
8 ᠳ᠋ᠤᠭᠠᠷ ᠰᠠᠷ᠎ᠠ᠎ᠶ᠋ᠢᠨ 29 ᠤ ᠡᠳᠦᠷ᠎ᠤᠨ ᠦᠳᠡ᠎ᠶ᠋ᠢᠨ ᠡᠮᠦᠨ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠤᠯᠤᠰ᠎ᠤᠨ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ ᠴᠦᠯᠡᠷᠬᠡᠭᠵᠢᠯ᠎ᠢ ᠰᠡᠷᠭᠡᠢᠯᠡᠨ ᠵᠠᠰᠠᠬᠤ ᠵᠤᠷᠭᠠᠨ᠎ᠤ ᠳᠡᠳ᠋ ᠳᠠᠷᠤᠭ᠎ᠠ ᠵᠢᠶᠠ ᠱᠢᠶᠤᠤ ᠱᠢᠶᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠡᠤ ᠱᠢᠶᠠᠩ ᠯᠢᠶᠠᠩ᠂ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ ᠳᠡᠳ᠋ ᠳᠠᠷᠤᠭ᠎ᠠ ᠡᠤ ᠭᠦᠸᠧ ᠴᠢᠩ᠂ ᠣᠷᠳᠣᠰ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠤᠲᠠ᠎ᠶ᠋ᠢᠨ ᠳᠠᠷᠤᠭ᠎ᠠ ᠵᠢᠷᠤᠮᠲᠤ᠎ᠠᠴᠠ ᠠᠷᠪᠠᠳᠤᠭᠠᠷ ᠬᠤᠭᠤᠴᠠᠭᠠᠨ᠎ᠤ ᠬᠥᠪᠴᠢ᠎ᠶ᠋ᠢᠨ ᠣᠯᠠᠨ ᠤᠯᠤᠰ᠎ᠤᠨ ᠡᠯᠡᠰᠦᠨ ᠴᠥᠯ᠎ᠤᠨ ᠶᠠᠷᠢᠶᠠᠨ᠎ᠤ ᠲᠠᠪᠴᠠᠩ᠎ᠤᠨ ᠬᠠᠮᠢᠶ᠎ᠠ ᠪᠥᠬᠦᠶ ᠪᠠᠢᠳᠠᠯ᠎ᠢ ᠲᠠᠨᠢᠯᠴᠠᠭᠤᠯᠬᠤ᠎ᠶ᠋ᠢᠨ ᠬᠠᠮᠲᠤ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃ ᠰᠣᠨᠢᠨ ᠮᠡᠳᠡᠭᠡ ᠨᠡᠢᠲᠡᠯᠡᠬᠦ᠌ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠶᠤᠸᠠᠨ ᠶᠦᠩ ᠡᠷᠬᠢᠯᠡᠪᠡ᠃
ᠮᠡᠳᠡᠭᠡ ᠵᠠᠩᠭᠢ᠎ᠶ᠋ᠢᠨ ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ