ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠲᠤ ᠪᠣᠭᠤᠮᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠤᠬᠠᠢ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2024-11-08

ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠮᠠᠨᠵᠤᠤᠷ ᠬᠣᠲᠠ᠂ ᠡᠷᠢᠶᠡᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄

  《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠤᠨ ᠣᠶᠤᠨᠴᠢ ᠪᠣᠭᠤᠮᠲᠠ ᠵᠢᠨ ᠲᠣᠭ᠋ᠠᠴᠢᠯᠠᠭᠰᠠᠨ ᠤᠯᠤᠰ᠎ᠤᠨ ᠡᠭᠦᠳᠡᠨ᠎ᠤ ᠪᠦᠲᠦᠭᠡᠨ ᠪᠠᠶ᠋ᠢᠭᠤᠯᠤᠯᠲᠠ ᠵᠢᠨ ᠲᠤᠬᠠᠶ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠪᠣᠭᠤᠮᠲᠠ ᠵᠢᠨ ᠶᠡᠷᠦᠩᠬᠡᠶ ᠵᠠᠬᠢᠷᠭ᠎ᠠ ᠵᠡᠷᠭᠡ ᠶᠢᠰᠦᠨ ᠰᠠᠯᠠᠭ᠎ᠠ ᠮᠥᠴᠢᠷ᠎ᠤᠨ 《ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠬᠠᠶ ᠵᠢᠯᠣᠭᠤᠳᠬᠤ ᠰᠠᠨᠠᠯ》 (ᠵᠠᠬᠢᠷᠭ᠎ᠠ ᠲᠠᠷᠬᠠᠭ᠋ᠠᠭᠰᠠᠨ [2024] 89 ᠳ᠋ᠦ᠍ᠭᠡᠷ ᠲᠣᠭ᠋ᠠᠲᠤ)᠎ᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠠᠵᠢᠯ᠎ᠤᠨ ᠭᠤᠤᠯ ᠰᠢᠵᠢᠮ᠎ᠢ ᠪᠠᠲᠤ  ᠡᠵᠡᠮᠳᠡᠵᠦ᠂ ᠪᠣᠭᠤᠮᠲᠠ ᠵᠢᠨ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠬᠦ ᠵᠢᠨ ᠲᠤᠰᠠᠳᠠ᠂ ᠮᠠᠨ᠎ᠤ ᠣᠷᠣᠨ᠎ᠤ ᠪᠣᠭᠤᠮᠲᠠ ᠵᠢᠨ ᠬᠥᠭᠵᠢᠯᠲᠡ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠰᠠᠨᠠᠯ ᠳᠤᠷᠠᠳᠪᠠ᠃

   ᠨᠢᠭᠡ᠂ ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ

  2025 ᠣᠨ ᠪᠣᠯᠬᠤ᠎ᠳᠤ᠂ ᠶᠡᠷᠦᠩᠬᠡᠶ᠋ᠢᠯᠡᠭᠰᠡᠨ ᠵᠠᠩᠭᠢᠯᠠᠭ᠎ᠠ ᠵᠢᠨ ᠪᠣᠭᠤᠮᠲᠠ᠎ᠳᠤ ᠣᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠤᠨ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠦᠨ᠎ᠡ; ᠭᠤᠤᠯᠳᠠᠯᠭ᠎ᠠ᠎ᠲᠠᠢ ᠲᠤᠰᠬᠠᠶ ᠮᠡᠷᠭᠡᠵᠢᠯ᠎ᠤᠨ ᠪᠣᠭᠤᠮᠲᠠ ᠵᠢᠨ ᠶᠡᠭᠡ ᠬᠡᠮᠵᠢᠶᠡᠨ᠎ᠤ ᠲᠠᠸᠠᠷ᠎ᠤᠨ ᠪᠣᠭᠤᠮᠲᠠ᠎ᠪᠠᠷ ᠥᠩᠭᠡᠷᠡᠬᠦ᠂ ᠪᠠᠶ᠋ᠢᠴᠠᠭ᠋ᠠᠨ ᠰᠢᠯᠭ᠋ᠠᠬᠤ᠂ ᠪᠠᠷᠠᠭ᠋ᠠᠨ᠎ᠤ ᠭᠦᠢ᠍ᠯᠭᠡᠭᠡ᠂ ᠬᠥᠮᠥᠷᠭᠡᠯᠡᠨ ᠬᠠᠳᠠᠭ᠋ᠠᠯᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠬᠤ ᠪᠠ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠠᠵᠢᠯᠯᠠᠭ᠋ᠠᠨ᠎ᠤ ᠬᠠᠮᠢᠶᠠᠷᠤᠯᠲᠠ ᠵᠢ ᠲᠣᠭ᠋ᠠᠴᠢᠯᠠᠬᠤ᠂ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠳᠥᠭᠦᠮᠴᠢᠯᠡᠯᠲᠡ ᠵᠢ ᠢᠯᠡᠳᠲᠡ ᠶᠠᠰᠤ ᠴᠢᠨᠠᠷ᠎ᠢ ᠳᠡᠭᠡᠭᠰᠢᠯᠡᠭᠦᠯᠦᠨ᠎ᠡ; ᠡᠩ᠎ᠤᠨ ᠪᠣᠭᠤᠮᠲᠠ ᠵᠢᠨ ᠪᠡᠯᠡᠳᠬᠡᠮᠵᠢ ᠲᠥᠬᠦᠭᠡᠷᠦᠮᠵᠢ ᠪᠠ ᠮᠡᠳᠡᠭᠡ ᠵᠠᠩᠭᠢᠴᠢᠯᠠᠯᠲᠠ ᠵᠢᠨ ᠳᠤᠲᠠᠭᠤᠳᠠᠯ᠎ᠢ ᠨᠥᠬᠦᠪᠥᠷᠢᠯᠡᠵᠦ᠂ ᠪᠣᠭᠤᠮᠲᠠ ᠵᠢᠨ ᠨᠡᠪᠲᠡᠷᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃ 2030 ᠣᠨ ᠪᠣᠯᠬᠤ᠎ᠳᠤ᠂ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠴᠢᠬᠤᠯᠠ ᠶᠡᠭᠡ ᠠᠬᠢᠴᠠ᠎ᠲᠠᠢ ᠪᠣᠯᠵᠣ᠂ ᠡᠯ᠎ᠡ ᠪᠣᠭᠤᠮᠲᠠ ᠵᠢᠨ ᠭᠤᠤᠯ ᠴᠣᠭᠴᠠ ᠵᠢᠨ ᠬᠤᠭᠤᠷᠣᠨᠳᠣ ᠣᠶᠤᠨᠴᠢ ᠬᠠᠷᠢᠯᠴᠠᠨ ᠬᠤᠯᠪᠣᠭ᠋ᠠᠯᠠᠬᠤ᠂ ᠬᠠᠮᠵᠢᠯᠴᠠᠨ ᠬᠤᠯᠪᠣᠯᠳᠤᠬᠤ᠂ ᠥᠨᠳᠥᠷ ᠪᠦᠲᠦᠮᠵᠢᠲᠡᠶ ᠠᠵᠢᠯᠯᠠᠬᠤ ᠰᠠᠶ᠋ᠢᠨ ᠰᠠᠶ᠋ᠢᠬᠠᠨ ᠠᠮᠢ ᠠᠬᠤᠶ ᠵᠢ ᠪᠣᠶ ᠪᠣᠯᠭ᠋ᠠᠨ᠎ᠠ᠃ 2035 ᠣᠨ ᠪᠣᠯᠬᠤ᠎ᠳᠤ ᠣᠳᠣᠬᠢᠴᠢᠯᠠᠭᠰᠠᠨ ᠪᠣᠭᠣᠮᠲᠠ ᠵᠢᠨ ᠪᠦᠲᠦᠭᠡᠨ ᠪᠠᠶ᠋ᠢᠭᠤᠯᠬᠤ ᠬᠠᠷᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃

   ᠬᠤᠶᠠᠷ᠂ ᠭᠤᠣᠯᠳᠠᠯᠭ᠎ᠠ᠎ᠲᠠᠢ ᠡᠭᠦᠷᠭᠡ

  (ᠨᠢᠭᠡ) ᠪᠣᠭᠤᠮᠲᠠ ᠵᠢᠨ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠣᠭᠤᠮᠲᠠ᠎ᠪᠠᠷ ᠳᠥᠭᠦᠮ ᠳᠥᠲᠡ ᠥᠩᠭᠡᠷᠡᠬᠦ ᠵᠠᠭᠪᠤᠷ᠎ᠲᠤ ᠰᠢᠨ᠎ᠡ ᠵᠢ ᠡᠭᠦᠳᠦᠨ᠎ᠡ

  1. ᠪᠣᠭᠣᠮᠲᠠ ᠵᠢᠨ ᠣᠶᠤᠨᠴᠢᠯᠠᠭᠰᠠᠨ ᠪᠣᠭᠣᠮᠲᠠ᠎ᠪᠠᠷ ᠥᠩᠭᠡᠷᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠶᠤᠨᠲᠤ ᠪᠣᠭᠤᠮᠲᠠ ᠂ ᠤᠶᠤᠨᠲᠤ ᠬᠢᠯᠢ ᠵᠢᠨ ᠪᠠᠶ᠋ᠢᠴᠠᠭ᠋ᠠᠯᠲᠠ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠬᠢᠯᠢ᠎ᠪᠠᠷ ᠣᠷᠣᠵᠤ ᠭᠠᠷᠬᠤ ᠬᠥᠮᠦᠰ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢᠴᠢ ᠡᠳ᠋ ᠪᠠᠷᠠᠭ᠋ᠠᠨ᠎ᠤ ᠬᠢᠨᠠᠯᠲᠠ ᠬᠠᠮᠢᠶᠠᠷᠤᠯᠲᠠ ᠵᠡᠷᠭᠡ ᠭᠤᠭᠴᠤᠭ᠎ᠠ᠎ᠳᠤ ᠣᠶᠤᠨᠴᠢ ᠠᠷᠭ᠎ᠠ ᠪᠠᠷᠢᠯ᠎ᠢ ᠬᠡᠷᠡᠭᠯᠡᠨ᠂ ᠪᠥᠬᠦ ᠬᠡᠯᠬᠢᠶ᠎ᠡ ᠵᠢ ᠨᠠᠷᠢᠯᠢᠭ ᠣᠨᠣᠴᠠᠲᠠᠶ᠎ᠪᠠᠷ ᠪᠠᠶ᠋ᠢᠴᠠᠭ᠋ᠠᠨ ᠰᠢᠯᠭ᠋ᠠᠵᠤ ᠬᠢᠨᠠᠨ ᠬᠠᠮᠢᠶᠠᠷᠬᠤ ᠵᠢ ᠪᠡᠶᠡᠯᠡᠭᠦᠯᠦᠨ᠎ᠡ᠃ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠲᠤ ᠰᠢᠨ᠎ᠡ ᠵᠢ ᠡᠭᠦᠳᠴᠦ᠂ ᠰᠡᠷᠡᠵᠦ ᠮᠡᠳᠡᠵᠦ ᠢᠯᠭ᠋ᠠᠨ ᠲᠠᠨᠢᠬᠤ᠂ ᠣᠶᠤᠨᠴᠢ᠎ᠪᠠᠷ ᠵᠠᠳᠠᠯᠤᠨ ᠰᠢᠨᠵᠢᠵᠦ ᠰᠡᠷᠡᠮᠵᠢᠯᠡᠭᠦᠯᠬᠦ᠂ ᠬᠢᠵᠢᠭ ᠪᠠᠶ᠋ᠢᠴᠠᠭ᠋ᠠᠵᠤ ᠪᠠᠶ᠋ᠢᠴᠠᠭ᠋ᠠᠨ ᠰᠢᠯᠭ᠋ᠠᠬᠤ ᠵᠡᠷᠭᠡ ᠮᠡᠷᠭᠡᠵᠢᠯ᠎ᠢ ᠬᠡᠷᠡᠭᠯᠡᠨ᠂ ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠭᠣᠭᠴᠣᠭ᠎ᠠ ᠪᠠ ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠡᠯᠬᠢᠶ᠎ᠡ᠎ᠳᠤ ᠰᠢᠭᠢᠳᠬᠡᠨ ᠣᠷᠣᠭᠤᠯᠵᠤ᠂ ᠪᠠᠶ᠋ᠢᠳᠠᠯ᠎ᠳᠤᠨᠢ ᠵᠣᠬᠢᠴᠠᠭᠤᠯᠤᠨ ᠬᠢᠨᠠᠨ ᠬᠠᠮᠢᠶᠠᠷᠬᠤ ᠵᠢ ᠪᠡᠶᠡᠯᠡᠭᠦᠯᠦᠨ᠎ᠡ᠃ ᠬᠢᠯᠢ ᠵᠢᠨ ᠪᠠᠶ᠋ᠢᠴᠠᠭ᠋ᠠᠬᠤ ᠪᠣᠭᠤᠮᠲᠠ ᠵᠢᠨ ᠬᠠᠮᠲᠤᠷᠠᠨ ᠠᠵᠢᠯᠯᠠᠵᠤ ᠪᠠᠶ᠋ᠢᠴᠠᠭ᠋ᠠᠨ ᠰᠢᠯᠭ᠋ᠠᠬᠤ᠎ᠪᠠᠷ ᠲᠦᠷᠭᠡᠨ ᠪᠣᠭᠤᠮᠲᠠ ᠥᠩᠭᠡᠷᠡᠬᠦ ᠵᠢ ᠭᠦᠨᠵᠡᠭᠡᠶ᠋ᠢᠷᠡᠭᠦᠯᠵᠦ᠂ ᠬᠢᠯᠢ᠎ᠪᠠᠷ ᠣᠷᠣᠵᠤ ᠭᠠᠷᠬᠤ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢᠴᠢ ᠲᠡᠷᠭᠡ ᠵᠢᠯᠣᠭᠤᠳᠴᠤ ᠰᠠᠭᠤᠬᠤ ᠬᠥᠮᠦᠰ᠎ᠤᠨ 《ᠨᠢᠭᠡ ᠥᠷᠲᠡᠭᠡᠨ᠎ᠤ ᠮᠠᠶᠢᠭ》᠎ᠤᠨ ᠪᠣᠭᠤᠮᠲᠠ᠎ᠪᠠᠷ ᠥᠩᠭᠡᠷᠡᠬᠦ ᠵᠢ ᠪᠠᠶ᠋ᠢᠴᠠᠭ᠋ᠠᠨ ᠰᠢᠯᠭ᠋ᠠᠬᠤ ᠵᠢ ᠳᠡᠯᠭᠡᠷᠡᠭᠦᠯᠵᠦ᠂ ᠣᠶᠤᠨᠴᠢ᠎ᠪᠠᠷ ᠪᠠᠶ᠋ᠢᠴᠠᠭ᠋ᠠᠨ ᠰᠢᠯᠭ᠋ᠠᠬᠤ᠂ ᠣᠶᠤᠨᠴᠢ᠎ᠪᠠᠷ ᠪᠣᠭᠤᠮᠲᠠ᠎ᠪᠠᠷ ᠥᠩᠭᠡᠷᠡᠬᠦ ᠰᠢᠨ᠎ᠡ ᠬᠡᠪ ᠵᠠᠭᠪᠤᠷ᠎ᠢ ᠰᠦᠪᠡᠭᠴᠢᠯᠡᠨ ᠬᠡᠷᠡᠭᠵᠢᠭᠦᠯᠦᠨ᠎ᠡ᠃

  2. ᠪᠣᠭᠣᠮᠲᠠ ᠵᠢᠨ ᠬᠢᠨᠠᠯᠲᠠ ᠬᠠᠮᠢᠶᠠᠷᠤᠯᠲᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠨ᠎ᠡ᠃ ᠪᠣᠭᠤᠮᠲᠠ ᠵᠢᠨ ᠲᠥᠬᠦᠭᠡᠷᠦᠮᠵᠢ᠂ ᠪᠠᠶ᠋ᠢᠴᠠᠭ᠋ᠠᠨ ᠰᠢᠯᠭ᠋ᠠᠬᠤ ᠲᠥᠬᠦᠭᠡᠷᠦᠮᠵᠢ᠂ ᠸᠢᠳᠢᠤ᠋᠎ᠪᠠᠷ ᠬᠢᠨᠠᠨ ᠡᠵᠡᠮᠳᠡᠬᠦ ᠵᠢᠴᠢ ᠬᠠᠮᠢᠶ᠎ᠠ ᠪᠥᠬᠦᠶ ᠪᠡᠯᠡᠳᠬᠡᠮᠵᠢ ᠲᠥᠬᠦᠭᠡᠷᠦᠮᠵᠢ ᠵᠢᠨ ᠲᠤᠭ᠎ᠠ ᠪᠠᠷᠢᠮᠲᠠ ᠵᠢᠨ ᠪᠠᠬᠢᠯᠡᠯᠲᠡ ᠵᠢ ᠨᠡᠪᠲᠡᠷᠡᠭᠦᠯᠵᠦ᠂ ᠬᠢᠯᠢ᠎ᠪᠠᠷ ᠣᠷᠣᠵᠤ ᠭᠠᠷᠬᠤ ᠬᠥᠮᠦᠰ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢᠴᠢ ᠡᠳ᠋ ᠪᠣᠳᠠᠰ᠂  ᠪᠠᠶ᠋ᠢᠴᠠᠭ᠋ᠠᠨ ᠰᠢᠯᠭ᠋ᠠᠭᠰᠠᠨ ᠮᠡᠳᠡᠭᠡ ᠵᠠᠩᠭᠢ ᠵᠡᠷᠭᠡ ᠵᠢ ᠰᠦᠯᠵᠢᠶᠡᠨ᠎ᠳᠤ ᠬᠤᠯᠪᠣᠵᠤ ᠬᠠᠮᠲᠤ᠎ᠪᠠᠷ ᠬᠡᠷᠡᠭᠯᠡᠬᠦ ᠵᠢ ᠪᠡᠶᠡᠯᠡᠭᠦᠯᠦᠨ᠎ᠡ᠃ ᠣᠶᠤᠨᠴᠢ ᠵᠢᠷᠤᠭ ᠬᠢᠨᠠᠬᠤ᠂ ᠸᠢᠳᠢᠣ᠋᠎ᠪᠠᠷ ᠢᠯᠭ᠋ᠠᠨ ᠲᠠᠨᠢᠬᠤ ᠵᠡᠷᠭᠡ ᠣᠶᠤᠨᠴᠢ ᠬᠡᠷᠡᠭᠯᠡᠯᠲᠡ ᠵᠢ ᠴᠢᠩᠭ᠋ᠠᠳᠬᠠᠵᠤ᠂ ᠮᠡᠳᠡᠭᠡ ᠵᠠᠩᠭᠢ ᠵᠢ ᠡᠷᠴᠢᠮᠵᠢᠭᠦᠯᠦᠨ ᠬᠠᠮᠳᠤ᠎ᠪᠠᠷ ᠡᠳ᠋ᠯᠡᠬᠦ᠂ ᠣᠶᠤᠨᠴᠢ᠎ᠪᠠᠷ ᠰᠤᠳᠤᠯᠤᠨ ᠮᠠᠭ᠋ᠠᠳᠯᠠᠵᠤ ᠰᠢᠢ᠍ᠳᠪᠦᠷᠢᠯᠡᠬᠦ ᠵᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠨ ᠬᠢᠨᠠᠨ ᠬᠠᠮᠢᠶᠠᠷᠬᠤ ᠵᠢ ᠠᠬᠢᠭᠤᠯᠵᠤ᠂ ᠬᠢᠯᠢ᠎ᠪᠠᠷ ᠣᠷᠣᠵᠤ ᠭᠠᠷᠬᠤ ᠠᠭ᠋ᠠᠷ᠎ᠤᠨ ᠨᠢᠰᠦᠭᠦᠷ᠂ ᠲᠡᠮᠦᠷ ᠵᠠᠮ᠎ᠤᠨ ᠭᠠᠯᠲᠤ   ᠲᠡᠷᠭᠡ᠂ ᠬᠢᠯᠢ ᠠᠯᠤᠰᠯᠠᠭᠰᠠᠨ ᠲᠡᠭᠡᠭᠡᠪᠦᠷᠢ ᠵᠢᠨ ᠲᠡᠷᠭᠡ ᠬᠥᠰᠬᠡ᠂ ᠬᠢᠯᠢ ᠠᠯᠤᠰᠯᠠᠨ ᠪᠠᠷᠠᠭ᠎ᠠ ᠲᠡᠭᠡᠭᠡᠪᠦᠷᠢᠯᠡᠬᠦ (ᠳᠠᠮᠵᠢᠭᠤᠯᠬᠤ) ᠲᠥᠬᠦᠭᠡᠷᠦᠮᠵᠢ ᠵᠡᠷᠭᠡ ᠲᠡᠭᠡᠭᠡᠪᠦᠷᠢ ᠵᠢᠨ ᠪᠠᠭ᠋ᠠᠵᠢ ᠬᠡᠷᠡᠭᠰᠡᠯ᠎ᠤᠨ ᠬᠠᠮᠲᠤᠷᠠᠭᠰᠠᠨ ᠪᠠᠶ᠋ᠢᠴᠠᠭ᠋ᠠᠯᠲᠠ ᠵᠢ ᠬᠡᠷᠡᠭᠵᠢᠭᠦᠯᠵᠦ᠂ ᠣᠶᠤᠨᠴᠢ᠎ᠪᠠᠷ ᠰᠢᠯᠭ᠋ᠠᠨ ᠪᠠᠶ᠋ᠢᠴᠠᠭ᠋ᠠᠵᠤ ᠶᠠᠪᠤᠭᠤᠯᠬᠤ ᠵᠢ ᠨᠢᠭᠡ ᠴᠤᠭᠴᠠᠵᠢᠭᠤᠯᠬᠤ ᠵᠢ ᠳᠡᠯᠭᠡᠷᠡᠭᠦᠯᠦᠨ᠎ᠡ᠃

  3. ᠪᠣᠭᠤᠮᠲᠠ ᠵᠢᠨ ᠬᠢᠨᠠᠯᠲᠠ ᠬᠠᠮᠢᠶᠠᠷᠤᠯᠲᠠ ᠬᠢᠭᠡᠳ ᠪᠠᠷᠠᠭ᠋ᠠᠨ᠎ᠤ ᠭᠦᠢ᠍ᠯᠭᠡᠭᠡᠨ᠎ᠤ ᠠᠵᠢᠯ᠎ᠤᠨ ᠣᠶᠤᠨᠴᠢ ᠬᠠᠮᠵᠢᠯᠴᠠᠭ᠎ᠠ ᠵᠢ ᠴᠢᠩᠭ᠋ᠠᠷᠠᠭᠤᠯᠤᠨ᠎ᠠ᠃ ᠪᠣᠭᠤᠮᠲᠠ ᠵᠢᠨ ᠬᠢᠨᠠᠯᠲᠠ ᠬᠠᠮᠢᠶᠠᠷᠤᠯᠲᠠ ᠪᠠ ᠪᠠᠷᠠᠭ᠋ᠠᠨ᠎ᠤ ᠭᠦᠢ᠍ᠯᠭᠡᠭᠡᠨ᠎ᠤ ᠠᠵᠢᠯ᠎ᠤᠨ ᠬᠤᠤᠰ ᠴᠢᠭᠯᠡᠯ᠎ᠤᠨ ᠮᠡᠳᠡᠭᠡ ᠵᠠᠩᠭᠢ ᠵᠢᠨ ᠰᠣᠯᠢᠯᠴᠠᠭ᠎ᠠ ᠵᠢ ᠴᠢᠩᠭ᠋ᠠᠳᠬᠠᠵᠤ᠂ ᠪᠠᠶ᠋ᠢᠴᠠᠭ᠋ᠠᠨ ᠰᠢᠯᠭ᠋ᠠᠬᠤ ᠵᠢ ᠬᠠᠮᠵᠢᠯᠴᠠᠭᠤᠯᠬᠤ᠂ ᠰᠢᠭᠤᠳ ᠠᠴᠢᠶᠠᠯᠠᠵᠤ ᠰᠢᠭᠤᠳ ᠳᠡᠭᠡᠭᠰᠢᠯᠡᠭᠦᠯᠬᠦ᠂ ᠲᠠᠯᠪᠢᠬᠤ ᠪᠠ ᠠᠴᠢᠶᠠᠯᠠᠵᠤ ᠪᠠᠭᠤᠯᠭ᠋ᠠᠬᠤ᠂ ᠲᠥᠬᠦᠭᠡᠷᠦᠮᠵᠢ ᠵᠢ ᠲᠤᠰᠢᠶᠠᠬᠤ ᠪᠠ ᠭᠥᠯᠢᠶᠡᠨ ᠠᠪᠬᠤ ᠵᠡᠷᠭᠡ ᠠᠵᠢᠯ᠎ᠤᠨ ᠭᠤᠭᠴᠤᠭ᠎ᠠ ᠵᠢᠨ ᠣᠶᠤᠨᠴᠢᠯᠠᠭᠰᠠᠨ ᠲᠣᠬᠢᠷᠠᠭᠤᠯᠤᠯᠲᠠ ᠵᠢ ᠠᠬᠢᠭᠤᠯᠵᠤ᠂ ᠭᠠᠳᠠᠭ᠋ᠠᠳᠤ᠎ᠳᠤ ᠭᠠᠷᠭ᠋ᠠᠬᠤ ᠬᠠᠶ᠋ᠢᠷᠴᠠᠭᠲᠤ ᠪᠠᠷᠠᠭ᠎ᠠ ᠵᠢ 《ᠤᠷᠢᠳᠠᠪᠠᠷ ᠪᠠᠶ᠋ᠢᠴᠠᠭ᠋ᠠᠨ ᠰᠢᠯᠭ᠋ᠠᠵᠤ ᠳᠠᠷᠠᠭ᠎ᠠ᠎ᠨᠢ ᠠᠴᠢᠶᠠᠯᠠᠵᠤ ᠲᠡᠭᠡᠭᠡᠪᠦᠷᠢᠯᠡᠬᠦ》 ᠵᠢ ᠲᠤᠷᠰᠢᠨ ᠠᠬᠢᠭᠤᠯᠤᠨ᠎ᠠ᠃ ᠠᠭ᠋ᠠᠷ᠎ᠤᠨ ᠠᠶᠠᠯᠠᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠣᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠡᠯ᠎ᠡ ᠣᠷᠣᠯᠴᠠᠬᠤ ᠭᠤᠣᠯ ᠴᠣᠭᠴᠠ ᠵᠢᠨ ᠪᠠᠷᠢᠮᠵᠢᠶ᠎ᠠ ᠵᠢᠨ ᠠᠭᠤᠰᠤᠯᠴᠠᠯ᠂ ᠮᠡᠳᠡᠭᠡ ᠵᠠᠩᠭᠢ ᠵᠢᠨ ᠬᠤᠯᠪᠣᠯᠳᠤᠯ ᠪᠠ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢ ᠠᠬᠢᠭᠤᠯᠵᠤ᠂ ᠨᠢᠰᠬᠡᠯ᠎ᠤᠨ ᠪᠠᠭᠤᠳᠠᠯ᠎ᠤᠨ ᠠᠮᠤᠷ ᠲᠦᠪᠰᠢᠨ᠎ᠤ ᠪᠠᠶ᠋ᠢᠴᠠᠭ᠋ᠠᠯᠲᠠ ᠵᠢᠨ ᠬᠠᠭᠤᠳᠠᠰᠤ᠂ ᠲᠡᠭᠡᠭᠡᠪᠦᠷᠢ ᠵᠢᠨ ᠬᠠᠭᠤᠳᠠᠰᠤ᠂ ᠪᠠᠷᠠᠭ᠎ᠠ ᠭᠠᠷᠭ᠋ᠠᠵᠤ ᠠᠪᠬᠤ ᠬᠠᠭᠤᠳᠠᠰᠤ ᠵᠡᠷᠭᠡ ᠬᠠᠭᠤᠳᠠᠰᠤ ᠪᠠᠷᠢᠮᠲᠠ ᠵᠢ ᠴᠠᠭ᠋ᠠᠰᠤ ᠦᠭᠡᠢ ᠪᠣᠯᠭ᠋ᠠᠬᠤ ᠵᠢ ᠪᠡᠶᠡᠯᠡᠭᠦᠯᠦᠨ᠎ᠡ᠃ ᠵᠠᠰᠠᠮᠠᠯ ᠵᠠᠮ᠎ᠤᠨ ᠪᠣᠭᠣᠮᠲᠠ ᠵᠢᠨ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠰᠢᠰᠲ᠋ᠧᠮ᠎ᠢ ᠬᠠᠮᠲᠤᠪᠠᠷ ᠡᠳ᠋ᠯᠡᠬᠦ ᠪᠠ ᠪᠣᠭᠣᠮᠲᠠ᠎ᠪᠠᠷ ᠥᠩᠭᠡᠷᠡᠬᠦ ᠴᠢᠳᠠᠮᠵᠢ ᠵᠢ ᠵᠣᠯᠭ᠋ᠠᠭᠤᠯᠬᠤ ᠵᠢ ᠠᠬᠢᠭᠤᠯᠵᠤ᠂ ᠬᠢᠯᠢ ᠠᠯᠤᠰᠯᠠᠭᠰᠠᠨ ᠲᠡᠭᠡᠭᠡᠪᠦᠷᠢ ᠵᠢᠨ ᠨᠡᠪᠲᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠲᠡᠮᠦᠷ ᠵᠠᠮ᠎ᠤᠨ ᠲᠡᠭᠡᠭᠡᠪᠦᠷᠢ ᠵᠢᠨ ᠬᠠᠭᠤᠳᠠᠰᠤ ᠪᠣᠯᠤᠨ ᠪᠣᠭᠣᠮᠲᠠ᠎ᠪᠠᠷ ᠥᠩᠭᠡᠷᠡᠭᠦᠯᠬᠦ᠎ᠪᠠᠷ ᠮᠡᠳᠡᠭᠦᠯᠦᠭᠰᠡᠨ ᠲᠣᠭ᠎ᠠ ᠪᠠᠷᠢᠮᠲᠠ ᠵᠢ ᠳᠠᠪᠲᠠᠨ ᠬᠡᠷᠡᠭᠯᠡᠬᠦ ᠵᠢ ᠠᠬᠢᠭᠤᠯᠵᠤ᠂ ᠲᠡᠮᠦᠷ ᠵᠠᠮ᠎ᠤᠨ ᠪᠣᠭᠣᠮᠲᠠ᠎ᠪᠠᠷ ᠥᠩᠭᠡᠷᠡᠬᠦ ᠲᠦᠷᠭᠡᠨ ᠥᠩᠭᠡᠷᠡᠬᠦ ᠲᠤᠬᠠᠶ᠋ᠢᠯᠠᠭᠰᠠᠨ ᠠᠵᠢᠯ᠎ᠤᠨ ᠬᠡᠪ ᠵᠠᠭᠪᠤᠷ᠎ᠢ ᠳᠡᠯᠭᠡᠷᠡᠭᠦᠯᠦᠨ᠎ᠡ᠃

  (ᠬᠤᠶᠠᠷ) ᠪᠣᠭᠤᠮᠲᠠ ᠵᠢᠨ ᠤᠶᠤᠨᠴᠢᠯᠠᠭᠰᠠᠨ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢ ᠴᠢᠩᠭ᠋ᠠᠳᠬᠠᠵᠤ᠂ 《ᠨᠢᠭᠡ ᠥᠷᠲᠡᠭᠡ ᠮᠠᠶᠢᠭ》᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ

  4. ᠪᠣᠭᠣᠮᠲᠠ᠎ᠪᠠᠷ ᠥᠩᠭᠡᠷᠡᠬᠦ ᠣᠶᠤᠨᠴᠢ ᠦᠢ᠍ᠯᠡᠴᠢᠯᠡᠭᠡᠨ᠎ᠤ ᠲᠤᠭᠲᠠᠯᠴᠠᠭ᠎ᠠ ᠵᠢ ᠪᠠᠶ᠋ᠢᠭᠤᠯᠤᠨ᠎ᠠ᠃ ᠬᠢᠯᠢ ᠵᠢᠨ ᠪᠣᠭᠤᠮᠲᠠ ᠬᠢᠭᠡᠳ ᠬᠢᠨᠠᠨ ᠬᠠᠮᠢᠶᠠᠷᠬᠤ ᠲᠠᠯᠠᠪᠤᠷ ᠭᠠᠵᠠᠷ᠎ᠤᠨ ᠡᠯᠸᠺᠲᠷᠣᠨ ᠬᠦᠷᠢᠶ᠎ᠡ ᠲᠣᠣᠷ᠂ ᠸᠢᠳᠢᠤ᠋᠎ᠪᠠᠷ ᠬᠢᠨᠠᠨ ᠡᠵᠡᠮᠳᠡᠬᠦ ᠵᠢ ᠰᠦᠪᠡᠭᠴᠢᠯᠡᠨ ᠪᠠᠶ᠋ᠢᠭᠤᠯᠵᠤ᠂ 《ᠵᠥᠭᠡᠯᠡᠨ ᠨᠡᠪᠲᠡᠷᠡᠯᠴᠡᠭᠡ》 ᠵᠢ ᠪᠡᠶᠡᠯᠡᠭᠦᠯᠦᠨ᠎ᠡ᠃ ᠤᠶᠤᠨᠴᠢ ᠬᠢᠯᠢ ᠵᠢᠨ ᠪᠣᠭᠤᠮᠲᠠ ᠵᠢᠨ ᠲᠤᠰᠠᠯᠠᠬᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠵᠤ᠂ ᠣᠶᠤᠨᠴᠢ ᠭᠠᠶ᠋ᠢᠯᠢ ᠵᠢᠨ ᠲᠦᠷᠢᠮ᠎ᠤᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ᠂ ᠬᠠᠭᠤᠳᠠᠰᠤ ᠪᠠᠷᠢᠮᠲᠠ ᠵᠢ ᠣᠶᠤᠨᠴᠢ᠎ᠪᠠᠷ ᠪᠣᠶ ᠪᠣᠯᠭ᠋ᠠᠬᠤ᠂ ᠣᠶᠤᠨᠴᠢ ᠲᠤᠰᠠᠯᠠᠮᠵᠢ ᠵᠢ ᠲᠥᠷᠥᠯ ᠬᠤᠪᠢᠶᠠᠬᠤ᠂ ᠣᠶᠤᠨᠴᠢ ᠬᠢᠨᠠᠨ ᠰᠢᠯᠭ᠋ᠠᠯᠲᠠ ᠵᠢ ᠵᠣᠬᠢᠴᠠᠭᠤᠯᠬᠤ᠂ ᠣᠶᠤᠨᠴᠢ ᠲᠣᠭᠲᠠᠭ᠋ᠠᠯ᠎ᠳᠤ ᠨᠡᠶ᠋ᠢᠴᠡᠭᠦᠯᠦᠨ ᠪᠠᠶ᠋ᠢᠴᠠᠭ᠋ᠠᠬᠤ᠂ ᠣᠶᠤᠨᠴᠢ ᠲᠦᠭᠰᠢᠭᠦᠷᠢ ᠵᠢᠨ ᠰᠠᠨᠠᠭᠤᠯᠤᠮᠵᠢ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ᠃ ᠲᠡᠮᠦᠷ ᠵᠠᠮ᠎ᠤᠨ ᠬᠢᠯᠢ ᠠᠯᠤᠰᠯᠠᠭᠰᠠᠨ ᠠᠷᠠᠯᠵᠢᠶ᠎ᠠ ᠵᠢᠨ ᠬᠠᠭᠤᠳᠠᠰᠤ ᠪᠠᠷᠢᠮᠲᠠ ᠪᠠ ᠮᠡᠳᠡᠭᠡ ᠵᠠᠩᠭᠢ ᠶᠠᠪᠤᠭᠤᠯᠬᠤ ᠵᠡᠷᠭᠡ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠃ ᠮᠡᠳᠡᠭᠡ ᠵᠠᠩᠭᠢᠴᠢᠯᠠᠯᠲᠠ ᠵᠢᠨ ᠲᠠᠪᠴᠠᠩ᠎ᠤᠨ ᠴᠢᠳᠠᠮᠵᠢ ᠵᠢᠨ ᠬᠡᠷᠡᠭᠯᠡᠯᠲᠡ ᠵᠢ ᠰᠢᠯᠢᠳᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭ ᠣᠨᠣᠴᠠᠲᠠᠶ᠎ᠪᠠᠷ ᠲᠠᠯᠪᠢᠬᠤ᠂ ᠪᠣᠭᠤᠮᠲᠠ᠎ᠪᠠᠷ ᠥᠩᠭᠡᠷᠡᠬᠦ ᠴᠤᠪᠤᠷᠠᠯ᠎ᠢ ᠵᠢᠯᠣᠭᠤᠳᠬᠤ᠂ ᠲᠦᠭᠰᠢᠭᠦᠷᠢ ᠵᠢ ᠦᠨᠡᠯᠡᠨ ᠵᠢᠱ᠌ᠢᠵᠦ ᠤᠷᠢᠳᠴᠢᠯᠠᠨ ᠰᠡᠷᠡᠮᠵᠢᠯᠡᠭᠦᠯᠬᠦ᠂ ᠣᠶᠤᠨᠴᠢ᠎ᠪᠠᠷ ᠪᠠᠶ᠋ᠢᠴᠠᠭ᠋ᠠᠨ ᠠᠰᠠᠭᠤᠬᠤ ᠪᠠ ᠬᠠᠷᠢᠭᠤᠯᠬᠤ ᠵᠡᠷᠭᠡ 《ᠨᠢᠭᠡ ᠥᠷᠲᠡᠭᠡ ᠮᠠᠶᠢᠭ》᠎ᠤᠨ ᠠᠶᠠᠯᠠᠯ ᠵᠠᠯᠠᠬᠤ ᠦᠢ᠍ᠯᠡᠴᠢᠯᠡᠭᠡ ᠵᠢ ᠬᠠᠩᠭ᠋ᠠᠨ᠎ᠠ᠃  ᠠᠵᠤ ᠠᠬᠤᠶ᠋ᠢᠯᠠᠯ᠎ᠤᠨ ᠪᠠᠶ᠋ᠢᠩᠭᠤ ᠭᠦᠢ᠍ᠴᠡᠳᠬᠡᠬᠦ ᠵᠦᠢ᠍ᠯᠡᠰ᠎ᠢ ᠰᠢᠯᠵᠢᠮᠡᠯ ᠦᠵᠦᠭᠦᠷ ᠲᠡᠢ᠌ᠰᠢ ᠤᠷᠲᠤᠳᠬᠠᠬᠤ ᠵᠢ ᠠᠬᠢᠭᠤᠯᠤᠨ᠎ᠠ᠃ ᠪᠣᠭᠣᠮᠲᠠ ᠪᠠ ᠲᠡᠮᠦᠷ ᠵᠠᠮ᠎ᠤᠨ ᠵᠠᠮ ᠰᠣᠯᠢᠬᠤ ᠠᠵᠢᠯ᠎ᠳᠤ ᠲᠡᠮᠦᠷ ᠵᠠᠮ᠎ᠤᠨ ᠤᠶᠤᠨᠴᠢ ᠬᠠᠶ᠋ᠢᠷᠴᠠᠭ ᠰᠠᠪᠠᠯᠠᠬᠤ᠂ ᠬᠠᠶ᠋ᠢᠷᠴᠠᠭ ᠨᠦᠬᠦᠬᠦ ᠠᠵᠢᠯ᠎ᠢ ᠳᠡᠯᠭᠡᠷᠡᠭᠦᠯᠦᠨ᠎ᠠ᠃ ᠠᠭ᠋ᠠᠷ᠎ᠤᠨ ᠠᠶᠠᠯᠠᠯ᠎ᠤᠨ ᠪᠠᠷᠠᠭ᠋ᠠᠨ᠎ᠤ ᠭᠦᠢ᠍ᠯᠭᠡᠭᠡᠨ᠎ᠳᠤ ᠲᠡᠭᠡᠭᠡᠪᠦᠷᠢ ᠵᠢᠨ ᠬᠠᠭᠤᠳᠠᠰᠤ ᠭᠤᠶᠤᠴᠢᠯᠠᠨ ᠮᠡᠳᠡᠭᠦᠯᠬᠦ᠂ ᠲᠡᠭᠡᠭᠡᠪᠦᠷᠢ ᠵᠢᠨ ᠬᠢᠨᠠᠨ ᠲᠣᠭᠲᠠᠭ᠋ᠠᠯᠲᠠ ᠵᠢᠨ ᠮᠡᠳᠡᠭᠦᠯᠦᠯᠲᠡ᠂ ᠡᠳ᠋ ᠪᠠᠷᠠᠭ᠎ᠠ ᠵᠢᠨ ᠮᠥᠷᠳᠡᠯᠲᠡ᠂ ᠠᠭ᠋ᠠᠷ᠎ᠤᠨ ᠠᠶᠠᠯᠠᠯ᠎ᠤᠨ ᠱᠤᠭᠤᠮ᠎ᠤᠨ ᠲᠣᠤᠷ ᠰᠦᠯᠵᠢᠶ᠎ᠡ ᠵᠢᠨ ᠦᠵᠡᠭᠳᠡᠮᠡᠯ ᠵᠡᠷᠭᠡ 《ᠨᠢᠭᠡ ᠥᠷᠲᠡᠭᠡᠨ᠎ᠤ ᠮᠠᠶᠢᠭ》᠎ᠤᠨ ᠦᠢ᠍ᠯᠡᠴᠢᠯᠡᠭᠡ ᠬᠠᠩᠭ᠋ᠠᠬᠤ ᠵᠢ ᠠᠬᠢᠭᠤᠯᠤᠨ᠎ᠠ᠃

  5. ᠣᠶᠤᠨᠴᠢ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠣᠣᠷ᠎ᠢ ᠪᠠᠶ᠋ᠢᠭᠤᠯᠤᠨ᠎ᠠ᠃ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ᠎ᠳᠤ 《ᠨᠢᠭᠡ ᠬᠠᠭᠤᠳᠠᠰᠤ ᠵᠢᠨ ᠳᠦᠷᠢᠮ》᠂ 《ᠨᠢᠭᠡ ᠬᠠᠶ᠋ᠢᠷᠴᠠᠭ᠎ᠤᠨ ᠳᠦᠷᠢᠮ》᠎ᠢ ᠠᠬᠢᠭᠤᠯᠵᠤ᠂ ᠨᠠᠶ᠋ᠢᠳᠠᠨ ᠲᠡᠭᠡᠭᠡᠪᠦᠷᠢᠯᠡᠭᠦᠯᠦᠭᠴᠢ ᠵᠢ ᠨᠢᠭᠡ ᠯᠡ ᠤᠳᠠᠭ᠎ᠠ᠎ᠳᠤ ᠨᠠᠶ᠋ᠢᠳᠠᠬᠤ᠂ ᠵᠠᠷᠤᠳᠠᠯ᠎ᠢ ᠨᠢᠭᠡ ᠯᠡ ᠤᠳᠠᠭ᠎ᠠ᠎ᠳᠤ ᠳ᠋ᠦᠩᠨᠡᠨ ᠪᠣᠳᠣᠬᠤ᠂ ᠪᠠᠷᠠᠭ᠎ᠠ᠎ᠪᠠᠨ ᠨᠢᠭᠡ ᠯᠡ ᠤᠳᠠᠭ᠎ᠠ᠎ᠳᠤ ᠳᠠᠭ᠋ᠠᠳᠬᠠᠬᠤ ᠵᠢ ᠪᠡᠶᠡᠯᠡᠭᠦᠯᠵᠦ᠂ ᠬᠠᠮᠲᠤᠷᠠᠭᠰᠠᠨ ᠲᠡᠭᠡᠭᠡᠪᠦᠷᠢ ᠵᠢᠨ ᠪᠦᠬᠦ ᠶᠠᠪᠤᠴᠠ ᠵᠢ 《ᠬᠠᠶ᠋ᠢᠷᠴᠠᠭ ᠰᠣᠯᠢᠬᠤ ᠦᠭᠡᠶ᠂ ᠬᠠᠶ᠋ᠢᠷᠴᠠᠭ ᠨᠡᠭᠡᠭᠡᠬᠦ ᠦᠭᠡᠶ᠂ ᠨᠢᠭᠡ ᠬᠠᠶ᠋ᠢᠷᠴᠠᠭ᠎ᠢ ᠡᠴᠦᠰ᠎ᠲᠤᠨᠢ ᠲᠤᠯᠲᠠᠯ᠎ᠠ ᠬᠢᠬᠦ》᠂ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢ ᠡᠵᠡᠩᠨᠡᠭᠴᠢ ᠪᠦᠬᠦ ᠶᠠᠪᠤᠴᠠ᠎ᠳᠤ ᠬᠠᠷᠢᠭᠤᠴᠠᠨ᠎ᠠ᠃ ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠤᠨ ᠮᠡᠳᠡᠭᠦᠯᠬᠦ᠂ ᠣᠶᠤᠨᠴᠢ ᠪᠣᠭᠤᠮᠲᠠ ᠵᠢᠨ ᠬᠠᠮᠢᠶᠠᠷᠤᠯᠲᠠ᠂ ᠲᠡᠷᠭᠡ ᠬᠥᠰᠬᠡ ᠵᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ᠂ ᠲᠡᠷᠭᠡ ᠵᠢᠯᠣᠭᠤᠳᠬᠤ ᠵᠥᠪᠰᠢᠶᠡᠷᠡᠯ ᠣᠯᠭᠤᠵᠤ ᠪᠠᠶ᠋ᠢᠴᠠᠭ᠋ᠠᠨ ᠰᠢᠯᠭ᠋ᠠᠬᠤ ᠵᠡᠷᠭᠡ ᠲᠤᠭ᠎ᠠ ᠪᠠᠷᠢᠮᠲᠠ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠭᠥᠷᠳᠡᠬᠦ ᠵᠢ ᠠᠬᠢᠭᠤᠯᠤᠨ᠎ᠠ᠃ ᠣᠶᠤᠨᠴᠢ ᠬᠥᠮᠥᠷᠭᠡᠯᠡᠨ ᠬᠠᠳᠠᠭ᠋ᠠᠯᠠᠬᠤ᠂ ᠣᠶᠤᠨᠴᠢ ᠪᠠᠷᠠᠭ᠋ᠠᠨ᠎ᠤ ᠭᠦᠢ᠍ᠯᠭᠡᠭᠡ ᠪᠣᠯᠤᠨ ᠣᠶᠤᠨᠴᠢ ᠪᠣᠭᠤᠮᠲᠠ ᠵᠢᠨ ᠪᠦᠳᠦᠭᠡᠨ ᠪᠠᠶ᠋ᠢᠭᠤᠯᠤᠯᠲᠠ ᠵᠢᠨ ᠠᠭᠤᠰᠤᠯᠴᠠᠯ᠎ᠢ ᠠᠬᠢᠭᠤᠯᠤᠨ᠎ᠠ᠃ ᠬᠢᠯᠢ ᠵᠢᠨ ᠪᠣᠭᠤᠮᠲᠠ ᠬᠢᠭᠡᠳ ᠲᠤᠳᠤᠷ᠎ᠠ ᠭᠠᠵᠠᠷ᠂ ᠬᠦᠷᠢᠶᠡᠯᠡᠩ ᠲᠣᠭᠤᠷᠢᠭ᠎ᠤᠨ ᠬᠤᠭᠤᠷᠣᠨᠳᠣᠬᠢ ᠣᠶᠤᠨᠴᠢᠯᠠᠭᠰᠠᠨ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂ 《ᠣᠨᠳᠣᠤ ᠭᠠᠵᠠᠷ᠎ᠤᠨ ᠪᠠᠷᠠᠭ᠋ᠠᠨ᠎ᠤ ᠥᠷᠲᠡᠭᠡ》᠂ 《ᠬᠠᠮ ᠭᠠᠷᠠᠮ》᠂ 《ᠬᠤᠯᠪᠣᠭ᠋ᠠᠯᠠᠨ ᠬᠥᠳᠡᠯᠦᠯᠴᠡᠵᠦ ᠭᠥᠯᠢᠶᠡᠨ ᠠᠪᠴᠤ  ᠪᠠᠭᠤᠯᠭ᠋ᠠᠬᠤ》 ᠲᠤᠷᠰᠢᠯᠲᠠ ᠵᠢ ᠬᠠᠶ᠋ᠢᠨ ᠰᠦᠪᠡᠭᠴᠢᠯᠡᠵᠦ᠂ ᠪᠠᠷᠠᠭ᠋ᠠᠨ᠎ᠤ ᠲᠡᠭᠡᠭᠡᠪᠦᠷᠢ ᠵᠢᠨ ᠨᠡᠪᠲᠡᠷᠡᠬᠦ ᠴᠢᠨᠠᠷ᠎ᠢ ᠥᠷᠭᠡᠳᠬᠡᠨ᠎ᠡ᠃

  6. ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠬᠡᠷᠡᠭᠯᠡᠯᠲᠡ ᠵᠢ ᠴᠢᠩᠭ᠋ᠠᠳᠬᠠᠨ᠎ᠠ᠃ ᠳᠤᠮᠳᠠᠳᠤ ᠤᠯᠤᠰ (ᠥᠪᠥᠷ ᠮᠣᠩᠭᠤᠯ)᠎ᠤᠨ ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠴᠢᠳᠠᠮᠵᠢ ᠵᠢᠨ ᠬᠡᠰᠡᠭ᠎ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠴᠢᠳᠠᠮᠵᠢ ᠵᠢᠨ ᠵᠠᠮ᠎ᠢ ᠨᠡᠪᠲᠡᠷᠡᠭᠦᠯᠦᠨ᠂ ᠳ᠋ᠠᠶ᠋ᠢᠲ᠋ᠠ ᠵᠢᠨ ᠡᠬᠢ ᠪᠠᠶᠠᠯᠢᠭ᠎ᠢ ᠬᠠᠮᠲᠤ᠎ᠪᠠᠷ ᠭᠥᠷᠳᠡᠵᠦ᠂ ᠣᠯᠠᠨ ᠤᠯᠤᠰ᠎ᠤᠨ ᠵᠠᠮ ᠲᠡᠭᠡᠭᠡᠪᠦᠷᠢ ᠵᠢᠨ ᠬᠠᠮᠢᠶᠠᠷᠤᠯᠲᠠ ᠬᠢᠭᠡᠳ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠴᠢᠳᠠᠮᠵᠢ᠎ᠯᠤᠭ᠎ᠠ ᠵᠣᠯᠭ᠋ᠠᠭᠤᠯᠬᠤ ᠵᠢ ᠠᠬᠢᠭᠤᠯᠤᠨ᠎ᠠ᠃ ᠵᠠᠰᠠᠮᠠᠯ ᠵᠠᠮ᠎ᠤᠨ ᠪᠣᠭᠤᠮᠲᠠ᠎ᠳᠤ ᠤᠶᠤᠨᠴᠢᠯᠠᠭᠰᠠᠨ ᠪᠣᠭᠤᠮᠲᠠ ᠪᠣᠯᠣᠨ ᠵᠢᠯᠣᠭᠤᠴᠢ ᠦᠭᠡᠢ ᠲᠣᠨᠤᠭ ᠲᠥᠬᠦᠭᠡᠷᠦᠮᠵᠢ ᠵᠢ ᠣᠯᠠᠨ ᠤᠯᠤᠰ᠎ᠤᠨ ᠠᠷᠠᠯᠵᠢᠶ᠎ᠠ ᠵᠢᠨ 《ᠭᠠᠭᠴᠠ ᠴᠣᠩᠬᠤᠪᠴᠢ》 ᠵᠢᠨ ᠰᠦᠯᠵᠢᠶ᠎ᠡ ᠬᠤᠯᠪᠣᠨ ᠵᠣᠯᠭ᠋ᠠᠭᠤᠯᠬᠤ ᠵᠢ ᠲᠦᠷᠭᠡᠳᠬᠡᠨ ᠠᠬᠢᠭᠤᠯᠵᠤ᠂ ᠣᠶᠤᠨᠴᠢᠯᠠᠭᠰᠠᠨ ᠪᠣᠭᠤᠮᠲᠠ᠎ᠪᠠᠷ ᠥᠩᠭᠡᠷᠡᠬᠦ᠂ ᠣᠶᠤᠨᠴᠢᠯᠠᠭᠰᠠᠨ ᠬᠢᠯᠢ ᠠᠯᠤᠰᠯᠠᠭᠰᠠᠨ ᠲᠡᠭᠡᠭᠡᠪᠦᠷᠢ ᠵᠢᠨ ᠡᠵᠡᠩᠨᠡᠯᠲᠡ ᠵᠢᠨ ᠵᠠᠭᠪᠤᠷ᠎ᠢ ᠳᠡᠯᠭᠡᠷᠡᠭᠦᠯᠦᠨ᠎ᠡ᠃ ᠤᠯᠤᠰ᠎ᠤᠨ ᠬᠤᠯᠪᠣᠭᠳᠠᠯ ᠪᠥᠬᠦᠶ ᠲᠣᠤᠷ ᠰᠦᠯᠵᠢᠶ᠎ᠡ ᠪᠠ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠠᠵᠢᠯᠯᠠᠭᠤᠯᠵᠤ ᠪᠠᠲᠤᠯᠠᠬᠤ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠰᠢᠰᠲ᠋ᠧᠮ᠎ᠤᠨ ᠠᠮᠤᠷ ᠲᠦᠪᠰᠢᠨ᠂ ᠲᠣᠭᠲᠠᠭᠤᠨ᠂ ᠥᠨᠳᠥᠷ ᠪᠦᠲᠦᠮᠵᠢᠲᠡᠶ ᠠᠵᠢᠯᠯᠠᠭ᠋ᠠᠨ᠎ᠢ ᠦᠨᠡᠨ ᠬᠦ᠌ ᠪᠠᠲᠤᠯᠠᠨ᠎ᠠ᠃

  (ᠭᠤᠷᠪᠠ) ᠠᠵᠢᠯᠯᠠᠭ᠋ᠠᠨ᠎ᠤ ᠬᠠᠮᠢᠶᠠᠷᠤᠯᠲᠠ ᠵᠢ ᠳ᠋ᠢᠭᠢᠲᠴᠢᠯᠡᠭᠰᠡᠨ᠎ᠢ ᠠᠬᠢᠭᠤᠯᠵᠤ᠂ ᠬᠠᠮᠲᠤ᠎ᠪᠠᠷ ᠬᠠᠮᠢᠶᠠᠷᠴᠤ ᠣᠶᠤᠨᠴᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠦᠨ᠎ᠡ

  7. ᠪᠠᠷᠢᠮᠵᠢᠶᠠᠵᠢᠭᠤᠯᠤᠭᠰᠠᠨ ᠳ᠋ᠠᠶ᠋ᠢᠲ᠋ᠠ ᠵᠢᠨ ᠰᠠᠭᠤᠷᠢ ᠵᠢ ᠪᠥᠲᠥᠭᠡᠨ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠪᠠᠷᠢᠮᠵᠢᠶᠠᠵᠢᠭᠤᠯᠤᠭᠰᠠᠨ ᠳ᠋ᠠᠶ᠋ᠢᠲ᠋ᠠ ᠵᠢᠨ ᠰᠠᠭᠤᠷᠢ ᠵᠢ ᠪᠥᠲᠥᠭᠡᠨ ᠪᠠᠶ᠋ᠢᠭᠤᠯᠤᠨ᠎ᠠ᠃ AR ᠪᠣᠳᠠᠲᠤ ᠦᠵᠡᠮᠵᠢ᠂ ᠭᠤᠷᠪᠠᠨ ᠬᠡᠮᠵᠢᠯᠳᠦ ᠭᠠᠵᠠᠷ᠎ᠤᠨ ᠵᠢᠷᠤᠭ᠂ ᠨᠢᠭᠤᠷ ᠲᠠᠯ᠎ᠠ ᠵᠢᠨ ᠬᠠᠷᠢᠴᠠᠭᠤᠯᠤᠯ᠂ ᠪᠣᠭᠤᠮᠲᠠ ᠵᠢᠨ ᠬᠠᠮᠢᠶᠠᠷᠤᠯᠲᠠ᠂ ᠡᠷᠬᠢᠨ ᠲᠣᠭᠤᠷᠢᠨ᠎ᠤ ᠬᠠᠮᠢᠶᠠᠷᠤᠯᠲᠠ ᠵᠡᠷᠭᠡ ᠴᠢᠳᠠᠮᠵᠢ ᠵᠢᠨ ᠮᠡᠷᠭᠡᠵᠢᠯ᠎ᠢ ᠭᠦᠨᠵᠡᠭᠡᠶ ᠬᠡᠷᠡᠭᠯᠡᠵᠦ᠂ ᠣᠶᠤᠨᠴᠢ ᠪᠣᠭᠤᠮᠲᠠ᠂ ᠥᠷᠥᠭᠡᠨ᠎ᠤ ᠬᠠᠮᠢᠶᠠᠷᠤᠯᠲᠠ᠂ ᠲᠡᠭᠡᠭᠡᠪᠦᠷᠢ ᠵᠢᠨ ᠪᠠᠭ᠋ᠠᠵᠢ ᠵᠢᠨ ᠬᠠᠮᠢᠶᠠᠷᠤᠯᠲᠠ᠂ ᠪᠠᠷᠠᠭ᠋ᠠᠨ᠎ᠤ ᠭᠦᠢ᠍ᠯᠭᠡᠭᠡᠨ᠎ᠤ ᠡᠬᠡ ᠲᠠᠩᠰᠠ᠂ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠡᠷᠭᠡ ᠰᠢᠰᠲ᠋ᠧᠮ᠎ᠢ ᠪᠦᠲᠦᠮᠵᠢᠲᠡᠶ᠎ᠪᠠᠷ ᠡᠮᠬᠢᠯᠡᠨ ᠨᠡᠶ᠋ᠢᠯᠡᠭᠦᠯᠵᠦ᠂ ᠬᠢᠯᠢ᠎ᠪᠠᠷ ᠣᠷᠣᠵᠤ ᠭᠠᠷᠬᠤ ᠬᠥᠮᠦᠰ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ᠂ ᠬᠢᠯᠢ᠎ᠪᠠᠷ ᠣᠷᠣᠵᠤ ᠭᠠᠷᠬᠤ ᠪᠠᠷᠠᠭ᠋ᠠᠨ᠎ᠤ ᠳ᠋ᠠᠶ᠋ᠢᠲ᠋ᠠ ᠵᠢᠴᠢ ᠬᠢᠯᠢ ᠠᠯᠤᠰᠯᠠᠭᠰᠠᠨ ᠠᠷᠠᠯᠵᠢᠶᠠᠨ᠎ᠤ ᠭᠤᠤᠯ ᠴᠣᠭᠴᠠ ᠪᠠ ᠬᠢᠯᠢ ᠵᠢᠨ ᠬᠠᠮᠢᠶᠠᠷᠤᠯᠲᠠ ᠡᠵᠡᠮᠳᠡᠯ ᠵᠡᠷᠭᠡ ᠵᠠᠩᠭᠢᠯᠠᠭ᠎ᠠ ᠵᠢᠨ ᠮᠡᠳᠡᠭᠡ ᠵᠠᠩᠭᠢ ᠵᠢ ᠴᠤᠭᠯᠠᠭᠤᠯᠵᠤ᠂ ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ ᠪᠠᠷᠢᠮᠵᠢᠶᠠᠵᠢᠭᠤᠯᠤᠭᠰᠠᠨ ᠲᠣᠮᠣ ᠳ᠋ᠠᠶ᠋ᠢᠲ᠋ᠠ ᠵᠢᠨ ᠰᠠᠭᠤᠷᠢ ᠵᠢ ᠪᠠᠶ᠋ᠢᠭᠤᠯᠬᠤ ᠬᠡᠷᠡᠭᠲᠡᠶ᠃

  8. ᠬᠢᠯᠢ ᠵᠢᠨ ᠪᠣᠭᠤᠮᠲᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢ ᠥᠵᠡᠭᠳᠡᠬᠦᠶ᠋ᠢᠴᠡ ᠲᠦᠷᠭᠡᠳᠭᠡᠨ᠎ᠡ᠃ ᠲᠣᠭ᠋ᠠᠴᠢᠯᠠᠭᠰᠠᠨ ᠢᠬᠡᠷ᠎ᠡ᠂ ᠪᠣᠳᠠᠲᠤ ᠪᠠᠶ᠋ᠢᠳᠠᠯ᠂ ᠲᠣᠮᠣ ᠳ᠋ᠠᠶ᠋ᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠬᠢᠭᠡᠳ ᠪᠣᠭᠤᠮᠲᠠ ᠵᠢᠨ ᠬᠠᠮᠢᠶᠠᠷᠤᠯᠲᠠ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠪᠣᠭᠤᠮᠲᠠ ᠵᠢᠨ ᠰᠠᠭᠤᠷᠢ᠂ ᠪᠣᠭᠤᠮᠲᠠ᠎ᠪᠠᠷ ᠥᠩᠭᠡᠷᠡᠬᠦ ᠠᠵᠢᠯᠯᠠᠭ᠋ᠠᠨ᠂ ᠪᠠᠷᠠᠭ᠋ᠠᠨ᠎ᠤ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ᠂ ᠸᠢᠳᠢᠤ᠋᠎ᠪᠠᠷ ᠬᠢᠨᠠᠨ ᠡᠵᠡᠮᠳᠡᠬᠦ᠂ ᠳᠠᠭ᠋ᠠᠭᠤᠯᠢ ᠣᠳᠣᠨ᠎ᠤ ᠭᠠᠵᠠᠷ ᠵᠦᠶ ᠵᠡᠷᠭᠡ ᠮᠡᠳᠡᠭᠡ ᠵᠠᠩᠭᠢ ᠵᠢ ᠴᠤᠭᠯᠠᠭᠤᠯᠤᠨ᠂ ᠪᠣᠭᠤᠮᠲᠠ ᠵᠢᠨ ᠪᠥᠬᠦ ᠴᠢᠬᠤᠯᠠ ᠡᠯᠧᠮᠧᠨ᠋ᠲ᠎ᠤᠨ ᠡᠬᠢ ᠪᠠᠶᠠᠯᠢᠭ᠎ᠤᠨ ᠬᠥᠮᠥᠷᠭᠡ ᠵᠢ   ᠪᠦᠷᠢᠯᠳᠦᠭᠦᠯᠵᠦ᠂ ᠪᠣᠭᠤᠮᠲᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠤ ᠪᠠᠶ᠋ᠢᠳᠠᠯ᠎ᠢ ᠪᠥᠬᠦ ᠲᠠᠯ᠎ᠠ᠎ᠪᠠᠷ᠂ ᠦᠵᠡᠭᠳᠡᠬᠦᠶ᠋ᠢᠴᠡ᠂ ᠤᠶᠤᠨᠴᠢᠯᠠᠭᠰᠠᠨ ᠪᠣᠭᠤᠮᠲᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠰᠢᠰᠲ᠋ᠧᠮ᠎ᠢ   ᠪᠠᠶ᠋ᠢᠭᠤᠯᠵᠤ᠂ ᠪᠣᠭᠤᠮᠲᠠ ᠵᠢᠨ ᠡᠳᠦᠷ ᠲᠤᠲᠤᠮ᠎ᠤᠨ ᠠᠵᠢᠯᠯᠠᠭ᠋ᠠᠨ᠎ᠤ ᠪᠠᠶ᠋ᠢᠳᠠᠯ᠎ᠢ ᠳᠡᠯᠭᠡᠨ ᠦᠵᠡᠭᠦᠯᠵᠦ᠂ ᠪᠣᠭᠤᠮᠲᠠ ᠵᠢᠨ ᠠᠵᠢᠯᠯᠠᠭ᠋ᠠᠨ᠎ᠤ ᠵᠠᠩᠭᠢᠯᠠᠭ᠎ᠠ ᠵᠢᠨ ᠭᠦᠢ᠍ᠴᠡᠳᠭᠡᠯ ᠲᠤᠭ᠎ᠠ ᠵᠢ ᠴᠠᠭ ᠲᠤᠬᠠᠶ᠎ᠳᠤᠨᠢ ᠬᠢᠨᠠᠨ ᠬᠡᠮᠵᠢᠵᠦ᠂ ᠪᠣᠭᠤᠮᠲᠠ ᠵᠢᠨ ᠲᠦᠭᠰᠢᠭᠦᠷᠢ ᠵᠢᠨ ᠪᠠᠶ᠋ᠢᠳᠠᠯ᠎ᠢ ᠵᠠᠳᠠᠯᠤᠨ ᠰᠢᠨᠵᠢᠵᠦ ᠰᠢᠢ᠍ᠳᠪᠦᠷᠢᠯᠡᠨ᠂ ᠪᠣᠭᠤᠮᠲᠠ ᠵᠢᠨ ᠪᠥᠬᠦ ᠦᠵᠡᠮᠵᠢ ᠵᠢᠨ ᠬᠡᠯᠪᠡᠷᠢ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ 《ᠨᠢᠭᠡ ᠵᠢᠷᠤᠭ》᠎ᠢ ᠪᠡᠶᠡᠯᠡᠭᠦᠯᠵᠦ᠂ ᠪᠣᠭᠤᠮᠲᠠ ᠵᠢᠨ ᠠᠵᠢᠯᠯᠠᠭ᠋ᠠᠨ᠎ᠤ ᠬᠥᠳᠡᠯᠦᠩᠭᠦᠶ ᠮᠡᠳᠡᠷᠡᠬᠦ ᠴᠢᠳᠠᠪᠤᠷᠢ ᠵᠢ ᠳᠡᠭᠡᠭᠰᠢᠯᠡᠭᠦᠯᠪᠡ᠃

  9. ᠪᠣᠭᠣᠮᠲᠠ ᠵᠢᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ ᠬᠥᠨᠳᠡᠯᠡᠨ ᠭᠤᠯᠳᠤ ᠬᠤᠯᠪᠣᠭ᠋ᠠᠯᠠᠨ ᠬᠥᠳᠡᠯᠦᠯᠴᠡᠬᠦ᠂ ᠬᠠᠮᠲᠤ᠎ᠪᠠᠷ ᠬᠠᠮᠢᠶᠠᠷᠴᠤ ᠬᠠᠮᠲᠤ᠎ᠪᠠᠷ ᠵᠠᠰᠠᠬᠤ᠂ ᠥᠨᠳᠥᠷ ᠪᠦᠲᠦᠮᠵᠢᠲᠡᠶ ᠬᠠᠮᠵᠢᠯᠴᠠᠭᠰᠠᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠰᠠᠭᠤᠷᠢ ᠲᠤᠭ᠎ᠠ ᠪᠠᠷᠢᠮᠲᠠ᠂ ᠲᠦᠭᠰᠢᠭᠦᠷᠢ ᠵᠢᠨ ᠣᠨᠴᠠᠯᠢᠭ᠂ ᠮᠡᠳᠡᠯᠭᠡ ᠵᠢᠨ ᠵᠢᠷᠤᠭ᠎ᠤᠨ ᠵᠢᠭᠰᠠᠯ᠂ ᠪᠤᠳᠤᠬᠤ ᠠᠷᠭ᠎ᠠ ᠵᠢᠨ ᠵᠠᠭᠪᠤᠷ᠂ ᠨᠢᠭᠤᠴᠠ ᠮᠡᠳᠡᠭᠡᠨ᠎ᠤ ᠮᠡᠳᠡᠭᠡ ᠵᠠᠩᠭᠢ ᠵᠢ ᠨᠢᠭᠡ ᠴᠤᠭᠴᠠᠵᠢᠭᠤᠯᠬᠤ᠎ᠳᠤ ᠬᠡᠷᠡᠭᠯᠡᠬᠦ ᠵᠢ ᠨᠢᠭᠡ ᠴᠣᠭᠴᠠᠵᠢᠭᠤᠯᠤᠭᠰᠠᠨ ᠪᠣᠭᠤᠮᠲᠠ ᠵᠢᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠪᠠ ᠶᠡᠷᠦᠩᠬᠡᠶ᠋ᠢᠯᠡᠨ ᠵᠣᠬᠢᠴᠠᠭᠤᠯᠤᠨ ᠲᠣᠬᠢᠷᠠᠭᠤᠯᠬᠤ ᠲᠠᠪᠴᠠᠩ᠎ᠢ ᠬᠠᠮᠵᠢᠯᠴᠠᠨ ᠪᠠᠶ᠋ᠢᠭᠤᠯᠵᠤ᠂ ᠪᠣᠭᠤᠮᠲᠠ ᠵᠢᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠵᠢᠨ ᠨᠢᠭᠤᠴᠠ ᠮᠡᠳᠡᠭᠡ ᠵᠢ ᠰᠣᠯᠢᠯᠴᠠᠬᠤ᠂ ᠵᠠᠳᠠᠯᠤᠨ ᠰᠤᠳᠤᠯᠵᠤ ᠮᠠᠭ᠋ᠠᠳᠯᠠᠬᠤ᠂ ᠵᠢᠯᠣᠭᠤᠳᠤᠨ ᠲᠣᠬᠢᠷᠠᠭᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠠᠵᠢᠯ᠎ᠢ ᠬᠠᠮᠲᠤᠷᠠᠨ ᠥᠷᠨᠢᠭᠦᠯᠵᠦ᠂ ᠪᠥᠬᠦ ᠬᠡᠯᠬᠢᠶ᠎ᠡ᠂ ᠪᠥᠬᠦ ᠦᠶᠡᠯᠡᠯ᠎ᠤᠨ ᠬᠤᠭᠤᠴᠠᠭ᠎ᠠ᠂ ᠪᠢᠲᠡᠭᠦᠮᠵᠢᠯᠡᠭᠰᠡᠨ ᠬᠡᠯᠪᠡᠷᠢ ᠵᠢᠨ ᠪᠣᠭᠤᠮᠲᠠ ᠵᠢᠨ ᠰᠡᠷᠭᠡᠶ᠋ᠢᠯᠡᠨ ᠡᠵᠡᠮᠳᠡᠬᠦ ᠲᠤᠭᠲᠠᠯᠴᠠᠭ᠎ᠠ ᠵᠢ ᠪᠣᠶ ᠪᠣᠯᠭ᠋ᠠᠬᠤ ᠵᠢ ᠠᠬᠢᠭᠤᠯᠵᠤ᠂ ᠪᠣᠭᠤᠮᠲᠠ ᠵᠢᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠤᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃

  (ᠲᠦᠷᠪᠡ) ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠯᠲᠠ ᠵᠢ ᠲᠦᠷᠭᠡᠳᠬᠡᠨ ᠠᠬᠢᠭᠤᠯᠵᠤ᠂ ᠪᠣᠭᠤᠮᠲᠠ ᠵᠢᠨ ᠬᠢᠨᠠᠯᠲᠠ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠨᠧᠷᠭᠢ ᠣᠯᠭᠤᠬᠤ ᠵᠢ ᠴᠢᠩᠭ᠋ᠠᠳᠬᠠᠨ᠎ᠠ

  10. ᠤᠶᠤᠨᠴᠢ ᠵᠢᠭᠤᠯᠴᠢᠯᠠᠯ᠎ᠤᠨ ᠪᠠᠶ᠋ᠢᠴᠠᠭ᠋ᠠᠬᠤ ᠲᠥᠬᠦᠭᠡᠷᠦᠮᠵᠢ ᠵᠢ ᠲᠠᠰ ᠳᠡᠪᠰᠢᠭᠦᠯᠦᠨ ᠥᠭᠡᠷᠡᠴᠢᠯᠡᠨ᠎ᠡ᠃ ᠪᠣᠭᠤᠮᠲᠠ ᠵᠢᠨ ᠵᠢᠭᠤᠯᠴᠢᠯᠠᠯ᠎ᠤᠨ ᠰᠢᠯᠭ᠋ᠠᠨ ᠪᠠᠶ᠋ᠢᠴᠠᠭ᠋ᠠᠬᠤ ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠨ ᠲᠠᠰ ᠳᠡᠪᠰᠢᠬᠦ ᠵᠢ ᠳᠡᠮᠵᠢᠨ᠎ᠡ᠃ ᠤᠶᠤᠨᠲᠤ ᠬᠠᠭ᠋ᠠᠯᠲᠠ ᠵᠢᠨ ᠮᠠᠰᠢᠨ᠂ ᠳᠠᠭᠤ ᠳᠦᠷᠰᠦ ᠰᠢᠩᠭᠡᠭᠡᠯᠲᠡ ᠴᠤᠭᠯᠠᠭᠤᠯᠬᠤ᠂ ᠪᠢᠴᠢᠭ ᠮᠠᠲ᠋ᠧᠷᠢᠶᠠᠯ ᠪᠠᠶ᠋ᠢᠴᠠᠭ᠋ᠠᠬᠤ ᠮᠠᠰᠢᠨ᠂ ᠬᠦᠴᠦᠷᠬᠡᠭᠯᠡᠯ ᠰᠦᠷᠳᠡᠭᠦᠯᠦᠯ᠎ᠤᠨ ᠳᠠᠭᠤ ᠸᠢᠳᠢᠤ᠋ ᠵᠢ ᠪᠠᠶ᠋ᠢᠴᠠᠭ᠋ᠠᠨ ᠪᠠᠷᠢᠪᠴᠢᠯᠠᠬᠤ ᠦᠵᠦᠭᠦᠷ᠂ ᠳᠡᠯᠪᠡᠷᠡᠬᠦ ᠪᠣᠳᠠᠰ ᠵᠢᠴᠢ ᠬᠤᠤᠷᠲᠤ ᠡᠳ᠋᠎ᠢ ᠲᠦᠷᠭᠡᠨ ᠰᠢᠭᠰᠢᠵᠦ ᠲᠦᠷᠭᠡᠨ ᠪᠠᠶ᠋ᠢᠴᠠᠭ᠋ᠠᠬᠤ ᠲᠥᠬᠦᠭᠡᠷᠦᠮᠵᠢ ᠵᠢᠴᠢ X ᠰᠠᠴᠤᠷᠠᠭ᠎ᠤᠨ ᠮᠠᠰᠢᠨ᠂ CT ᠮᠠᠰᠢᠨ᠂ ᠮᠢᠯᠢᠮᠸᠲᠷ ᠳᠣᠯᠬᠢᠶᠠᠨ᠎ᠤ ᠬᠥᠮᠦᠨ᠎ᠤ ᠪᠡᠶ᠎ᠡ ᠵᠢᠨ ᠪᠠᠶ᠋ᠢᠴᠠᠭ᠋ᠠᠯᠲᠠ ᠵᠢᠨ ᠬᠡᠮᠵᠢᠭᠦᠷᠯᠢᠭ ᠵᠡᠷᠭᠡ ᠥᠯᠥ ᠬᠦᠷᠦᠯᠴᠡᠬᠦ ᠬᠡᠯᠪᠡᠷᠢ ᠵᠢᠨ ᠪᠠ ᠲᠦᠷᠢᠮᠡᠬᠡᠶ᠋ᠢᠯᠡᠯ᠎ᠤᠨ ᠪᠤᠰᠤ ᠬᠡᠯᠪᠡᠷᠢ ᠵᠢᠨ ᠬᠠᠤᠯᠢ ᠬᠡᠷᠡᠭᠵᠢᠭᠦᠯᠬᠦ ᠲᠥᠬᠦᠭᠡᠷᠦᠮᠵᠢ ᠵᠢ ᠳᠣᠭᠢᠷᠠᠭᠤᠯᠵᠤ᠂ ᠠᠶᠠᠨᠴᠢᠳ᠎ᠤᠨ ᠪᠣᠭᠤᠳᠠᠯ ᠪᠠᠭᠯᠠᠭ᠎ᠠ ᠡᠳ᠋ ᠪᠣᠳᠠᠰ᠎ᠢ ᠪᠠᠶ᠋ᠢᠴᠠᠭ᠋ᠠᠨ ᠰᠢᠯᠭ᠋ᠠᠬᠤ 《ᠨᠢᠭᠡ ᠤᠳᠠᠭ᠋ᠠᠨ᠎ᠤ ᠪᠠᠶ᠋ᠢᠴᠠᠭ᠋ᠠᠨ ᠰᠢᠯᠭ᠋ᠠᠬᠤ》᠂ 《ᠰᠡᠷᠡᠯ ᠥᠬᠡᠶ ᠪᠠᠶ᠋ᠢᠴᠠᠭ᠋ᠠᠨ ᠰᠢᠯᠭ᠋ᠠᠬᠤ》 ᠵᠢ ᠳᠡᠯᠭᠡᠷᠡᠭᠦᠯᠵᠦ᠂ ᠪᠠᠷᠠᠭ᠋ᠠᠨ᠎ᠤ ᠲᠡᠭᠡᠭᠡᠪᠦᠷᠢ ᠵᠢᠨ ᠵᠢᠯᠣᠭᠤᠴᠢ ᠪᠠ ᠠᠶᠠᠨᠴᠢᠳ᠎ᠤᠨ ᠬᠦᠷᠦᠯᠴᠡᠬᠦ ᠥᠬᠡᠶ ᠬᠡᠯᠪᠡᠷᠢ ᠵᠢᠨ ᠪᠣᠭᠤᠮᠲᠠ᠎ᠪᠠᠷ ᠥᠩᠭᠡᠷᠡᠬᠦ ᠬᠡᠪ ᠵᠠᠭᠪᠤᠷ᠎ᠢ ᠬᠠᠶ᠋ᠢᠨ ᠰᠦᠪᠡᠭᠴᠢᠯᠡᠨ᠎ᠡ᠃

  11. ᠪᠠᠷᠠᠭ᠎ᠠ ᠲᠡᠭᠡᠭᠡᠪᠦᠷᠢ ᠵᠢᠨ ᠬᠢᠨᠠᠯᠲᠠ ᠬᠠᠮᠢᠶᠠᠷᠤᠯᠲᠠ ᠵᠢᠨ ᠪᠡᠯᠡᠳᠬᠡᠮᠵᠢ ᠲᠥᠬᠦᠭᠡᠷᠦᠮᠵᠢ ᠵᠢᠨ ᠤᠶᠤᠨᠴᠢᠯᠠᠯᠲᠠ ᠵᠢ ᠠᠬᠢᠭᠤᠯᠤᠨ᠎ᠠ᠃ ᠪᠣᠭᠣᠮᠲᠠ ᠵᠢᠨ ᠡᠵᠡᠩᠨᠡᠯᠲᠡ ᠵᠢᠨ ᠭᠣᠤᠯ ᠴᠣᠭᠴᠠ ᠵᠢ ᠵᠣᠷᠢᠭᠵᠢᠭᠤᠯᠤᠨ ᠲᠡᠭᠡᠭᠡᠵᠦ ᠪᠠᠭᠤᠯᠭ᠋ᠠᠬᠤ᠂ ᠪᠠᠷᠠᠭ᠎ᠠ ᠰᠢᠢ᠍ᠳᠪᠦᠷᠢᠯᠡᠬᠦ᠂ ᠣᠪᠣᠭ᠋ᠠᠯᠠᠨ ᠬᠠᠳᠠᠭ᠋ᠠᠯᠠᠬᠤ᠂ ᠰᠣᠯᠢᠵᠤ ᠠᠴᠢᠶᠠᠯᠠᠬᠤ ᠵᠢᠨ ᠣᠶᠣᠨᠴᠢᠯᠠᠯᠲᠠ ᠵᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠥᠷᠨᠢᠭᠦᠯᠵᠦ᠂ AGV᠂ ᠤᠶᠤᠨᠴᠢᠯᠠᠭᠰᠠᠨ ᠬᠦᠨᠳᠦ ᠺᠠᠷᠲ᠂ ᠠᠭ᠋ᠠᠷ᠎ᠤᠨ ᠵᠠᠮ᠂ ᠳᠠᠮᠵᠢᠭᠤᠯᠬᠤ ᠪᠦᠰᠡ ᠵᠡᠷᠭᠡ ᠣᠶᠣᠨᠴᠢᠯᠠᠭᠰᠠᠨ ᠬᠢᠯᠢ ᠠᠯᠤᠰᠯᠠᠭᠰᠠᠨ ᠲᠡᠭᠡᠭᠡᠪᠦᠷᠢ ᠵᠢᠨ ᠨᠡᠪᠲᠡᠷᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠪᠣᠭᠣᠮᠲᠠ ᠵᠢᠨ ᠨᠡᠪᠲᠡᠷᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ᠎ᠢ ᠢᠯᠭ᠋ᠠᠨ ᠲᠠᠨᠢᠬᠤ᠂ ᠪᠣᠳᠠᠰᠯᠢᠭ ᠬᠤᠯᠪᠣᠭ᠋ᠠᠲᠤ ᠰᠦᠯᠵᠢᠶ᠎ᠡ ᠵᠡᠷᠭᠡ ᠲᠡᠷᠢᠭᠦᠨ᠎ᠤ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠳᠣᠲᠣᠭ᠋ᠠᠳᠤ᠎ᠳᠤ᠎ᠪᠠᠨ ᠨᠡᠪᠲᠡ ᠦᠵᠡᠬᠦ᠂ ᠭᠠᠳᠠᠷ ᠲᠠᠯ᠎ᠠ ᠵᠢᠨ ᠰᠢᠷᠪᠢᠯᠲᠡ᠂ ᠵᠢᠷᠤᠭ ᠳᠦᠷᠰᠦ ᠵᠢᠨ ᠵᠠᠳᠠᠯᠤᠯᠲᠠ᠂ ᠣᠶᠤᠨᠴᠢ ᠲᠦᠭᠰᠢᠭᠦᠷᠢ ᠮᠡᠳᠡᠭᠦᠯᠬᠦ ᠵᠡᠷᠭᠡ ᠴᠢᠳᠠᠮᠵᠢ᠎ᠲᠠᠢ ᠲᠡᠷᠭᠡᠨ᠎ᠤ ᠲᠦᠷᠭᠡᠨ ᠨᠡᠪᠲᠡ ᠦᠵᠡᠬᠦ ᠪᠠᠶ᠋ᠢᠴᠠᠭ᠋ᠠᠯᠲᠠ᠂ ᠣᠶᠤᠨᠴᠢ ᠬᠠᠶ᠋ᠢᠨ ᠰᠢᠨᠵᠢᠯᠡᠯᠲᠡ ᠵᠠᠳᠠᠯᠤᠯᠲᠠ᠂ ᠳᠡᠯᠪᠡᠷᠡᠯᠲᠡ᠎ᠳᠤ ᠬᠤᠯᠪᠣᠭᠳᠠᠭᠰᠠᠨ ᠣᠷᠣᠮ᠎ᠤᠨ ᠪᠠᠶ᠋ᠢᠴᠠᠭ᠋ᠠᠨ ᠰᠢᠯᠭ᠋ᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠵᠢᠨ ᠲᠣᠬᠢᠷᠠᠭᠤᠯᠤᠯᠲᠠ ᠵᠢ ᠴᠢᠩᠭ᠋ᠠᠷᠠᠭᠤᠯᠵᠤ᠂ ᠬᠥᠮᠦᠨ ᠪᠠ ᠮᠠᠰᠢᠨ᠎ᠢ ᠤᠶᠠᠯᠳᠤᠭᠤᠯᠤᠨ ᠪᠠᠶ᠋ᠢᠴᠠᠭ᠋ᠠᠨ ᠰᠢᠯᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠡᠷᠭᠡᠨ ᠫᠠᠶ᠋ᠢᠰᠠ ᠵᠢ ᠠᠦ᠋ᠲ᠋ᠣ᠋᠎ᠪᠠᠷ ᠢᠯᠭ᠋ᠠᠨ ᠲᠠᠨᠢᠬᠤ᠂ ᠠᠦ᠋ᠲ᠋ᠣᠴᠢᠯᠠᠨ ᠴᠤᠭᠯᠠᠭᠤᠯᠬᠤ᠂ ᠣᠶᠤᠨᠴᠢ᠎ᠪᠠᠷ ᠬᠠᠷᠭᠤᠭᠤᠯᠤᠨ ᠪᠠᠶ᠋ᠢᠴᠠᠭ᠋ᠠᠬᠤ ᠴᠢᠳᠠᠮᠵᠢ᠎ᠲᠠᠢ ᠣᠶᠤᠨᠴᠢ ᠪᠣᠭᠤᠮᠲᠠ ᠵᠢ ᠳᠡᠯᠭᠡᠷᠡᠭᠦᠯᠦᠨ ᠬᠡᠷᠡᠭᠯᠡᠵᠦ᠂ ᠪᠣᠭᠤᠮᠲᠠ᠎ᠪᠠᠷ ᠥᠩᠭᠡᠷᠡᠬᠦ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃

  (ᠲᠠᠪᠤ) ᠣᠷᠣᠨ ᠠᠯᠤᠰᠯᠠᠭᠰᠠᠨ ᠬᠢᠯᠢ ᠠᠯᠤᠰᠯᠠᠭᠰᠠᠨ ᠬᠠᠮᠲᠤᠷᠠᠯᠴᠠᠭ᠎ᠠ ᠵᠢ ᠪᠠᠶ᠋ᠢᠩᠭᠤᠵᠢᠭᠤᠯᠬᠤ ᠵᠢ ᠲᠦᠷᠭᠡᠳᠬᠡᠨ ᠠᠬᠢᠭᠤᠯᠵᠤ᠂ ᠣᠶᠤᠨᠴᠢ ᠬᠤᠯᠪᠣᠯᠳᠤᠨ ᠨᠡᠪᠲᠡᠷᠡᠯᠴᠡᠬᠦ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ

  12. ᠣᠷᠣᠨ ᠪᠦᠰᠡ ᠵᠢᠨ ᠬᠠᠮᠵᠢᠯᠴᠠᠨ ᠰᠢᠨ᠎ᠡ ᠵᠢ ᠡᠭᠦᠳᠦᠨ ᠬᠥᠭᠵᠢᠬᠦ ᠵᠢ ᠴᠢᠩᠭ᠋ᠠᠷᠠᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠵᠢᠨ ᠬᠠᠮᠵᠢᠯᠴᠠᠭᠰᠠᠨ ᠬᠥᠭᠵᠢᠯᠲᠡ᠂ ᠵᠡᠭᠦᠨ ᠬᠤᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ᠂ ᠪᠠᠷᠠᠭᠤᠨ ᠣᠷᠣᠨ᠎ᠤ ᠡᠬᠡ ᠬᠠᠭᠤᠷᠠᠢ ᠳᠠᠯᠠᠢ ᠵᠢᠨ ᠰᠢᠨ᠎ᠡ ᠵᠠᠮ ᠵᠡᠷᠭᠡ ᠤᠯᠤᠰ᠎ᠤᠨ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ᠎ᠳᠤ ᠠᠭᠤᠰᠤᠯᠴᠠᠵᠤ᠂ ᠬᠠᠩᠭ᠋ᠠᠯᠭ᠎ᠠ ᠬᠡᠷᠡᠭᠴᠡᠭᠡ ᠵᠢᠨ ᠬᠤᠯᠪᠣᠯᠳᠤᠭᠰᠠᠨ ᠣᠷᠣᠨ ᠪᠦᠰᠡ ᠵᠢᠨ ᠲᠣᠭ᠋ᠠᠴᠢᠯᠠᠭᠰᠠᠨ ᠠᠮᠢ ᠠᠬᠤᠢ᠎ᠳᠤ ᠣᠷᠣᠯᠴᠠᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠵᠢᠯᠴᠠᠨ ᠢᠵᠢ ᠪᠦᠷᠢᠳᠦᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠪᠣᠭᠤᠮᠲᠠ ᠵᠢᠨ ᠪᠦᠯᠦᠭᠯᠡᠯ᠂ ᠭᠤᠣᠯᠳᠠᠯᠭ᠎ᠠ᠎ᠲᠠᠢ ᠣᠷᠣᠨ ᠪᠦᠰᠡ ᠵᠢᠨ ᠨᠢᠭᠡ ᠴᠣᠭᠴᠠᠵᠢᠭᠰᠠᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠡᠾᠸᠪᠸᠢ᠂ ᠲᠢᠶᠠᠨᠵᠢᠨ᠂ ᠯᠢᠶᠣᠤᠨᠢᠩ ᠵᠡᠷᠭᠡ ᠭᠠᠵᠠᠷ ᠣᠷᠣᠨ᠎ᠯᠤᠭ᠎ᠠ ᠵᠢᠨ ᠭᠠᠷᠠᠮ᠎ᠤᠨ ᠡᠬᠢ ᠪᠠᠶᠠᠯᠢᠭ᠎ᠢ ᠬᠠᠮᠲᠤᠪᠠᠷ ᠡᠳ᠋ᠯᠡᠬᠦ ᠪᠠ ᠳᠣᠲᠣᠭ᠋ᠠᠳᠤ ᠬᠠᠭᠤᠷᠠᠶ ᠵᠢᠨ ᠭᠠᠷᠠᠮ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠳᠠᠯᠠᠢ᠎ᠪᠠᠷ ᠭᠠᠷᠴᠤ ᠣᠷᠣᠬᠤ ᠬᠢᠯᠢ᠎ᠠᠴᠠ ᠭᠠᠷᠬᠤ ᠶᠡᠭᠡ ᠵᠠᠮ᠎ᠤᠨ ᠪᠣᠭᠤᠮᠲᠠ᠎ᠪᠠᠷ ᠥᠩᠭᠡᠷᠡᠬᠦ᠎ᠳᠤ ᠳᠥᠭᠦᠮ ᠦᠵᠡᠭᠦᠯᠬᠦ ᠵᠢ ᠠᠬᠢᠭᠤᠯᠤᠨ᠎ᠠ᠃

  13.  ᠪᠣᠭᠣᠮᠲᠠ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠣᠯᠠᠨ ᠤᠯᠤᠰ᠎ᠤᠨ ᠬᠠᠮᠲᠤᠷᠠᠯᠴᠠᠭ᠎ᠠ ᠵᠢ ᠠᠬᠢᠭᠤᠯᠤᠨ᠎ᠠ᠃ ᠬᠥᠷᠰᠢ ᠵᠡᠷᠭᠡᠯᠡᠳᠡᠭᠡ ᠤᠯᠤᠰ᠎ᠤᠨ ᠬᠢᠯᠢ ᠵᠢᠨ ᠪᠣᠭᠤᠮᠲᠠ ᠵᠢᠨ ᠰᠠᠭᠤᠷᠢ ᠲᠥᠬᠦᠭᠡᠷᠦᠮᠵᠢ ᠪᠠ ᠤᠶᠤᠨᠴᠢᠯᠠᠭᠰᠠᠨ ᠲᠥᠬᠦᠭᠡᠷᠦᠮᠵᠢ ᠵᠢ ᠵᠡᠷᠭᠡᠪᠡᠷ ᠲᠡᠰ ᠳᠡᠪᠰᠢᠭᠦᠯᠬᠦ ᠵᠢ ᠠᠬᠢᠭᠤᠯᠤᠨ᠎ᠠ᠃ ᠵᠠᠰᠠᠮᠠᠯ ᠵᠠᠮ᠎ᠤᠨ ᠪᠣᠭᠤᠮᠲᠠ᠎ᠳᠤ AGV᠂ ᠤᠶᠤᠨᠲᠤ ᠬᠦᠨᠳᠦ ᠺᠠᠷᠲ ᠵᠡᠷᠭᠡ ᠵᠢᠯᠣᠭᠤᠴᠢ ᠥᠬᠡᠶ ᠣᠶᠤᠨᠴᠢ ᠪᠣᠭᠤᠮᠲᠠ᠎ᠪᠠᠷ ᠥᠩᠭᠡᠷᠡᠬᠦ ᠬᠡᠪ ᠵᠠᠭᠪᠤᠷ᠎ᠢ ᠳᠡᠯᠭᠡᠷᠡᠭᠦᠯᠦᠨ ᠬᠡᠷᠡᠭᠯᠡᠵᠦ᠂ ᠤᠶᠤᠨᠲᠤ ᠠᠭ᠋ᠠᠷ᠎ᠤᠨ ᠵᠠᠮ᠂ ᠤᠶᠤᠨᠲᠤ ᠲᠡᠮᠦᠷ ᠵᠠᠮ ᠵᠡᠷᠭᠡ ᠰᠢᠨ᠎ᠡ ᠮᠡᠷᠭᠡᠵᠢᠯ ᠪᠠ ᠰᠢᠨ᠎ᠡ ᠲᠥᠬᠦᠭᠡᠷᠦᠮᠵᠢ ᠵᠢᠨ ᠬᠡᠷᠡᠭᠯᠡᠯᠲᠡ ᠵᠢ ᠬᠠᠶ᠋ᠢᠨ ᠰᠦᠪᠡᠭᠴᠢᠯᠡᠨ᠎ᠡ᠃ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠤᠨ TIR ᠺᠠᠷᠲ᠎ᠤᠨ ᠲᠡᠭᠡᠭᠡᠪᠦᠷᠢ ᠵᠢᠨ ᠱᠤᠭᠤᠮ᠎ᠢ ᠥᠷᠭᠡᠳᠬᠡᠨ   ᠪᠠᠶ᠋ᠢᠭᠤᠯᠤᠨ᠎ᠠ᠃ ᠪᠠᠷᠠᠭ᠎ᠠ ᠠᠴᠢᠶᠠᠯᠠᠬᠤ ᠨᠠᠷᠢᠨ ᠬᠠᠭᠤᠳᠠᠰᠤ ᠵᠢ ᠡᠯᠸᠺᠲᠷᠣᠨ ᠵᠶ᠋ᠠᠷ ᠳᠠᠮᠵᠢᠭᠤᠯᠬᠤ᠂ ᠥᠷᠥᠭᠡᠨ᠎ᠤ ᠮᠡᠳᠡᠭᠡ ᠵᠠᠩᠭᠢ ᠵᠢ ᠡᠯᠸᠺᠲᠷᠣᠨ ᠵᠶ᠋ᠠᠷ ᠳᠠᠮᠵᠢᠭᠤᠯᠬᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠥᠷᠭᠡᠳᠬᠡᠨ᠎ᠡ᠃ ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠢᠳᠡᠪᠬᠢᠲᠡᠶ  ᠠᠬᠢᠭᠤᠯᠵᠤ᠂ ᠬᠢᠯᠢ ᠠᠯᠤᠰᠯᠠᠭᠰᠠᠨ ᠠᠷᠠᠯᠵᠢᠶ᠎ᠠ ᠵᠢᠨ ᠳᠥᠭᠥᠮᠴᠢᠯᠡᠬᠦ ᠵᠢ ᠠᠬᠢᠭᠤᠯᠤᠨ᠎ᠠ᠃

   ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ

   ᠪᠣᠭᠤᠮᠲᠠ ᠵᠢᠨ ᠠᠵᠢᠯ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠲᠣᠭᠲᠠᠴᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠣᠶᠤᠨᠴᠢ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠵᠢᠯᠣᠭᠤᠳᠤᠨ ᠠᠬᠢᠭᠤᠯᠪᠠ᠃ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠠᠮᠲᠤᠷᠠᠨ ᠪᠠᠶ᠋ᠢᠴᠠᠭ᠋ᠠᠵᠤ ᠬᠠᠮᠲᠤᠷᠠᠨ ᠲᠡᠭᠡᠭᠡᠪᠦᠷᠢᠯᠡᠬᠦ ᠨᠢᠭᠡᠴᠢ ᠲᠣᠰ ᠲᠣᠰ᠎ᠤᠨ ᠬᠠᠷᠢᠭᠤᠴᠠᠯᠭ᠎ᠠ᠎ᠪᠠᠨ  ᠭᠦᠢ᠍ᠴᠡᠳᠭᠡᠵᠦ᠂ ᠨᠠᠷᠢᠨ ᠨᠢᠮᠪᠠᠶ ᠠᠷᠭ᠎ᠠ ᠬᠡᠮᠵᠢᠶ᠎ᠡ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠣᠶᠤᠨᠴᠢ ᠪᠣᠭᠤᠮᠲᠠ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠡᠭᠦᠨ᠎ᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠬᠤ ᠵᠢᠨ ᠬᠠᠮᠲᠤ ᠵᠣᠬᠢᠰᠲᠠᠢ ᠤᠷᠢᠳᠴᠢᠯᠠᠨ ᠲᠥᠯᠥᠪᠵᠢᠭᠦᠯᠬᠦ ᠬᠡᠷᠡᠭᠲᠡᠢ᠃ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠣᠭᠤᠮᠲᠠ ᠵᠢᠨ ᠬᠥᠭᠵᠢᠯᠲᠡ ᠵᠢᠨ ᠲᠥᠯᠥᠪᠵᠢᠭᠦᠯᠭᠡ᠎ᠪᠠᠷ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠣᠲᠣ ᠵᠢᠨ ᠪᠠᠶ᠋ᠢᠭ᠎ᠠ ᠲᠤᠰᠬᠠᠶ ᠪᠠᠯᠠ ᠮᠥᠩᠭᠦ ᠵᠢ ᠨᠢᠭᠡᠳᠦᠯᠲᠡᠶ ᠲᠥᠯᠥᠪᠯᠡᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠵᠠᠷᠤᠳᠠᠯ᠎ᠤᠨ ᠪᠠᠲᠤᠯᠠᠭ᠎ᠠ ᠵᠢ ᠰᠠᠶ᠋ᠢᠲᠤᠷ ᠬᠢᠵᠦ᠂ ᠲᠥᠷᠥᠯ ᠵᠦᠢ᠍ᠯ᠎ᠤᠨ ᠰᠢᠨᠵᠢᠯᠡᠬᠦ ᠤᠬᠠᠭ᠋ᠠᠨᠴᠢ ᠨᠤᠲᠠᠯᠠᠯᠲᠠ ᠵᠢ ᠴᠢᠩᠭ᠋ᠠᠳᠬᠠᠨ᠂ ᠪᠠᠯᠠ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠪᠠᠳᠠᠷᠠᠭᠤᠯᠤᠨ᠎ᠠ᠃

 

ᠢᠷᠡᠯᠲᠡ᠄ ᠪᠣᠭᠤᠮᠲᠠ ᠵᠢᠨ ᠠᠯᠪᠠᠨ ᠬᠡᠷ
          
ᠬᠠᠮᠢᠶ᠎ᠡ ᠪᠦᠬᠦᠢ ᠰᠣᠨᠢᠨ
11 ᠰᠠᠯᠠᠭ᠎ᠠ ᠮᠥᠴᠢᠷ ᠬᠠᠮᠲᠤᠷᠠᠨ ᠥᠪᠥᠷ ᠮᠣᠩᠭᠤᠯ᠎ᠤᠨ ᠤᠶᠤᠨᠲᠤ ᠪᠣᠭᠤᠮᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ
ᠭᠠᠳᠠᠭ᠋ᠠᠳᠤ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠵᠦ ᠰᠢᠨ᠎ᠡ ᠵᠢ ᠡᠭᠦᠳᠬᠦ ᠬᠥᠭᠵᠢᠯᠲᠡ ᠵᠢ ᠳᠠᠬᠢᠨ ᠲᠦᠷᠭᠡᠳᠭᠡᠨ᠎ᠡ
ᠲᠤᠯᠤᠭ᠋ᠠᠨ ᠰᠠᠯᠠᠭ᠎ᠠ ᠮᠥᠴᠢᠷ᠄ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
 
            