ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ 2024 ᠣᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠤᠨ ᠪᠠᠶ᠋ᠢᠳᠠᠯ
ᠨᠡᠶ᠋ᠢᠲᠡᠯᠡᠭᠰᠡᠨ ᠴᠠᠭ᠄ 2025-05-06

  2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠬᠠᠥᠯᠢ᠎ᠪᠠᠷ ᠵᠠᠰᠠᠬᠤ ᠢᠲᠡᠭᠡᠯ ᠪᠢᠰᠢᠷᠡᠯ᠎ᠢ ᠲᠠᠰᠤᠷᠠᠯᠲᠠ ᠥᠬᠡᠶ ᠪᠣᠶ ᠪᠣᠯᠭ᠋ᠠᠵᠤ᠂ ᠬᠠᠥᠯᠢ᠎ᠪᠠᠷ ᠵᠠᠰᠠᠬᠤ ᠦᠵᠡᠯᠲᠡ ᠵᠢ ᠴᠢᠩᠭ᠋ᠠᠳᠬᠠᠵᠤ᠂ ᠬᠠᠥᠯᠢ᠎ᠪᠠᠷ ᠵᠠᠰᠠᠬᠤ ᠰᠡᠳᠬᠢᠬᠦᠶ ᠵᠢ ᠴᠢᠩᠭ᠋ᠠᠳᠬᠠᠵᠤ᠂ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ 《ᠨᠢᠭᠡ ᠲᠥᠯᠥᠪᠵᠢᠭᠦᠯᠭᠡ ᠬᠤᠶᠠᠷ ᠬᠥᠲᠥᠯᠪᠦᠷᠢ》 ᠵᠢᠨ ᠡᠯ᠎ᠡ ᠵᠦᠢ᠍ᠯ᠎ᠤᠨ ᠡᠭᠦᠷᠭᠡ ᠵᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠣᠬᠢᠬᠤ ᠦᠷ᠎ᠡ ᠪᠦᠲᠦᠮᠵᠢ ᠤᠯᠪᠠ᠃

   ᠨᠢᠭᠡ᠂ ᠲᠤᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠪᠡ

   ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠦᠵᠡᠯ ᠰᠠᠨᠠᠭ᠋ᠠᠨ᠎ᠤ ᠤᠬᠠᠮᠰᠠᠷ᠂ ᠤᠯᠤᠰ ᠲᠥᠷᠥ ᠵᠢᠨ ᠤᠬᠠᠮᠰᠠᠷ᠂ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠲᠠᠰᠤᠷᠠᠯᠲᠠ ᠥᠬᠡᠶ ᠴᠢᠩᠭ᠋ᠠᠳᠬᠠᠪᠠ᠃ ᠭᠤᠣᠯ ᠳᠤᠭᠤᠶ᠋ᠢᠯᠠᠩ᠎ᠤᠨ ᠬᠠᠮᠲᠤ ᠵᠢᠨ ᠬᠠᠤᠯᠢ ᠰᠤᠷᠤᠯᠴᠠᠯᠭ᠎ᠠ᠂ ᠤᠳᠤᠷᠢᠳᠬᠤ ᠪᠠᠭ᠎ᠤᠨ ᠲᠤᠰᠬᠠᠢ ᠰᠡᠳᠦᠪᠲᠦ  ᠪᠣᠯᠪᠠᠰᠤᠷᠠᠯ᠂ ᠨᠠᠮ᠎ᠤᠨ ᠭᠡᠰᠢᠭᠦᠨ ᠺᠠᠳ᠋ᠷᠴᠤᠳ᠎ᠤᠨ ᠰᠤᠷᠤᠯᠴᠠᠯᠭ᠎ᠠ ᠵᠡᠷᠭᠡ ᠠᠷᠭ᠎ᠠ ᠬᠡᠯᠪᠡᠷᠢ᠎ᠪᠠᠷ ᠦᠵᠡᠯ ᠰᠠᠨᠠᠭ᠋ᠠᠨ᠎ᠤ ᠭᠤᠣᠯ ᠴᠢᠮᠥᠭᠡ ᠵᠢ ᠭᠦᠨᠵᠡᠭᠡᠢ ᠰᠤᠷᠤᠯᠴᠠᠨ ᠨᠡᠪᠲᠡᠷᠬᠡᠢ ᠣᠶ᠋ᠢᠯᠠᠭ᠋ᠠᠵᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠰᠢᠰᠲ᠋ᠧᠮ᠎ᠢ ᠪᠦᠬᠦ ᠲᠠᠯ᠎ᠠ᠎ᠪᠠᠷ ᠡᠵᠡᠮᠳᠡᠬᠦ ᠬᠡᠷᠡᠭᠲᠡᠢ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠨ ᠬᠦᠴᠦᠲᠡᠢ ᠠᠬᠢᠭᠤᠯᠪᠠ᠃ ᠬᠠᠤᠯᠢ᠎ᠪᠠᠷ ᠵᠠᠰᠠᠬᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠪᠠᠶ᠋ᠢᠭᠤᠯᠤᠯᠲᠠ ᠵᠢᠨ ᠣᠨ᠎ᠤ ᠲᠥᠯᠥᠪᠯᠡᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠬᠡᠷᠡᠭᠵᠢᠭᠦᠯᠬᠦ ᠲᠥᠰᠦᠯ᠎ᠢ ᠪᠠᠶ᠋ᠢᠷᠢᠯᠠᠭᠤᠯᠤᠨ ᠨᠡᠶ᠋ᠢᠲᠡᠯᠡᠵᠦ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠬᠡᠷᠡᠭᠯᠡᠬᠦ ᠠᠷᠭ᠎ᠠ᠎ᠳᠤ ᠵᠠᠰᠠᠪᠤᠷᠢ ᠣᠷᠣᠭᠤᠯᠵᠤ᠂ ᠭᠤᠤᠯᠳᠠᠯᠭ᠎ᠠ᠎ᠲᠠᠢ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠡᠭᠦᠷᠭᠡ ᠵᠢ ᠴᠠᠭ ᠲᠤᠬᠠᠶ᠎ᠳᠤᠨᠢ ᠮᠥᠷᠳᠡᠨ ᠬᠢᠨᠠᠨ ᠵᠢᠯᠣᠭᠤᠳᠴᠤ᠂ ᠵᠠᠰᠠᠭ ᠵᠠᠬᠢᠷᠭ᠋ᠠᠨ᠎ᠤ ᠡᠷᠬᠡ ᠵᠢᠨ ᠵᠠᠭ᠋ᠠᠭ ᠬᠢᠵᠠᠭ᠋ᠠᠷ᠎ᠢ ᠲᠣᠳᠣᠷᠬᠠᠶ᠋ᠢᠯᠠᠨ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠢ ᠨᠠᠶ᠋ᠢᠳᠠᠪᠤᠷᠢᠵᠢᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠰᠢᠷᠢᠰ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠴᠢᠬᠤᠯᠠ ᠶᠡᠭᠡ ᠠᠵᠢᠯ᠎ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠥᠯᠥᠪᠯᠡᠭᠡ᠎ᠲᠠᠢ᠂ ᠠᠬᠢᠭᠤᠯᠤᠯᠲᠠ᠎ᠲᠠᠢ᠂ ᠳ᠋ᠦᠩᠨᠡᠯᠲᠡ᠎ᠲᠠᠢ ᠪᠣᠯᠭ᠋ᠠᠨ᠎ᠠ᠃ ᠪᠦᠬᠦ ᠲᠢᠩᠬᠢᠮ᠎ᠤᠨ ᠠᠵᠢᠯ᠎ᠳᠤ ᠪᠠᠶ᠋ᠢᠭ᠎ᠠ ᠺᠠᠳ᠋ᠷᠴᠤᠳ᠎ᠢ ᠵᠣᠬᠢᠶᠠᠨ ᠪᠠᠶ᠋ᠢᠭᠤᠯᠵᠤ 《ᠤᠳᠤᠷᠢᠳᠬᠤ ᠺᠠᠳ᠋ᠷᠴᠤᠳ᠎ᠤᠨ ᠬᠠᠤᠯᠢ᠎ᠪᠠᠷ ᠵᠠᠰᠠᠬᠤ ᠰᠡᠳᠬᠢᠬᠦᠶ》 ᠵᠢᠨ ᠲᠥᠪᠯᠡᠷᠡᠩᠭᠦᠢ ᠪᠣᠯᠪᠠᠰᠤᠷᠠᠯ᠎ᠳᠤ ᠣᠷᠣᠯᠴᠠᠭᠤᠯᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠭᠤᠯᠵᠤ᠂ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠤᠨ ᠺᠠᠳ᠋ᠷ᠎ᠤᠨ ᠡᠩᠨᠡᠭᠡᠨ᠎ᠤ ᠬᠠᠤᠯᠢ᠎ᠪᠠᠷ ᠵᠠᠰᠠᠬᠤ ᠬᠡᠪ ᠪᠣᠯᠪᠠᠰᠤᠷᠠᠯ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠪᠡ᠃

   ᠬᠤᠶᠠᠷ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠥᠬᠦ ᠲᠠᠯ᠎ᠠ᠎ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ

  (ᠨᠢᠭᠡ) ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠦᠨ᠎ᠡ

   ᠨᠢᠭᠡ᠎ᠳᠤ᠂ ᠭᠤᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠯᠡᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠶᠡᠷᠦᠩᠬᠡᠶ ᠲᠣᠬᠢᠷᠠᠭᠤᠯᠤᠯᠲᠠ ᠵᠢᠨ ᠲᠣᠭᠤᠷᠢᠨ᠎ᠳᠤ᠂ ᠥᠨᠳᠥᠷ ᠬᠢᠷᠢ ᠲᠦᠪᠰᠢᠨ ᠪᠥᠬᠦᠶ ᠭᠠᠳᠠᠭ᠋ᠠᠳᠤ ᠨᠡᠭᠡᠭᠡᠯᠲᠡ ᠵᠢ ᠥᠷᠭᠡᠳᠬᠡᠬᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠳᠠᠬᠢᠨ ᠲᠠᠰ ᠳᠡᠪᠰᠢᠭᠦᠯᠬᠦ ᠵᠢ ᠠᠬᠢᠭᠤᠯᠬᠤ᠎ᠪᠠᠷ ᠭᠤᠤᠯᠳᠠᠯᠭ᠎ᠠ ᠪᠣᠯᠭ᠋ᠠᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠵᠢᠭᠦᠯᠬᠦ ᠲᠥᠰᠦᠯ》᠎ᠢ ᠨᠡᠶ᠋ᠢᠲᠡᠯᠡᠵᠦ᠂ ᠲᠠᠪᠤᠨ ᠲᠠᠯ᠎ᠠ ᠵᠢᠨ 21 ᠵᠦᠢ᠍ᠯ᠎ᠤᠨ ᠡᠭᠦᠷᠭᠡ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠥᠷᠨᠢᠭᠦᠯᠵᠦ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠂ ᠬᠡᠮᠵᠢᠶᠡᠵᠢᠭᠦᠯᠵᠦ ᠪᠣᠯᠬᠤ ᠬᠠᠷᠠᠯᠲᠠ ᠵᠢ ᠳᠤᠷᠠᠳᠤᠨ ᠭᠠᠷᠭ᠋ᠠᠵᠤ᠂ ᠪᠥᠬᠦ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠬᠤᠶᠠᠷ᠎ᠲᠤ᠂ 《ᠬᠤᠶᠠᠷ ᠰᠢᠯᠢᠳᠡᠭ》 ᠲᠤᠰᠬᠠᠶ ᠠᠵᠢᠯᠯᠠᠭ᠎ᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ᠎ᠤᠨ ᠴᠣᠩᠬᠤᠪᠴᠢ ᠵᠢᠨ ᠲᠦᠷᠦᠭᠦᠤ ᠲᠥᠯᠥᠭᠡᠯᠡᠭᠴᠢ ᠵᠢ ᠰᠢᠯᠢᠳᠡᠭ᠎ᠢ᠎ᠨᠢ ᠰᠣᠩᠭᠤᠨ ᠲᠣᠮᠢᠯᠠᠵᠤ᠂ 34 ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠦᠬᠦᠨ᠎ᠢ ᠡᠷᠬᠡ ᠣᠯᠭᠤᠵᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ᠎ᠤᠨ ᠲᠦᠷᠦᠭᠦᠤ ᠲᠥᠯᠥᠭᠡᠯᠡᠭᠴᠢ᠎ᠳᠤ ᠡᠷᠬᠡ ᠣᠯᠭᠤᠪᠠ᠃ ᠵᠠᠭᠤᠴᠢ ᠦᠢ᠍ᠯᠡᠴᠢᠯᠡᠭᠡᠨ᠎ᠤ ᠵᠦᠢ᠍ᠯᠡᠰ᠎ᠢ ᠨᠡᠶ᠋ᠢᠲᠡᠯᠡᠬᠦ ᠠᠵᠢᠯ᠎ᠢ ᠰᠠᠶ᠋ᠢᠲᠤᠷ ᠬᠢᠵᠦ᠂ ᠫᠣᠷᠲ᠋ᠧᠯ ᠰᠦᠯᠵᠢᠶ᠎ᠡ᠎ᠪᠠᠷ ᠳᠠᠮᠵᠢᠭᠤᠯᠤᠨ 《ᠦᠨ᠎ᠡ ᠬᠠᠶᠠᠵᠤ ᠬᠤᠳᠠᠯᠳᠤᠬᠤ ᠠᠵᠤ ᠠᠬᠤᠶ᠋ᠢᠯᠠᠯ ᠵᠶ᠋ᠠᠷ ᠳᠠᠮᠵᠢᠭᠤᠯᠤᠨ ᠬᠤᠪᠢᠶᠠᠷᠢ ᠺᠣᠮᠫᠠᠨᠢ ᠵᠢᠨ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠮᠡᠳᠡᠭᠦᠯᠦᠯᠲᠡ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠬᠤ》 ᠵᠠᠭᠤᠴᠢ ᠦᠢ᠍ᠯᠡᠴᠢᠯᠡᠭᠡᠨ᠎ᠤ ᠵᠦᠢ᠍ᠯᠡᠰ᠎ᠢ ᠲᠣᠭᠲᠠᠭ᠋ᠠᠬᠤ ᠦᠨᠳᠦᠰᠦᠯᠡᠯ᠂ ᠵᠢᠯᠣᠭᠤᠳᠬᠤ ᠰᠠᠯᠠᠭ᠎ᠠ ᠮᠥᠴᠢᠷ᠎ᠢ ᠵᠠᠷᠯᠠᠨ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠲᠠᠯᠪᠢᠬᠤ ᠵᠢ ᠬᠦᠯᠢᠶᠡᠨ᠎ᠡ᠃ ᠶᠡᠭᠡ ᠲᠢᠩᠬᠢᠮ᠎ᠤᠨ ᠴᠣᠩᠬᠤᠪᠴᠢ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠭᠡ ᠲᠢᠩᠬᠢᠮ᠎ᠤᠨ ᠴᠣᠩᠬᠤᠪᠴᠢ᠎ᠳᠤ ᠬᠦᠷᠴᠦ᠂ ᠴᠣᠩᠬᠤᠪᠴᠢ ᠵᠢᠨ ᠦᠢ᠍ᠯᠡᠴᠢᠯᠡᠭᠡᠨ᠎ᠤ ᠳᠤᠮᠳᠠ ᠠᠵᠢᠯ ᠶᠠᠪᠤᠳᠠᠯ ᠭᠦᠢ᠍ᠴᠡᠳᠬᠡᠬᠦ ᠴᠤᠪᠤᠷᠠᠯ᠎ᠢ ᠰᠢᠯᠢᠳᠡᠭᠵᠢᠭᠦᠯᠦᠭᠰᠡᠨ ᠡᠰᠡᠬᠦ᠂ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠭᠰᠡᠨ ᠡᠰᠡᠬᠦ᠂ ᠠᠵᠢᠯ ᠶᠠᠪᠤᠳᠠᠯ ᠭᠦᠢ᠍ᠴᠡᠳᠬᠡᠬᠦ ᠠᠵᠤ ᠠᠬᠤᠶ᠋ᠢᠯᠠᠯ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ᠂ ᠡᠳ᠋ ᠪᠠᠷᠠᠭ᠎ᠠ ᠵᠢ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠂ ᠭᠠᠳᠠᠭ᠋ᠠᠳᠤ᠎ᠠᠴᠠ ᠣᠷᠣᠭᠤᠯᠬᠤ ᠪᠣᠭᠤᠮᠲᠠ ᠵᠢᠨ ᠭᠠᠶ᠋ᠢᠯᠢ ᠵᠢᠨ ᠲᠤᠭ᠎ᠠ ᠲᠣᠬᠢᠷᠠᠭᠤᠯᠬᠤ ᠵᠡᠷᠭᠡ ᠠᠵᠤ ᠠᠬᠤᠶ᠋ᠢᠯᠠᠯ᠎ᠤᠨ ᠠᠩᠬᠠᠷᠤᠯ᠎ᠤᠨ ᠬᠡᠮᠵᠢᠶ᠎ᠡ᠎ᠪᠠᠷ ᠨᠡᠯᠢᠶᠡᠳ ᠥᠨᠳᠥᠷ ᠬᠢᠨᠠᠨ ᠵᠥᠪᠰᠢᠶᠡᠷᠡᠬᠦ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠭᠰᠡᠨ ᠪᠠᠶ᠋ᠢᠳᠠᠯ᠎ᠳᠤ ᠪᠥᠬᠦ ᠶᠠᠪᠤᠴᠠ ᠵᠢᠨ ᠪᠠᠶ᠋ᠢᠴᠠᠭ᠋ᠠᠯᠲᠠ ᠬᠢᠨ᠎ᠡ᠃  ᠭᠤᠷᠪᠠ᠎ᠳᠤ᠂ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠬᠦ ᠵᠦᠢ᠍ᠯ᠎ᠤᠨ ᠪᠠᠷᠢᠮᠵᠢᠶ᠎ᠠ ᠵᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠵᠢᠵᠢᠭᠯᠡᠨ ᠬᠤᠳᠠᠯᠳᠤᠬᠤ ᠬᠠᠮᠢᠶᠠᠷᠤᠯᠲᠠ ᠵᠢᠨ ᠲᠣᠭᠲᠠᠭ᠋ᠠᠯ᠎ᠢ ᠨᠡᠶ᠋ᠢᠲᠡᠯᠡᠵᠦ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ᠎ᠤ ᠵᠢᠵᠢᠭᠯᠡᠨ ᠬᠤᠳᠠᠯᠳᠤᠬᠤ ᠡᠵᠡᠩᠨᠡᠯᠲᠡ ᠵᠢᠨ ᠬᠢᠷᠢ ᠬᠡᠮ᠎ᠢ ᠬᠢᠨᠠᠨ ᠵᠥᠪᠰᠢᠶᠡᠷᠡᠬᠦ᠂ ᠬᠤᠪᠢᠷᠠᠭᠤᠯᠬᠤ᠂ ᠬᠦᠴᠦᠨ ᠥᠬᠡᠶ ᠪᠣᠯᠭ᠋ᠠᠬᠤ ᠵᠡᠷᠭᠡ 5 ᠵᠦᠢ᠍ᠯᠡᠰ᠎ᠤᠨ ᠲᠤᠬᠠᠶ᠋ᠢᠯᠠᠭᠰᠠᠨ ᠠᠵᠢᠯ᠎ᠤᠨ ᠨᠡᠷᠡᠶ᠋ᠢᠳᠦᠯ᠂ ᠭᠤᠶᠤᠴᠢᠯᠠᠯ᠎ᠤᠨ ᠮᠠᠲ᠋ᠧᠷᠢᠶᠠᠯ᠂ ᠭᠥᠯᠢᠶᠡᠨ ᠠᠪᠴᠤ ᠰᠢᠢ᠍ᠳᠪᠦᠷᠢᠯᠡᠬᠦ ᠨᠥᠬᠦᠴᠡᠯ᠂ ᠭᠦᠢ᠍ᠴᠡᠳᠭᠡᠬᠦ ᠴᠠᠭ᠎ᠤᠨ ᠬᠢᠵᠠᠭ᠋ᠠᠷ᠂ ᠬᠠᠤᠯᠢ ᠲᠣᠭᠲᠠᠭ᠋ᠠᠯ᠎ᠤᠨ ᠦᠨᠳᠦᠰᠦᠯᠡᠯ ᠵᠡᠷᠭᠡ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ ᠣᠶ᠋ᠢᠯᠠᠭ᠋ᠠᠯᠲᠠ᠎ᠳᠤ ᠬᠤᠯᠪᠣᠭᠳᠠᠭᠰᠠᠨ ᠡᠯ᠎ᠡ ᠲᠥᠷᠥᠯ᠎ᠤᠨ ᠬᠦᠴᠦᠨ ᠵᠦᠢ᠍ᠯ᠎ᠢ ᠵᠢᠷᠤᠮᠵᠢᠭᠤᠯᠤᠨ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠬᠦᠴᠦᠨ ᠵᠦᠢ᠍ᠯ᠎ᠤᠨ ᠪᠠᠷᠢᠮᠵᠢᠶᠠᠵᠢᠭᠤᠯᠤᠯᠲᠠ ᠵᠢ ᠪᠡᠶᠡᠯᠡᠭᠦᠯᠦᠨ᠎ᠡ᠃ ᠳᠥᠷᠪᠡ᠎ᠳᠤ᠂ ᠵᠠᠰᠠᠭ᠎ᠤᠨ ᠶᠠᠪᠤᠳᠠᠯ᠎ᠤᠨ ᠢᠲᠡᠭᠡᠮᠵᠢ ᠵᠢᠨ ᠪᠠᠶ᠋ᠢᠭᠤᠯᠤᠯᠲᠠ ᠥᠷᠨᠢᠭᠦᠯᠬᠦ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠢᠲᠡᠭᠡᠮᠵᠢ ᠵᠢᠨ ᠪᠠᠶ᠋ᠢᠭᠤᠯᠤᠯᠲᠠ ᠵᠢᠨ ᠡᠭᠦᠷᠭᠡ ᠵᠢᠨ ᠨᠠᠷᠢᠨ ᠬᠠᠭᠤᠳᠠᠰᠤ ᠵᠢ ᠨᠡᠶ᠋ᠢᠲᠡᠯᠡᠵᠦ᠂ 《ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠴᠢᠩᠳᠠᠯᠠᠬᠤ》᠂ 《ᠢᠯᠡ ᠵᠠᠰᠠᠭ᠎ᠤᠨ ᠶᠠᠪᠤᠳᠠᠯ᠎ᠢ ᠠᠬᠢᠭᠤᠯᠬᠤ》᠂ 《ᠢᠯᠡᠴᠢᠯᠡᠨ ᠮᠡᠳᠡᠭᠦᠯᠵᠦ ᠵᠠᠭ᠋ᠠᠯᠳᠤᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠬᠦ》᠂ 《ᠢᠲᠡᠭᠡᠯ ᠠᠯᠳᠠᠭᠰᠠᠨ ᠠᠵᠢᠯᠯᠠᠭ᠎ᠠ ᠵᠢ ᠵᠢᠭᠰᠠᠭ᠋ᠠᠨ ᠪᠠᠶ᠋ᠢᠴᠠᠭ᠋ᠠᠬᠤ ᠪᠠ ᠬᠢᠨᠠᠯᠲᠠ ᠲᠠᠯᠪᠢᠬᠤ ᠵᠢ ᠥᠷᠨᠢᠭᠦᠯᠬᠦ》᠂ 《ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠪᠠ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ》 ᠲᠠᠪᠤᠨ ᠲᠠᠯ᠎ᠠ ᠵᠢᠨ 15 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃

  (ᠬᠤᠶᠠᠷ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ

   ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠤᠨ 《ᠭᠤᠷᠪᠠ ᠵᠢ ᠨᠢᠭᠡᠳᠬᠡᠬᠦ》 ᠲᠦᠷᠢᠮ᠎ᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠳᠤᠨ᠎ᠤ ᠵᠠᠰᠠᠯᠳᠠ᠂ ᠲᠤᠭ᠎ᠠ ᠪᠦᠷᠢᠳᠭᠡᠯ᠎ᠤᠨ ᠠᠵᠢᠯ᠂ ᠠᠵᠦ ᠠᠬᠤᠶ᠋ᠢᠯᠠᠯ᠎ᠳᠤ ᠬᠤᠯᠪᠤᠭᠳᠠᠬᠤ ᠠᠵᠢᠯ ᠵᠡᠷᠭᠡ ᠬᠠᠮᠢᠶ᠎ᠠ ᠪᠦᠬᠦᠢ ᠲᠤᠰᠬᠠᠢ ᠰᠡᠳᠦᠪ ᠵᠶ᠋ᠠᠷ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ 8 ᠤᠳᠠᠭ᠎ᠠ ᠢᠯᠭ᠋ᠠᠷᠠᠭᠤᠯᠤᠨ ᠲᠢᠭᠯᠡᠬᠦ ᠠᠵᠢᠯ᠎ᠢ ᠦᠷᠨᠢᠭᠦᠯᠵᠦ᠂ 40 ᠭᠠᠷᠤᠢ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ᠎ᠢ ᠨᠢᠭᠡᠳ ᠨᠢᠭᠡ᠎ᠪᠠᠷ ᠬᠢᠨᠠᠨ ᠬᠠᠷᠭᠤᠭᠤᠯᠬᠤ᠎ᠳᠤ ᠢᠯᠭ᠋ᠠᠷᠠᠭᠤᠯᠤᠨ ᠲᠢᠭᠯᠡᠬᠦ ᠰᠠᠨᠠᠯ ᠳᠤᠷᠠᠳᠤᠨ᠂ ᠬᠠᠮᠢᠶ᠎ᠠ ᠪᠦᠬᠦᠢ ᠱᠠᠭ᠋ᠠᠷᠳᠠᠯᠭ᠎ᠠ᠎ᠳᠤ ᠨᠡᠶ᠋ᠢᠴᠡᠬᠦ ᠵᠢ ᠦᠨᠡᠨ ᠬᠦ᠌    ᠪᠠᠲᠤᠯᠠᠪᠠ᠃

  (ᠭᠤᠷᠪᠠ) ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠦᠨ᠎ᠡ

   ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠢ ᠢᠯᠭ᠋ᠠᠷᠠᠭᠤᠯᠬᠤ ᠠᠵᠢᠯ᠎ᠢ ᠥᠷᠨᠢᠭᠦᠯᠵᠦ᠂ ᠨᠡᠶ᠋ᠢᠲᠡ 17 ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠢ ᠨᠤᠲᠠᠯᠠᠨ ᠨᠡᠶ᠋ᠢᠲᠡᠯᠡᠪᠡ᠂ ᠡᠭᠦᠨ᠎ᠳᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ 3 ᠵᠦᠢ᠍ᠯ᠂ ᠵᠠᠰᠠᠭ ᠵᠠᠬᠢᠷᠭ᠋ᠠᠨ᠎ᠤ ᠨᠤᠲᠠᠯᠠᠯᠲᠠ ᠵᠢᠨ ᠵᠦᠢ᠍ᠯᠡᠰ 1 ᠵᠦᠢ᠍ᠯ᠂ ᠵᠠᠰᠠᠭ ᠵᠠᠬᠢᠷᠭ᠋ᠠᠨ᠎ᠤ ᠳᠠᠩᠰᠠᠯᠠᠭᠤᠯᠬᠤ ᠵᠦᠢ᠍ᠯᠡᠰ 2 ᠵᠦᠢ᠍ᠯ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠵᠦᠢ᠍ᠯᠡᠰ 5 ᠵᠦᠢ᠍ᠯ᠂ ᠪᠤᠰᠤᠳ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ 6 ᠵᠦᠢ᠍ᠯ ᠪᠠᠶ᠋ᠢᠨ᠎ᠠ᠃ ᠠᠵᠤ ᠠᠬᠤᠶ᠋ᠢᠯᠠᠯ᠎ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠭᠰᠡᠨ᠂ ᠬᠠᠤᠯᠢ᠎ᠠᠴᠠ ᠵᠥᠷᠢᠴᠡᠨ ᠠᠵᠤ ᠠᠬᠤᠶ᠋ᠢᠯᠠᠯ᠎ᠳᠤ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠠᠤᠯᠢ᠎ᠠᠴᠠ ᠵᠥᠷᠢᠴᠡᠨ ᠲᠠᠷᠬᠠᠭ᠋ᠠᠭᠰᠠᠨ ᠵᠡᠷᠭᠡ ᠪᠠᠶ᠋ᠢᠳᠠᠯ᠎ᠢ ᠥᠪᠡᠰᠦᠪᠡᠨ ᠪᠠᠶ᠋ᠢᠴᠠᠭ᠋ᠠᠵᠤ ᠡᠮᠬᠢᠯᠡᠵᠦ᠂ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠪᠠ᠃ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠢ ᠴᠢᠩᠭ᠋ᠠᠳᠬᠠᠬᠤ ᠲᠥᠰᠦᠯ᠎ᠢ ᠲᠣᠭᠲᠠᠭ᠋ᠠᠵᠤ᠂ ᠠᠵᠢᠯᠯᠠᠭ᠎ᠠ ᠵᠢᠨ ᠠᠯᠬᠤᠮ ᠳᠠᠷᠠᠭ᠎ᠠ ᠵᠢ ᠳᠣᠭᠢᠷᠠᠭᠤᠯᠤᠨ ᠪᠠᠶ᠋ᠢᠷᠢᠯᠠᠭᠤᠯᠵᠤ᠂ ᠬᠥᠮᠦᠵᠢᠯ ᠪᠣᠯᠪᠠᠰᠤᠷᠠᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ᠎ᠪᠠᠷ ᠳᠥᠯᠭᠢᠨ ᠠᠬᠢᠭᠤᠯᠬᠤ ᠬᠡᠷᠡᠭᠲᠡᠶ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ ᠠᠷᠭ᠎ᠠ》᠎ᠳᠤ ᠵᠠᠰᠠᠪᠤᠷᠢ ᠣᠷᠣᠭᠤᠯᠵᠤ᠂ ᠦᠨ᠎ᠡ ᠬᠠᠶᠠᠵᠤ ᠬᠤᠳᠠᠯᠳᠤᠬᠤ᠂ ᠣᠨᠴᠠ ᠵᠥᠪᠰᠢᠶᠡᠷᠡᠯ ᠵᠶ᠋ᠠᠷ ᠡᠵᠡᠩᠨᠡᠬᠦ᠂ ᠭᠠᠭᠴᠠ ᠬᠡᠷᠡᠭᠴᠡᠭᠡᠲᠦ ᠬᠤᠳᠠᠯᠳᠤᠭ᠋ᠠᠨ᠎ᠤ ᠤᠷᠢᠳᠴᠢᠯᠠᠨ ᠥᠭᠬᠦ ᠺᠠᠷᠲ᠂ ᠮᠠᠰᠢᠨ ᠲᠡᠷᠭᠡ  ᠪᠣᠷᠣᠯᠠᠭᠤᠯᠬᠤ᠂ ᠭᠠᠳᠠᠭ᠋ᠠᠳᠤ᠎ᠳᠤ ᠪᠠᠷᠢᠯᠭ᠎ᠠ ᠳᠠᠭ᠋ᠠᠭ᠋ᠠᠴᠢᠯᠠᠬᠤ᠂ ᠭᠠᠳᠠᠭ᠋ᠠᠳᠤ᠎ᠳᠤ ᠬᠥᠳᠡᠯᠮᠦᠷᠢ ᠦᠢ᠍ᠯᠡᠴᠢᠯᠡᠭᠡᠨ᠎ᠤ ᠬᠠᠮᠲᠤᠷᠠᠯᠴᠠᠭ᠎ᠠ᠂ ᠤᠬᠢᠶᠠᠵᠤ ᠪᠤᠳᠤᠬᠤ ᠵᠡᠷᠭᠡ 19 ᠠᠵᠢᠯ ᠲᠥᠷᠥᠯ᠎ᠤᠨ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠵᠦᠢ᠍ᠯᠡᠰ ᠪᠠ ᠬᠠᠤᠯᠢ ᠴᠠᠭ᠋ᠠᠵᠠ ᠵᠢᠨ ᠦᠨᠳᠦᠰᠦᠯᠡᠯ᠎ᠢ ᠪᠥᠬᠦ ᠲᠠᠯ᠎ᠠ᠎ᠪᠠᠷ ᠡᠮᠬᠢᠯᠡᠨ ᠨᠥᠬᠦᠪᠥᠷᠢᠯᠡᠨ᠎ᠡ᠃

   ᠭᠤᠷᠪᠠ᠂ ᠬᠠᠤᠯᠢ᠎ᠪᠠᠷ ᠵᠠᠰᠠᠬᠤ ᠦᠵᠡᠯᠲᠡ᠎ᠪᠠᠨ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠨᠡᠶ᠋ᠢᠭᠡᠮ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ

  (ᠨᠢᠭᠡ) ᠨᠡᠢ᠌ᠭᠡᠮ᠎ᠤᠨ ᠵᠥᠷᠢᠴᠡᠯ ᠵᠢᠭᠤᠷᠠᠯᠳᠤᠭ᠋ᠠᠨ᠎ᠢ ᠪᠦᠲᠦᠮᠵᠢᠲᠡᠢ᠎ᠪᠠᠷ ᠰᠢᠢ᠍ᠳᠪᠦᠷᠢᠯᠡᠨ᠎ᠡ

   ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ ᠡᠯ᠎ᠡ ᠲᠥᠷᠥᠯ᠎ᠤᠨ ᠭᠡᠷ᠎ᠡ ᠵᠢᠨ ᠵᠥᠪᠳᠡᠯᠴᠡᠬᠡᠷ᠎ᠲᠤ ᠴᠥᠮ ᠬᠠᠤᠯᠢ ᠴᠠᠭ᠋ᠠᠵᠠ ᠵᠢᠨ ᠵᠥᠪᠯᠡᠭᠴᠢ ᠵᠢᠨ ᠯᠠᠪᠯᠠᠯᠭ᠎ᠠ ᠨᠤᠲᠠᠯᠠᠯᠲᠠ ᠬᠢᠬᠦ ᠬᠡᠷᠡᠭᠲᠡᠶ᠃ ᠬᠠᠤᠯᠢ ᠴᠠᠭ᠋ᠠᠵᠠ ᠵᠢᠨ ᠵᠥᠪᠯᠡᠭᠴᠢ᠎ᠠᠴᠠ ᠭᠤᠸᠠᠩᠵᠧᠦ ᠵᠢᠨ ᠠᠷᠠᠯᠵᠢᠶᠠᠨ᠎ᠤ ᠴᠤᠭᠯᠠᠭ᠋ᠠᠨ᠎ᠤ ᠬᠠᠮᠢᠶᠠᠷᠤᠯᠲᠠ᠂ ᠣᠶᠤᠨᠴᠢ ᠪᠣᠭᠤᠮᠲᠠ ᠵᠢᠨ ᠪᠦᠲᠦᠭᠡᠨ ᠪᠠᠶ᠋ᠢᠭᠤᠯᠤᠯᠲᠠ᠂ 《ᠥᠪᠥᠷ ᠮᠣᠩᠭᠤᠯ᠎ᠤᠨ ᠦᠨᠦᠷ ᠠᠮᠲᠠ》᠂ ᠡᠯ᠎ᠡ ᠲᠥᠷᠥᠯ᠎ᠤᠨ ᠪᠡᠯᠡ ᠣᠷᠣᠭᠤᠯᠤᠯᠲᠠ ᠵᠢ ᠠᠬᠢᠭᠤᠯᠬᠤ ᠠᠵᠢᠯᠯᠠᠭ᠎ᠠ᠂ ᠵᠠᠰᠠᠭ ᠪᠠᠩᠬᠢ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠡᠷᠭᠡ ᠵᠦᠢ᠍ᠯᠡᠰ᠎ᠲᠤ 80 ᠭᠠᠷᠤᠶ ᠤᠳᠠᠭ᠎ᠠ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠦᠢ᠍ᠯᠡᠴᠢᠯᠡᠭᠡ ᠬᠠᠩᠭ᠋ᠠᠪᠠ᠃

  (ᠬᠤᠶᠠᠷ) ᠬᠠᠤᠯᠢ ᠲᠦᠭᠡᠮᠡᠯᠵᠢᠭᠦᠯᠬᠦ ᠠᠵᠢᠯ ᠦᠷᠨᠢᠭᠦᠯᠬᠦ ᠵᠢ ᠠᠬᠢᠭᠤᠯᠤᠨ᠎ᠠ

  《ᠤᠳᠤᠷᠢᠳᠬᠤ ᠺᠠᠳ᠋ᠷ ᠮᠡᠳᠡᠪᠡᠰᠦ ᠵᠤᠬᠢᠬᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠤᠯᠤᠰ᠎ᠤᠨ ᠬᠠᠤᠯᠢ ᠴᠠᠭ᠋ᠠᠵᠠ ᠵᠢᠨ ᠡᠮᠬᠢᠳᠬᠡᠯ》᠎ᠢ ᠨᠠᠶ᠋ᠢᠷᠠᠭᠤᠯᠤᠨ ᠵᠣᠬᠢᠶᠠᠵᠤ᠂ ᠤᠳᠤᠷᠢᠳᠬᠤ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠮᠡᠳᠡᠪᠡᠰᠦ ᠵᠣᠬᠢᠬᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠤᠯᠤᠰ᠎ᠤᠨ ᠬᠠᠤᠯᠢ ᠴᠠᠭ᠋ᠠᠵᠠ ᠵᠢᠨ ᠨᠠᠷᠢᠨ ᠲᠠᠩᠰᠠ ᠵᠢᠨ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠤᠨ᠎ᠠ᠃ ᠵᠢᠷᠭᠤᠭ᠋ᠠᠨ ᠶᠠᠮᠤᠨ ᠳᠦᠷᠢᠮ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠵᠤ᠂ ᠰᠣᠨᠢᠨ ᠮᠡᠳᠡᠭᠡ ᠨᠡᠶ᠋ᠢᠲᠡᠯᠡᠬᠦ ᠠᠵᠢᠯᠯᠠᠭ᠎ᠠ᠎ᠪᠠᠷ ᠳᠠᠮᠵᠢᠭᠤᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠪᠥᠲᠥᠭᠡᠨ ᠪᠠᠶ᠋ᠢᠭᠤᠯᠬᠤ ᠵᠢ ᠠᠬᠢᠭᠤᠯᠬᠤ ᠲᠦᠷᠢᠮ》᠎ᠢ ᠬᠡᠷᠡᠭᠵᠢᠭᠦᠯᠦᠭᠰᠡᠨ ᠪᠠᠶ᠋ᠢᠳᠠᠯ᠎ᠢ ᠤᠬᠠᠭᠤᠯᠤᠨ ᠲᠠᠨᠢᠯᠴᠠᠭᠤᠯᠵᠠᠢ᠃ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠤᠬᠠᠭᠤᠯᠭ᠎ᠠ ᠵᠢᠨ ᠭᠠᠷᠠᠭ᠂ ᠢᠷᠭᠡᠨ᠎ᠤ ᠬᠠᠤᠯᠢ ᠵᠢᠨ ᠪᠢᠴᠢᠭ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠤᠨ ᠲᠣᠭᠤᠷᠢᠨ᠎ᠳᠤ᠂ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠠᠵᠢᠯᠯᠠᠭ᠎ᠠ ᠵᠢ ᠡᠷᠬᠢᠯᠡᠵᠦ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠺᠠᠳ᠋ᠷ ᠠᠵᠢᠯᠳᠠᠨ ᠠᠵᠢᠯᠴᠢᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠬᠠᠥᠯᠢ᠎ᠪᠠᠷ ᠵᠠᠰᠠᠬᠤ ᠵᠠᠮ ᠵᠶ᠋ᠠᠷ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠠᠬᠢᠭᠤᠯᠬᠤ ᠬᠡᠷᠡᠭᠲᠡᠢ᠃ 《ᠥᠪᠥᠷ ᠮᠣᠩᠭᠤᠯ᠎ᠤᠨ ᠬᠤᠳᠠᠯᠳᠤᠭ᠋ᠠᠨ᠎ᠤ ᠶᠠᠪᠤᠳᠠᠯ᠎ᠤᠨ ᠬᠥᠳᠡᠯᠦᠩᠭᠦᠶ ᠪᠠᠶ᠋ᠢᠳᠠᠯ》᠎ᠤᠨ ᠨᠡᠶ᠋ᠢᠲᠡ ᠵᠢᠨ ᠳ᠋ᠤᠭ᠋ᠠᠷ ᠵᠶ᠋ᠠᠷ ᠳᠠᠮᠵᠢᠭᠤᠯᠤᠨ᠂ ᠤᠯᠤᠰ᠎ᠤᠨ ᠠᠮᠤᠷ ᠲᠦᠪᠰᠢᠨ᠎ᠤ ᠬᠠᠤᠯᠢ ᠵᠢ 11 ᠤᠳᠠᠭ᠎ᠠ᠂ ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢ 4 ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠤᠯᠠᠷᠢᠭᠤᠯᠤᠨ ᠬᠡᠷᠡᠭᠯᠡᠵᠦ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ》 ᠭᠤᠤᠯ ᠰᠡᠳᠦᠪᠲᠦ ᠠᠵᠢᠯᠯᠠᠭ᠎ᠠ ᠵᠢᠨ ᠬᠠᠮᠢᠶ᠎ᠠ ᠪᠥᠬᠦᠶ ᠠᠭᠤᠯᠭ᠎ᠠ ᠵᠢ ᠴᠠᠭ ᠲᠤᠬᠠᠶ᠎ᠳᠤᠨᠢ ᠤᠬᠠᠭᠤᠯᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠥᠷᠭᠡᠳᠬᠡᠨ᠂ ᠬᠠᠤᠯᠢ᠎ᠪᠠᠷ ᠵᠠᠰᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠢᠳᠡᠪᠬᠢᠲᠡᠶ᠎ᠪᠠᠷ ᠪᠣᠶ ᠪᠣᠯᠭ᠋ᠠᠨ᠎ᠠ᠃

 

ᠢᠷᠡᠯᠲᠡ᠄ ᠬᠠᠤᠯᠢ ᠲᠤᠭᠲᠠᠭ᠋ᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
ᠭᠠᠳᠠᠭ᠋ᠠᠳᠤ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠵᠦ ᠰᠢᠨ᠎ᠡ ᠵᠢ ᠡᠭᠦᠳᠬᠦ ᠬᠥᠭᠵᠢᠯᠲᠡ ᠵᠢ ᠳᠠᠬᠢᠨ ᠲᠦᠷᠭᠡᠳᠭᠡᠨ᠎ᠡ
ᠲᠤᠯᠤᠭ᠋ᠠᠨ ᠰᠠᠯᠠᠭ᠎ᠠ ᠮᠥᠴᠢᠷ᠄ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
 
            