠭ᠌ᠵᠢᠭᠦᠯᠬᠦ᠌ ᠨᠠᠷᠢᠨ ᠳᠦᠷᠢᠮ ᠲᠣᠭ᠍ᠲᠠᠭᠠᠵᠤ᠂ ᠠᠷᠭ᠎ᠠ᠎ᠶ᠋ᠢ ᠲᠣᠳᠣᠷᠬᠠᠢᠯᠠᠬᠤ ᠪᠠᠢ᠌ᠭᠤᠯᠭ᠎ᠠ ᠪᠣᠯᠤᠨ ᠬᠡᠷᠡᠭ᠌ᠵᠢᠭᠦᠯᠬᠦ᠌ ᠴᠠᠭ ᠵᠡᠷᠭᠡ᠎ᠶ᠋ᠢ ᠲᠣᠳᠣᠷᠬᠠᠢᠯᠠᠵᠤ᠂ ᠬᠡᠷᠡᠭ᠌ᠵᠢᠭᠦᠯᠬᠦ᠌᠎ᠶ᠋ᠢ ᠨᠡᠩ ᠲᠣᠭ᠍ᠲᠠᠪᠤᠷᠢ ᠴᠢᠨᠠᠷ᠂ ᠤᠷᠢᠳᠴᠢᠯᠠᠨ ᠮᠡᠳᠡᠬᠦ᠌ ᠴᠢᠨᠠᠷ᠎ᠲᠠᠶ ᠪᠣᠯᠭᠠᠬᠤ ᠬᠡᠷᠡᠭ᠌ᠲᠡᠶ᠃

  《ᠠᠷᠭ᠎ᠠ》 ᠎ᠶ᠋ᠢ 9 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃ ᠲᠠᠷᠠᠭᠠᠴᠢ᠎ᠶ᠋ᠢᠨ ᠠᠯᠬᠤᠮ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠤᠬᠠᠭᠤᠯᠭ᠎ᠠ ᠪᠣᠯᠪᠠᠰᠤᠷᠠᠯ᠎ᠢᠶᠠᠨ ᠴᠢᠩᠭᠠᠳᠭᠠᠵᠤ᠂ ᠣᠷᠣᠨ ᠨᠤᠲᠤᠭ᠎ᠤᠨ ᠬᠤᠳᠠᠯᠳᠤᠭᠠᠨ᠎ᠤ ᠶᠠᠪᠤᠳᠠᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠵᠢᠯᠣᠭᠤᠳᠤᠨ 《ᠠᠷᠭ᠎ᠠ》 ᠎ᠶ᠋ᠢᠨ ᠠᠭᠤᠯᠭ᠎ᠠ᠎ᠶ᠋ᠢ ᠣᠨᠣᠪᠴᠢᠲᠠᠶ ᠤᠢᠯᠠᠭᠠᠨ ᠡᠵᠡᠮᠱᠢᠭᠦᠯᠵᠦ᠍᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠪᠣᠯᠪᠠᠰᠤᠷᠠᠭᠤᠯᠤᠭ᠍ᠰᠠᠨ ᠲᠣᠰᠣᠨ᠎ᠤ ᠵᠠᠬ᠎ᠠ ᠳᠡᠯᠭᠡᠭᠦᠷ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃

ᠢᠷᠡᠯᠲᠡ᠄ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠣᠨᠢᠨ ᠮᠡᠳᠡᠭᠡᠨ᠎ᠤ ᠠᠯᠪᠠᠨ ᠭᠡᠷ
          
ᠬᠠᠮᠢᠶ᠎ᠡ ᠪᠦᠬᠦᠢ ᠰᠣᠨᠢᠨ
 
            