ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
2025 ᠣᠨ᠎ᠤ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2025-02-10

  2025 ᠣᠨ᠎ᠤ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠤᠷᠠᠯ 2 ᠳ᠋ᠤᠭ᠋ᠠᠷ ᠰᠠᠷ᠎ᠠ ᠵᠢᠨ 10᠎ᠤ ᠡᠳᠦᠷ ᠬᠥᠬᠡᠬᠤᠲᠠ᠎ᠳᠤ ᠬᠤᠷᠠᠯᠳᠤᠪᠠ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ ᠪᠦᠬᠦᠳᠡ ᠬᠤᠷᠠᠯ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠪᠦᠬᠦ ᠤᠯᠤᠰ᠎ᠤᠨ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠤᠳᠠᠭ᠎ᠠ ᠵᠢᠨ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠤᠷᠠᠯ》᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ 2024 ᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠢ ᠳ᠋ᠦᠩᠨᠡᠵᠦ᠂ 2025 ᠣᠨ᠎ᠤ ᠭᠤᠣᠯᠳᠠᠯᠭ᠎ᠠ᠎ᠲᠠᠢ ᠡᠭᠦᠷᠭᠡ ᠵᠢ ᠲᠤᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠯᠦᠸᠧ ᠴᠢᠩ ᠨᠥᠬᠦᠷ ᠠᠵᠢᠯ᠎ᠤᠨ ᠮᠡᠳᠡᠭᠦᠯᠦᠯᠲᠡ ᠬᠢᠵᠦ᠂ ᠬᠠᠮᠢᠶ᠎ᠠ ᠪᠦᠬᠦᠢ ᠨᠢᠭᠡᠴᠢ᠂ ᠠᠶ᠋ᠢᠮᠠᠭ ᠬᠤᠲᠠ ᠵᠢᠨ ᠲᠥᠯᠥᠭᠡᠯᠡᠭᠴᠢ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃


2.10-1.jpg


2025 ᠣᠨ᠎ᠤ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ


2.10-2.jpg


   ᠬᠤᠷᠠᠯ᠎ᠠᠴᠠ᠂ 2024 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠃ ᠭᠠᠳᠠᠭ᠋ᠠᠳᠤ ᠳᠠᠷᠤᠯᠲᠠ ᠶᠡᠬᠡᠰᠴᠦ᠂ ᠳᠣᠲᠣᠭ᠋ᠠᠳᠤ ᠬᠦᠴᠢᠷᠳᠡᠯ ᠨᠡᠮᠡᠭᠳᠡᠵᠦ ᠪᠠᠶ᠋ᠢᠭ᠎ᠠ ᠨᠠᠷᠢᠨ ᠪᠤᠳᠤᠯᠢᠶᠠᠨᠲᠠᠶ ᠪᠠᠶ᠋ᠢᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠳᠡᠮᠵᠢᠯᠭᠡ ᠵᠢᠯᠣᠭᠤᠳᠣᠯᠭ᠎ᠠ ᠳᠣᠤᠷ᠎ᠠ᠂ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠵᠢ ᠪᠥᠬᠦ ᠣᠷᠣᠨ᠎ᠤ ᠨᠡᠭᠡᠭᠡᠯᠲᠡ ᠬᠢᠵᠦ ᠬᠥᠭᠵᠢᠭᠦᠯᠬᠦ ᠵᠢᠨ ᠲᠡᠷᠢᠭᠦᠨ ᠴᠢᠬᠤᠯᠠ ᠶᠡᠭᠡ ᠶᠠᠪᠤᠳᠠᠯ ᠪᠣᠯᠭ᠋ᠠᠵᠤ᠂ ᠬᠦᠴᠢᠷ᠎ᠢ ᠰᠥᠷᠦᠨ ᠤᠷᠤᠭᠰᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠬᠥᠭᠵᠢᠯᠲᠡ ᠵᠢᠨ ᠶᠠᠰᠤ ᠴᠢᠨᠠᠷ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ 《ᠲᠤᠯᠤᠭ᠋ᠠᠨ ᠶᠡᠭᠡ ᠳᠡᠭᠡᠭᠰᠢᠯᠡᠭᠦᠯᠬᠦ ᠠᠵᠢᠯᠯᠠᠭ᠎ᠠ》 ᠵᠢ ᠭᠤᠤᠯᠳᠠᠯᠭ᠎ᠠ᠎ᠲᠠᠢ ᠬᠡᠷᠡᠭᠵᠢᠭᠦᠯᠵᠦ᠂ ᠪᠥᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯᠯᠠᠭ᠋ᠠᠨ ᠲᠣᠭᠲᠠᠭᠤᠨ᠎ᠤ ᠳᠤᠮᠳᠠ ᠤᠷᠤᠭᠰᠢᠯᠠᠵᠤ᠂ ᠲᠣᠭᠲᠠᠭᠤᠨ᠎ᠤ ᠳᠤᠮᠳᠠ ᠰᠠᠶ᠋ᠢᠵᠢᠷᠠᠵᠤ᠂ ᠰᠢᠨ᠎ᠡ ᠰᠢᠪᠲᠤᠯᠤᠯᠲᠠ ᠵᠢ ᠪᠡᠶᠡᠯᠡᠭᠦᠯᠵᠦ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠪᠠ 《ᠰᠢᠨ᠎ᠡ ᠵᠠᠮ᠎ᠢ ᠨᠡᠬᠡᠬᠡᠵᠦ᠂ ᠳᠤᠮᠳᠠ ᠲᠦᠪᠰᠢᠨ᠎ᠳᠤ ᠳᠠᠪᠰᠢᠬᠤ》 ᠬᠠᠷᠠᠯᠲᠠ ᠵᠢ ᠪᠡᠶᠡᠯᠡᠭᠦᠯᠬᠦ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃

   ᠬᠤᠷᠠᠯ᠎ᠠᠴᠠ᠂ 2025 ᠣᠨ᠎ᠳᠤ ᠪᠦᠬᠦ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ 《ᠭᠤᠷᠪᠠᠨ ᠴᠢᠬᠤᠯᠠ》 ᠪᠠᠶ᠋ᠢᠷᠢ ᠲᠣᠭᠲᠠᠭ᠋ᠠᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠎ᠲᠠᠢ ᠨᠢᠭᠲᠠ ᠤᠶᠠᠯᠳᠤᠭᠤᠯᠵᠤ᠂ 《ᠲᠠᠪᠤᠨ ᠶᠡᠭᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠤᠬᠢᠶᠠᠨ ᠪᠠᠢ᠌ᠭᠤᠯᠤᠨ ᠦᠷᠨᠢᠭᠦᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠪᠦᠬᠦ ᠬᠦᠴᠦᠨ ᠵᠶ᠋ᠠᠷ ᠵᠶ᠋ᠠᠨ ᠥᠭᠡᠷᠡᠴᠢᠯᠡᠯᠲᠡ ᠵᠢ ᠠᠳᠬᠤᠵᠤ᠂ ᠨᠡᠭᠡᠭᠡᠯᠳᠡ ᠵᠢ ᠠᠬᠢᠭᠤᠯᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ᠎ᠢ ᠨᠡᠭᠡᠭᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠬᠦ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ    ᠴᠢᠬᠤᠯᠠᠴᠢᠯᠠᠪᠠ᠃


2.10-3.jpg


   ᠬᠤᠷᠠᠯ᠎ᠠᠴᠠ᠂ 2025 ᠣᠨ᠎ᠢ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠤ 《ᠬᠡᠷᠡᠭᠯᠡᠭᠡ ᠵᠢ ᠳᠡᠭᠡᠭᠰᠢᠯᠡᠭᠦᠯᠬᠦ ᠣᠨ》 ᠵᠶ᠋ᠠᠷ ᠲᠣᠭᠲᠠᠭ᠋ᠠᠵᠤ᠂ ᠠᠷᠪᠠᠨ ᠵᠦᠢ᠍ᠯ᠎ᠤᠨ ᠭᠤᠣᠯᠳᠠᠯᠭ᠎ᠠ᠎ᠲᠠᠢ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠠᠳᠬᠤᠬᠤ ᠬᠡᠷᠡᠭᠲᠡᠢ ᠭᠡᠵᠦ ᠱᠠᠭ᠋ᠠᠷᠳᠠᠵᠠᠢ᠃ ᠨᠢᠭᠡ᠎ᠳᠤ᠂ ᠥᠭᠡᠷᠡᠴᠢᠯᠡᠯᠲᠡ ᠵᠢ ᠠᠳᠬᠤᠵᠤ᠂ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠭᠤᠶᠤᠴᠢᠯᠠᠨ ᠪᠠᠶ᠋ᠢᠭᠤᠯᠬᠤ ᠠᠬᠢᠴᠠ ᠵᠢ ᠲᠦᠷᠭᠡᠳᠬᠡᠨ ᠠᠬᠢᠭᠤᠯᠤᠨ᠎ᠠ᠃ ᠬᠤᠶᠠᠷ᠎ᠲᠤ᠂ ᠨᠡᠭᠡᠭᠡᠯᠲᠡ ᠵᠢ ᠠᠬᠢᠭᠤᠯᠵᠤ᠂ ᠪᠠᠬᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠠᠬᠢᠭᠤᠯᠤᠨ᠎ᠠ᠃ ᠭᠤᠷᠪᠠ᠎ᠳᠤ᠂ ᠬᠡᠷᠡᠭᠯᠡᠭᠡ ᠵᠢ ᠥᠷᠭᠡᠳᠬᠡᠵᠦ᠂ ᠠᠷᠠᠯᠵᠢᠶ᠎ᠠ ᠬᠤᠳᠠᠯᠳᠤᠭ᠋ᠠᠨ᠎ᠤ ᠬᠡᠷᠡᠭᠯᠡᠭᠡ ᠵᠢᠨ ᠲᠡᠰ ᠳᠡᠪᠰᠢᠬᠦ ᠵᠢ ᠪᠦᠬᠦ ᠬᠦᠴᠦᠨ ᠵᠶ᠋ᠠᠷ ᠠᠬᠢᠭᠤᠯᠪᠠ᠃ ᠲᠦᠷᠪᠡ᠎ᠳᠤ᠂ ᠬᠦᠴᠦᠷᠬᠡᠭ ᠵᠶ᠋ᠠᠷ ᠣᠷᠣᠭᠤᠯᠤᠨ ᠠᠪᠴᠢᠷᠠᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠰᠢᠨ᠎ᠡ ᠨᠢᠭᠡ ᠡᠭᠡᠯᠵᠢ ᠵᠢᠨ ᠬᠠᠯᠠᠭᠤᠨ ᠥᠷᠨᠢᠯᠲᠡ ᠳᠠᠬᠢᠨᠲᠠ  ᠭᠠᠷᠪᠠ᠃  ᠲᠠᠪᠤ᠎ᠳᠤ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠬᠡᠪᠴᠢᠶ᠎ᠡ ᠵᠢ ᠥᠷᠭᠡᠳᠬᠡᠨ ᠪᠦᠲᠦᠴᠡ ᠵᠢ ᠰᠢᠯᠢᠳᠡᠭᠵᠢᠭᠦᠯᠬᠦ ᠵᠢ ᠪᠦᠬᠦ ᠬᠦᠴᠦᠨ ᠵᠶ᠋ᠠᠷ ᠠᠬᠢᠭᠤᠯᠤᠨ᠎ᠠ᠃ ᠵᠢᠷᠭᠤᠭ᠎ᠠ᠎ᠳᠤ᠂ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠵᠤ᠂ ᠪᠡᠯᠡ ᠣᠷᠣᠭᠤᠯᠬᠤ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠬᠦ ᠵᠢ ᠪᠦᠬᠦ ᠬᠦᠴᠦᠨ ᠵᠶ᠋ᠠᠷ ᠠᠬᠢᠭᠤᠯᠤᠨ᠎ᠠ᠃ ᠲᠤᠯᠤᠭ᠎ᠠ᠎ᠳᠤ᠂ ᠭᠠᠳᠠᠭ᠋ᠠᠳᠤ ᠪᠡᠯᠡ ᠵᠢ ᠦᠷᠭᠡᠳᠭᠡᠵᠤ᠂ ᠭᠠᠳᠠᠭ᠋ᠠᠳᠤ᠎ᠳᠠᠬᠢ ᠪᠡᠯᠡ ᠤᠷᠤᠭᠤᠯᠤᠯᠳᠠ ᠵᠢᠨ ᠲᠤᠭᠳᠠᠭᠤᠨ ᠬᠦᠭᠵᠢᠯᠳᠡ ᠵᠢ ᠪᠦᠬᠦ ᠬᠦᠴᠦᠨ ᠵᠶ᠋ᠠᠷ ᠠᠬᠢᠭᠤᠯᠤᠨ᠎ᠠ᠃ ᠨᠠᠢ᠍ᠮᠠ᠎ᠳᠤ᠂ ᠪᠣᠭᠤᠮᠲᠠ ᠵᠢ ᠴᠢᠩᠭ᠋ᠠᠳᠬᠠᠵᠤ᠂ ᠪᠣᠭᠤᠮᠲᠠ ᠵᠢᠨ ᠨᠡᠭᠡᠭᠡᠯᠲᠡ ᠬᠥᠭᠵᠢᠯᠲᠡ ᠵᠢ ᠪᠥᠬᠦ ᠬᠦᠴᠦᠨ ᠵᠶ᠋ᠠᠷ ᠠᠬᠢᠭᠤᠯᠤᠨ᠎ᠠ᠃ ᠶᠢᠰᠦ᠎ᠳᠤ᠂ ᠲᠦᠷᠦᠯ ᠲᠡᠮᠳᠡᠭ᠎ᠢ ᠪᠤᠢ ᠪᠣᠯᠭ᠋ᠠᠵᠤ᠂ ᠨᠡᠬᠡᠬᠡᠯᠳᠡ ᠵᠢᠨ ᠲᠠᠪᠴᠠᠩ᠎ᠤᠨ ᠰᠢᠨ᠎ᠡ ᠵᠢ ᠡᠭᠦᠳᠴᠦ ᠲᠡᠰ ᠳᠡᠪᠰᠢᠭᠦᠯᠬᠦ ᠵᠢ ᠪᠦᠬᠦ ᠬᠦᠴᠦᠨ ᠵᠶ᠋ᠠᠷ ᠠᠬᠢᠭᠤᠯᠤᠨ᠎ᠠ᠃ ᠠᠷᠪᠠ᠎ᠳᠤ᠂ ᠨᠠᠮ᠎ᠤᠨ ᠪᠠᠶ᠋ᠢᠭᠤᠯᠤᠯᠲᠠ ᠵᠢ ᠴᠢᠬᠤᠯᠠᠴᠢᠯᠠᠵᠤ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯ᠎ᠤᠨ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ᠃


 

ᠬᠤᠯᠪᠣᠭᠳᠠᠯ ᠪᠦᠬᠦᠢ ᠨᠢᠭᠡᠴᠢ᠂ ᠠᠶ᠋ᠢᠮᠠᠭ ᠬᠤᠲᠠ ᠶᠠᠷᠢᠶ᠎ᠠ ᠲᠠᠯᠪᠢᠪᠠ

   ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ; ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠬᠡᠰᠡᠭ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠦᠳ; ᠨᠡᠭᠡᠭᠡᠯᠲᠡ ᠬᠢᠬᠦ ᠲᠠᠪᠴᠠᠩ᠎ᠤᠨ ᠬᠡᠰᠡᠭ ᠬᠠᠷᠢᠭᠤᠴᠠᠯᠭ᠋ᠠᠲᠠᠨ ᠨᠥᠬᠦᠳ; ᠡᠯ᠎ᠡ ᠠᠶ᠋ᠢᠮᠠᠭ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠂ ᠪᠣᠭᠤᠮᠲᠠ᠂ ᠪᠡᠯᠡ ᠣᠷᠣᠭᠤᠯᠤᠯᠲᠠ ᠵᠢ ᠠᠬᠢᠭᠤᠯᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ; ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠪᠣᠭᠤᠮᠲᠠ ᠵᠢᠨ ᠠᠯᠪᠠᠨ ᠬᠡᠷ᠎ᠤᠨ ᠪᠥᠬᠦ ᠺᠠᠳ᠋ᠷ ᠬᠤᠷᠠᠯ᠎ᠳᠤ ᠣᠷᠣᠯᠴᠠᠪᠠ᠃

 

ᠢᠷᠡᠯᠲᠡ᠄ ᠠᠯᠪᠠᠨ ᠭᠡᠷ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《2025 ᠣᠨ᠎ᠤ ᠰᠦᠯᠵᠢᠶᠡᠨ ᠳᠡᠭᠡᠷᠡᠬᠢ ᠪᠠᠷᠠᠭ᠋ᠠᠨ᠎ᠤ ᠪᠠᠶᠠᠷ》 ᠲᠡᠭᠦᠰ ᠠᠮᠵᠢᠯᠲᠠ᠎ᠲᠠᠢ ᠲᠡᠭᠦᠰᠪᠡ
ᠦᠪᠡᠷᠳᠡᠭᠡᠨ ᠵᠠᠰᠠᠬᠤ ᠤᠷᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠪᠦᠬᠦ ᠤᠷᠤᠨ᠎ᠤ ᠭᠠᠳᠠᠭ᠋ᠠᠳᠤ ᠨᠡᠭᠡᠭᠡᠯᠳᠡ ᠵᠢᠨ ᠠᠵᠢᠯ᠎ᠤᠨ ᠰᠠᠭᠤᠳᠠᠯ᠎ᠤᠨ ᠬᠤᠷᠠᠯ᠎ᠢ ᠵᠤᠬᠢᠶᠠᠨ ᠪᠠᠶ᠋ᠢᠭᠤᠯᠤᠨ ᠬᠤᠷᠠᠯᠳᠤᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ ᠬᠢᠭᠡᠳ ᠮᠣᠩᠭᠤᠯ ᠤᠯᠤᠰ᠎ᠤᠨ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ 2025 ᠣᠨ᠎ᠤ ᠨᠢᠭᠡᠳᠦᠭᠡᠷ ᠤᠯᠠᠷᠢᠯ᠎ᠤᠨ ᠠᠵᠢᠯ᠎ᠤᠨ ᠠᠭᠤᠯᠵᠠᠯᠲᠠ᠎ᠨᠢ ᠰᠢᠨ᠎ᠡ ᠪᠠᠷᠭᠤ ᠪᠠᠷᠠᠭᠤᠨ ᠬᠤᠰᠢᠭᠤᠨ᠎ᠳᠤ ᠤᠷᠤᠭᠰᠢᠲᠠᠶ ᠬᠤᠷᠠᠯᠳᠤᠪᠠ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠰᠣᠨᠢᠨ ᠮᠡᠳᠡᠭᠡ ᠨᠡᠶ᠋ᠢᠲᠡᠯᠡᠬᠦ ᠠᠵᠢᠯᠯᠠᠭ᠎ᠠ ᠶᠠᠪᠤᠭᠤᠯᠪᠠ 1 ᠬᠤᠪᠢ ᠪᠦᠬᠦ ᠪᠦᠯᠬᠦᠮ᠎ᠤᠨ ᠰᠠᠨᠠᠭᠤᠯᠭ᠎ᠠ 110 ᠬᠤᠪᠢ ᠲᠦᠯᠦᠭᠡᠯᠡᠭᠴᠢᠳ᠎ᠤᠨ ᠲᠤᠷᠠᠳᠤᠬᠰᠡᠨ ᠰᠠᠨᠠᠭᠤᠯᠭ᠎ᠠ ᠵᠢ ᠲᠠᠪᠰᠢᠬᠦᠯᠵᠠᠢ
 
            