ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠤᠯᠤᠭ᠋ᠠᠨ ᠰᠠᠯᠠᠭ᠎ᠠ ᠮᠥᠴᠢᠷ᠄ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-05-06

   ᠣᠶ᠋ᠢᠷ᠎ᠠ᠎ᠳᠤ᠂ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠲᠤᠯᠤᠭ᠋ᠠᠨ ᠰᠠᠯᠠᠭ᠎ᠠ ᠮᠥᠴᠢᠷ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠰᠠᠨᠠᠯ》᠎ᠢ ᠨᠡᠶ᠋ᠢᠲᠡᠯᠡᠪᠡ᠃ ᠡᠭᠦᠨ᠎ᠳᠤ᠂ 2027 ᠣᠨ ᠪᠣᠯᠬᠤ᠎ᠳᠤ᠂ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠳᠡᠯᠡᠬᠡᠶ᠋ᠢᠵᠢᠭᠦᠯᠬᠦ᠂ ᠳᠥᠭᠦᠮᠴᠢᠯᠡᠬᠦ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ᠂ ᠮᠡᠳᠡᠯᠭᠡ ᠵᠢᠨ ᠦᠮᠴᠢᠯᠠᠯ᠎ᠤᠨ ᠡᠭᠦᠳᠦᠯᠲᠡ ᠵᠢᠨ ᠶᠠᠰᠤ ᠴᠢᠨᠠᠷ᠂ ᠬᠡᠷᠡᠭᠯᠡᠯᠲᠡ ᠵᠢᠨ ᠦᠷ᠎ᠡ ᠠᠰᠢᠭ᠂ ᠬᠠᠮᠠᠭ᠋ᠠᠯᠠᠯᠲᠠ ᠵᠢᠨ ᠦᠷ᠎ᠡ ᠪᠦᠲᠦᠮᠵᠢ᠂ ᠬᠠᠮᠢᠶᠠᠷᠤᠯᠲᠠ ᠵᠢᠨ ᠬᠢᠷᠢ ᠲᠦᠪᠰᠢᠨ ᠪᠠ ᠦᠢ᠍ᠯᠡᠴᠢᠯᠡᠭᠡᠨ᠎ᠤ ᠴᠢᠳᠠᠪᠤᠷᠢ ᠵᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠵᠦ᠂ ᠮᠡᠳᠡᠯᠭᠡ ᠵᠢᠨ ᠦᠮᠴᠢᠯᠠᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠨᠤᠮᠵᠢᠲᠠᠶ ᠪᠠᠶ᠋ᠢᠬᠤ ᠬᠡᠮᠵᠢᠶ᠎ᠡ᠂ ᠬᠦᠷᠲᠡᠮᠵᠢ ᠵᠢᠨ ᠲᠥᠷᠥᠭᠳᠡᠯ᠎ᠢ ᠦᠷᠭᠦᠯᠵᠢᠯᠡᠨ ᠨᠡᠮᠡᠭᠳᠡᠭᠦᠯᠵᠦ᠂ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠦᠢ᠍ᠯᠡᠳᠦᠯ᠎ᠢ ᠨᠠᠩ ᠲᠣᠪᠤᠶ᠋ᠢᠮ᠎ᠠ ᠪᠣᠯᠭ᠋ᠠᠨ᠎ᠠ᠃

  《ᠰᠠᠨᠠᠯ》᠎ᠳᠤ᠂ ᠮᠡᠳᠡᠯᠭᠡ ᠵᠢᠨ ᠦᠮᠴᠢᠯᠠᠯ᠎ᠤᠨ ᠵᠠᠬ᠎ᠠ ᠳᠡᠯᠭᠡᠭᠦᠷᠴᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠪᠠᠶ᠋ᠢᠭᠤᠯᠬᠤ᠎ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠳᠤᠷᠠᠳᠪᠠ᠃

   ᠮᠡᠳᠡᠯᠭᠡ ᠵᠢᠨ ᠦᠮᠴᠢᠯᠠᠯ᠎ᠤᠨ ᠰᠢᠨ᠎ᠡ ᠵᠢ ᠡᠭᠦᠳᠬᠦ ᠵᠢ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ᠃ ᠮᠡᠳᠡᠯᠭᠡ ᠵᠢᠨ ᠥᠷᠲᠡᠭ᠎ᠢ ᠨᠡᠮᠡᠭᠳᠡᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠬᠤᠪᠢᠶᠠᠷᠢᠯᠠᠯᠲᠠ ᠵᠢᠨ ᠳᠦᠷᠢᠮ᠎ᠢ ᠪᠦᠷᠢᠨᠰᠢᠬᠦᠯᠵᠦ᠂ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠰᠢᠯᠵᠢᠭᠦᠯᠦᠨ ᠥᠭᠬᠦ᠂ ᠵᠥᠪᠰᠢᠶᠡᠷᠡᠬᠦ ᠪᠤᠶᠤ ᠦᠨ᠎ᠡ ᠲᠣᠭᠲᠠᠭ᠋ᠠᠵᠤ ᠪᠡᠯᠡ ᠣᠷᠣᠭᠤᠯᠬᠤ ᠵᠡᠷᠭᠡ ᠠᠷᠭ᠎ᠠ ᠮᠠᠶᠢᠭ᠎ᠢ ᠠᠪᠴᠤ ᠪᠠᠶ᠋ᠢᠭ᠋ᠠᠳ ᠮᠡᠳᠡᠯᠭᠡ ᠵᠢᠨ ᠦᠮᠴᠢᠯᠠᠯ᠎ᠤᠨ ᠰᠢᠢ᠍ᠳᠪᠦᠷᠢᠯᠡᠬᠦ ᠡᠵᠡᠨ ᠮᠡᠳᠡᠬᠦ ᠡᠷᠬᠡ ᠵᠢ ᠥᠷᠭᠡᠳᠬᠡᠵᠦ᠂ ᠮᠡᠳᠡᠯᠭᠡ ᠵᠢᠨ ᠦᠮᠴᠢᠯᠠᠯ᠎ᠤᠨ ᠦᠨ᠎ᠡ ᠥᠷᠲᠡᠭ᠎ᠤᠨ ᠪᠡᠶᠡᠯᠡᠯᠲᠡ ᠵᠢ ᠠᠬᠢᠭᠤᠯᠬᠤ ᠬᠡᠷᠡᠭᠲᠡᠶ᠃ ᠡᠭᠦᠷᠭᠡ ᠲᠤᠰᠢᠶᠠᠯ᠎ᠤᠨ ᠡᠭᠦᠳᠦᠯᠲᠡ ᠵᠢ ᠵᠢᠷᠤᠮᠵᠢᠭᠤᠯᠤᠨ ᠬᠠᠮᠢᠶᠠᠷᠬᠤ ᠵᠢ ᠴᠢᠩᠭ᠋ᠠᠳᠬᠠᠵᠤ᠂ ᠲᠤᠰᠢᠶᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠣᠯᠭᠤᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠨᠢᠭᠡᠴᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠪᠠ ᠮᠡᠷᠭᠡᠵᠢᠯ᠎ᠢ ᠰᠢᠯᠵᠢᠭᠦᠯᠬᠦ ᠪᠠᠶ᠋ᠢᠭᠤᠯᠤᠮᠵᠢ ᠵᠡᠷᠭᠡ ᠡᠷᠬᠡ ᠠᠰᠢᠭ᠎ᠤᠨ ᠮᠡᠳᠡᠯᠭᠡ ᠵᠢᠨ ᠦᠮᠴᠢᠯᠠᠯ᠎ᠤᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠲᠤᠰᠬᠠᠶ ᠠᠰᠢᠭ᠎ᠤᠨ ᠤᠯᠠᠷᠢᠭᠤᠯᠤᠨ ᠲᠤᠰᠢᠶᠠᠯ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠪᠠ ᠠᠯᠳᠠᠭ᠎ᠠ ᠪᠤᠷᠤᠭᠤ ᠵᠢ ᠠᠭᠤᠴᠢᠯᠠᠬᠤ ᠲᠣᠭᠲᠠᠴᠠ ᠵᠢ ᠪᠦᠷᠢᠨᠰᠢᠭᠦᠯᠦᠨ᠎ᠡ᠃ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠵᠢᠨ ᠭᠦᠨᠵᠡᠭᠡᠶ ᠠᠭᠤᠰᠤᠯᠴᠠᠬᠤ ᠵᠢ ᠠᠬᠢᠭᠤᠯᠵᠤ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠤᠷᠰᠢᠯᠴᠠᠬᠤ ᠵᠥᠪᠯᠡᠯᠴᠡᠭᠡᠷ᠎ᠤᠨ ᠮᠡᠳᠡᠯᠭᠡ ᠵᠢᠨ ᠦᠮᠴᠢᠯᠠᠯ᠎ᠤᠨ ᠬᠤᠯᠪᠣᠭᠳᠠᠯ ᠪᠦᠬᠦᠢ ᠵᠦᠢ᠍ᠯ ᠵᠤᠷᠪᠤᠰ᠎ᠢ ᠲᠣᠭᠲᠠᠭ᠋ᠠᠬᠤ ᠵᠢᠯᠣᠭᠤᠳᠣᠯᠭ᠎ᠠ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ᠎ᠬᠢᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠠᠮᠲᠤᠷᠠᠯᠴᠠᠬᠤ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠂ ᠡᠭᠦᠷᠭᠡ ᠵᠢᠨ ᠬᠤᠪᠢᠶᠠᠷᠢᠯᠠᠯ᠂ ᠪᠡᠯᠡ ᠮᠥᠩᠭᠦ ᠵᠢᠨ ᠣᠷᠣᠭᠤᠯᠤᠯᠲᠠ᠂ ᠮᠡᠳᠡᠯᠭᠡ ᠵᠢᠨ ᠦᠮᠴᠢᠯᠠᠯ᠎ᠤᠨ ᠬᠠᠷᠢᠶᠠᠯᠠᠯ᠂ ᠡᠷᠬᠡ ᠠᠰᠢᠭ᠎ᠤᠨ ᠬᠤᠪᠢᠶᠠᠷᠢᠯᠠᠯ᠂ ᠲᠦᠭᠰᠢᠭᠦᠷᠢ ᠵᠢ ᠬᠤᠪᠢᠶᠠᠨ ᠡᠭᠦᠷᠭᠡᠯᠡᠬᠦ ᠪᠠ ᠭᠡᠷ᠎ᠡ ᠵᠢ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢ᠍ᠯᠡᠰ᠎ᠢ ᠵᠦᠢ ᠵᠣᠬᠢᠰᠲᠠᠶ ᠪᠣᠯᠵᠣᠨ ᠲᠣᠭᠲᠠᠭ᠋ᠠᠯᠭ᠋ᠠᠨ᠎ᠠ᠃ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ᠎ᠨᠤᠭᠤᠳ᠎ᠤᠨ ᠮᠡᠳᠡᠯᠭᠡ ᠵᠢᠨ ᠦᠮᠴᠢᠯᠠᠯ᠎ᠤᠨ ᠬᠠᠮᠢᠶᠠᠷᠤᠯᠲᠠ ᠵᠢᠨ ᠪᠡᠯᠡ ᠮᠥᠩᠭᠥ ᠪᠣᠯᠤᠨ ᠠᠵᠢᠯᠯᠠᠬᠤ ᠰᠠᠭᠤᠷᠢ ᠮᠥᠩᠭᠥ ᠪᠠᠶ᠋ᠢᠭᠤᠯᠬᠤ ᠵᠢ ᠳᠡᠮᠵᠢᠨ᠎ᠡ᠃

   ᠮᠡᠳᠡᠯᠭᠡ ᠵᠢᠨ ᠦᠮᠴᠢᠯᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠤᠨ᠎ᠠ᠃ ᠲᠤᠰᠬᠠᠢ ᠠᠰᠢᠭ᠎ᠤᠨ ᠣᠷᠣᠯᠠᠨ ᠭᠦᠢ᠍ᠴᠡᠳᠬᠡᠭᠴᠢ ᠵᠢᠨ ᠨᠠᠶ᠋ᠢᠳᠠᠨ ᠬᠢᠨᠠᠨ ᠬᠠᠮᠢᠶᠠᠷᠬᠤ ᠵᠢ ᠢᠳᠡᠪᠬᠢᠲᠡᠢ ᠠᠬᠢᠭᠤᠯᠵᠤ᠂ ᠮᠤᠵᠢ ᠵᠢᠨ ᠱᠠᠲᠤᠨ᠎ᠤ ᠲᠤᠰᠬᠠᠢ ᠠᠰᠢᠭ᠎ᠤᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠵᠢ ᠬᠤᠲᠠ (ᠰᠢᠭᠤᠳ ᠬᠠᠷᠢᠶ᠎ᠠ ᠬᠤᠲᠠ ᠵᠢᠨ ᠬᠠᠷᠢᠶ᠎ᠠ ᠲᠣᠭᠤᠷᠢᠭ) ᠵᠢᠨ ᠱᠠᠲᠤᠨ᠎ᠳᠤ ᠨᠠᠶ᠋ᠢᠳᠠᠨ ᠬᠡᠷᠡᠭᠵᠢᠭᠦᠯᠵᠦ᠂ ᠦᠨᠳᠦᠰᠦᠨ ᠱᠠᠲᠤᠨ᠎ᠤ ᠬᠢᠨᠠᠨ ᠬᠠᠮᠢᠶᠠᠷᠬᠤ ᠬᠦᠴᠦᠨ᠎ᠢ ᠴᠢᠩᠭ᠋ᠠᠷᠠᠭᠤᠯᠤᠨ᠎ᠠ᠃ ᠲᠤᠰᠬᠠᠶ ᠠᠰᠢᠭ᠂ ᠲᠠᠸᠠᠷ᠎ᠤᠨ ᠲᠡᠮᠳᠡᠭ᠎ᠤᠨ ᠣᠷᠣᠯᠠᠨ ᠭᠦᠢ᠍ᠴᠡᠳᠬᠡᠬᠦ ᠢᠲᠡᠭᠡᠮᠵᠢ ᠵᠢᠨ ᠦᠨᠡᠯᠡᠯᠲᠡ ᠵᠢ ᠭᠦᠨᠵᠡᠭᠡᠶ ᠥᠷᠨᠢᠭᠦᠯᠵᠦ᠂ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠪᠠ ᠠᠵᠢᠯᠯᠠᠵᠤ ᠪᠠᠶ᠋ᠢᠭ᠎ᠠ ᠬᠥᠮᠦᠰ᠎ᠤᠨ ᠦᠨᠡᠯᠡᠭᠰᠡᠨ ᠦᠷ᠎ᠡ ᠳ᠋ᠦᠩ᠎ᠢ ᠴᠠᠭ ᠲᠤᠬᠠᠶ᠎ᠳᠤᠨᠢ ᠢᠯᠡ ᠪᠣᠯᠭ᠋ᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠰᠣᠩᠭᠤᠬᠤ᠎ᠳᠤ ᠵᠢᠯᠣᠭᠤᠳᠣᠯᠭ᠎ᠠ ᠬᠠᠩᠭ᠋ᠠᠨ᠎ᠠ᠃ ᠬᠡᠪᠯᠡᠯ᠎ᠤᠨ ᠡᠷᠬᠡ ᠵᠢᠨ ᠣᠷᠣᠯᠠᠨ ᠭᠦᠢ᠍ᠴᠡᠳᠬᠡᠬᠦ ᠠᠵᠢᠯ ᠲᠥᠷᠥᠯ᠎ᠤᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠬᠤ  ᠬᠡᠷᠡᠭᠲᠡᠶ᠃ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠮᠡᠳᠡᠯᠭᠡ ᠵᠢᠨ ᠦᠮᠴᠢᠯᠠᠯ᠎ᠤᠨ ᠣᠷᠣᠯᠠᠨ ᠭᠦᠢ᠍ᠴᠡᠳᠬᠡᠬᠦ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠋ᠠᠳᠬᠠᠨ᠎ᠠ᠃ ᠮᠡᠳᠡᠯᠭᠡ ᠵᠢᠨ ᠦᠮᠴᠢᠯᠠᠯ᠎ᠤᠨ ᠣᠷᠣᠯᠠᠨ ᠭᠦᠢ᠍ᠴᠡᠳᠬᠡᠬᠦ ᠬᠠᠮᠢᠶ᠎ᠠ ᠪᠦᠬᠦᠢ ᠥᠪᠡᠷ᠎ᠢ᠎ᠪᠠᠨ ᠱᠠᠭ᠋ᠠᠷᠳᠠᠬᠤ ᠳᠦᠷᠢᠮ᠎ᠢ ᠲᠡᠭᠦᠯᠳᠡᠷᠵᠢᠭᠦᠯᠵᠦ᠂ ᠬᠢᠮᠳᠠ ᠦᠨ᠎ᠡ ᠪᠦᠬᠦᠢ ᠮᠠᠭᠤ ᠥᠷᠢᠰᠥᠯᠳᠦᠭᠡᠨ᠂ ᠵᠣᠬᠢᠰ ᠦᠭᠡᠶ ᠠᠮᠠᠯᠠᠯᠲᠠ ᠬᠢᠬᠦ ᠵᠡᠷᠭᠡ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠰᠠᠮᠠᠭᠤᠷᠠᠭᠤᠯᠬᠤ ᠦᠢ᠍ᠯᠡ ᠠᠵᠢᠯᠯᠠᠭ᠎ᠠ ᠵᠢ ᠴᠢᠩᠭ᠎ᠠ ᠬᠢᠵᠠᠭ᠋ᠠᠷᠯᠠᠵᠤ᠂ ᠰᠠᠶ᠋ᠢᠨ ᠰᠠᠶ᠋ᠢᠬᠠᠨ ᠠᠵᠢᠯ ᠲᠥᠷᠥᠯ᠎ᠤᠨ ᠠᠮᠢ ᠠᠬᠤᠶ ᠵᠢ ᠬᠠᠮᠠᠭ᠋ᠠᠯᠠᠨ᠎ᠠ᠃

   ᠮᠡᠳᠡᠯᠭᠡ ᠵᠢᠨ ᠦᠮᠴᠢᠯᠠᠯ᠎ᠤᠨ ᠵᠠᠬ᠎ᠠ ᠳᠡᠯᠭᠡᠭᠦᠷᠴᠢᠯᠡᠨ ᠦᠨ᠎ᠡ ᠲᠣᠭᠲᠠᠭ᠋ᠠᠬᠤ ᠪᠠ ᠠᠷᠠᠯᠵᠢᠶᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠮᠡᠳᠡᠯᠭᠡ ᠵᠢᠨ ᠦᠮᠴᠢᠯᠠᠯ᠎ᠤᠨ ᠥᠷᠲᠡᠭ᠎ᠢ ᠦᠨᠡᠯᠡᠨ ᠵᠢᠱ᠌ᠢᠬᠦ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠲᠤᠰᠬᠠᠶ ᠠᠰᠢᠭ᠎ᠤᠨ ᠬᠡᠷᠡᠭᠵᠢᠭᠦᠯᠬᠦ ᠵᠥᠪᠰᠢᠶᠡᠷᠡᠯ᠎ᠤᠨ ᠲᠤᠭ᠎ᠠ ᠪᠠᠷᠢᠮᠲᠠ ᠪᠠ ᠬᠡᠪᠯᠡᠯ᠎ᠤᠨ ᠡᠷᠬᠡ ᠵᠢᠨ ᠳᠠᠩᠰᠠᠯᠠᠨ ᠲᠡᠮᠳᠡᠭᠯᠡᠭᠦᠯᠦᠭᠰᠡᠨ ᠲᠤᠭ᠎ᠠ ᠪᠠᠷᠢᠮᠲᠠ ᠵᠢ ᠦᠷᠭᠦᠯᠵᠢᠯᠡᠨ ᠨᠡᠶ᠋ᠢᠲᠡᠯᠡᠵᠦ᠂ ᠲᠤᠰᠬᠠᠶ ᠠᠰᠢᠭ᠎ᠤᠨ ᠡᠷᠬᠡᠲᠦ ᠬᠥᠮᠦᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨᠴᠢ᠂ ᠢᠯᠡ᠎ᠪᠠᠷ ᠵᠥᠪᠰᠢᠶᠡᠷᠡᠬᠦ᠂ ᠵᠦᠶ ᠵᠣᠬᠢᠰᠲᠠᠶ᠎ᠪᠠᠷ ᠵᠢᠱ᠌ᠢᠨ ᠪᠤᠳᠤᠬᠤ ᠵᠥᠪᠰᠢᠶᠡᠷᠡᠯ ᠵᠶ᠋ᠠᠷ ᠬᠡᠷᠡᠭᠯᠡᠬᠦ ᠵᠠᠷᠤᠳᠠᠯ᠎ᠢ ᠬᠥᠲᠥᠯᠥᠨ ᠵᠢᠯᠣᠭᠤᠳᠤᠨ᠎ᠠ᠃ ᠪᠠᠩᠬᠢ ᠵᠢᠨ ᠮᠡᠳᠡᠯᠭᠡ ᠵᠢᠨ ᠦᠷ᠎ᠡ ᠪᠦᠲᠦᠭᠡᠯ᠎ᠤᠨ ᠥᠮᠴᠢᠯᠡᠬᠦ ᠡᠷᠬᠡ᠎ᠪᠠᠨ ᠳᠠᠨᠵᠢᠯᠠᠵᠤ ᠪᠡᠯᠡ ᠲᠣᠬᠢᠷᠠᠭᠤᠯᠬᠤ ᠳᠣᠲᠣᠭ᠋ᠠᠳᠤ ᠵᠢᠨ ᠦᠨᠡᠯᠡᠨ ᠵᠢᠱ᠌ᠢᠬᠦ ᠲᠤᠷᠰᠢᠯᠲᠠ ᠵᠢ ᠥᠷᠨᠢᠭᠦᠯᠵᠦ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠢᠯᠣᠭᠣᠳᠤᠨ ᠪᠡᠶ᠎ᠡ᠎ᠪᠠᠨ ᠳᠠᠭ᠋ᠠᠭ᠋ᠠᠵᠤ ᠦᠨᠡᠯᠡᠨ ᠵᠢᠱ᠌ᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠮᠡᠳᠡᠯᠭᠡ ᠵᠢᠨ ᠦᠮᠴᠢᠯᠠᠯ᠎ᠤᠨ ᠳᠠᠭ᠋ᠠᠳᠬᠠᠯ᠂ ᠢᠲᠡᠭᠡᠮᠵᠢ ᠵᠢᠨ ᠳᠠᠭ᠋ᠠᠭ᠋ᠠᠯᠲᠠ ᠵᠡᠷᠭᠡ ᠮᠦᠩᠭᠦᠨ ᠭᠦᠢ᠍ᠯᠭᠡᠭᠡᠨ᠎ᠤ ᠨᠡᠷᠡᠳᠬᠦᠨ᠎ᠳᠤ ᠰᠢᠨ᠎ᠡ ᠵᠢ ᠡᠭᠦᠳᠬᠦ ᠵᠢ ᠵᠣᠷᠢᠬ᠍ᠵᠢᠭᠤᠯᠵᠤ᠂ ᠮᠡᠳᠡᠯᠭᠡ ᠵᠢᠨ ᠦᠮᠴᠢᠯᠠᠯ᠎ᠤᠨ ᠤᠯᠠᠷᠢᠭᠤᠯᠬᠤ ᠵᠢ ᠮᠦᠩᠭᠦᠨ ᠭᠦᠢ᠍ᠯᠭᠡᠭᠡᠨ᠎ᠤ ᠳᠡᠮᠵᠢᠬᠦ ᠮᠦᠩᠭᠦᠨ ᠭᠦᠢ᠍ᠯᠭᠡᠭᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠮᠡᠳᠡᠯᠭᠡ ᠵᠢᠨ ᠦᠮᠴᠢᠯᠠᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠲᠦᠷᠭᠡᠳᠬᠡᠨ ᠪᠠᠶ᠋ᠢᠭᠤᠯᠵᠤ᠂ ᠮᠡᠳᠡᠯᠭᠡ ᠵᠢᠨ ᠦᠮᠴᠢᠯᠠᠯ᠎ᠤᠨ ᠡᠳ᠋ ᠬᠥᠷᠥᠩᠭᠡ ᠵᠢᠨ ᠬᠥᠳᠡᠯᠦᠩᠭᠦᠶ ᠴᠢᠨᠠᠷ ᠪᠠ ᠰᠢᠢ᠍ᠳᠪᠦᠷᠢᠯᠡᠬᠦ᠎ᠳᠤ ᠳᠥᠭᠥᠮ ᠦᠵᠡᠭᠦᠯᠬᠦ ᠴᠢᠨᠠᠷ᠎ᠢ ᠳᠡᠭᠡᠭᠰᠢᠯᠡᠭᠦᠯᠵᠦ᠂ ᠮᠡᠳᠡᠯᠭᠡ ᠵᠢᠨ ᠦᠮᠴᠢᠯᠠᠯ᠎ᠤᠨ ᠵᠢᠷᠤᠮᠵᠢᠯ᠎ᠲᠠᠢ ᠠᠷᠠᠯᠵᠢᠶᠠᠯᠠᠬᠤ ᠵᠢ ᠠᠬᠢᠭᠤᠯᠤᠨ᠎ᠠ᠃

   ᠮᠡᠳᠡᠯᠭᠡ ᠵᠢᠨ ᠦᠮᠴᠢᠯᠠᠯ᠎ᠤᠨ ᠬᠠᠮᠵᠢᠯᠴᠠᠨ ᠬᠠᠮᠠᠭ᠋ᠠᠯᠠᠬᠤ ᠵᠢ ᠴᠢᠩᠭ᠋ᠠᠳᠬᠠᠨ᠎ᠠ᠃ ᠠᠷᠠᠳ᠎ᠠᠴᠠ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠠᠩᠬᠠᠨ᠎ᠤ ᠰᠢᠨ᠎ᠡ ᠵᠢ ᠡᠭᠦᠳᠬᠦ ᠵᠢ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠮᠡᠳᠡᠯᠭᠡ ᠵᠢᠨ ᠦᠮᠴᠢᠯᠠᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠠᠭ᠋ᠠᠯᠠᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠦᠮᠴᠢᠯᠠᠯ᠎ᠳᠤ ᠬᠠᠯᠳᠠᠭᠰᠠᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠭᠦᠨ᠎ᠡ᠃ ᠮᠡᠳᠡᠯᠭᠡ ᠵᠢᠨ ᠦᠮᠴᠢᠯᠠᠯ᠎ᠤᠨ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠭᠰᠠᠨ ᠬᠡᠷᠡᠭ᠎ᠢ ᠰᠢᠯᠵᠢᠭᠦᠯᠦᠨ ᠬᠦᠷᠭᠡᠬᠦ᠂ ᠬᠠᠮᠵᠢᠯᠴᠠᠨ ᠪᠠᠶ᠋ᠢᠴᠠᠭ᠋ᠠᠬᠤ᠂ ᠬᠦᠷᠭᠡᠵᠦ ᠭᠦᠢ᠍ᠴᠡᠳᠬᠡᠬᠦ ᠵᠡᠷᠭᠡ ᠮᠡᠳᠡᠯᠭᠡ ᠵᠢᠨ ᠦᠮᠴᠢᠯᠠᠯ᠎ᠤᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠬᠤᠯᠪᠣᠭ᠋ᠠᠯᠠᠨ ᠬᠥᠳᠡᠯᠦᠯᠴᠡᠬᠦ ᠪᠠ ᠡᠷᠬᠡ᠎ᠳᠤ ᠬᠠᠯᠳᠠᠭᠰᠠᠨ ᠬᠡᠷᠡᠭ᠎ᠢ ᠲᠦᠷᠭᠡᠨ ᠰᠢᠢ᠍ᠳᠪᠦᠷᠢᠯᠡᠬᠦ ᠲᠣᠭᠲᠠᠴᠠ ᠵᠢᠴᠢ ᠲᠥᠪ ᠪᠠ ᠣᠷᠣᠨ ᠨᠤᠲᠤᠭ᠎ᠤᠨ ᠬᠠᠮᠵᠢᠯᠴᠠᠨ ᠲᠦᠷᠭᠡᠨ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ᠎ᠡ᠃ ᠮᠡᠳᠡᠯᠭᠡ ᠵᠢᠨ ᠦᠮᠴᠢᠯᠠᠯ᠎ᠤᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠪᠠ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢ ᠬᠠᠤᠯᠢ ᠲᠣᠭᠲᠠᠭ᠋ᠠᠯ ᠶᠣᠰᠣᠭ᠋ᠠᠷ ᠵᠠᠯᠬᠠᠭ᠋ᠠᠨ ᠴᠡᠭᠡᠷᠯᠡᠭᠦᠯᠦᠨ᠎ᠡ᠃ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠰᠢᠰᠲ᠋ᠧᠮ᠎ᠳᠤ ᠲᠦᠰᠢᠭᠯᠡᠨ᠂ ᠲᠠᠸᠠᠷ᠎ᠤᠨ ᠲᠡᠮᠳᠡᠭ᠂ ᠲᠤᠰᠬᠠᠢ ᠠᠰᠢᠭ᠂ ᠮᠡᠳᠡᠯᠭᠡ ᠵᠢᠨ ᠦᠮᠴᠢᠯᠠᠯ᠎ᠤᠨ ᠳᠠᠨᠵᠢᠯᠠᠭ᠎ᠠ ᠵᠢ ᠳᠠᠩᠰᠠᠯᠠᠨ ᠲᠡᠮᠳᠡᠭᠯᠡᠬᠦ᠂ ᠠᠵᠤ ᠠᠬᠤᠶ᠋ᠢᠯᠠᠯ᠎ᠳᠤ ᠬᠤᠯᠪᠣᠭᠳᠠᠬᠤ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠡᠷᠭᠡ ᠮᠡᠳᠡᠭᠡ ᠵᠠᠩᠭᠢ ᠵᠢ ᠴᠤᠭᠯᠠᠭᠤᠯᠤᠨ ᠢᠯᠡ ᠨᠡᠶ᠋ᠢᠲᠡᠯᠡᠬᠦ ᠵᠢ ᠴᠢᠩᠭ᠋ᠠᠳᠬᠠᠬᠤ ᠬᠡᠷᠡᠭᠲᠡᠢ᠃ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠮᠡᠳᠡᠯᠭᠡ ᠵᠢᠨ ᠦᠮᠴᠢᠯᠠᠯ᠎ᠢ ᠳᠤᠷ᠎ᠠ᠎ᠪᠠᠷ ᠵᠶ᠋ᠠᠨ ᠬᠡᠷᠡᠭᠯᠡᠨ ᠥᠷᠢᠰᠥᠯᠳᠦᠬᠦ ᠠᠵᠢᠯᠯᠠᠭ᠎ᠠ ᠵᠢ ᠠᠷᠢᠯᠭ᠋ᠠᠬᠤ ᠪᠠ ᠬᠢᠵᠠᠭ᠋ᠠᠷᠯᠠᠵᠤ᠂ ᠵᠠᠬ᠎ᠠ ᠳᠡᠯᠭᠡᠭᠦᠷ᠎ᠤᠨ ᠡᠷᠬᠡ ᠲᠡᠭᠰᠢ᠎ᠪᠠᠷ ᠥᠷᠢᠰᠥᠯᠳᠦᠬᠦ ᠵᠢ ᠬᠠᠮᠠᠭ᠋ᠠᠯᠠᠵᠤ᠂ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ᠃

   ᠪᠠᠷᠢᠮᠵᠢᠶ᠎ᠠ ᠪᠠ ᠲᠤᠰᠬᠠᠢ ᠠᠰᠢᠭ᠎ᠤᠨ ᠬᠠᠮᠵᠢᠯᠴᠠᠨ ᠰᠢᠨ᠎ᠡ ᠵᠢ ᠡᠭᠦᠳᠬᠦ ᠵᠢ ᠠᠬᠢᠭᠤᠯᠤᠨ᠎ᠠ᠃ ᠲᠤᠰᠬᠠᠶ ᠠᠰᠢᠭ᠎ᠢ ᠬᠢᠨᠠᠨ ᠪᠠᠶ᠋ᠢᠴᠠᠭ᠋ᠠᠬᠤ ᠪᠠ ᠪᠠᠷᠢᠮᠵᠢᠶ᠎ᠠ ᠲᠣᠭᠲᠠᠭ᠋ᠠᠬᠤ ᠠᠵᠢᠯ᠎ᠤᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠵᠤ᠂ ᠲᠤᠰᠬᠠᠶ ᠠᠰᠢᠭ᠎ᠤᠨ ᠪᠠᠷᠢᠮᠵᠢᠶ᠎ᠠ᠎ᠳᠤ ᠬᠤᠯᠪᠣᠭᠳᠠᠬᠤ ᠲᠥᠷᠥ ᠵᠢᠨ ᠪᠣᠳᠣᠯᠭ᠎ᠠ ᠵᠢᠨ ᠵᠢᠯᠣᠭᠤᠳᠣᠯᠭ᠎ᠠ ᠵᠢ ᠲᠣᠭᠲᠠᠭ᠋ᠠᠨ ᠳᠡᠯᠭᠡᠷᠡᠭᠦᠯᠵᠦ᠂ ᠰᠢᠨ᠎ᠡ ᠵᠢ ᠡᠭᠦᠳᠬᠦ ᠭᠤᠤᠯ ᠴᠣᠭᠴᠠ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠠᠯ᠎ᠢ ᠮᠡᠷᠭᠡᠵᠢᠯ᠎ᠤᠨ ᠪᠠᠷᠢᠮᠵᠢᠶ᠎ᠠ᠎ᠳᠤ ᠠᠭᠤᠰᠤᠯᠴᠠᠭᠤᠯᠤᠨ᠎ᠠ᠃ ᠪᠠᠷᠢᠮᠵᠢᠶ᠎ᠠ ᠵᠢᠨ ᠴᠢᠬᠤᠯᠠ ᠪᠥᠬᠦᠶ ᠲᠤᠰᠬᠠᠶ ᠠᠰᠢᠭ᠎ᠤᠨ ᠵᠥᠪᠰᠢᠶᠡᠷᠡᠯ᠎ᠤᠨ ᠵᠢᠯᠣᠭᠤᠳᠣᠯᠭ᠎ᠠ ᠵᠢ ᠲᠣᠭᠲᠠᠭ᠋ᠠᠵᠤ᠂ ᠪᠠᠷᠢᠮᠵᠢᠶ᠎ᠠ ᠵᠢᠨ ᠴᠢᠬᠤᠯᠠ ᠪᠥᠬᠦᠶ ᠲᠤᠰᠬᠠᠶ ᠠᠰᠢᠭ᠎ᠤᠨ ᠲᠥᠪ ᠭᠤᠤᠯᠴᠢ ᠵᠦᠶ ᠵᠣᠬᠢᠰᠲᠠᠶ᠎ᠪᠠᠷ ᠬᠡᠷᠡᠭᠯᠡᠬᠦ ᠵᠢ ᠠᠬᠢᠭᠤᠯᠤᠨ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ ᠴᠢᠬᠤᠯᠠ ᠪᠥᠬᠦᠶ ᠲᠤᠰᠬᠠᠶ ᠠᠰᠢᠭ᠎ᠢ ᠠᠰᠢᠭᠯᠠᠨ ᠭᠠᠭᠴᠠᠭ᠋ᠠᠷ ᠡᠵᠡᠮᠰᠢᠬᠦ ᠦᠢ᠍ᠯᠡ ᠠᠵᠢᠯᠯᠠᠭ᠎ᠠ ᠬᠡᠷᠡᠭᠵᠢᠭᠦᠯᠬᠦ ᠵᠢ ᠰᠡᠷᠭᠡᠶ᠋ᠢᠯᠡᠨ᠎ᠡ᠃ ᠪᠠᠷᠢᠮᠵᠢᠶᠠᠲᠤ ᠴᠢᠬᠤᠯᠠ ᠪᠥᠬᠦᠶ ᠲᠤᠰᠬᠠᠶ ᠠᠰᠢᠭ᠎ᠤᠨ ᠲᠤᠰᠬᠠᠶ ᠰᠡᠳᠦᠪᠲᠦ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠵᠤ᠂ ᠪᠠᠷᠢᠮᠵᠢᠶ᠎ᠠ ᠵᠢᠨ ᠴᠢᠬᠤᠯᠠ ᠪᠥᠬᠦᠶ ᠲᠤᠰᠬᠠᠶ ᠠᠰᠢᠭ᠎ᠤᠨ ᠮᠡᠳᠡᠭᠡ ᠵᠠᠩᠭᠢ ᠣᠯᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠦᠨ᠎ᠡ᠃

  《ᠰᠠᠨᠠᠯ》᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠰᠢᠨ᠎ᠡ ᠵᠢ ᠡᠭᠦᠳᠬᠦ ᠵᠢ ᠨᠡᠩ ᠰᠠᠶ᠋ᠢᠲᠤᠷ ᠳᠡᠮᠵᠢᠬᠦ ᠬᠡᠷᠡᠭᠲᠡᠢ ᠭᠡᠵᠦ ᠲᠣᠳᠣᠷᠬᠠᠶ᠋ᠢᠯᠠᠪᠠ᠃

   ᠮᠡᠳᠡᠯᠭᠡ ᠵᠢᠨ ᠪᠦᠲᠦᠭᠡᠭᠳᠡᠭᠦᠨ᠎ᠤ ᠡᠷᠬᠡ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃ ᠰᠢᠨ᠎ᠡ ᠨᠢᠭᠡᠨ ᠡᠭᠡᠯᠵᠢ ᠵᠢᠨ ᠲᠠᠸᠠᠷ᠎ᠤᠨ ᠲᠡᠮᠳᠡᠭ᠎ᠤᠨ ᠬᠠᠤᠯᠢ ᠵᠢᠴᠢ ᠬᠡᠷᠡᠭᠵᠢᠭᠦᠯᠬᠦ ᠳᠦᠷᠢᠮ᠎ᠳᠤ ᠵᠠᠰᠠᠪᠤᠷᠢ ᠣᠷᠣᠭᠤᠯᠤᠨ ᠨᠤᠲᠠᠯᠠᠬᠤ ᠵᠢ ᠲᠦᠷᠭᠡᠳᠬᠡᠵᠦ᠂ ᠲᠠᠸᠠᠷ᠎ᠤᠨ ᠲᠡᠮᠳᠡᠭ᠎ᠢ ᠬᠡᠷᠡᠭᠯᠡᠬᠦ ᠡᠭᠦᠷᠭᠡ ᠵᠢ ᠴᠢᠩᠭ᠋ᠠᠷᠠᠭᠤᠯᠤᠨ᠂ ᠮᠠᠭᠤ ᠰᠠᠨᠠᠭ᠎ᠠ᠎ᠲᠠᠢ᠎ᠪᠠᠷ ᠵᠠᠪᠳᠤᠨ ᠳᠠᠩᠰᠠᠯᠠᠭᠤᠯᠬᠤ ᠵᠡᠷᠭᠡ ᠦᠢ᠍ᠯᠡ ᠠᠵᠢᠯᠯᠠᠭ᠎ᠠ ᠵᠢᠨ ᠳᠦᠷᠢᠮ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠶ᠃ ᠵᠣᠬᠢᠶᠠᠯ ᠪᠦᠲᠦᠭᠡᠯ᠎ᠤᠨ ᠡᠷᠬᠡ ᠵᠢᠨ ᠬᠠᠤᠯᠢ ᠵᠢᠨ ᠢᠵᠢ ᠪᠦᠷᠢᠳᠦᠭᠦᠯᠬᠦ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠠᠵᠢᠯ᠎ᠢ ᠲᠦᠷᠭᠡᠳᠬᠡᠨ᠎ᠡ᠃ ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠪᠠᠶ᠋ᠢᠷᠢᠯᠠᠯ᠎ᠤᠨ ᠵᠢᠷᠤᠭ ᠲᠥᠯᠥᠪᠯᠡᠭᠡ ᠵᠢᠨ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠦᠨ᠎ᠡ᠃ ᠭᠠᠵᠠᠷ ᠵᠦᠢ ᠵᠢᠨ ᠲᠡᠮᠳᠡᠭ᠎ᠤᠨ ᠲᠤᠰᠬᠠᠢ ᠬᠠᠤᠯᠢ ᠲᠣᠭᠲᠠᠭ᠋ᠠᠬᠤ ᠵᠢ ᠠᠬᠢᠭᠤᠯᠵᠤ᠂ ᠲᠤᠰᠬᠠᠢ ᠬᠠᠮᠠᠭ᠋ᠠᠯᠠᠬᠤ ᠪᠠ ᠲᠠᠸᠠᠷ᠎ᠤᠨ ᠲᠡᠮᠳᠡᠭ᠎ᠤᠨ ᠬᠠᠮᠠᠭ᠋ᠠᠯᠠᠯᠲᠠ ᠵᠢ ᠬᠠᠷᠢᠯᠴᠠᠨ ᠵᠣᠬᠢᠴᠠᠭᠤᠯᠤᠭᠰᠠᠨ ᠨᠢᠭᠡᠳᠦᠯᠲᠡᠢ ᠭᠠᠵᠠᠷ ᠵᠦᠢ ᠵᠢᠨ ᠲᠡᠮᠳᠡᠭ᠎ᠤᠨ ᠬᠠᠮᠠᠭ᠋ᠠᠯᠠᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ᠃ ᠮᠡᠳᠡᠯᠭᠡ ᠵᠢᠨ ᠦᠮᠴᠢᠯᠠᠯ᠎ᠤᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠵᠢᠯᠣᠭᠤᠳᠤᠨ᠎ᠠ᠃

   ᠰᠢᠨ᠎ᠡ ᠬᠦᠷᠢᠶ᠎ᠡ ᠴᠠᠷᠠᠭ᠎ᠠ᠎ᠳᠠᠬᠢ ᠮᠡᠳᠡᠯᠭᠡ ᠵᠢᠨ ᠪᠦᠲᠦᠭᠡᠭᠳᠡᠭᠦᠨ᠎ᠤ ᠡᠷᠬᠡ ᠵᠢ ᠬᠠᠮᠠᠭ᠋ᠠᠯᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠬᠤᠰᠢᠭᠤᠷᠠᠯ ᠮᠡᠷᠭᠡᠵᠢᠯ᠎ᠤᠨ ᠬᠦᠷᠢᠶᠡᠨ᠎ᠳᠠᠬᠢ ᠮᠡᠳᠡᠯᠭᠡ ᠵᠢᠨ ᠦᠮᠴᠢᠯᠠᠯ᠎ᠤᠨ ᠬᠠᠮᠠᠭ᠋ᠠᠯᠠᠯᠲᠠ ᠵᠢᠨ ᠳᠦᠷᠢᠮ ᠵᠡᠷᠭᠡ ᠰᠤᠳᠤᠯᠭ᠋ᠠᠨ᠎ᠢ ᠠᠬᠢᠭᠤᠯᠵᠤ᠂ ᠰᠢᠨ᠎ᠡ᠎ᠪᠠᠷ ᠬᠥᠭᠵᠢᠭᠰᠡᠨ ᠬᠦᠷᠢᠶᠡᠨ᠎ᠳᠠᠬᠢ ᠮᠡᠳᠡᠯᠭᠡ ᠵᠢᠨ ᠦᠮᠴᠢᠯᠠᠯ᠎ᠤᠨ ᠬᠠᠮᠠᠭ᠋ᠠᠯᠠᠯᠲᠠ ᠵᠢ ᠰᠠᠶ᠋ᠢᠲᠤᠷ ᠬᠢᠨ᠎ᠡ᠃ ᠳ᠋ᠡᠢ᠌ᠲ᠋ᠠ ᠵᠢᠨ ᠮᠡᠳᠡᠯᠭᠡ ᠵᠢᠨ ᠦᠮᠴᠢᠯᠠᠯ᠎ᠤᠨ ᠠᠵᠢᠯ᠎ᠤᠨ ᠲᠤᠷᠰᠢᠯᠲᠠ ᠵᠢ ᠭᠦᠨᠵᠡᠭᠡᠶ ᠥᠷᠨᠢᠭᠦᠯᠦᠨ᠂ ᠳ᠋ᠡᠢ᠌ᠲ᠋ᠠ ᠵᠢᠨ ᠮᠡᠳᠡᠯᠭᠡ ᠵᠢᠨ ᠦᠮᠴᠢᠯᠠᠯ᠎ᠤᠨ ᠬᠠᠮᠠᠭ᠋ᠠᠯᠠᠯᠲᠠ ᠵᠢᠨ ᠳᠦᠷᠢᠮ᠎ᠢ ᠲᠦᠷᠭᠡᠳᠬᠡᠨ ᠪᠠᠶ᠋ᠢᠭᠤᠯᠤᠨ᠎ᠠ᠃ ᠨᠡᠭᠡᠭᠡᠯᠲᠡ ᠬᠢᠬᠦ ᠪᠠᠷᠢᠮᠵᠢᠶ᠎ᠠ ᠵᠢᠨ ᠵᠢᠷᠤᠮᠵᠢᠯ᠎ᠢ ᠰᠦᠪᠡᠭᠴᠢᠯᠡᠨ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢᠨ ᠮᠡᠷᠭᠡᠵᠢᠯ᠎ᠤᠨ ᠢᠷᠡᠯᠲᠡ ᠵᠢᠨ ᠮᠡᠳᠡᠯᠭᠡ ᠵᠢᠨ ᠦᠮᠴᠢᠯᠠᠯ᠎ᠤᠨ ᠲᠣᠭᠲᠠᠭ᠋ᠠᠯ᠎ᠳᠤ ᠨᠡᠶ᠋ᠢᠴᠡᠬᠦ ᠪᠠᠷᠢᠮᠵᠢᠶ᠎ᠠ᠂ ᠺᠠᠶ ᠶᠤᠸᠠᠨ ᠨᠡᠶ᠋ᠢᠭᠡᠮ ᠲᠣᠭᠤᠷᠢᠭ᠎ᠤᠨ ᠣᠷᠣᠯᠠᠬᠤ ᠨᠣᠮᠧᠷ᠎ᠤᠨ ᠬᠤᠪᠢ ᠨᠡᠮᠡᠷᠢ ᠦᠵᠡᠭᠦᠯᠬᠦ ᠲᠦᠷᠢᠮ᠎ᠤᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠵᠤ᠂ ᠮᠡᠳᠡᠯᠭᠡ ᠵᠢᠨ ᠦᠮᠴᠢᠯᠠᠯ᠎ᠤᠨ ᠬᠠᠮᠠᠭ᠋ᠠᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

   ᠲᠤᠰᠬᠠᠢ ᠠᠰᠢᠭ᠎ᠤᠨ ᠲᠠᠸᠠᠷ᠎ᠤᠨ ᠲᠡᠮᠳᠡᠭ᠎ᠢ ᠣᠯᠠᠨ ᠡᠰᠢᠵᠢᠭᠦᠯᠦᠨ ᠬᠢᠨᠠᠨ ᠪᠠᠶ᠋ᠢᠴᠠᠭ᠋ᠠᠬᠤ ᠵᠠᠭᠪᠤᠷ᠎ᠢ ᠰᠢᠨᠡᠴᠢᠯᠡᠨ᠎ᠡ᠃ ᠤᠷᠢᠳᠠᠪᠠᠷ ᠬᠢᠨᠠᠨ ᠪᠠᠶ᠋ᠢᠴᠠᠭ᠋ᠠᠬᠤ ᠵᠡᠷᠭᠡ ᠣᠯᠠᠨ ᠵᠦᠢ᠍ᠯ᠎ᠤᠨ ᠬᠢᠨᠠᠨ ᠪᠠᠶ᠋ᠢᠴᠠᠭ᠋ᠠᠬᠤ ᠵᠠᠭᠪᠤᠷ᠎ᠤᠨ ᠦᠢ᠍ᠯᠡᠴᠢᠯᠡᠭᠡᠨ᠎ᠤ ᠵᠠᠩᠭᠢᠯᠠᠭ᠎ᠠ ᠵᠢᠨ ᠭᠤᠤᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠶᠡᠷᠦᠩᠬᠡᠶ᠋ᠢᠯᠡᠨ  ᠬᠡᠷᠡᠭᠯᠡᠵᠦ᠂ ᠣᠷᠣᠨ ᠪᠦᠰᠡ ᠵᠢᠨ ᠬᠥᠭᠵᠢᠯᠲᠡ ᠵᠢᠨ ᠬᠡᠷᠡᠭᠴᠡᠭᠡ ᠪᠠ ᠣᠷᠣᠨ ᠨᠤᠲᠤᠭ᠎ᠤᠨ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠣᠷᠣᠨ ᠨᠤᠲᠤᠭ᠎ᠤᠨ ᠮᠡᠳᠡᠯᠭᠡ ᠵᠢᠨ ᠦᠮᠴᠢᠯᠠᠯ᠎ᠤᠨ ᠬᠠᠮᠠᠭ᠋ᠠᠯᠠᠯᠲᠠ ᠵᠢᠨ ᠲᠥᠪ᠎ᠤᠨ ᠤᠷᠢᠳᠴᠢᠯᠠᠨ ᠬᠢᠨᠠᠬᠤ ᠬᠦᠷᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠰᠢᠨ᠎ᠡ ᠵᠢ ᠡᠭᠦᠳᠬᠦ ᠭᠤᠤᠯ ᠴᠣᠭᠴᠠ ᠵᠢᠨ ᠲᠤᠰᠬᠠᠶ ᠠᠰᠢᠭ᠎ᠤᠨ ᠡᠷᠬᠡ ᠵᠢ ᠲᠦᠷᠭᠡᠨ ᠨᠤᠲᠠᠯᠠᠨ ᠲᠣᠭᠲᠠᠭ᠋ᠠᠵᠤ ᠤᠷᠢᠳᠴᠢᠯᠠᠨ ᠬᠢᠨᠠᠬᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ ᠬᠡᠷᠡᠭᠲᠡᠢ᠃ ᠲᠠᠸᠠᠷ᠎ᠤᠨ ᠲᠡᠮᠳᠡᠭ ᠳᠠᠩᠰᠠᠯᠠᠭᠤᠯᠬᠤ᠎ᠪᠠᠷ ᠭᠤᠶᠤᠴᠢᠯᠠᠬᠤ ᠵᠢ ᠲᠦᠷᠭᠡᠨ ᠬᠢᠨᠠᠨ ᠪᠠᠶ᠋ᠢᠴᠠᠭ᠋ᠠᠬᠤ ᠵᠠᠭᠪᠤᠷ᠎ᠢ ᠰᠢᠯᠢᠳᠡᠭᠵᠢᠭᠦᠯᠵᠦ᠂ ᠵᠢᠷᠤᠭ ᠬᠡᠯᠪᠡᠷᠢ ᠵᠢᠨ ᠲᠠᠸᠠᠷ᠎ᠤᠨ ᠲᠡᠮᠳᠡᠭ᠎ᠢ ᠲᠦᠷᠭᠡᠨ ᠬᠢᠨᠠᠨ ᠪᠠᠶ᠋ᠢᠴᠠᠭ᠋ᠠᠬᠤ ᠵᠢ ᠵᠥᠪᠰᠢᠶᠡᠷᠡᠵᠦ᠂ ᠲᠠᠸᠠᠷ᠎ᠤᠨ ᠲᠡᠮᠳᠡᠭ᠎ᠢ ᠳᠠᠬᠢᠨ ᠬᠢᠨᠠᠭᠤᠯᠬᠤ ᠪᠠ ᠣᠨᠳᠣᠤ ᠰᠠᠨᠠᠯ᠎ᠲᠠᠢ ᠭᠤᠶᠤᠴᠢᠯᠠᠯ᠎ᠢ ᠪᠤᠴᠠᠭ᠋ᠠᠬᠤ ᠵᠡᠷᠭᠡ ᠭᠤᠭᠴᠤᠭ᠎ᠠ᠎ᠳᠤ ᠤᠷᠢᠳᠠᠪᠠᠷ ᠬᠢᠨᠠᠨ ᠪᠠᠶ᠋ᠢᠴᠠᠭ᠋ᠠᠬᠤ ᠬᠢᠨᠠᠨ ᠲᠠᠰᠤᠯᠤᠯᠲᠠ ᠵᠢ ᠲᠡᠭᠦᠯᠳᠡᠷᠵᠢᠭᠦᠯᠵᠦ᠂ ᠲᠤᠬᠠᠢ ᠵᠢᠨ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ ᠵᠶ᠋ᠠᠨ ᠲᠦᠷᠭᠡᠨ ᠬᠠᠮᠠᠭ᠋ᠠᠯᠠᠬᠤ ᠵᠢ ᠨᠡᠩ ᠰᠠᠶ᠋ᠢᠲᠤᠷ ᠳᠡᠮᠵᠢᠬᠦ ᠬᠡᠷᠡᠭᠲᠡᠢ᠃ ᠲᠠᠸᠠᠷ᠎ᠤᠨ ᠲᠡᠮᠳᠡᠭ᠎ᠢ ᠬᠢᠨᠠᠨ ᠪᠠᠶ᠋ᠢᠴᠠᠭ᠋ᠠᠵᠤ ᠬᠠᠮᠵᠢᠯᠴᠠᠨ ᠦᠨᠡᠯᠡᠬᠦ ᠲᠣᠭᠲᠠᠴᠠ ᠵᠢ ᠲᠦᠷᠭᠡᠳᠬᠡᠨ ᠪᠠᠶ᠋ᠢᠭᠤᠯᠵᠤ᠂ ᠬᠢᠨᠠᠨ ᠪᠠᠶ᠋ᠢᠴᠠᠭ᠋ᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃

   ᠲᠤᠰᠬᠠᠢ ᠠᠰᠢᠭ᠎ᠤᠨ ᠲᠠᠸᠠᠷ᠎ᠤᠨ ᠲᠡᠮᠳᠡᠭ᠎ᠢ ᠬᠢᠨᠠᠨ ᠪᠠᠶ᠋ᠢᠴᠠᠭ᠋ᠠᠬᠤ ᠳᠥᠷᠢᠮ᠎ᠢ ᠲᠡᠭᠦᠯᠳᠡᠷᠵᠢᠭᠦᠯᠦᠨ᠎ᠡ᠃ 《ᠲᠤᠰᠬᠠᠶ ᠠᠰᠢᠭ ᠭᠤᠶᠤᠴᠢᠯᠠᠬᠤ ᠵᠢᠯᠣᠭᠤᠳᠤᠮᠵᠢ》 ᠪᠠ ᠬᠡᠪ᠎ᠤᠨ ᠪᠤᠰᠤ ᠲᠤᠰᠬᠠᠶ ᠠᠰᠢᠭ ᠭᠤᠶᠤᠴᠢᠯᠠᠬᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ ᠲᠤᠰᠬᠠᠶ ᠠᠰᠢᠭ᠎ᠤᠨ ᠶᠠᠰᠤ ᠴᠢᠨᠠᠷ᠎ᠢ ᠬᠥᠲᠥᠯᠥᠨ ᠵᠢᠯᠣᠭᠤᠳᠴᠤ ᠳᠡᠭᠡᠭᠰᠢᠯᠡᠭᠦᠯᠦᠨ᠎ᠡ᠃ ᠬᠡᠪ᠎ᠤᠨ ᠪᠤᠰᠤ ᠲᠤᠰᠬᠠᠶ ᠠᠰᠢᠭ᠎ᠤᠨ ᠭᠤᠶᠤᠴᠢᠯᠠᠯ᠎ᠢ ᠴᠡᠭᠴᠡᠯᠡᠨ ᠵᠠᠰᠠᠬᠤ᠎ᠪᠠᠷ ᠭᠤᠤᠯ ᠪᠣᠯᠭ᠋ᠠᠭᠰᠠᠨ ᠣᠷᠣᠯᠠᠨ ᠭᠦᠢ᠍ᠴᠡᠳᠬᠡᠬᠦ ᠶᠠᠰᠤ ᠴᠢᠨᠠᠷ᠎ᠢ ᠬᠢᠨᠠᠨ ᠰᠢᠨᠵᠢᠬᠦ ᠪᠠ ᠬᠦᠨᠳᠡᠬᠦ ᠮᠠᠶᠢᠭ᠎ᠤᠨ ᠬᠢᠨᠠᠨ ᠬᠠᠮᠢᠶᠠᠷᠬᠤ ᠲᠣᠭᠲᠠᠴᠠ ᠵᠢ ᠭᠦᠨᠵᠡᠭᠡᠶ᠋ᠢᠷᠡᠭᠦᠯᠵᠦ᠂ ᠨᠠᠷᠢᠯᠢᠭ ᠣᠨᠣᠴᠠᠲᠠᠶ᠎ᠪᠠᠷ ᠴᠣᠬᠢᠯᠲᠠ ᠥᠭᠬᠦ᠂ ᠲᠦᠢ᠍ᠯ᠎ᠤᠨ ᠣᠨᠣᠪᠴᠢᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠡᠶᠡᠯᠡᠭᠦᠯᠦᠨ᠎ᠡ᠃ ᠠᠵᠤ ᠠᠬᠤᠶ᠋ᠢᠯᠠᠯ᠎ᠤᠨ ᠲᠦᠷᠦᠯ ᠲᠡᠮᠳᠡᠭ᠂ ᠲᠦᠭᠦᠮᠴᠢᠯᠡᠭᠡᠳ ᠲᠠᠸᠠᠷ᠎ᠤᠨ ᠲᠡᠮᠳᠡᠭ᠎ᠤᠨ ᠡᠷᠬᠡ᠎ᠯᠦᠭᠡ ᠮᠥᠷᠭᠥᠯᠳᠦᠭᠡᠨ᠎ᠢ ᠰᠢᠢ᠍ᠳᠪᠦᠷᠢᠯᠡᠬᠦ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ ᠳᠦᠷᠢᠮᠵᠢᠭᠦᠯᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠶ᠃ ᠳ᠋ᠠᠶ᠋ᠢᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠲᠤᠰᠬᠠᠢ ᠠᠰᠢᠭ᠂ ᠲᠠᠸᠠᠷ᠎ᠤᠨ ᠲᠡᠮᠳᠡᠭ᠎ᠤᠨ ᠮᠡᠳᠡᠭᠡ ᠵᠠᠩᠭᠢ ᠬᠢᠭᠡᠳ ᠡᠵᠡᠩᠨᠡᠯᠲᠡ ᠵᠢᠨ ᠭᠤᠣᠯ ᠴᠣᠭᠴᠠ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠵᠦ ᠬᠡᠷᠡᠭᠯᠡᠬᠦ ᠵᠢ ᠠᠬᠢᠭᠤᠯᠵᠤ᠂ ᠲᠠᠸᠠᠷ᠎ᠤᠨ ᠲᠡᠮᠳᠡᠭ᠎ᠢ ᠬᠢᠨᠠᠨ ᠪᠠᠶ᠋ᠢᠴᠠᠭ᠋ᠠᠬᠤ ᠪᠠ ᠡᠵᠡᠩᠨᠡᠯᠲᠡ ᠵᠢᠨ ᠭᠤᠣᠯ ᠴᠣᠭᠴᠠ᠎ᠳᠤ ᠳᠠᠩᠰᠠᠯᠠᠬᠤ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠵᠦ᠂ ᠡᠷᠬᠡ ᠵᠢᠨ ᠭᠤᠣᠯ ᠴᠣᠭᠴᠠ ᠵᠢᠨ ᠤᠰᠠᠳᠤᠭᠰᠠᠨ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ ᠬᠠᠳᠠᠬᠤ ᠵᠢᠴᠢ ᠰᠢᠢ᠍ᠳᠪᠦᠷᠢᠯᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠲᠠᠸᠠᠷ᠎ᠤᠨ ᠲᠡᠮᠳᠡᠭ ᠳᠠᠩᠰᠠᠯᠠᠭᠤᠯᠬᠤ ᠡᠬᠢ ᠪᠠᠶᠠᠯᠢᠭ᠎ᠢ ᠴᠠᠭ ᠲᠤᠬᠠᠢ᠎ᠳᠤ᠎ᠨᠢ ᠰᠤᠯᠠᠯᠠᠵᠤ᠂ ᠲᠠᠸᠠᠷ᠎ᠤᠨ ᠲᠡᠮᠳᠡᠭ ᠳᠠᠩᠰᠠᠯᠠᠭᠤᠯᠬᠤ᠎ᠳᠤ ᠬᠦᠴᠢᠷᠲᠡᠢ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠨ᠎ᠡ᠃

   ᠵᠣᠬᠢᠶᠠᠯ ᠪᠦᠲᠦᠭᠡᠯ᠎ᠤᠨ ᠡᠷᠬᠡ ᠵᠢ ᠳᠠᠩᠰᠠᠯᠠᠬᠤ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠦᠨ᠎ᠡ᠃ ᠪᠦᠬᠦ ᠤᠯᠤᠰ᠎ᠤᠨ ᠵᠣᠬᠢᠶᠠᠯ ᠪᠦᠲᠦᠭᠡᠯ᠎ᠤᠨ ᠡᠷᠬᠡ ᠵᠢ ᠳᠠᠩᠰᠠᠯᠠᠨ ᠲᠡᠮᠳᠡᠭᠯᠡᠬᠦ ᠨᠢᠭᠡᠲᠦᠯᠲᠡᠢ ᠰᠢᠰᠲ᠋ᠧᠮᠵᠢ ᠪᠠᠶ᠋ᠢᠭᠤᠯᠬᠤ ᠵᠢ ᠠᠬᠢᠭᠤᠯᠵᠤ᠂ ᠪᠦᠲᠦᠭᠡᠯ᠎ᠢ ᠳᠠᠩᠰᠠᠯᠠᠨ ᠲᠡᠮᠳᠡᠭᠯᠡᠬᠦ᠂ ᠺᠣᠮᠫᠢᠦ᠋ᠲ᠋ᠧᠷ᠎ᠤᠨ ᠵᠦᠭᠡᠯᠡᠨ ᠬᠡᠷᠡᠭᠰᠡᠯ᠎ᠤᠨ ᠵᠣᠬᠢᠶᠠᠯ ᠪᠦᠲᠦᠭᠡᠯ᠎ᠤᠨ ᠡᠷᠬᠡ ᠵᠢ ᠳᠠᠩᠰᠠᠯᠠᠨ ᠲᠡᠮᠳᠡᠭᠯᠡᠬᠦ᠂ ᠵᠣᠬᠢᠶᠠᠯ ᠪᠦᠲᠦᠭᠡᠯ᠎ᠤᠨ ᠡᠷᠬᠡ ᠵᠢᠨ ᠳᠠᠨᠵᠢᠯᠠᠬᠤ ᠡᠷᠬᠡ ᠵᠢ ᠳᠠᠩᠰᠠᠯᠠᠨ ᠲᠡᠮᠲᠡᠭᠯᠡᠬᠦ᠂ ᠭᠠᠳᠠᠭ᠋ᠠᠲᠤ᠎ᠳᠤ ᠬᠤᠯᠪᠣᠭᠳᠠᠭᠰᠠᠨ ᠵᠣᠬᠢᠶᠠᠯ ᠪᠦᠲᠦᠭᠡᠯ᠎ᠤᠨ ᠡᠷᠬᠡ ᠵᠢᠨ ᠭᠡᠷ᠎ᠡ ᠵᠢ ᠳᠠᠩᠰᠠᠯᠠᠨ ᠲᠡᠮᠲᠡᠭᠯᠡᠬᠦ᠂ ᠵᠣᠬᠢᠶᠠᠯ ᠪᠦᠲᠦᠭᠡᠯ᠎ᠤᠨ ᠡᠷᠬᠡ ᠵᠢ ᠲᠤᠰᠬᠠᠶ᠋ᠢᠯᠠᠨ ᠬᠡᠷᠡᠭᠯᠡᠬᠦ ᠵᠢ ᠵᠦᠪᠰᠢᠶᠡᠷᠡᠬᠦ ᠭᠡᠷ᠎ᠡ ᠵᠢᠴᠢ ᠰᠢᠯᠵᠢᠭᠦᠯᠦᠨ ᠥᠭᠬᠦ ᠭᠡᠷ᠎ᠡ ᠵᠢ ᠪᠦᠷᠢᠳᠭᠡᠨ ᠳᠠᠩᠰᠠᠯᠠᠬᠤ ᠵᠡᠷᠭᠡ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠵᠣᠬᠢᠶᠠᠯ ᠪᠦᠲᠦᠭᠡᠯ᠎ᠤᠨ ᠡᠷᠬᠡ ᠵᠢᠨ ᠳᠠᠩᠰᠠᠯᠠᠨ ᠲᠡᠮᠳᠡᠭᠯᠡᠬᠦ ᠪᠠᠷᠢᠮᠵᠢᠶ᠎ᠠ ᠵᠢ ᠨᠠᠷᠢᠯᠢᠬ᠍ᠵᠢᠭᠤᠯᠵᠤ᠂ ᠵᠣᠬᠢᠶᠠᠯ ᠪᠦᠲᠦᠭᠡᠯ᠎ᠤᠨ ᠡᠷᠬᠡ ᠵᠢᠨ ᠳ᠋ᠡᠢ᠌ᠲ᠋ᠠ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ ᠵᠢᠨ ᠲᠠᠪᠴᠠᠩ᠎ᠢ ᠰᠤᠳᠤᠯᠤᠨ ᠪᠠᠶ᠋ᠢᠭᠤᠯᠵᠤ᠂ ᠵᠣᠬᠢᠶᠠᠯ ᠪᠦᠲᠦᠭᠡᠯ᠎ᠤᠨ ᠡᠷᠬᠡ ᠵᠢᠨ ᠳᠠᠩᠰᠠᠯᠠᠨ ᠲᠡᠮᠳᠡᠭᠯᠡᠬᠦ ᠲᠣᠭ᠋ᠠᠵᠢᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠵᠣᠬᠢᠶᠠᠯ ᠪᠦᠲᠦᠭᠡᠯ᠎ᠤᠨ ᠡᠷᠬᠡ ᠵᠢᠨ ᠳᠠᠩᠰᠠᠯᠠᠨ ᠲᠡᠮᠳᠡᠭᠯᠡᠬᠦ ᠵᠢ ᠰᠦᠯᠵᠢᠶ᠎ᠡ᠎ᠪᠠᠷ ᠭᠦᠢ᠍ᠴᠡᠳᠬᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠵᠣᠬᠢᠶᠠᠯ ᠪᠦᠲᠦᠭᠡᠯ᠎ᠤᠨ ᠡᠷᠬᠡ ᠵᠢᠨ ᠳᠠᠩᠰᠠᠯᠠᠨ ᠲᠡᠮᠳᠡᠭᠯᠡᠬᠦ ᠵᠢ ᠢᠯᠡ ᠨᠡᠶ᠋ᠢᠲᠡᠯᠡᠵᠦ ᠪᠠᠶ᠋ᠢᠴᠠᠭ᠋ᠠᠨ ᠯᠠᠪᠯᠠᠬᠤ᠂ ᠳ᠋ᠡᠢ᠌ᠲ᠋ᠠ ᠵᠢ ᠮᠡᠳᠡᠭᠦᠯᠦᠨ ᠬᠦᠷᠭᠡᠬᠦ ᠪᠠ ᠪᠦᠷᠢᠳᠬᠡᠨ ᠵᠠᠳᠠᠯᠬᠤ ᠵᠡᠷᠭᠡ ᠳᠦᠷᠢᠮ᠎ᠢ ᠪᠦᠷᠢᠨᠰᠢᠭᠦᠯᠦᠨ᠂ ᠵᠣᠬᠢᠶᠠᠯ ᠪᠦᠲᠦᠭᠡᠯ᠎ᠤᠨ ᠡᠷᠬᠡ ᠵᠢᠨ ᠳᠠᠩᠰᠠᠯᠠᠨ ᠲᠡᠮᠳᠡᠭᠯᠡᠬᠦ᠂ ᠪᠠᠶ᠋ᠢᠴᠠᠭ᠋ᠠᠨ ᠯᠠᠪᠯᠠᠬᠤ᠂ ᠬᠢᠨᠠᠨ ᠬᠡᠮᠵᠢᠬᠦ᠂ ᠡᠷᠬᠡ᠎ᠪᠠᠨ ᠬᠠᠮᠠᠭ᠋ᠠᠯᠠᠬᠤ ᠵᠢ ᠨᠢᠭᠡ ᠴᠤᠭᠴᠠᠵᠢᠭᠤᠯᠬᠤ ᠵᠢ ᠠᠬᠢᠭᠤᠯᠵᠤ᠂ ᠬᠠᠮᠢᠶ᠎ᠠ ᠪᠦᠬᠦᠢ ᠠᠵᠤ ᠦᠢ᠍ᠯᠡᠰ᠎ᠤᠨ ᠬᠥᠭᠵᠢᠯᠲᠡ᠎ᠳᠤ ᠨᠡᠩ ᠰᠢᠯᠢᠳᠡᠭ ᠪᠦᠭᠡᠳ ᠳᠥᠭᠦᠮ ᠳᠥᠲᠡ ᠦᠢ᠍ᠯᠡᠴᠢᠯᠡᠭᠡ ᠬᠠᠩᠭ᠋ᠠᠨ᠎ᠠ᠃

  《ᠰᠠᠨᠠᠯ》᠎ᠳᠤ᠂ ᠮᠡᠳᠡᠯᠭᠡ ᠵᠢᠨ ᠦᠮᠴᠢᠯᠠᠯ᠎ᠤᠨ ᠦᠢ᠍ᠯᠡᠴᠢᠯᠡᠭᠡᠨ᠎ᠤ ᠳᠡᠯᠡᠬᠡᠶ᠋ᠢᠴᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠭᠠᠳᠠᠭ᠋ᠠᠳᠤ ᠨᠡᠭᠡᠭᠡᠯᠲᠡ ᠵᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

   ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶᠡᠨ᠎ᠤ ᠣᠯᠠᠨ ᠤᠯᠤᠰ᠎ᠤᠨ ᠰᠣᠯᠢᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ ᠡᠯ᠎ᠡ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠬᠢᠨᠠᠨ ᠪᠠᠶ᠋ᠢᠴᠠᠭ᠋ᠠᠭᠰᠠᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠭᠦᠨᠵᠡᠭᠡᠶ᠋ᠢᠷᠡᠭᠦᠯᠦᠨ᠎ᠡ᠃ 《ᠨᠢᠭᠡ ᠪᠦᠰᠡ ᠨᠢᠭᠡ ᠵᠠᠮ》᠎ᠢ ᠬᠠᠮᠲᠤᠪᠠᠷ ᠪᠥᠲᠥᠭᠡᠨ ᠪᠠᠶ᠋ᠢᠭᠤᠯᠬᠤ ᠤᠯᠤᠰ ᠪᠠ ᠭᠠᠵᠠᠷ ᠣᠷᠣᠨ᠎ᠤ ᠮᠡᠳᠡᠯᠭᠡ ᠵᠢᠨ ᠦᠮᠴᠢᠯᠠᠯ᠎ᠤᠨ ᠮᠡᠳᠡᠭᠡ ᠵᠠᠩᠭᠢ᠂ ᠳ᠋ᠠᠶ᠋ᠢᠲ᠋ᠠ ᠵᠢᠨ ᠡᠬᠢ ᠪᠠᠶᠠᠯᠢᠭ᠎ᠤᠨ ᠲᠥᠷᠥᠯ ᠵᠦᠢ᠍ᠯ᠎ᠤᠨ ᠬᠠᠮᠲᠤᠷᠠᠯᠴᠠᠭ᠎ᠠ ᠵᠢ ᠠᠬᠢᠭᠤᠯᠤᠨ᠎ᠠ᠃ ᠨᠥᠬᠦᠴᠡᠯ᠎ᠲᠠᠢ ᠮᠡᠷᠭᠡᠵᠢᠯ ᠬᠢᠭᠡᠳ ᠰᠢᠨ᠎ᠡ ᠵᠢ ᠡᠭᠦᠳᠬᠦ ᠵᠢ ᠳᠡᠮᠵᠢᠬᠦ ᠲᠥᠪ (TISC)᠎ᠤᠨ ᠮᠡᠳᠡᠯᠭᠡ ᠵᠢᠨ ᠦᠮᠴᠢᠯᠠᠯ᠎ᠤᠨ ᠮᠡᠳᠡᠭᠡ ᠵᠠᠩᠭᠢ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠤᠯᠠᠨ ᠤᠯᠤᠰ᠎ᠤᠨ ᠰᠣᠯᠢᠯᠴᠠᠭ᠎ᠠ ᠵᠢ ᠥᠷᠨᠢᠭᠦᠯᠬᠦ ᠵᠢ ᠳᠡᠮᠵᠢᠨ᠎ᠡ᠃ ᠥᠨᠳᠥᠷ ᠬᠢᠷᠢ ᠲᠦᠪᠰᠢᠨ ᠪᠦᠬᠦᠢ ᠭᠠᠳᠠᠭ᠋ᠠᠳᠤ ᠵᠢᠨ ᠪᠠᠶ᠋ᠢᠭᠤᠯᠤᠮᠵᠢ ᠵᠢᠨ ᠳᠤᠮᠳᠠᠳᠤ ᠤᠯᠤᠰ᠎ᠲᠤ ᠢᠷᠡᠵᠦ ᠮᠡᠳᠡᠯᠭᠡ ᠵᠢᠨ ᠦᠮᠴᠢᠯᠠᠯ᠎ᠤᠨ ᠦᠢ᠍ᠯᠡᠴᠢᠯᠡᠭᠡ ᠥᠷᠨᠢᠭᠦᠯᠬᠦ ᠵᠢ ᠵᠣᠷᠢᠭᠵᠢᠭᠤᠯᠤᠨ᠎ᠠ᠃ ᠭᠠᠵᠠᠷ ᠵᠦᠢ ᠵᠢᠨ ᠲᠡᠮᠳᠡᠭ᠎ᠤᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠭᠠᠵᠠᠷ ᠵᠦᠢ ᠵᠢᠨ ᠲᠡᠮᠳᠡᠭ᠎ᠤᠨ ᠬᠤᠯᠪᠣᠭᠳᠠᠯ ᠪᠦᠬᠦᠢ ᠪᠠᠷᠢᠮᠵᠢᠶᠠᠲᠤ ᠭᠠᠳᠠᠭ᠋ᠠᠳᠤ ᠬᠡᠯᠡᠨ᠎ᠤ ᠬᠡᠪᠯᠡᠯ᠎ᠤᠨ ᠰᠤᠳᠤᠯᠭ᠋ᠠᠨ ᠥᠷᠨᠢᠭᠦᠯᠬᠦ ᠵᠢ ᠵᠣᠷᠢᠭᠵᠢᠭᠤᠯᠵᠤ᠂ ᠮᠠᠨ᠎ᠤ ᠤᠯᠤᠰ᠎ᠤᠨ ᠭᠠᠵᠠᠷ ᠵᠦᠢ ᠵᠢᠨ ᠲᠡᠮᠳᠡᠭ᠎ᠤᠨ ᠲᠦᠷᠦᠯ ᠲᠡᠮᠳᠡᠭ᠎ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ ᠲᠣᠮᠳᠠᠳᠣ ᠣᠯᠥᠰ᠎ᠤᠨ ᠠᠵᠦ ᠠᠬᠤᠶ᠋ᠢᠯᠠᠯ᠎ᠤᠨ ᠳᠡᠸᠡᠷ᠎ᠤᠨ ᠳᠡᠮᠳᠡᠭ᠎ᠤᠨ ᠨᠡᠷᠡᠳᠣ ᠳᠥᠷᠦᠯ ᠳᠡᠮᠳᠡᠭᠳᠦ ᠵᠢᠨ ᠨᠡᠮᠡᠯᠳᠡ ᠦᠷᠲᠡᠭ ᠪᠠ ᠦᠷᠢᠰᠦᠯᠳᠦᠬᠦ ᠬᠦᠴᠣᠨ᠎ᠢ ᠳᠡᠭᠡᠭᠰᠢᠯᠡᠬᠦᠯᠬᠦ ᠵᠢ ᠵᠢᠯᠥᠭᠤᠳᠬᠤ ᠪᠠ  ᠳᠡᠮᠵᠢᠵᠦ᠂ ᠳᠡᠸᠡᠷ᠎ᠤᠨ ᠳᠡᠮᠳᠡᠭ᠎ᠤᠨ ᠨᠡᠷᠡᠳᠣ ᠳᠥᠷᠦᠯ ᠳᠡᠮᠳᠡᠭᠳᠦ ᠵᠢᠨ ᠳᠡᠯᠡᠬᠡᠶ᠋ᠢᠴᠢᠯᠡᠭᠰᠡᠨ ᠡᠵᠡᠩᠨᠡᠯᠳᠡ ᠵᠢᠨ ᠴᠢᠳᠡᠪᠦᠷᠢ ᠵᠢ ᠳᠡᠭᠡᠭᠰᠢᠯᠡᠬᠦᠯᠵᠦ᠂ ᠲᠣᠮᠳᠠᠳᠣ ᠣᠯᠥᠰ᠎ᠤᠨ ᠳᠡᠸᠡᠷ᠎ᠤᠨ ᠳᠡᠮᠳᠡᠭ᠎ᠤᠨ ᠨᠡᠷᠡᠳᠣ ᠳᠥᠷᠦᠯ ᠳᠡᠮᠳᠡᠭᠳᠦ ᠵᠢᠨ ᠰᠠᠶ᠋ᠢᠨ ᠰᠠᠶ᠋ᠢᠬᠠᠨ ᠳᠦᠷᠢ ᠳᠥᠷᠬᠦ ᠵᠢ ᠪᠤᠢ ᠪᠤᠯᠭ᠋ᠠᠨ᠎ᠠ᠃ ᠡᠯ᠎ᠡ ᠤᠯᠤᠰ᠎ᠤᠨ ᠬᠡᠪᠯᠡᠯ᠎ᠤᠨ ᠡᠷᠬᠡ ᠵᠢᠨ ᠰᠠᠯᠠᠭ᠎ᠠ ᠮᠥᠴᠢᠷ᠎ᠯᠦᠭᠡ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠬᠡᠪᠯᠡᠯ᠎ᠤᠨ ᠡᠷᠬᠡ ᠵᠢᠨ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠵᠢ ᠳᠡᠭᠡᠭᠰᠢᠯᠡᠭᠦᠯᠦᠨ᠎ᠡ᠃

   ᠭᠠᠳᠠᠭ᠋ᠠᠳᠤ ᠵᠢᠨ ᠮᠡᠳᠡᠯᠭᠡ ᠵᠢᠨ ᠦᠮᠴᠢᠯᠠᠯ᠎ᠤᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠵᠢ ᠵᠢᠯᠣᠭᠣᠳᠬᠤ ᠠᠵᠢᠯ᠎ᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠤ ᠠᠷᠠᠯᠵᠢᠶᠠᠨ᠎ᠤ ᠶᠠᠪᠤᠯᠴᠠᠭ᠎ᠠ ᠨᠢᠭᠲᠠᠷᠬᠠᠰᠠᠨ ᠤᠯᠤᠰ ᠪᠠ ᠭᠠᠵᠠᠷ ᠣᠷᠣᠨ᠎ᠳᠤ ᠮᠡᠳᠡᠯᠭᠡ ᠵᠢᠨ ᠦᠮᠴᠢᠯᠠᠯ᠎ᠤᠨ ᠠᠵᠢᠯ᠎ᠤᠨ ᠵᠢᠯᠣᠭᠣᠳᠬᠤ ᠥᠷᠲᠡᠭᠡ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠭᠠᠳᠠᠭ᠋ᠠᠳᠤ ᠵᠢᠨ ᠮᠡᠳᠡᠯᠭᠡ ᠵᠢᠨ ᠦᠮᠴᠢᠯᠠᠯ᠎ᠤᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠵᠢᠨ ᠵᠢᠯᠣᠭᠣᠳᠬᠤ ᠬᠤᠪᠢᠶᠠᠷᠢ ᠲᠥᠪ᠎ᠲᠤ ᠲᠦᠰᠢᠭᠯᠡᠨ᠂ ᠠᠵᠤ ᠠᠬᠤᠶ᠋ᠢᠯᠠᠯ᠎ᠳᠤ ᠲᠤᠰᠬᠠᠶ ᠮᠡᠷᠭᠡᠵᠢᠯ᠎ᠤᠨ ᠥᠨᠳᠥᠷ ᠦᠷ᠎ᠡ ᠪᠦᠲᠦᠮᠵᠢᠲᠡᠶ ᠭᠠᠳᠠᠭ᠋ᠠᠳᠤ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠵᠢᠨ ᠵᠢᠯᠣᠭᠣᠳᠬᠤ ᠦᠢ᠍ᠯᠡᠴᠢᠯᠡᠭᠡᠨ ᠬᠠᠩᠭ᠋ᠠᠨ᠎ᠠ᠃ ᠠᠵᠢᠯ ᠲᠦᠷᠦᠯ ᠬᠤᠪᠢᠶᠠᠨ ᠭᠤᠣᠯᠳᠠᠯᠭ᠎ᠠ᠎ᠲᠠᠢ ᠭᠠᠳᠠᠭ᠋ᠠᠳᠤ᠎ᠳᠤ ᠭᠠᠷᠭ᠋ᠠᠬᠤ ᠠᠵᠤ ᠠᠬᠤᠶ᠋ᠢᠯᠠᠯ᠎ᠤᠨ ᠨᠡᠷᠡᠰ᠎ᠤᠨ ᠵᠢᠭᠰᠠᠭ᠋ᠠᠯᠲᠠ ᠵᠢ ᠡᠮᠬᠢᠯᠡᠨ ᠪᠦᠷᠢᠯᠳᠦᠭᠦᠯᠵᠦ᠂ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠳᠠᠭ᠋ᠠᠳᠬᠠᠯ᠎ᠤᠨ ᠪᠠᠶ᠋ᠢᠭᠤᠯᠤᠮᠵᠢ᠎ᠨᠤᠭᠤᠳ᠎ᠤᠨ ᠭᠠᠳᠠᠭ᠋ᠠᠳᠤ ᠵᠢᠨ ᠮᠡᠳᠡᠯᠭᠡ ᠵᠢᠨ ᠦᠮᠴᠢᠯᠠᠯ᠎ᠤᠨ ᠳᠠᠭ᠋ᠠᠳᠬᠠᠯ᠎ᠤᠨ ᠨᠡᠩ ᠣᠯᠠᠨ ᠨᠡᠷᠡᠳᠬᠦᠨ᠎ᠢ ᠨᠡᠭᠡᠭᠡᠨ ᠭᠠᠷᠭ᠋ᠠᠬᠤ ᠵᠢ ᠳᠡᠮᠵᠢᠵᠦ᠂ ᠭᠠᠳᠠᠭ᠋ᠠᠳᠤ ᠵᠢᠨ ᠮᠡᠳᠡᠯᠭᠡ ᠵᠢᠨ ᠦᠮᠴᠢᠯᠠᠯ᠎ᠤᠨ ᠡᠷᠬᠡ᠎ᠪᠠᠨ ᠬᠠᠮᠠᠭ᠋ᠠᠯᠠᠬᠤ ᠵᠢᠨ ᠲᠤᠰᠠᠯᠠᠮᠵᠢ ᠵᠢᠨ ᠰᠠᠭᠤᠷᠢ ᠮᠥᠩᠭᠦ ᠪᠠᠶ᠋ᠢᠭᠤᠯᠬᠤ ᠵᠢ ᠠᠬᠢᠭᠤᠯᠵᠤ᠂ ᠠᠵᠤ ᠠᠬᠤᠶ᠋ᠢᠯᠠᠯ᠎ᠤᠨ ᠡᠷᠬᠡ᠎ᠪᠠᠨ ᠬᠠᠮᠠᠭ᠋ᠠᠯᠠᠬᠤ ᠥᠪᠡᠷ᠎ᠤᠨ ᠥᠷᠲᠡᠭ ᠵᠶ᠋ᠠᠨ ᠪᠠᠭᠤᠷᠠᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ᠃ ᠭᠠᠳᠠᠭ᠋ᠠᠳᠤ ᠵᠢᠨ ᠮᠡᠳᠡᠯᠭᠡ ᠵᠢᠨ ᠦᠮᠴᠢᠯᠠᠯ᠎ᠤᠨ ᠬᠠᠤᠯᠢ ᠴᠠᠭ᠋ᠠᠵᠠ ᠳᠦᠷᠢᠮ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠴᠤᠭᠯᠠᠭᠤᠯᠤᠨ ᠨᠡᠶ᠋ᠢᠲᠡᠯᠡᠵᠦ᠂ ᠭᠠᠳᠠᠭ᠋ᠠᠳᠤ ᠵᠢᠨ ᠮᠡᠳᠡᠯᠭᠡ ᠵᠢᠨ ᠦᠮᠴᠢᠯᠠᠯ᠎ᠤᠨ ᠵᠠᠷᠭᠤ ᠵᠢᠨ ᠬᠡᠷᠡᠭ᠎ᠤᠨ ᠳ᠋ᠠᠶ᠋ᠢᠲ᠋ᠠ ᠬᠥᠮᠥᠷᠭᠡ ᠵᠢ ᠪᠠᠶ᠋ᠢᠭᠤᠯᠤᠨ᠂ ᠨᠡᠶ᠋ᠢᠲᠡᠯᠢᠭ ᠬᠡᠷᠡᠭ᠎ᠤᠨ ᠵᠠᠳᠠᠯᠤᠯᠲᠠ ᠰᠤᠳᠤᠯᠤᠯᠲᠠ ᠵᠢ ᠥᠷᠨᠢᠭᠦᠯᠵᠦ᠂ ᠠᠵᠤ ᠠᠬᠤᠶ᠋ᠢᠯᠠᠯ᠎ᠤᠨ ᠭᠠᠳᠠᠭ᠋ᠠᠳᠤ᠎ᠳᠤ ᠬᠣᠯᠪᠣᠭᠳᠠᠬᠤ ᠮᠡᠳᠡᠯᠭᠡ ᠵᠢᠨ ᠦᠮᠴᠢᠯᠠᠯ᠎ᠤᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ᠎ᠳᠤ ᠮᠡᠳᠡᠭᠡ ᠵᠠᠩᠭᠢ ᠵᠢᠨ ᠳᠡᠮᠵᠢᠯᠭᠡ ᠬᠠᠩᠭ᠋ᠠᠬᠤ ᠬᠡᠷᠡᠭᠲᠡᠶ᠃ ᠭᠠᠳᠠᠭ᠋ᠠᠳᠤ᠎ᠳᠤ ᠬᠣᠯᠪᠣᠭᠳᠠᠬᠤ ᠮᠡᠳᠡᠯᠭᠡ ᠵᠢᠨ ᠦᠮᠴᠢᠯᠠᠯ᠎ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠪᠣᠶ᠋ᠢᠵᠢᠭᠤᠯᠬᠤ ᠡᠷᠴᠢᠮ᠎ᠢ ᠴᠢᠩᠭ᠋ᠠᠷᠠᠭᠤᠯᠵᠤ᠂ ᠭᠠᠳᠠᠭ᠋ᠠᠳᠤ᠎ᠳᠤ ᠬᠣᠯᠪᠣᠭᠳᠠᠬᠤ ᠮᠡᠳᠡᠯᠭᠡ ᠵᠢᠨ ᠦᠮᠴᠢᠯᠠᠯ᠎ᠤᠨ ᠬᠠᠤᠯᠢ ᠴᠠᠭ᠋ᠠᠵᠠ ᠵᠢᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠠᠵᠤ ᠠᠬᠤᠶ᠋ᠢᠯᠠᠯ᠎ᠤᠨ ᠭᠠᠳᠠᠭ᠋ᠠᠳᠤ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠵᠢᠨ ᠵᠢᠯᠣᠭᠣᠳᠬᠤ ᠲᠤᠰᠬᠠᠶ ᠠᠵᠢᠯ᠎ᠤᠨ ᠴᠢᠨᠠᠷ ᠪᠠ ᠴᠢᠭᠯᠡᠭᠦᠯᠬᠦ ᠴᠢᠨᠠᠷ᠎ᠢ ᠳᠡᠭᠡᠭᠰᠢᠯᠡᠭᠦᠯᠦᠨ᠎ᠡ᠃

  《ᠰᠠᠨᠠᠯ》᠎ᠳᠤ᠂ ᠮᠡᠳᠡᠯᠭᠡ ᠵᠢᠨ ᠦᠮᠴᠢᠯᠠᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠥᠭᠦᠮᠴᠢᠯᠡᠯᠲᠡ ᠵᠢ ᠠᠬᠢᠭᠤᠯᠵᠤ᠂ ᠠᠵᠤ ᠠᠬᠤᠶ᠋ᠢᠯᠠᠯ᠎ᠳᠤ ᠠᠰᠢᠭᠲᠠᠶ ᠠᠷᠠᠳ᠎ᠲᠤ ᠲᠥᠬᠦᠮ ᠦᠵᠡᠭᠦᠯᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠵᠠᠢ᠃

   ᠠᠵᠢᠯ ᠶᠠᠪᠤᠳᠠᠯ ᠭᠦᠢ᠍ᠴᠡᠳᠬᠡᠬᠦ ᠴᠤᠪᠤᠷᠠᠯ᠎ᠢ ᠰᠢᠯᠢᠳᠡᠭᠵᠢᠭᠦᠯᠬᠦ ᠪᠠ ᠵᠠᠭᠪᠤᠷ᠎ᠤᠨ ᠰᠢᠨ᠎ᠡ ᠵᠢ ᠡᠭᠦᠳᠬᠦ ᠵᠢ ᠠᠬᠢᠭᠤᠯᠤᠨ᠎ᠠ᠃ ᠲᠤᠰᠬᠠᠶ ᠠᠰᠢᠭ᠂ ᠲᠠᠸᠠᠷ᠎ᠤᠨ ᠲᠡᠮᠳᠡᠭ᠎ᠢ ᠬᠤᠪᠢᠷᠠᠭᠤᠯᠬᠤ ᠵᠢ ᠭᠦᠢ᠍ᠴᠡᠳᠭᠡᠬᠦ ᠦᠶᠡᠯᠡᠯ᠎ᠤᠨ ᠬᠤᠭᠤᠴᠠᠭ᠎ᠠ ᠵᠢ ᠦᠷᠭᠦᠯᠵᠢᠯᠡᠨ ᠪᠠᠭ᠋ᠠᠰᠬᠠᠵᠤ᠂ ᠡᠩ᠎ᠤᠨ ᠪᠠᠶ᠋ᠢᠳᠠᠯ ᠳᠣᠤᠷ᠎ᠠ ᠲᠤᠰᠬᠠᠶ ᠠᠰᠢᠭ᠎ᠤᠨ ᠡᠷᠬᠡ ᠵᠢᠨ ᠰᠢᠯᠵᠢᠯᠲᠡ᠎ᠳᠤ ᠬᠤᠯᠪᠣᠭᠳᠠᠭᠰᠠᠨ ᠲᠡᠮᠳᠡᠭᠯᠡᠭᠰᠡᠨ ᠲᠥᠷᠥᠯ ᠵᠦᠢ᠍ᠯ᠎ᠤᠨ ᠬᠤᠪᠢᠷᠠᠭᠤᠯᠤᠯᠲᠠ ᠵᠢ 1 ᠰᠠᠷ᠎ᠠ ᠵᠢᠨ ᠳᠣᠲᠣᠷ᠎ᠠ ᠬᠢᠨᠠᠨ ᠪᠠᠶ᠋ᠢᠴᠠᠭ᠋ᠠᠵᠤ᠂ ᠲᠠᠸᠠᠷ᠎ᠤᠨ ᠲᠡᠮᠳᠡᠭ᠎ᠢ ᠰᠢᠯᠵᠢᠭᠦᠯᠦᠨ ᠥᠭᠬᠦ᠂ ᠬᠤᠪᠢᠷᠠᠭᠤᠯᠬᠤ᠎ᠳᠤ ᠲᠣᠰ ᠲᠣᠰ 40 ᠡᠳᠦᠷ᠂ 20 ᠡᠳᠦᠷ᠎ᠤᠨ ᠳᠣᠲᠣᠷ᠎ᠠ ᠠᠩᠬ᠎ᠠ ᠤᠳᠠᠭ᠎ᠠ ᠬᠢᠨᠠᠨ ᠪᠠᠶ᠋ᠢᠴᠠᠭ᠋ᠠᠬᠤ ᠵᠢ ᠪᠡᠶᠡᠯᠡᠭᠦᠯᠬᠦ ᠬᠡᠷᠡᠭᠲᠡᠶ᠃ ᠲᠤᠰᠬᠠᠢ ᠠᠰᠢᠭ᠎ᠤᠨ ᠵᠠᠷᠤᠳᠠᠯ᠎ᠢ ᠬᠠᠰᠤᠵᠤ ᠲᠤᠰᠢᠶᠠᠬᠤ ᠭᠤᠭᠴᠤᠭ᠎ᠠ᠎ᠳᠤ ᠮᠡᠳᠡᠭᠳᠡᠬᠦ ᠠᠮᠠᠯᠠᠯᠲᠠ ᠵᠢ ᠭᠦᠢ᠍ᠴᠡᠳᠬᠡᠬᠦ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠬᠡᠷᠡᠭ᠎ᠤᠨ ᠳᠠᠷᠠᠭ᠎ᠠ ᠬᠠᠷᠭᠤᠭᠤᠯᠤᠨ ᠪᠠᠶ᠋ᠢᠴᠠᠭ᠋ᠠᠬᠤ ᠪᠠ ᠲᠦᠭᠰᠢᠭᠦᠷᠢ ᠵᠢ ᠰᠡᠷᠭᠡᠶ᠋ᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠤᠯᠠᠮ ᠨᠢᠭᠡ ᠠᠯᠬᠤᠮ ᠲᠥᠬᠦᠮ ᠦᠵᠡᠭᠦᠯᠦᠨ᠎ᠡ᠃ ᠣᠷᠣᠨ ᠪᠦᠰᠡ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ᠎ᠲᠤ ᠲᠦᠰᠢᠭᠯᠡᠨ᠂ ᠠᠵᠤ ᠠᠬᠤᠶ᠋ᠢᠯᠠᠯ᠎ᠤᠨ ᠳᠠᠩᠰᠠᠯᠠᠬᠤ ᠵᠦᠢ᠍ᠯᠡᠰ᠎ᠢ ᠬᠤᠪᠢᠷᠠᠭᠤᠯᠬᠤ ᠪᠠ ᠲᠠᠸᠠᠷ᠎ᠤᠨ ᠲᠡᠮᠳᠡᠭ᠎ᠢ ᠬᠤᠪᠢᠷᠠᠭᠤᠯᠬᠤ ᠵᠢᠨ 《ᠨᠢᠭᠡ ᠬᠦᠰᠦᠨᠦᠭᠲᠦ᠎ᠪᠠᠷ ᠭᠤᠶᠤᠴᠢᠯᠠᠬᠤ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ》 ᠵᠢ ᠠᠬᠢᠭᠤᠯᠵᠤ᠂ ᠮᠡᠳᠡᠯᠭᠡ ᠵᠢᠨ ᠦᠮᠴᠢᠯᠠᠯ᠎ᠤᠨ ᠲᠤᠬᠠᠶ᠋ᠢᠯᠠᠭᠰᠠᠨ ᠠᠵᠢᠯ ᠬᠢᠭᠡᠳ ᠠᠵᠤ ᠠᠬᠤᠶ᠋ᠢᠯᠠᠯ᠎ᠤᠨ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠤ ᠬᠤᠯᠪᠣᠭᠳᠠᠬᠤ ᠴᠢᠨᠠᠷ ᠵᠶ᠋ᠠᠷ ᠴᠢᠩᠭ᠎ᠠ ᠪᠤᠰᠤᠳ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠢ ᠲᠥᠪᠯᠡᠷᠡᠭᠦᠯᠦᠨ ᠭᠦᠢ᠍ᠴᠡᠳᠭᠡᠬᠦ ᠵᠢ ᠬᠠᠶ᠋ᠢᠨ ᠰᠦᠪᠡᠭᠴᠢᠯᠡᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠨᠠᠩ ᠣᠯᠠᠨ 《ᠨᠢᠭᠡ ᠲᠥᠷᠥᠯ᠎ᠢ ᠨᠢᠭᠡ ᠥᠷᠲᠡᠭᠡ᠎ᠳᠤ ᠭᠦᠢ᠍ᠴᠡᠳᠭᠡᠬᠦ》 ᠦᠢ᠍ᠯᠡᠴᠢᠯᠡᠭᠡ ᠵᠢ ᠬᠠᠩᠭ᠋ᠠᠨ᠎ᠠ᠃ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠵᠢᠷᠤᠮᠵᠢᠭᠤᠯᠵᠤ᠂ ᠬᠠᠯᠠᠮᠰᠢᠯ ᠤᠲᠠᠰᠤ ᠵᠢ ᠨᠡᠪᠲᠡᠷᠡᠭᠦᠯᠬᠦ ᠨᠣᠷᠮ᠎ᠠ ᠪᠠ ᠬᠠᠷᠢᠭᠤᠯᠬᠤ ᠠᠵᠢᠯᠲᠠᠨ᠎ᠤ ᠴᠢᠳᠠᠪᠤᠷᠢ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ 《ᠵᠠᠭ᠋ᠠᠯᠳᠤᠯᠭ᠎ᠠ ᠵᠢ ᠭᠥᠯᠢᠶᠡᠨ ᠠᠪᠤᠮᠠᠭᠴᠠ ᠳᠠᠷᠤᠶ ᠰᠢᠢ᠍ᠳᠪᠦᠷᠢᠯᠡᠬᠦ》 ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠠᠵᠤ ᠠᠬᠤᠶ᠋ᠢᠯᠠᠯ ᠣᠯᠠᠨ ᠲᠦᠮᠡᠨ᠎ᠳᠤ ᠰᠢᠭᠤᠳ ᠬᠠᠨᠳᠤᠭᠤᠯᠤᠭᠰᠠᠨ ᠴᠣᠩᠬᠤᠪᠴᠢ ᠵᠢᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠂ ᠠᠰᠠᠭᠤᠳᠠᠯ᠎ᠤᠨ ᠰᠠᠨᠠᠭᠤᠯᠭ᠎ᠠ ᠵᠢ ᠴᠠᠭ ᠲᠤᠬᠠᠶ᠎ᠳᠤᠨᠢ ᠣᠶ᠋ᠢᠯᠠᠭ᠋ᠠᠵᠤ᠂ ᠠᠵᠤ ᠠᠬᠤᠶ᠋ᠢᠯᠠᠯ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠳᠠᠭ᠋ᠠᠬᠤ ᠬᠡᠷᠡᠭᠲᠡᠶ᠃

   ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭ᠋ᠠᠨ᠎ᠤ ᠴᠢᠳᠠᠪᠤᠷᠢ ᠵᠢ ᠭᠦᠨᠵᠡᠭᠡᠢ᠌ᠷᠡᠭᠦᠯᠦᠨ᠎ᠡ᠃ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢ ᠬᠠᠮᠠᠭ᠋ᠠᠯᠠᠬᠤ ᠮᠡᠳᠡᠭᠡ ᠵᠠᠩᠭᠢ ᠵᠢᠨ ᠲᠠᠪᠴᠠᠩ ᠵᠢᠴᠢ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠡᠷᠬᠡᠲᠦ ᠬᠦᠮᠦᠨ᠎ᠤ ᠲᠤᠰᠬᠠᠢ ᠬᠠᠷᠢᠶᠠᠯᠠᠭᠳᠠᠬᠤ ᠦᠢ᠍ᠯᠡᠴᠢᠯᠡᠭᠡᠨ᠎ᠤ ᠣᠷᠣᠨ ᠵᠠᠢ ᠵᠢ ᠪᠠᠶ᠋ᠢᠭᠤᠯᠵᠤ᠂ ᠡᠷᠬᠡᠲᠦ ᠬᠦᠮᠦᠨ᠎ᠤ ᠨᠢᠭᠡ ᠳᠠᠷᠤᠪᠴᠢ᠎ᠪᠠᠷ ᠨᠡᠷ᠎ᠡ ᠳᠣᠣᠷᠠᠬᠢ ᠪᠦᠬᠦ᠋ᠢ᠍ᠯᠡ ᠲᠤᠰᠬᠠᠶ ᠠᠰᠢᠭ᠂ ᠲᠠᠸᠠᠷ᠎ᠤᠨ ᠲᠡᠮᠳᠡᠭ᠂ ᠵᠣᠬᠢᠶᠠᠯ ᠪᠦᠲᠦᠭᠡᠯ᠎ᠤᠨ ᠡᠷᠬᠡ᠂ ᠭᠠᠵᠠᠷ ᠵᠦᠢ ᠵᠢᠨ ᠲᠡᠮᠳᠡᠭ᠂ ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠪᠠᠶ᠋ᠢᠷᠢᠰᠢᠭᠤᠯᠤᠯ᠎ᠤᠨ ᠵᠢᠷᠤᠭ ᠲᠥᠯᠥᠪᠯᠡᠭᠡ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ᠎ᠳᠤ ᠳᠥᠭᠦᠮ ᠦᠵᠡᠭᠦᠯᠵᠦ᠂ ᠰᠦᠢ᠍ᠳᠭᠡᠯ ᠲᠤᠰᠢᠶᠠᠬᠤ ᠬᠤᠭᠤᠴᠠᠭ᠎ᠠ᠂ ᠬᠡᠷᠡᠭ ᠡᠷᠬᠢᠯᠡᠬᠦ ᠠᠬᠢᠴᠠ ᠵᠡᠷᠭᠡ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠬᠦᠷᠭᠡᠬᠦ ᠬᠡᠷᠡᠭᠲᠡᠢ᠃ ᠪᠠᠢ᠌ᠭ᠋ᠠᠯᠢ ᠵᠢᠨ ᠬᠡᠯᠡᠨ᠎ᠤ ᠲᠣᠮᠣ ᠵᠠᠭᠪᠤᠷ ᠵᠡᠷᠭᠡ ᠮᠡᠷᠭᠡᠵᠢᠯ᠎ᠢ ᠰᠦᠪᠡᠭᠴᠢᠯᠡᠨ ᠬᠡᠷᠡᠭᠯᠡᠵᠦ᠂ ᠰᠦᠯᠵᠢᠶᠡᠨ ᠳᠡᠭᠡᠷᠡᠬᠢ ᠣᠶᠤᠨᠴᠢ ᠦᠢ᠍ᠯᠡᠴᠢᠯᠡᠭᠡᠨ᠎ᠤ ᠰᠠᠨᠠᠭ᠎ᠠ ᠵᠢ ᠢᠯᠭ᠋ᠠᠨ ᠲᠠᠨᠢᠬᠤ ᠪᠠ ᠨᠠᠷᠢᠯᠢᠭ ᠣᠨᠣᠴᠠᠲᠠᠶ᠎ᠪᠠᠷ ᠬᠠᠷᠢᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠣᠶᠤᠨᠴᠢ ᠠᠰᠠᠭᠤᠯᠲᠠ ᠬᠠᠷᠢᠭᠤᠯᠲᠠ᠂ ᠣᠶᠤᠨᠴᠢ ᠬᠠᠶ᠋ᠢᠯᠲᠠ᠂ ᠣᠶᠤᠨᠴᠢ ᠵᠢᠯᠣᠭᠤᠳᠤᠯᠭ᠎ᠠ ᠠᠯᠪᠠᠨ ᠭᠡᠷ ᠵᠡᠷᠭᠡ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠢ ᠨᠠᠩ ᠰᠠᠶ᠋ᠢᠨ ᠬᠥᠲᠥᠯᠦᠨ ᠵᠢᠯᠣᠭᠤᠳᠴᠤ ᠪᠠᠶ᠋ᠢᠭ᠋ᠠᠳ ᠥᠨᠳᠥᠷ ᠪᠦᠲᠦᠮᠵᠢᠲᠡᠶ᠎ᠪᠠᠷ ᠤᠴᠢᠷ ᠶᠠᠪᠤᠳᠠᠯ ᠭᠦᠢ᠍ᠴᠡᠳᠬᠡᠬᠦ᠎ᠳᠤ ᠲᠥᠬᠦᠮ ᠦᠵᠡᠭᠦᠯᠦᠨ᠎ᠡ᠃ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠲᠣᠭ᠋ᠠᠵᠢᠭᠤᠯᠤᠭᠰᠠᠨ ᠶᠡᠷᠦᠩᠬᠡᠶ᠋ᠢᠯᠡᠭᠰᠡᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠡᠪᠴᠡᠩ᠎ᠢ ᠲᠦᠷᠭᠡᠳᠭᠡᠨ ᠪᠠᠶ᠋ᠢᠭᠤᠯᠵᠤ᠂ ᠮᠡᠳᠡᠯᠭᠡ ᠵᠢᠨ ᠦᠮᠴᠢᠯᠠᠯ᠎ᠤᠨ ᠬᠢᠭᠡᠳ ᠠᠵᠤ ᠠᠬᠤᠢ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂ ᠬᠠᠤᠯᠢ ᠴᠠᠭ᠋ᠠᠵᠠ ᠵᠢᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ᠎ᠳᠠᠬᠢ ᠳ᠋ᠠᠶ᠋ᠢᠲ᠋ᠠ ᠵᠢ ᠬᠠᠮᠲᠤᠪᠠᠷ ᠬᠦᠷᠲᠡᠬᠦ ᠪᠠ ᠲᠣᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠵᠦ᠂ ᠮᠡᠳᠡᠯᠭᠡ ᠵᠢᠨ ᠦᠮᠴᠢᠯᠠᠯ᠎ᠤᠨ ᠡᠯᠸᠺᠲᠷᠣᠨ ᠦᠨᠡᠮᠯᠡᠯ᠎ᠤᠨ ᠳ᠋ᠠᠶ᠋ᠢᠲ᠋ᠠ ᠵᠢ ᠬᠠᠮᠲᠤᠪᠠᠷ ᠬᠦᠷᠲᠡᠵᠦ ᠬᠡᠷᠡᠭᠯᠡᠬᠦ ᠵᠢ ᠤᠯᠠᠮ ᠨᠢᠭᠡ ᠠᠯᠬᠤᠮ ᠠᠬᠢᠭᠤᠯᠤᠨ᠂ ᠡᠯᠸᠺᠲᠷᠣᠨ ᠦᠨᠡᠮᠯᠡᠯ᠎ᠢ ᠭᠠᠵᠠᠷ ᠣᠷᠣᠨ ᠠᠯᠤᠰᠯᠠᠨ ᠰᠠᠯᠠᠭ᠎ᠠ ᠮᠦᠴᠢᠷ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠵᠢ ᠪᠡᠶᠡᠯᠡᠭᠦᠯᠦᠨ᠎ᠡ᠃

   ᠠᠷᠠᠳ᠎ᠲᠤ ᠳᠥᠭᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠮᠡᠳᠡᠯᠭᠡ ᠵᠢᠨ ᠦᠮᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠰᠢᠯᠢᠳᠡᠭᠵᠢᠭᠦᠯᠦᠨ᠎ᠡ᠃ ᠮᠡᠳᠡᠯᠭᠡ ᠵᠢᠨ ᠦᠮᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠦᠷᠭᠦᠯᠵᠢᠯᠡᠨ ᠲᠡᠭᠦᠯᠳᠡᠷᠵᠢᠭᠦᠯᠵᠦ᠂ (TISC) ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠥᠪ ᠪᠠ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠣᠷ ᠴᠡᠭ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠨ ᠪᠠ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠦᠢ᠍ᠯᠡᠴᠢᠯᠡᠭᠡᠨ᠎ᠤ ᠲᠤᠯᠭ᠋ᠠᠭᠤᠷᠢᠯᠠᠯ᠎ᠢ ᠴᠢᠩᠭ᠋ᠠᠳᠬᠠᠬᠤ ᠬᠡᠷᠡᠭᠲᠡᠢ᠃ ᠮᠡᠳᠡᠯᠭᠡ ᠵᠢᠨ ᠦᠮᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠤᠷᠢᠭ᠎ᠲᠤ ᠦᠢ᠍ᠯᠡᠴᠢᠯᠡᠭᠡᠨ᠎ᠤ ᠥᠷᠲᠡᠭᠡ ᠪᠠᠶ᠋ᠢᠭᠤᠯᠬᠤ ᠵᠢ ᠳᠡᠮᠵᠢᠵᠦ᠂ ᠮᠡᠳᠡᠯᠭᠡ ᠵᠢᠨ ᠦᠮᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠤᠣᠯᠳᠠᠯᠭ᠎ᠠ᠎ᠲᠠᠢ ᠬᠦᠷᠢᠶᠡᠯᠡᠩ ᠲᠣᠭᠤᠷᠢᠭ᠎ᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃ ᠮᠡᠳᠡᠯᠭᠡ ᠵᠢᠨ ᠦᠮᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠤᠯᠤᠰ᠎ᠤᠨ ᠪᠠᠷᠢᠮᠵᠢᠶ᠎ᠠ ᠵᠢ ᠨᠡᠶ᠋ᠢᠲᠡᠯᠡᠵᠦ᠂ ᠪᠦᠬᠦ ᠤᠯᠤᠰ᠎ᠤᠨ ᠬᠡᠪᠴᠢᠶᠡᠨ ᠳᠣᠲᠣᠷᠠᠬᠢ ᠮᠡᠳᠡᠯᠭᠡ ᠵᠢᠨ ᠦᠮᠴᠢᠯᠠᠯ᠎ᠤᠨ ᠲᠤᠬᠠᠶ᠋ᠢᠯᠠᠭᠰᠠᠨ ᠠᠵᠢᠯ᠎ᠢ ᠢᠯᠭ᠋ᠠᠭ᠎ᠠ ᠦᠭᠡᠢ᠎ᠪᠠᠷ ᠬᠦᠯᠢᠶᠡᠨ ᠠᠪᠴᠤ ᠰᠢᠢ᠍ᠳᠪᠦᠷᠢᠯᠡᠬᠦ᠂ ᠠᠳᠠᠯᠢ ᠪᠠᠷᠢᠮᠵᠢᠶ᠎ᠠ᠎ᠪᠠᠷ ᠭᠦᠢ᠍ᠴᠡᠳᠬᠡᠬᠦ ᠵᠢ ᠠᠬᠢᠭᠤᠯᠤᠨ᠎ᠠ᠃ ᠳᠡᠸᠡᠷ᠎ᠤᠨ ᠳᠡᠮᠳᠡᠭ᠎ᠤᠨ ᠨᠡᠷᠡᠳᠣ ᠳᠥᠷᠦᠯ ᠳᠡᠮᠳᠡᠭᠳᠦ ᠵᠢᠨ ᠣᠯᠡᠨ ᠨᠡᠶ᠋ᠢᠲᠡ ᠵᠢᠨ ᠦᠢ᠍ᠯᠡᠴᠢᠯᠡᠭᠡᠨ᠎ᠢ ᠴᠢᠩᠭ᠋ᠠᠳᠬᠠᠵᠦ᠂ ᠳᠡᠸᠡᠷ᠎ᠤᠨ ᠳᠡᠮᠳᠡᠭ᠎ᠤᠨ ᠮᠡᠳᠡᠭᠡ ᠵᠠᠩᠬᠢ ᠵᠢ ᠵᠠᠳᠡᠯᠥᠨ ᠠᠰᠢᠠᠠᠯᠠᠬᠤ ᠵᠢ ᠦᠷᠨᠢᠬᠦᠯᠥᠨ᠂ ᠣᠯᠡᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠥᠮᠵᠢ ᠵᠢᠨ ᠣᠷᠣᠨ ᠪᠦᠰᠡ ᠵᠢᠨ ᠨᠡᠷᠡᠳᠣ ᠳᠥᠷᠦᠯ ᠳᠡᠮᠳᠡᠭᠳᠦ ᠵᠢᠨ ᠪᠠᠶ᠋ᠢᠭᠤᠯᠥᠯᠳᠡ ᠵᠢᠴᠢ ᠠᠵᠦ ᠠᠬᠤᠶ᠋ᠢᠯᠠᠯ᠎ᠤᠨ ᠨᠡᠷᠡᠳᠣ ᠳᠥᠷᠦᠯ ᠳᠡᠮᠳᠡᠭᠳᠦ ᠵᠢᠨ ᠬᠦᠭᠵᠢᠯᠳᠡ᠎ᠳᠤ ᠦᠢ᠍ᠯᠡᠴᠢᠯᠡᠬᠦ ᠲᠣᠯᠭ᠋ᠠᠭᠤᠷᠢᠯᠡᠯ᠎ᠢ ᠴᠢᠩᠭ᠋ᠠᠷᠡᠭᠤᠯᠬᠤ ᠵᠢ ᠬᠦᠳᠦᠯᠥᠨ ᠵᠢᠯᠥᠭᠤᠳᠬᠤ ᠪᠠ ᠳᠡᠮᠵᠢᠨ᠎ᠠ᠃

   ᠦᠢ᠍ᠯᠡᠴᠢᠯᠡᠭᠡ ᠵᠢ ᠦᠨᠡᠯᠡᠨ ᠵᠢᠱ᠌ᠢᠵᠦ ᠦᠨᠡᠯᠡᠬᠦ ᠠᠵᠢᠯ᠎ᠢ ᠵᠢᠷᠤᠮᠵᠢᠭᠤᠯᠤᠨ ᠥᠷᠨᠢᠭᠦᠯᠦᠨ᠎ᠡ᠃ ᠵᠠᠰᠠᠭ ᠠᠵᠤ ᠠᠬᠤᠶ᠋ᠢᠯᠠᠯ ᠨᠡᠪᠲᠡᠷᠡᠯᠴᠡᠬᠦ ᠪᠠᠶ᠋ᠢᠩᠭᠤᠵᠢᠭᠰᠠᠨ ᠲᠣᠭᠲᠠᠴᠠ ᠵᠢ ᠪᠦᠷᠢᠨᠰᠢᠭᠦᠯᠵᠦ᠂ ᠮᠡᠳᠡᠯᠭᠡ ᠵᠢᠨ ᠦᠮᠴᠢᠯᠠᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠨᠤᠮᠵᠢ ᠵᠢᠨ ᠬᠡᠮᠵᠢᠶ᠎ᠡ ᠵᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠮᠡᠳᠡᠯᠭᠡ ᠵᠢᠨ ᠦᠮᠴᠢᠯᠠᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠰᠠᠶ᠋ᠢᠨ ᠮᠠᠭᠤ ᠵᠢ ᠦᠨᠡᠯᠡᠬᠦ》 ᠰᠢᠰᠲ᠋ᠧᠮ᠎ᠢ ᠰᠦᠯᠵᠢᠶᠡᠨ᠎ᠳᠤ ᠭᠠᠷᠭ᠋ᠠᠵᠤ᠂ ᠦᠨᠡᠯᠡᠭᠰᠡᠨ ᠦᠷ᠎ᠡ ᠳ᠋ᠦᠩ᠎ᠢ ᠴᠠᠭ ᠲᠤᠬᠠᠶ᠎ᠳᠤᠨᠢ ᠨᠡᠶ᠋ᠢᠲᠡᠯᠡᠵᠦ᠂ ᠦᠨᠡᠯᠡᠬᠦ᠂ ᠴᠡᠭᠴᠡᠯᠡᠨ ᠰᠠᠶ᠋ᠢᠵᠢᠷᠠᠭᠤᠯᠬᠤ᠂ ᠬᠠᠷᠢᠭᠤ ᠲᠤᠰᠬᠠᠬᠤ᠂ ᠬᠢᠨᠠᠯᠲᠠ ᠲᠠᠯᠪᠢᠬᠤ ᠪᠥᠬᠦ ᠶᠠᠪᠤᠴᠠ ᠵᠢ ᠵᠣᠯᠭ᠋ᠠᠭᠤᠯᠬᠤ ᠦᠢ᠍ᠯᠡᠴᠢᠯᠡᠭᠡᠨ᠎ᠤ ᠦᠨᠡᠯᠡᠯᠲᠡ ᠵᠢᠨ ᠲᠣᠭᠲᠠᠴᠠ ᠵᠢ ᠪᠣᠶ ᠪᠣᠯᠭ᠋ᠠᠨ᠎ᠠ᠃ ᠴᠢᠨᠠᠷ ᠰᠠᠶ᠋ᠢᠲᠠᠶ ᠬᠥᠭᠵᠢᠯᠲᠡ ᠵᠢᠨ ᠤᠳᠤᠷᠢᠳᠤᠮᠵᠢ ᠵᠢ ᠪᠠᠷᠢᠮᠲᠠᠯᠠᠵᠤ᠂ ᠮᠡᠳᠡᠯᠭᠡ ᠵᠢᠨ ᠦᠮᠴᠢᠯᠠᠯ᠎ᠤᠨ ᠬᠤᠯᠪᠣᠭᠳᠠᠯ ᠪᠥᠬᠦᠶ ᠦᠨᠡᠯᠡᠬᠦ ᠭᠦᠢ᠍ᠴᠡᠳᠬᠡᠯ ᠲᠤᠭ᠎ᠠ ᠵᠢ ᠵᠢᠷᠤᠵᠤ ᠲᠥᠯᠥᠪᠯᠡᠬᠦ᠎ᠪᠠᠨ ᠰᠢᠯᠢᠳᠡᠭᠵᠢᠭᠦᠯᠵᠦ᠂ ᠮᠡᠳᠡᠯᠭᠡ ᠵᠢᠨ ᠦᠮᠴᠢᠯᠠᠯ᠎ᠤᠨ ᠳᠠᠩᠰᠠᠯᠠᠨ ᠲᠡᠮᠳᠡᠭᠯᠡᠵᠦ ᠡᠷᠬᠡ ᠣᠯᠭᠤᠬᠤ᠂ ᠰᠢᠯᠵᠢᠭᠦᠯᠦᠨ ᠠᠷᠠᠯᠵᠢᠶᠠᠯᠠᠬᠤ ᠵᠡᠷᠭᠡ ᠲᠤᠭ᠎ᠠ ᠬᠡᠮᠵᠢᠶᠡᠨ᠎ᠤ ᠭᠦᠢ᠍ᠴᠡᠳᠬᠡᠯ ᠲᠤᠭ᠎ᠠ ᠵᠢ ᠦᠨᠡᠯᠡᠬᠦ ᠭᠦᠢ᠍ᠴᠡᠳᠬᠡᠯ ᠲᠤᠭ᠎ᠠ᠎ᠳᠤ ᠰᠢᠭᠤᠳ ᠣᠷᠣᠭᠤᠯᠵᠤ ᠪᠣᠯᠬᠤ ᠦᠭᠡᠢ᠂ ᠮᠡᠳᠡᠯᠭᠡ ᠵᠢᠨ ᠦᠮᠴᠢᠯᠠᠯ᠎ᠤᠨ ᠠᠵᠢᠯ᠎ᠤᠨ ᠲᠤᠭ᠎ᠠ ᠬᠡᠮᠵᠢᠶ᠎ᠡ ᠵᠢ ᠬᠥᠭᠡᠭᠡᠴᠡᠯᠳᠦᠵᠦ ᠪᠠᠶ᠋ᠢᠭᠰᠠᠨ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ ᠲᠡᠶ᠋ᠢᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠤᠨ᠎ᠠ᠃

    ᠢᠷᠡᠯᠲᠡ᠄ ᠳᠤᠮᠳᠠᠳᠤ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠬᠠᠮᠠᠭ᠋ᠠᠯᠠᠯᠲᠠ ᠵᠢᠨ ᠰᠦᠯᠵᠢᠶ᠎ᠡ

 

ᠢᠷᠡᠯᠲᠡ᠄ ᠬᠠᠤᠯᠢ ᠲᠤᠭᠲᠠᠭ᠋ᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢ᠌ᠳᠠᠯ
 
            