
10 ᠳ᠋ᠤᠭᠠᠷ ᠰᠠᠷ᠎ᠠ᠎ᠶ᠋ᠢᠨ 29 ᠤ ᠡᠳᠦᠷ᠎ᠤᠨ ᠦᠳᠡ᠎ᠶ᠋ᠢᠨ ᠡᠮᠦᠨ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《2025 ᠣᠨ᠎ᠤ ᠲᠦᠷᠦᠭᠦᠤ ᠭᠤᠷᠪᠠᠨ ᠤᠯᠠᠷᠢᠯ᠎ᠤᠨ ᠪᠥᠬᠦ᠌ ᠣᠷᠣᠨ᠎ᠤ ᠮᠥᠩᠭᠦᠨ ᠭᠦᠢᠯᠭᠡᠭᠡᠨ᠎ᠤ ᠠᠵᠢᠯᠯᠠᠭᠠᠨ᠎ᠤ ᠪᠠᠢᠳᠠᠯ ᠵᠢᠴᠢ ᠮᠥᠩᠭᠦᠨ ᠭᠦᠢᠯᠭᠡᠭᠡᠨ᠎ᠢᠶᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠬᠦ᠌ ᠪᠠᠢᠳᠠᠯ᠎ᠤᠨ ᠲᠤᠬᠠᠶ ᠰᠣᠨᠢᠨ ᠮᠡᠳᠡᠭᠡ ᠨᠡᠢᠲᠡᠯᠡᠬᠦ᠌ ᠬᠤᠷᠠᠯ》 ᠢ ᠬᠤᠷᠠᠯᠳᠤᠭᠤᠯᠪᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠶ᠋ᠢᠨ ᠨᠠᠮ᠎ᠤᠨ ᠬᠤᠷᠢᠶ᠎ᠠ᠎ᠶ᠋ᠢᠨ ᠭᠡᠱᠢᠭᠦᠨ᠂ ᠪᠠᠩᠬᠢ᠎ᠶ᠋ᠢᠨ ᠳᠡᠳ᠋ ᠳᠠᠷᠤᠭ᠎ᠠ ᠬᠠᠨ ᠱᠢᠶᠠᠩ ᠭᠦᠸᠧ ᠭᠤᠤᠯ ᠰᠡᠳᠦᠪ᠎ᠢ ᠨᠡᠢᠲᠡᠯᠡᠵᠦ᠍᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠶ᠋ᠢᠨ ᠮᠥᠩᠭᠦᠨ ᠭᠦᠶ᠋ᠯᠭᠡᠭᠡᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠭᠤᠤ ᠭᠦᠸᠧ ᠫᠧᠩ᠂ ᠵᠣᠭᠤᠰᠣᠨ᠎ᠤ ᠲᠥᠷᠥ᠎ᠶ᠋ᠢᠨ ᠪᠣᠳᠣᠯᠭ᠎ᠠ᠎ᠶ᠋ᠢᠨ ᠭᠠᠵᠠᠷ᠎ᠤᠨ ᠳᠡᠳ᠋ ᠳᠠᠷᠤᠭ᠎ᠠ ᠵᠣᠣ ᠵᠢᠩ ᠰᠣᠨᠢᠨ ᠮᠡᠳᠡᠭᠡ ᠨᠡᠢᠲᠡᠯᠡᠬᠦ᠌ ᠬᠤᠷᠠᠯ᠎ᠳᠤ ᠣᠷᠣᠯᠴᠠᠭ᠍ᠰᠠᠨ ᠪᠥᠭᠡᠳ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃
ᠮᠡᠳᠡᠭᠡ ᠵᠠᠩᠭᠢ᠎ᠶ᠋ᠢᠨ ᠢᠷᠡᠯᠲᠡ᠄ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ