ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠭᠠᠳᠠᠭ᠋ᠠᠳᠤ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠵᠦ ᠰᠢᠨ᠎ᠡ ᠵᠢ ᠡᠭᠦᠳᠬᠦ ᠬᠥᠭᠵᠢᠯᠲᠡ ᠵᠢ ᠳᠠᠬᠢᠨ ᠲᠦᠷᠭᠡᠳᠭᠡᠨ᠎ᠡ
ᠨᠡᠶ᠋ᠢᠲᠡᠯᠡᠭᠰᠡᠨ ᠴᠠᠭ᠄ 2025-05-06

  2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠴᠦᠰ᠎ᠤᠨ ᠵᠢᠯ ᠪᠣᠯᠤᠨ᠎ᠠ᠂ ᠳᠤᠮᠳᠠᠳᠤ ᠤᠯᠤᠰ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠬᠦᠷᠢᠶᠡᠨ᠎ᠳᠤ ᠭᠢᠯᠠᠯᠵᠠᠭᠰᠠᠨ 《ᠬᠢᠷᠢ ᠪᠦᠲᠦᠮᠵᠢ ᠵᠢᠨ ᠬᠠᠭᠤᠳᠠᠰᠤ》 ᠵᠢ ᠲᠤᠰᠢᠶᠠᠪᠠ᠃ ᠲᠠᠪᠤᠨ ᠵᠢᠯ᠎ᠤᠨ ᠲᠤᠷᠰᠢ᠂ ᠳᠤᠮᠳᠠᠳᠤ ᠤᠯᠤᠰ 《ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ》 ᠵᠢᠨ ᠣᠶ᠋ᠢᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠤᠯᠤᠰ᠎ᠤᠨ ᠶᠡᠷᠦᠩᠬᠡᠶ ᠭᠠᠳᠠᠭ᠋ᠠᠳᠤ ᠬᠠᠷᠢᠯᠴᠠᠭ᠋ᠠᠨ᠎ᠤ ᠶᠡᠭᠡ ᠲᠠᠯ᠎ᠠ᠎ᠳᠤ ᠭᠦᠨᠵᠡᠭᠡᠶ ᠠᠭᠤᠰᠤᠯᠴᠠᠭᠤᠯᠵᠤ᠂ ᠪᠥᠬᠦ ᠪᠥᠮᠪᠥᠷᠴᠡᠭ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ᠎ᠳᠤ ᠪᠥᠬᠦ ᠲᠠᠯ᠎ᠠ᠎ᠪᠠᠷ ᠣᠷᠣᠯᠴᠠᠵᠤ᠂ ᠣᠯᠠᠨ ᠲᠠᠯ᠎ᠠ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠭᠦᠨᠵᠡᠭᠡᠶ᠋ᠢᠷᠡᠭᠦᠯᠦᠨ᠂ ᠨᠡᠭᠡᠭᠡᠯᠲᠡᠲᠦ ᠬᠡᠯᠪᠡᠷᠢ ᠵᠢᠨ ᠳᠡᠯᠡᠬᠡᠶ ᠵᠢᠨ ᠠᠵᠤ ᠠᠬᠤᠶ ᠵᠢ ᠪᠠᠶ᠋ᠢᠭᠤᠯᠬᠤ᠂ ᠪᠥᠬᠦ ᠪᠥᠮᠪᠥᠷᠴᠡᠭ᠎ᠤᠨ ᠰᠢᠨ᠎ᠡ ᠵᠢ ᠡᠭᠦᠳᠬᠦ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠣᠶᠤᠨ ᠤᠬᠠᠭ᠋ᠠᠨ ᠬᠢᠭᠡᠳ ᠳᠤᠮᠳᠠᠳᠤ ᠤᠯᠤᠰ᠎ᠤᠨ ᠲᠥᠰᠦᠯ᠎ᠤᠨ ᠬᠤᠪᠢ ᠨᠡᠮᠡᠷᠢ᠎ᠪᠠᠨ ᠦᠵᠡᠭᠦᠯᠪᠡ᠃

   ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠶᠡᠬᠡ ᠲᠠᠯ᠎ᠠ᠎ᠳᠤ ᠦᠢ᠍ᠯᠡᠴᠢᠯᠡᠵᠦ 《ᠠᠳᠠᠯᠢ ᠳᠠᠪᠲᠠᠮᠵᠢ᠎ᠪᠠᠷ ᠬᠥᠭᠵᠢᠬᠦ》 ᠵᠢ ᠪᠡᠶᠡᠯᠡᠭᠦᠯᠦᠨ᠎ᠡ

  《ᠳᠤᠮᠳᠠᠳᠤ ᠤᠯᠤᠰ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠦᠢ᠍ᠯᠡᠰ᠎ᠤᠨ ᠲᠡᠦᠬᠡᠲᠦ ᠴᠢᠨᠠᠷᠲᠠᠶ ᠠᠮᠵᠢᠯᠲᠠ ᠤᠯᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠥᠭᠵᠢᠯᠲᠡ ᠵᠢᠨ ᠵᠠᠮ ᠵᠶ᠋ᠠᠷ ᠵᠠᠮᠨᠠᠭᠰᠠᠨ ᠪᠠᠶ᠋ᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠤᠯᠠᠨ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠯᠠᠨ ᠲᠠᠯᠠᠲᠤ ᠰᠢᠰᠲ᠋ᠧᠮ᠎ᠢ ᠡᠷᠡᠰ ᠬᠠᠮᠠᠭ᠋ᠠᠯᠠᠵᠤ᠂ ᠰᠢᠨ᠎ᠡ ᠵᠢ ᠡᠭᠦᠳᠬᠦ ᠬᠥᠭᠵᠢᠯᠲᠡ᠎ᠳᠤ ᠠᠰᠢᠭᠲᠠᠢ ᠤᠯᠠᠨ ᠤᠯᠤᠰ᠎ᠤᠨ ᠣᠷᠴᠢᠨ ᠲᠣᠭᠤᠷᠢᠨ᠎ᠢ ᠡᠭᠦᠳᠬᠦ᠎ᠳᠤ ᠳᠤᠮᠳᠠᠳᠤ ᠤᠯᠤᠰ᠎ᠤᠨ ᠤᠶᠤᠨ ᠤᠬᠠᠭ᠋ᠠᠨ ᠪᠠ ᠳᠤᠮᠳᠠᠳᠤ ᠤᠯᠤᠰ᠎ᠤᠨ ᠲᠥᠰᠦᠯ᠎ᠢ ᠡᠷᠭᠦᠵᠦ᠂ ᠪᠦᠬᠦ ᠪᠥᠮᠪᠥᠷᠴᠡᠭ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠰᠠᠯᠲᠠ ᠵᠢᠨ ᠰᠢᠰᠲ᠋ᠧᠮ᠎ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶ᠋ᠢᠰᠢ ᠬᠥᠭᠵᠢᠬᠦ ᠵᠢ ᠠᠬᠢᠭᠤᠯᠵᠤ᠂ ᠬᠥᠮᠦᠨ ᠲᠥᠷᠥᠯᠬᠢᠲᠡᠨ᠎ᠤ ᠪᠤᠶᠠᠨ ᠵᠢᠷᠭ᠋ᠠᠯ᠎ᠢ ᠨᠡᠮᠡᠭᠳᠡᠭᠦᠯᠬᠦ᠎ᠳᠤ ᠳᠤᠮᠳᠠᠳᠤ ᠤᠯᠤᠰ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠴᠢᠬᠤᠯᠠᠴᠢᠯᠠᠪᠠ᠃ 2024 ᠣᠨ᠎ᠤ 10 ᠳ᠋ᠤᠭ᠋ᠠᠷ ᠰᠠᠷ᠎ᠠ᠎ᠳᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ 2024 ᠣᠨ᠎ᠤ ᠤᠯᠠᠨ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠨᠡᠶ᠋ᠢᠭᠡᠮᠯᠢᠭ᠎ᠤᠨ ᠳᠡᠯᠡᠬᠡᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠶᠡᠭᠡ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠵᠦ᠂ ᠳᠤᠮᠳᠠᠳᠤ ᠤᠯᠤᠰ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ᠂ ᠤᠯᠠᠨ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠭᠠᠷ ᠬᠤᠯᠪᠣᠯᠴᠠᠨ ᠠᠬᠢᠭᠤᠯᠬᠤ᠎ᠪᠠᠷ ᠴᠢᠷᠮᠠᠶ᠋ᠢᠬᠤ ᠵᠣᠷᠢᠭ ᠵᠶ᠋ᠠᠨ ᠨᠡᠶ᠋ᠢᠲᠡᠯᠡᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃

  《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠡᠳᠡᠯᠭᠡ ᠵᠢᠨ ᠦᠮᠴᠢᠯᠡᠯ᠎ᠤᠨ ᠡᠷᠬᠡ᠎ᠨᠢ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠡᠬᠢ ᠪᠠᠶᠠᠯᠢᠭ ᠪᠠ ᠣᠯᠠᠨ ᠤᠯᠤᠰ᠎ᠲᠤ ᠥᠷᠢᠰᠥᠯᠳᠦᠬᠦ ᠬᠦᠴᠦᠨ᠎ᠤ ᠭᠤᠤᠯ ᠬᠦᠴᠦᠨ ᠵᠦᠢ᠍ᠯ ᠪᠣᠯᠤᠭᠰᠠᠨ᠎ᠤ ᠬᠤᠪᠢ᠎ᠳᠤ᠂ ᠭᠠᠳᠠᠭ᠋ᠠᠳᠤ ᠬᠠᠷᠢᠯᠴᠠᠭ᠋ᠠᠨ᠎ᠤ ᠦᠵᠦ ᠲᠥᠯᠥᠪᠯᠡᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠰᠢᠨ᠎ᠡ ᠴᠠᠭ ᠦᠶ᠎ᠡ ᠵᠢᠨ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠎ᠠ᠎ᠳᠤ ᠦᠢ᠍ᠯᠡᠴᠢᠯᠡᠵᠦ᠂ ᠤᠯᠤᠰ᠎ᠤᠨ ᠪᠠᠶ᠋ᠢᠯᠳᠤᠬᠤ ᠪᠣᠳᠣᠯᠭ᠎ᠠ᠎ᠲᠠᠢ 《ᠬᠠᠮᠲᠤ᠎ᠪᠠᠷ ᠬᠥᠭᠵᠢᠬᠦ》 ᠪᠣᠯᠤᠨ᠎ᠠ᠃

  2024 ᠣᠨ᠎ᠤ 5 ᠳ᠋ᠤᠭ᠋ᠠᠷ ᠰᠠᠷ᠎ᠠ᠎ᠳᠤ ᠳᠤᠮᠳᠠᠳᠤ ᠤᠯᠤᠰ ᠪᠣᠯᠣᠨ ᠠᠷᠠᠪ᠎ᠤᠨ ᠬᠤᠯᠪᠣᠭ᠋ᠠᠲᠤ ᠠᠬᠠᠮᠠᠳᠳᠦ ᠤᠯᠤᠰ᠎ᠤᠨ ᠤᠯᠤᠰ᠎ᠤᠨ ᠲᠡᠷᠢᠭᠦᠨ᠎ᠤ ᠭᠡᠷᠡᠴᠢᠯᠡᠯ ᠳᠣᠣᠷ᠎ᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ ᠪᠣᠯᠤᠨ ᠠᠷᠠᠪ᠎ᠤᠨ ᠬᠤᠯᠪᠣᠭ᠋ᠠᠲᠤ ᠠᠬᠠᠮᠠᠳᠳᠦ ᠤᠯᠤᠰ᠎ᠤᠨ ᠠᠵᠤ ᠠᠬᠤᠢ ᠵᠢᠨ ᠶᠠᠮᠤᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠬᠠᠮᠲᠤᠷᠠᠯᠴᠠᠭ᠎ᠠ ᠵᠢᠨ ᠠᠭᠤᠴᠢᠯᠠᠯ᠎ᠤᠨ ᠰᠠᠨᠠᠭᠤᠯᠤᠮᠵᠢ》᠎ᠳᠤ ᠠᠮᠵᠢᠯᠲᠠ᠎ᠲᠠᠢ ᠭᠠᠷ᠎ᠤᠨ ᠦᠰᠦᠭ ᠵᠢᠷᠤᠪᠠ; ᠲᠤᠰ ᠵᠢᠯ᠎ᠳᠤ᠂ ᠤᠳᠤᠷᠢᠳᠬᠤ ᠬᠥᠮᠦᠰ ᠳᠤᠮᠳᠠᠳᠤ ᠰᠢᠨ᠎ᠡ ᠽᠧᠯᠡᠨᠳ᠋᠂ ᠳᠤᠮᠳᠠᠳᠤ ᠢᠲ᠋ᠠᠯᠢ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠲᠤ ᠭᠠᠷ᠎ᠤᠨ ᠦᠰᠦᠭ ᠵᠢᠷᠤᠬᠤ ᠵᠢ ᠭᠡᠷᠡᠴᠢᠯᠡᠵᠦ᠂ ᠳᠤᠮᠳᠠᠳᠤ ᠹᠷᠠᠨᠼᠢ᠂ ᠳᠤᠮᠳᠠᠳᠤ ᠠᠥᠰᠲᠷᠯᠢᠶ᠎ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ᠎ᠢ ᠤᠳᠤᠷᠢᠳᠬᠤ ᠬᠥᠮᠦᠰ᠎ᠤᠨ ᠭᠠᠳᠠᠭ᠋ᠠᠳᠤ ᠶᠠᠪᠤᠳᠠᠯ᠎ᠤᠨ ᠦᠷ᠎ᠡ ᠪᠦᠲᠦᠭᠡᠯ᠎ᠳᠤ ᠣᠷᠣᠭᠤᠯᠪᠠ᠂ ᠳᠤᠮᠳᠠᠳᠤ ᠶᠠᠫᠤᠨ ᠺᠤᠷᠢᠶᠠ ᠵᠢᠨ ᠤᠳᠤᠷᠢᠳᠬᠤ ᠬᠥᠮᠦᠰ᠎ᠤᠨ ᠬᠤᠷᠠᠯ᠎ᠠᠴᠠ ᠭᠤᠷᠪᠠᠨ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠋ᠠᠨ᠎ᠤ ᠠᠷᠪᠠᠨ ᠵᠢᠯ᠎ᠤᠨ ᠠᠯᠤᠰ᠎ᠤᠨ ᠦᠵᠡᠭᠳᠡᠯ᠎ᠤᠨ ᠬᠠᠮᠲᠤᠷᠠᠭᠰᠠᠨ ᠢᠯᠡᠷᠬᠡᠶ᠋ᠢᠯᠡᠯᠲᠡ ᠵᠢ ᠨᠡᠶ᠋ᠢᠲᠡᠯᠡᠪᠡ᠃

   ᠡᠨᠡ ᠬᠦ᠌ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠳᠠᠭ᠋ᠠᠳᠤ ᠬᠠᠷᠢᠯᠴᠠᠭ᠋ᠠᠨ᠎ᠤ ᠵᠢᠷᠤᠭ᠎ᠲᠤ᠂ 《ᠨᠢᠭᠡ ᠪᠦᠰᠡ ᠨᠢᠭᠡ ᠵᠠᠮ》᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠎ᠠ ᠪᠣᠯ ᠥᠩᠭᠡ ᠢᠯᠭ᠋ᠠᠷᠠᠮ᠎ᠠ ᠬᠠᠭᠤᠳᠠᠰᠤ ᠪᠣᠯᠬᠤ᠎ᠨᠢ ᠳᠠᠮᠵᠢᠭ ᠦᠭᠡᠢ ᠶᠤᠮ᠃

  2024 ᠣᠨ᠎ᠤ 9 ᠳ᠋ᠦ᠍ᠭᠡᠷ ᠰᠠᠷ᠎ᠠ᠎ᠳᠤ᠂ ᠪᠡᠭᠡᠵᠢᠩ᠎ᠤᠨ ᠨᠠᠮᠤᠷ᠎ᠤᠨ ᠤᠯᠠᠷᠢᠯ ᠶᠠᠭ ᠥᠳᠬᠡᠨ ᠪᠠᠶ᠋ᠢᠵᠤ᠂ ᠭᠤᠷᠪᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠳᠡᠭᠡᠳᠦ ᠲᠠᠰ᠎ᠤᠨ ᠬᠤᠷᠠᠯ ᠠᠳᠡ ᠬᠤᠷᠠᠯᠳᠤᠪᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠤᠭᠰᠠᠨ 70 ᠰᠢᠬᠠᠮ ᠤᠯᠤᠰ ᠪᠠ ᠣᠯᠠᠨ ᠤᠯᠤᠰ ᠵᠢᠴᠢ ᠭᠠᠵᠠᠷ ᠣᠷᠣᠨ᠎ᠤ ᠵᠣᠬᠢᠶᠠᠨ ᠪᠠᠶ᠋ᠢᠭᠤᠯᠤᠭᠰᠠᠨ ᠭᠠᠳᠠᠭ᠋ᠠᠳᠤ ᠵᠢᠨ ᠲᠠᠯ᠎ᠠ ᠵᠢᠨ 150 ᠭᠠᠷᠤᠶ ᠲᠥᠯᠥᠭᠡᠯᠡᠭᠴᠢ ᠨᠢᠭᠡ ᠲᠠᠩᠬᠢᠮ᠎ᠳᠤ ᠴᠤᠭᠯᠠᠷᠠᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠲᠤᠷᠠᠯᠴᠠᠭ᠋ᠠᠨ᠎ᠤ ᠰᠢᠨ᠎ᠡ ᠠᠵᠠ ᠲᠣᠬᠢᠶᠠᠯ᠎ᠢ ᠬᠠᠮᠲᠤ᠎ᠪᠠᠷ ᠰᠤᠳᠤᠯᠤᠨ ᠶᠠᠷᠢᠯᠴᠠᠪᠠ᠃ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠳᠤᠷᠠᠳᠤᠭᠰᠠᠨ᠎ᠠᠴᠠ ᠨᠠᠭ᠋ᠠᠰᠢ᠂ ᠳᠤᠮᠳᠠᠳᠤ ᠤᠯᠤᠰ ᠨᠢᠭᠡᠨᠲᠡ 60 ᠭᠠᠷᠤᠶ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠪᠠᠶ᠋ᠢᠭᠤᠯᠤᠮᠵᠢ᠂ ᠣᠯᠠᠨ ᠤᠯᠤᠰ ᠪᠠ ᠭᠠᠵᠠᠷ ᠣᠷᠣᠨ᠎ᠲᠠᠢ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠵᠤ᠂ ᠬᠡᠷᠡᠭᠵᠢᠭᠦᠯᠬᠦ ᠶᠠᠪᠤᠴᠠ᠎ᠳᠠᠬᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ 110 ᠭᠠᠷᠤᠶ ᠬᠤᠪᠢ᠎ᠳᠤ ᠬᠦᠷᠴᠦ᠂ ᠡᠳᠡᠭᠡᠷ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠢ ᠲᠣᠭ᠋ᠠᠴᠢᠯᠠᠭᠰᠠᠨ ᠨᠡᠮᠡᠭᠳᠡᠯ᠎ᠤᠨ ᠲᠠᠯ᠎ᠠ᠎ᠪᠠᠷ ᠢᠯᠡᠷᠡᠭᠦᠯᠦᠭᠰᠡᠨ ᠵᠶ᠋ᠠᠷ ᠪᠠᠷᠠᠬᠤ ᠥᠬᠡᠶ᠂ ᠨᠠᠩ ᠴᠢᠬᠤᠯᠠ᠎ᠨᠢ ᠮᠡᠳᠡᠯᠭᠡ ᠵᠢᠨ ᠦᠮᠴᠢᠯᠡᠯ᠎ᠤᠨ ᠡᠷᠬᠡ᠎ᠪᠠᠷ ᠲᠤᠯᠭ᠋ᠠᠭᠤᠷᠢᠯᠠᠯ ᠪᠣᠯᠭ᠋ᠠᠭᠰᠠᠨ ᠭᠠᠳᠠᠭ᠋ᠠᠳᠤ ᠬᠠᠮᠲᠤᠷᠠᠯᠴᠠᠭ᠋ᠠᠨ᠎ᠤ ᠰᠢᠨ᠎ᠡ ᠬᠡᠪ ᠵᠠᠭᠪᠤᠷ᠎ᠢ ᠪᠠᠶ᠋ᠢᠭᠤᠯᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠦᠷᠢᠮ᠎ᠤᠨ ᠳᠠᠪᠠᠭᠤᠯᠢᠭ᠎ᠢ ᠭᠠᠳᠠᠭ᠋ᠠᠳᠤ ᠬᠠᠷᠢᠯᠴᠠᠭ᠋ᠠᠨ᠎ᠤ ᠵᠥᠭᠡᠯᠡᠨ ᠪᠣᠳᠠᠲᠤ ᠬᠦᠴᠦᠨ ᠪᠣᠯᠭ᠋ᠠᠨ ᠪᠦᠲᠦᠮᠵᠢᠲᠡᠶ ᠬᠤᠪᠢᠷᠠᠭᠤᠯᠵᠤ᠂ ᠤᠯᠤᠰ᠎ᠤᠨ ᠬᠤᠭᠤᠷᠣᠨᠳᠣᠬᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠲᠤᠷᠠᠯᠴᠠᠭ᠎ᠠ᠂ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ᠎ᠳᠤ ᠳᠦᠷᠢᠮᠵᠢᠭᠰᠡᠨ᠂ ᠵᠢᠷᠤᠮᠵᠢᠭᠰᠠᠨ ᠶᠠᠷᠢᠯᠴᠠᠭ᠋ᠠᠨ᠎ᠤ ᠲᠠᠪᠴᠠᠩ᠎ᠢ ᠪᠠᠶ᠋ᠢᠭᠤᠯᠵᠤ ᠥᠭᠭᠦᠭᠰᠡᠨ ᠪᠠᠶ᠋ᠢᠨ᠎ᠠ᠃

  《ᠡᠳᠡᠭᠡᠷ ᠵᠢᠯ᠎ᠤᠳ᠎ᠲᠤ᠂ ᠪᠢᠳᠡ ᠠᠯᠢ ᠣᠯᠠᠨ 〈ᠨᠢᠭᠡ ᠪᠦᠰᠡ ᠨᠢᠭᠡ ᠵᠠᠮ〉᠎ᠤᠨ ᠪᠣᠷᠣ ᠲᠥᠯᠥᠪ᠎ᠤᠨ ᠳᠣᠤᠷᠠᠬᠢ ᠣᠯᠠᠨ ᠲᠠᠯ᠎ᠠ ᠵᠢᠨ ᠬᠠᠮᠲᠤᠷᠠᠯᠴᠠᠭ᠎ᠠ᠎ᠳᠤ ᠭᠦᠨᠵᠡᠭᠡᠶ ᠣᠷᠣᠯᠴᠠᠵᠤ᠂ ᠵᠠᠮ ᠳᠠᠭ᠋ᠠᠤ ᠵᠢᠨ ᠡᠯ᠎ᠡ ᠤᠯᠤᠰ᠎ᠯᠤᠭ᠎ᠠ ᠭᠦᠨᠵᠡᠭᠡᠶ ᠰᠣᠯᠢᠯᠴᠠᠭ᠎ᠠ ᠬᠢᠵᠦ᠂ ᠡᠶ᠋ᠢᠮᠦᠷᠬᠦ ᠨᠡᠭᠡᠭᠡᠯᠲᠡᠲᠦ ᠬᠠᠮᠲᠤᠷᠠᠯᠴᠠᠭ᠎ᠠ᠎ᠨᠢ ᠭᠠᠳᠠᠭ᠋ᠠᠳᠤ ᠵᠢᠨ ᠪᠠᠯᠠ ᠣᠷᠣᠭᠤᠯᠤᠭᠴᠢᠳ᠎ᠢ ᠺᠠᠽᠠᠭᠰᠲ᠋ᠠᠨ᠎ᠤ ᠬᠥᠭᠵᠢᠯᠲᠡ ᠵᠢᠨ ᠢᠷᠡᠭᠡᠳᠦᠶ᠎ᠳᠤ ᠨᠠᠩ ᠢᠯᠡᠭᠦᠦ ᠢᠲᠡᠭᠡᠵᠦ᠂ ᠨᠠᠩ ᠴᠤ᠌ ᠺᠠᠽᠠᠭᠰᠲ᠋ᠠᠨ᠎ᠤ ᠬᠥᠭᠵᠢᠯᠲᠡ ᠵᠢᠨ ᠢᠷᠡᠭᠡᠳᠦᠶ᠎ᠳᠤ ᠪᠢᠳᠡ ᠰᠢᠨ᠎ᠡ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠬᠡᠷᠡᠭᠵᠢᠭᠦᠯᠵᠦ᠂ ᠪᠢᠳᠡᠨ᠎ᠤ ᠰᠤᠷᠭ᠋ᠠᠨ ᠬᠥᠮᠦᠵᠢᠯ᠂ ᠠᠮᠢ ᠠᠬᠤᠶ ᠪᠠ ᠠᠵᠤ ᠠᠬᠤᠶ ᠵᠡᠷᠭᠡ ᠲᠠᠯ᠎ᠠ ᠵᠢᠨ ᠬᠥᠭᠵᠢᠯᠲᠡ ᠵᠢ ᠲᠦᠷᠭᠡᠳᠬᠡᠨ᠎ᠡ》 ᠭᠡᠵᠡᠶ᠃ ᠺᠠᠽᠠᠭᠰᠲ᠋ᠠᠨ ᠤᠯᠤᠰ᠎ᠤᠨ ᠬᠠᠤᠯᠢ ᠴᠠᠭ᠋ᠠᠵᠠ ᠵᠢᠨ ᠶᠠᠮᠤᠨ᠎ᠤ ᠳᠡᠳ᠋ ᠰᠠᠶ᠋ᠢᠳ ᠪᠣᠲ᠋ᠡᠭᠧᠽ · ᠵᠠᠺᠣᠸᠠ ᠢᠯᠡᠷᠬᠡᠢ᠌ᠯᠡᠪᠡ᠃

   ᠰᠠᠨᠠᠭ᠎ᠠ ᠨᠢᠭᠡᠳᠦᠭᠰᠡᠨ᠎ᠳᠤᠷ ᠠᠭᠤᠯᠠ ᠳᠠᠯᠠᠢ᠎ᠪᠠᠷ ᠠᠯᠤᠰ᠎ᠢ ᠦᠯᠦ ᠵᠣᠷᠢᠬᠤ ᠠᠵᠤᠭᠤ᠃ ᠰᠢᠨ᠎ᠡ ᠵᠢ ᠡᠭᠦᠳᠬᠦ ᠬᠠᠮᠲᠤ ᠵᠢᠨ ᠲᠠᠨᠢᠯᠲᠠ ᠨᠢᠭᠲᠠᠷᠠᠬᠤ ᠵᠢ ᠳᠠᠭ᠋ᠠᠯᠳᠤᠨ᠂ ᠳᠤᠮᠳᠠᠳᠤ ᠤᠯᠤᠰ᠎ᠤᠨ 《ᠨᠠᠶ᠋ᠢᠵᠠ ᠵᠢᠨ ᠲᠣᠭᠤᠷᠢᠭ》 ᠠᠯᠬᠤᠮ ᠠᠯᠬᠤᠮ ᠵᠶ᠋ᠠᠷ ᠥᠷᠭᠡᠵᠢᠪᠡ᠃ 2024 ᠣᠨ᠎ᠤ 9 ᠳ᠋ᠦ᠍ᠭᠡᠷ ᠰᠠᠷ᠎ᠠ ᠪᠣᠯᠲᠠᠯ᠎ᠠ᠂ ᠳᠤᠮᠳᠠᠳᠤ ᠤᠯᠤᠰ ᠪᠣᠯᠤᠨ ᠪᠦᠬᠦ ᠪᠥᠮᠪᠥᠷᠴᠡᠭ᠎ᠤᠨ 80 ᠭᠠᠷᠤᠢ ᠤᠯᠤᠰ ᠪᠣᠯᠤᠨ ᠭᠠᠵᠠᠷ ᠣᠷᠣᠨ ᠵᠢᠴᠢ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠯᠤᠭ᠎ᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠬᠠᠷᠢᠯᠴᠠᠭ᠎ᠠ ᠵᠢ ᠪᠠᠶ᠋ᠢᠭᠤᠯᠵᠤ᠂ ᠶᠠᠭ ᠬᠡᠷᠡᠭᠵᠢᠭᠦᠯᠵᠦ ᠪᠠᠶ᠋ᠢᠭ᠎ᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠨᠢ 200 ᠬᠤᠪᠢ ᠵᠢ ᠳᠠᠪᠠᠵᠤ᠂ ᠳᠤᠮᠳᠠᠳᠤ ᠠᠮᠧᠷᠢᠺᠠ ᠧᠦ᠋ᠷᠣᠫᠠ ᠶᠠᠫᠣᠨ ᠺᠣᠷᠢᠶᠠ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠤᠯᠪᠣᠭ᠎ᠠ᠂ ᠳᠤᠮᠳᠠᠳᠤ ᠠᠹᠷᠢᠺᠠ ᠵᠡᠷᠭᠡ ᠲᠣᠭᠲᠠᠴᠠ ᠵᠢᠨ ᠴᠢᠨᠠᠷᠲᠠᠢ ᠬᠠᠮᠲᠤᠷᠠᠯᠴᠠᠭ᠎ᠠ᠎ᠳᠤ ᠭᠦᠨᠵᠡᠭᠡᠢ ᠣᠷᠣᠯᠴᠠᠵᠤ᠂ ᠠᠯᠳᠠᠨ ᠲᠣᠭᠤᠰᠬ᠎ᠠ ᠤᠯᠤᠰ᠎ᠤᠳ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠲᠤᠷᠠᠯᠴᠠᠭ᠎ᠠ ᠵᠢᠨ ᠲᠡᠰ ᠳᠡᠪᠰᠢᠨ ᠪᠠᠭᠲᠠᠭ᠋ᠠᠮᠵᠢ᠎ᠪᠠᠨ ᠥᠷᠭᠡᠳᠬᠡᠬᠦ ᠵᠢ ᠠᠬᠢᠭᠤᠯᠪᠠ; 246 ᠳᠤᠮᠳᠠᠳᠤ ᠧᠦ᠋ᠷᠣᠫᠠ ᠵᠢᠨ ᠭᠠᠵᠠᠷ ᠵᠦᠢ ᠵᠢᠨ ᠲᠡᠮᠳᠡᠭᠲᠦ ᠪᠦᠲᠦᠭᠡᠭᠳᠡᠬᠦᠨ᠎ᠢ ᠬᠠᠷᠢᠯᠴᠠᠨ ᠮᠡᠳᠡᠷᠡᠵᠦ ᠬᠠᠷᠢᠯᠴᠠᠨ ᠬᠠᠮᠠᠭ᠋ᠠᠯᠠᠬᠤ ᠵᠢ ᠪᠡᠶᠡᠯᠡᠭᠦᠯᠵᠦ᠂ ᠬᠤᠶᠠᠳᠤᠭ᠋ᠠᠷ ᠪᠦᠯᠦᠭ᠎ᠤᠨ 350 ᠦᠢ᠍ᠯᠡᠳᠬᠦᠨ᠎ᠤ ᠨᠠᠷᠢᠨ ᠲᠠᠩᠰᠠ ᠵᠢ ᠢᠯᠡ ᠨᠡᠶ᠋ᠢᠲᠡᠯᠡᠬᠦ ᠵᠢ ᠪᠡᠶᠡᠯᠡᠭᠦᠯᠪᠡ᠃ ᠣᠯᠠᠨ ᠲᠠᠯᠠᠲᠤ᠂ ᠡᠷᠭᠢᠨ ᠲᠣᠭᠣᠷᠢᠨ᠂ ᠪᠠᠭ᠎ᠠ ᠣᠯᠠᠨ ᠲᠠᠯ᠎ᠠ᠂ ᠬᠣᠶᠠᠷ ᠲᠠᠯ᠎ᠠ ᠵᠢᠨ 《ᠳᠥᠷᠪᠡᠨ ᠲᠠᠯ᠎ᠠ ᠬᠣᠯᠪᠣᠭ᠋ᠠᠯᠠᠨ ᠬᠥᠳᠡᠯᠦᠯᠴᠡᠵᠦ᠂ ᠵᠣᠬᠢᠴᠠᠭᠤᠯᠤᠨ ᠠᠬᠢᠭᠤᠯᠬᠤ》 ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢᠨ ᠰᠢᠨ᠎ᠡ ᠪᠠᠶ᠋ᠢᠷᠢᠰᠢᠯ᠎ᠢ ᠪᠦᠷᠢᠯᠳᠦᠭᠦᠯᠪᠡ᠃

   ᠪᠦᠬᠦ ᠪᠥᠮᠪᠥᠷᠴᠡᠭ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ 《ᠳᠤᠮᠳᠠᠳᠤ ᠤᠯᠤᠰ᠎ᠤᠨ ᠲᠥᠰᠥᠯ》 ᠎ᠢ ᠬᠠᠨᠳᠢᠪᠯᠠᠨ᠎ᠠ

  《50 ᠵᠢᠯ᠎ᠤᠨ ᠲᠤᠷᠰᠢ᠂ ᠳᠤᠮᠳᠠᠳᠤ ᠤᠯᠤᠰ ᠢᠮᠠᠭᠲᠠ ᠤᠯᠠᠨ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠯᠠᠨ ᠲᠠᠯᠠᠲᠤ ᠰᠢᠰᠲ᠋ᠧᠮ᠎ᠢ ᠡᠷᠡᠰ ᠬᠠᠮᠠᠭ᠋ᠠᠯᠠᠵᠤ᠂ ᠳᠡᠯᠡᠬᠡᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ᠎ᠲᠠᠢ ᠬᠠᠮᠲᠤᠷᠠᠯᠴᠠᠭ᠎ᠠ᠎ᠪᠠᠨ ᠲᠠᠰᠤᠷᠠᠯᠳᠠ ᠦᠭᠡᠢ ᠥᠷᠭᠡᠳᠬᠡᠨ ᠭᠦᠨᠵᠡᠭᠡᠶ᠋ᠢᠷᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠳᠤᠮᠳᠠᠳᠤ ᠤᠯᠤᠰ ᠢᠮᠠᠭᠲᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠠᠶ᠋ᠢᠭᠤᠯᠤᠯᠲᠠ ᠵᠢ ᠭᠦᠨᠵᠡᠭᠡᠶ ᠬᠡᠷᠡᠭᠵᠢᠭᠦᠯᠦᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠦᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠥᠬᠦ ᠬᠡᠯᠬᠢᠶ᠎ᠡ ᠵᠢᠨ ᠬᠠᠮᠠᠭ᠋ᠠᠯᠠᠯᠲᠠ ᠵᠢ ᠲᠠᠰᠤᠷᠠᠯᠲᠠ ᠥᠬᠡᠶ ᠴᠢᠩᠭ᠋ᠠᠳᠬᠠᠵᠤ᠂ ᠰᠢᠨ᠎ᠡ ᠵᠢ ᠡᠭᠦᠳᠬᠦ ᠣᠷᠴᠢᠨ ᠨᠥᠬᠦᠴᠡᠯ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠪᠡ》᠃ 2023 ᠣᠨ᠎ᠤ 4 ᠳ᠋ᠦ᠍ᠭᠡᠷ ᠰᠠᠷ᠎ᠠ᠎ᠳᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ ᠪᠣᠯᠤᠨ ᠳᠡᠯᠡᠬᠡᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠬᠠᠮᠲᠤᠷᠠᠯᠴᠠᠭ᠋ᠠᠨ᠎ᠤ ᠲᠠᠪᠢᠨ ᠵᠢᠯ᠎ᠤᠨ ᠤᠢ ᠵᠢ ᠳᠤᠷᠠᠰᠬᠠᠬᠤ ᠵᠢᠴᠢ ᠤᠬᠠᠭᠤᠯᠭ᠎ᠠ ᠵᠢᠨ ᠭᠠᠷᠠᠭ᠎ᠤᠨ ᠭᠤᠣᠯ ᠲᠠᠯᠠᠪᠤᠷ᠎ᠤᠨ ᠠᠵᠢᠯᠯᠠᠭ᠎ᠠ᠎ᠳᠤ ᠪᠠᠶᠠᠷ᠎ᠤᠨ ᠵᠠᠬᠢᠳᠠᠯ ᠢᠯᠡᠭᠡᠵᠦ᠂ ᠳᠤᠮᠳᠠᠳᠤ ᠤᠯᠤᠰ ᠪᠣᠯᠤᠨ ᠳᠡᠯᠡᠬᠡᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠬᠠᠮᠲᠤᠷᠠᠯᠴᠠᠭ᠎ᠠ ᠵᠢᠨ 50 ᠵᠢᠯ᠎ᠤᠨ ᠲᠤᠷᠰᠢ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ ᠭᠦᠢ᠍ᠴᠡᠳ ᠨᠤᠲᠠᠯᠠᠵᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠵᠠᠷᠴᠢᠮ ᠵᠣᠭᠰᠣᠯᠲᠠ ᠵᠢ ᠲᠠᠬᠢᠨ ᠲᠣᠳᠣᠷᠬᠠᠶ᠋ᠢᠯᠠᠪᠠ᠃

  《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠳᠤᠮᠳᠠᠳᠤ ᠤᠯᠤᠰ ᠳᠡᠯᠡᠬᠡᠶ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠭᠡᠰᠢᠭᠦᠨ ᠤᠯᠤᠰ᠎ᠤᠳ᠎ᠤᠨ ᠶᠡᠭᠡ ᠬᠤᠷᠠᠯ ᠵᠢᠴᠢ ᠡᠯ᠎ᠡ ᠲᠤᠰᠬᠠᠶ ᠮᠡᠷᠭᠡᠵᠢᠯ᠎ᠤᠨ ᠵᠥᠪᠯᠡᠯ᠎ᠤᠨ ᠬᠡᠯᠡᠯᠴᠡᠭᠡ ᠵᠥᠪᠳᠡᠯᠴᠡᠭᠡ ᠬᠢᠬᠦ᠎ᠳᠤ ᠭᠦᠨᠵᠡᠭᠡᠶ ᠣᠷᠣᠯᠴᠠᠵᠤ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠣᠯᠠᠨ ᠤᠯᠤᠰ᠎ᠤᠨ ᠲᠦᠷᠢᠮ᠎ᠢ ᠲᠡᠭᠦᠯᠳᠡᠷᠵᠢᠭᠦᠯᠬᠦ ᠵᠢ ᠠᠬᠢᠭᠤᠯᠪᠠ᠃ ᠲᠤᠮᠤ ᠳ᠋ᠠᠶ᠋ᠢᠲ᠋ᠠ᠂ ᠵᠤᠬᠢᠶᠠᠮᠠᠯ ᠤᠶᠤᠨ᠂ ᠤᠳᠤᠮᠯᠠᠯ᠎ᠤᠨ ᠡᠬᠢ ᠪᠠᠶᠠᠯᠢᠭ ᠵᠡᠷᠭᠡ ᠬᠦᠷᠢᠶᠡᠨ᠎ᠳᠤ ᠳᠤᠮᠳᠠᠳᠤ ᠤᠯᠤᠰ᠎ᠤᠨ ᠤᠶᠤᠨ ᠤᠬᠠᠭ᠋ᠠᠨ᠎ᠢ ᠨᠡᠮᠡᠷᠢᠯᠡᠨ᠎ᠡ; ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠬᠤ᠂ ᠦᠷᠭᠦᠯᠵᠢᠯᠡᠬᠦ ᠬᠥᠭᠵᠢᠯᠲᠡ ᠵᠢ ᠪᠠᠷᠢᠮᠲᠠᠯᠠᠬᠤ ᠵᠡᠷᠭᠡ ᠲᠠᠯ᠎ᠠ᠎ᠪᠠᠷ ᠳᠤᠮᠳᠠᠳᠤ ᠤᠯᠤᠰ᠎ᠤᠨ ᠲᠥᠰᠦᠯ᠎ᠢ ᠬᠠᠩᠭ᠋ᠠᠨ᠎ᠠ᠃ 2024 ᠣᠨ᠎ᠳᠤ᠂ ᠳᠤᠮᠳᠠᠳᠤ ᠤᠯᠤᠰ ᠪᠦᠬᠦ ᠪᠥᠮᠪᠥᠷᠴᠡᠭ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢ ᠵᠠᠰᠠᠬᠤ ᠳᠤᠮᠳᠠ ᠳᠠᠪᠬᠤᠷ ᠰᠢᠪᠲᠤᠯᠤᠯᠲᠠ ᠵᠢ ᠪᠡᠶᠡᠯᠡᠭᠦᠯᠵᠡᠢ — ᠳᠡᠯᠡᠬᠡᠢ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ 《ᠥᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ᠂ ᠤᠳᠤᠮᠯᠠᠯ᠎ᠤᠨ ᠡᠬᠢ ᠪᠠᠶᠠᠯᠢᠭ ᠪᠠ ᠬᠠᠮᠢᠶ᠎ᠠ ᠪᠦᠬᠦᠢ ᠤᠯᠠᠮᠵᠢᠯᠠᠯᠲᠤ ᠮᠡᠳᠡᠯᠭᠡ ᠵᠢᠨ ᠭᠡᠷ᠎ᠡ》 (ᠳᠣᠷᠣᠭᠰᠢ 《ᠥᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠭᠡᠷ᠎ᠡ》 ᠭᠡᠵᠦ ᠨᠡᠷᠡᠶ᠋ᠢᠳᠦᠨ᠎ᠡ) ᠬᠢᠭᠡᠳ 《ᠯᠢ ᠶᠠ ᠳ᠋ᠸ᠎ᠤᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠬᠠᠤᠯᠢ ᠵᠢᠨ ᠭᠡᠷ᠎ᠡ》 ᠵᠢ ᠠᠮᠵᠢᠯᠲᠠ᠎ᠲᠠᠢ ᠪᠠᠶ᠋ᠢᠭᠤᠯᠵᠠᠢ᠃ ᠳᠣᠮᠲᠠᠲᠤ ᠤᠯᠤᠰ᠎ᠤᠨ ᠲᠠᠯ᠎ᠠ ᠡᠭᠦᠠ᠎ᠳᠤ ᠪᠤᠢ᠍ᠲᠣᠭᠡᠯᠴᠢ ᠣᠢ᠍ᠢ᠍ᠯᠠᠲᠣᠯ ᠭᠠᠷᠭ᠋ᠠᠬᠰᠠᠨ ᠪᠦᠭᠡᠳ ᠲᠠᠯᠠᠭᠡᠢ ᠨᠠᠢ᠍ᠢ᠍ᠲᠠ ᠵᠢᠨ ᠲᠠᠭᠡᠲᠤ ᠬᠡᠮᠵᠢᠶᠠᠨ᠎ᠤ ᠦᠨᠡᠯᠡᠯᠲᠠ ᠵᠢ ᠣᠯᠣᠬᠰᠠᠨ       ᠪᠠᠢ᠍ᠢ᠍ᠨ᠎ᠠ᠃

  25 ᠵᠢᠯ᠎ᠤᠨ ᠬᠡᠯᠡᠯᠴᠡᠭᠡᠷ᠎ᠲᠤ 《ᠥᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠭᠡᠷ᠎ᠡ》 ᠪᠣᠯ 《ᠰᠣᠬᠤᠷ ᠬᠥᠮᠦᠨ᠂ ᠬᠠᠷᠠᠭ᠋ᠠᠨ᠎ᠤ ᠰᠠᠭ᠋ᠠᠳ᠎ᠲᠠᠢ ᠬᠥᠮᠦᠨ ᠪᠤᠶᠤ ᠪᠤᠰᠤᠳ ᠬᠡᠪᠯᠡᠭᠳᠡᠬᠦᠨ᠎ᠤ ᠤᠩᠰᠢᠯᠭ᠎ᠠ ᠵᠢᠨ ᠬᠠᠷᠰᠢ ᠰᠠᠭ᠋ᠠᠳ᠎ᠲᠠᠢ ᠬᠥᠮᠦᠰ᠎ᠲᠤ ᠨᠢᠭᠡᠨᠲᠡ ᠬᠡᠪᠯᠡᠭᠦᠯᠦᠭᠰᠡᠨ ᠪᠦᠲᠦᠭᠡᠯ᠎ᠳᠤ ᠲᠥᠬᠦᠮ ᠨᠥᠬᠦᠴᠡᠯ ᠬᠠᠩᠭ᠋ᠠᠭᠰᠠᠨ ᠮᠠ ᠯᠠ ᠺᠠᠠ ᠱ᠌ᠢ ᠭᠡᠷ᠎ᠡ》 ᠪᠣᠯᠤᠭᠰᠠᠨ᠎ᠤ ᠳᠠᠷᠠᠭ᠎ᠠ᠂ ᠪᠠᠲᠤᠯᠠᠭᠰᠠᠨ ᠪᠠᠰᠠ ᠨᠢᠭᠡ ᠴᠢᠬᠤᠯᠠ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠰᠢᠨ᠎ᠡ ᠭᠡᠷ᠎ᠡ ᠪᠣᠯᠤᠨ᠎ᠠ᠃ 《〈ᠥᠮᠴᠢᠯᠡᠬᠦ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠭᠡᠷ᠎ᠡ〉᠎ᠳᠤ ᠲᠤᠰᠬᠠᠶ ᠠᠰᠢᠭ᠎ᠤᠨ ᠭᠤᠶᠤᠴᠢᠯᠠᠯ᠎ᠢ ᠢᠯᠡ ᠪᠣᠯᠭ᠋ᠠᠬᠤ ᠢᠯᠡ ᠲᠣᠳᠣ ᠵᠢᠨ ᠬᠡᠮᠵᠢᠶ᠎ᠡ ᠪᠠ ᠤᠳᠤᠮᠰᠢᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠵᠢᠴᠢ ᠤᠯᠠᠮᠵᠢᠯᠠᠯᠲᠤ ᠮᠡᠳᠡᠯᠭᠡ ᠵᠢᠨ ᠳᠠᠪᠬᠤᠷ ᠠᠴᠢ ᠬᠤᠯᠪᠣᠭᠳᠠᠯ᠎ᠲᠠᠢ ᠶᠤᠮ᠂ ᠲᠡᠭᠦᠨ᠎ᠤ ᠲᠣᠭᠲᠠᠭ᠋ᠠᠭᠰᠠᠨ ᠵᠣᠬᠢᠴᠠᠭᠤᠯᠬᠤ ᠬᠠᠷᠠᠯᠲᠠ᠎ᠨᠢ ᠬᠥᠭᠵᠢᠵᠦ ᠪᠠᠶ᠋ᠢᠭ᠎ᠠ ᠤᠯᠤᠰ ᠬᠢᠭᠡᠳ ᠬᠥᠭᠵᠢᠭᠰᠡᠨ ᠤᠯᠤᠰ᠎ᠤᠨ ᠠᠰᠢᠭ ᠲᠤᠰᠠ ᠵᠢᠨ ᠬᠦᠰᠡᠯ ᠱᠠᠭ᠋ᠠᠷᠳᠠᠯᠭ᠎ᠠ ᠵᠢ ᠬᠠᠮᠲᠤ᠎ᠳᠤ᠎ᠨᠢ ᠬᠠᠷᠠᠭ᠋ᠠᠯᠵᠠᠵᠤ᠂ ᠵᠢᠱ᠌ᠢᠯᠲᠡ᠎ᠪᠠᠷ ᠡᠯ᠎ᠡ ᠤᠯᠤᠰ ᠪᠤᠶᠤ ᠭᠠᠵᠠᠷ ᠣᠷᠣᠨ᠎ᠤ ᠬᠤᠯᠪᠣᠭᠳᠠᠯ ᠪᠥᠬᠦᠶ ᠬᠠᠤᠯᠢ ᠲᠣᠭᠲᠠᠭ᠋ᠠᠬᠤ᠎ᠳᠤ ᠵᠣᠬᠢᠴᠠᠭᠤᠯᠬᠤ ᠦᠢ᠍ᠯᠡᠳᠦᠯ ᠦᠵᠡᠭᠦᠯᠬᠦ᠎ᠨᠢ ᠴᠢᠬᠤᠯᠠ ᠶᠡᠭᠡ ᠠᠴᠢ ᠬᠤᠯᠪᠣᠭᠳᠠᠯ᠎ᠲᠠᠢ ᠶᠤᠮ》 ᠭᠡᠵᠡᠶ᠃ ᠹᠦᠳᠠᠨ ᠶᠡᠬᠡ ᠰᠤᠷᠭ᠋ᠠᠭᠤᠯᠢ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠤᠳᠤᠯᠭ᠋ᠠᠨ᠎ᠤ ᠲᠥᠪ᠎ᠤᠨ ᠡᠷᠬᠢᠯᠡᠭᠴᠢ ᠵᠠᠩ ᠨᠠᠢ ᠭᠧᠨ ᠢᠩᠭᠢᠵᠦ ᠦᠨᠡᠯᠡᠪᠡ᠃

  2024 ᠣᠨ᠎ᠤ 11 ᠳ᠋ᠦ᠍ᠭᠡᠷ ᠰᠠᠷ᠎ᠠ ᠵᠢᠨ 11᠎ᠤ ᠡᠳᠦᠷ᠎ᠠᠴᠠ 22᠎ᠤᠨ ᠡᠳᠦᠷ ᠪᠣᠯᠲᠠᠯ᠎ᠠ᠂ ᠰᠠᠦ᠋ᠳ᠋᠎ᠤᠨ ᠠᠷᠠᠪ᠎ᠤᠨ ᠨᠠᠶ᠋ᠢᠰᠯᠠᠯ ᠷᠢᠶᠠᠲ᠎ᠳᠤ ᠬᠤᠷᠠᠯᠳᠤᠭᠤᠯᠤᠭᠰᠠᠨ ᠳᠡᠯᠡᠬᠡᠶ ᠵᠢᠨ ᠮᠡᠳᠡᠯᠭᠡ ᠵᠢᠨ ᠪᠦᠲᠦᠭᠡᠭᠳᠡᠬᠦᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠰᠠᠨ ᠪᠠ ᠭᠠᠳᠠᠷ ᠪᠠᠶ᠋ᠢᠳᠠᠯ᠎ᠢ ᠵᠢᠷᠤᠵᠤ ᠲᠥᠯᠥᠪᠯᠡᠬᠦ ᠠᠷᠭ᠎ᠠ᠎ᠪᠠᠷ ᠳᠠᠮᠵᠢᠭᠤᠯᠤᠨ ᠭᠠᠳᠠᠭ᠋ᠠᠳᠤ ᠬᠠᠷᠢᠯᠴᠠᠭ᠋ᠠᠨ᠎ᠤ ᠭᠡᠷ᠎ᠡ ᠲᠣᠭᠲᠠᠬᠤ ᠭᠠᠳᠠᠭ᠋ᠠᠳᠤ ᠬᠠᠷᠢᠯᠴᠠᠭ᠋ᠠᠨ᠎ᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠪᠦᠲᠦᠭᠡᠯᠴᠢ ᠴᠢᠨᠠᠷ᠂ ᠲᠤᠰᠬᠠᠶ ᠮᠡᠷᠭᠡᠵᠢᠯ᠎ᠤᠨ ᠴᠢᠨᠠᠷ ᠪᠠ ᠠᠮᠢᠳᠤᠯᠢᠭ ᠴᠢᠨᠠᠷ᠎ᠤᠨ ᠢᠳᠡᠪᠬᠢᠲᠡᠶ ᠣᠪᠣᠷ ᠵᠶ᠋ᠠᠷ ᠬᠥᠭᠵᠢᠭᠰᠡᠨ ᠤᠯᠤᠰ ᠪᠠ ᠬᠥᠭᠵᠢᠵᠦ ᠪᠠᠶ᠋ᠢᠭ᠎ᠠ ᠤᠯᠤᠰ᠎ᠤᠨ ᠵᠥᠷᠢᠯᠳᠦᠭᠡᠨ᠎ᠲᠠᠢ ᠵᠣᠬᠢᠴᠠᠬᠤ ᠵᠢ ᠠᠬᠢᠭᠤᠯᠵᠤ᠂ ᠭᠡᠷ᠎ᠡ ᠵᠢᠨ ᠠᠮᠵᠢᠯᠲᠠ᠎ᠲᠠᠢ᠎ᠪᠠᠷ ᠪᠠᠶ᠋ᠢᠭᠤᠯᠬᠤ ᠵᠢ ᠠᠬᠢᠭᠤᠯᠪᠠ᠃ ᠭᠠᠳᠠᠭ᠋ᠠᠳᠤ ᠬᠠᠷᠢᠯᠴᠠᠭ᠋ᠠᠨ᠎ᠤ ᠶᠡᠬᠡ ᠬᠤᠷᠠᠯ᠎ᠤᠨ ᠲᠡᠷᠢᠭᠦᠯᠡᠭᠴᠢ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ᠎ᠤᠨ ᠦᠢ᠍ᠯᠡᠳᠦᠯ ᠦᠵᠡᠭᠦᠯᠦᠭᠰᠡᠨ᠎ᠳᠤ ᠲᠤᠰᠬᠠᠶ᠋ᠢᠯᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃

  《ᠣᠶ᠋ᠢᠷ᠎ᠠ ᠵᠢᠨ ᠵᠢᠯ᠎ᠤᠳ᠎ᠲᠤ᠂ ᠳᠤᠮᠳᠠᠳᠤ ᠤᠯᠤᠰ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠦᠷᠢᠶᠡᠨ᠎ᠳᠤ ᠲᠠᠰᠤᠷᠠᠯᠲᠠ ᠥᠬᠡᠶ ᠬᠠᠶ᠋ᠢᠨ ᠰᠦᠪᠡᠭᠴᠢᠯᠡᠵᠦ ᠰᠢᠨ᠎ᠡ ᠵᠢ ᠡᠭᠦᠳᠴᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠮᠢ ᠠᠬᠤᠶ ᠵᠢᠨ ᠰᠢᠰᠲ᠋ᠧᠮ᠎ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠤᠯᠤᠰ᠎ᠤᠨ ᠳᠣᠲᠣᠭ᠋ᠠᠳᠤ ᠵᠢᠨ ᠰᠢᠨ᠎ᠡ ᠵᠢ ᠡᠭᠦᠳᠬᠦ ᠵᠢ ᠬᠦᠴᠦᠲᠡᠶ ᠠᠬᠢᠭᠤᠯᠤᠭᠰᠠᠨ ᠪᠥᠭᠡᠳ ᠪᠥᠬᠦ ᠪᠥᠮᠪᠥᠷᠴᠡᠭ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠥᠭᠵᠢᠯᠲᠡ᠎ᠳᠤ ᠥᠯᠢᠭᠡᠷ ᠳᠠᠭᠤᠷᠢᠶᠠᠯ᠎ᠢ ᠪᠣᠶ ᠪᠣᠯᠭ᠋ᠠᠭᠰᠠᠨ》 ᠭᠡᠵᠡᠶ᠃ ᠳᠡᠯᠡᠬᠡᠢ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠣᠬᠢᠶᠠᠨ ᠪᠠᠶ᠋ᠢᠭᠤᠯᠤᠯᠲᠠ ᠵᠢᠨ ᠶᠡᠷᠦᠩᠬᠡᠢ ᠠᠵᠢᠯᠯᠠᠭᠴᠢ ᠳ᠋ᠧᠩ ᠬᠤᠩ ᠰᠧᠨ ᠳᠤᠮᠳᠠᠳᠤ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠦᠢ᠍ᠯᠡᠰ᠎ᠢ ᠳᠡᠭᠡᠳᠦ ᠬᠡᠮᠵᠢᠶ᠎ᠡ᠎ᠪᠠᠷ ᠦᠨᠡᠯᠡᠪᠡ᠃

   ᠣᠳᠣᠬᠠᠨ᠎ᠳᠤ᠂ ᠳᠤᠮᠳᠠᠳᠤ ᠤᠯᠤᠰ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ 《ᠲᠤᠰᠬᠠᠶ ᠠᠰᠢᠭ᠎ᠤᠨ ᠬᠠᠮᠲᠤᠷᠠᠯᠴᠠᠭ᠋ᠠᠨ᠎ᠤ ᠭᠡᠷ᠎ᠡ》 (PCT) ᠠᠷᠭ᠎ᠠ ᠵᠠᠮ ᠵᠶ᠋ᠠᠷ ᠳᠠᠮᠵᠢᠭᠤᠯᠤᠨ ᠣᠯᠠᠨ ᠤᠯᠤᠰ᠎ᠤᠨ ᠲᠤᠰᠬᠠᠶ ᠠᠰᠢᠭ᠎ᠤᠨ ᠭᠤᠶᠤᠴᠢᠯᠠᠯ᠎ᠤᠨ ᠲᠤᠭ᠎ᠠ ᠬᠡᠮᠵᠢᠶ᠎ᠡ 6 ᠵᠢᠯ ᠳᠠᠷᠠᠭ᠋ᠠᠯᠠᠨ ᠪᠥᠬᠦ ᠪᠥᠮᠪᠥᠷᠴᠡᠭ᠎ᠤᠨ ᠨᠢᠭᠡᠳᠦᠭᠡᠷ᠎ᠲᠤ ᠣᠷᠣᠪᠠ᠃ ᠲᠤᠰᠬᠠᠶ ᠠᠰᠢᠭ᠎ᠤᠨ ᠬᠢᠨᠠᠨ ᠪᠠᠶ᠋ᠢᠴᠠᠭ᠋ᠠᠯᠲᠠ ᠵᠢᠨ ᠲᠦᠷᠭᠡᠨ᠎ᠤ ᠵᠠᠮ (PPH)᠎ᠤᠨ ᠬᠠᠮᠲᠤᠷᠠᠯᠴᠠᠭ᠋ᠠᠨ᠎ᠤ ᠬᠠᠨᠢᠲᠠᠨ 33 ᠪᠣᠯᠵᠣ᠂ 84 ᠤᠯᠤᠰ᠎ᠢ ᠬᠠᠮᠤᠷᠪᠠ; ᠳᠤᠮᠳᠠᠳᠤ ᠤᠯᠤᠰ᠎ᠲᠤ 151 ᠮᠡᠷᠭᠡᠵᠢᠯ ᠬᠢᠭᠡᠳ ᠰᠢᠨ᠎ᠡ ᠵᠢ ᠡᠭᠦᠳᠬᠦ ᠵᠢ ᠳᠡᠮᠵᠢᠬᠦ ᠲᠥᠪ (TISC)᠎ᠢ ᠪᠣᠳᠠᠲᠠᠶ ᠪᠠᠶ᠋ᠢᠭᠤᠯᠪᠠ᠃ ᠳᠤᠮᠳᠠᠳᠤ ᠤᠯᠤᠰ ᠨᠢᠭᠡᠨᠲᠡ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠯᠠᠨ ᠤᠯᠤᠰ᠎ᠤᠨ ᠰᠢᠰᠲ᠋ᠧᠮ᠎ᠤᠨ ᠪᠦᠳᠦᠭᠡᠨ ᠪᠠᠶ᠋ᠢᠭᠤᠯᠤᠭᠴᠢ᠂ ᠴᠢᠬᠤᠯᠠ ᠬᠤᠪᠢ ᠨᠡᠮᠡᠷᠢ ᠦᠵᠡᠭᠦᠯᠦᠭᠴᠢ᠂ ᠡᠷᠡᠰ ᠪᠠᠲᠤ ᠬᠠᠮᠠᠭ᠋ᠠᠯᠠᠭᠴᠢ ᠪᠣᠯᠤᠭᠰᠠᠨ ᠪᠠᠶ᠋ᠢᠨ᠎ᠠ᠃

   ᠠᠵᠤ ᠠᠬᠤᠶ᠋ᠢᠯᠠᠯ᠎ᠤᠨ ᠬᠥᠭᠵᠢᠯᠲᠡ ᠵᠢᠨ ᠢᠲᠡᠭᠡᠯ᠎ᠢ ᠪᠠᠲᠤᠳᠬᠠᠵᠤ ᠰᠢᠨ᠎ᠡ ᠵᠢ ᠡᠭᠦᠳᠬᠦ ᠠᠮᠢ ᠠᠬᠤᠢ ᠵᠢ ᠴᠤᠭᠴᠠᠯᠠᠨ᠎ᠠ

   ᠳᠣᠮᠲᠠᠲᠤ ᠤᠯᠤᠰ ᠦᠩᠭᠡᠷᠡᠭᠰᠡᠨ᠎ᠳᠤ᠂ ᠤᠳᠤ᠂ ᠢᠷᠡᠭᠡᠳᠦᠢ᠎ᠳᠤ ᠵᠠᠢ᠍ᠢ᠍ᠯᠠᠰᠢ ᠣᠢ᠍ᠭᠡᠢ ᠭᠠᠲᠠᠭ᠋ᠠᠲᠤ ᠵᠢᠨ ᠬᠣᠲᠠᠯᠲᠣᠭ᠋ᠠᠨ᠎ᠤ ᠢᠷᠡᠭᠡᠳᠦᠢ ᠵᠢᠨ ᠬᠦᠰᠡᠯᠡᠩ᠂ ᠠᠮᠣᠷ ᠳᠣᠢ᠍ᠪᠰᠢᠠ᠂ ᠪᠤᠢ᠍ᠲᠣᠮᠵᠢᠲᠠᠢ ᠪᠠᠯᠠ ᠣᠷᠣᠭᠣᠯᠣᠯᠲᠠ ᠵᠢᠨ ᠵᠣᠷᠢᠭᠰᠠᠨ ᠭᠠᠵᠠᠷ ᠮᠣᠢ᠍ᠠ᠂ ᠳᠣᠮᠲᠠᠲᠤ ᠤᠯᠤᠰ᠎ᠲᠠᠢ ᠬᠠᠮᠲᠤ ᠠᠵᠢᠯᠯᠠᠪᠠᠯ ᠲᠠᠷᠣᠢ ᠠᠵᠠ ᠳᠣᠭᠢᠶᠠᠯ᠎ᠲᠠᠢ ᠬᠠᠮᠲᠤ ᠠᠶᠠᠯᠠᠵᠤ᠂ ᠳᠤᠮᠳᠠᠳᠤ ᠤᠯᠤᠰ᠎ᠢ ᠢᠲᠡᠭᠡᠬᠦ᠎ᠨᠢ ᠳᠠᠷᠤᠢ ᠮᠠᠷᠭ᠋ᠠᠰᠢ ᠵᠢ ᠢᠲᠡᠭᠡᠵᠦ ᠪᠠᠢ᠌ᠨ᠎ᠠ᠂ ᠳᠤᠮᠳᠠᠳᠤ ᠤᠯᠤᠰ᠎ᠲᠤ ᠪᠡᠯᠡ ᠣᠷᠣᠭᠤᠯᠬᠤ᠎ᠨᠢ ᠳᠠᠷᠤᠢ ᠢᠷᠡᠭᠡᠳᠦᠢ᠎ᠳᠤ ᠪᠡᠯᠡ ᠣᠷᠣᠭᠤᠯᠵᠤ ᠪᠠᠢ᠌ᠭ᠎ᠠ ᠶᠠᠪᠤᠳᠠᠯ ᠪᠣᠯᠣᠨ᠎ᠠ》᠃ ᠡᠨᠡ ᠵᠢᠯ᠎ᠤᠨ 3 ᠳ᠋ᠤᠭ᠋ᠠᠷ ᠰᠠᠷ᠎ᠠ᠎ᠳᠤ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠤᠯᠠᠨ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠬᠤ᠎ᠳᠠᠭᠠᠨ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠳᠤ ᠠᠵᠠ ᠲᠣᠬᠢᠶᠠᠯ᠎ᠢ ᠬᠠᠮᠲᠤ᠎ᠪᠠᠷ ᠡᠳ᠋ᠯᠡᠬᠦ᠂ ᠬᠠᠮᠲᠤ᠎ᠪᠠᠷ ᠬᠥᠭᠵᠢᠬᠦ ᠴᠢᠩ ᠦᠨᠡᠨᠴᠢ ᠤᠷᠢᠯᠭ᠎ᠠ ᠶᠠᠪᠤᠭᠤᠯᠪᠠ᠃

  《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠳᠤᠮᠳᠠᠳᠤ ᠤᠯᠤᠰ ᠳᠣᠲᠣᠭ᠋ᠠᠳᠤ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠨᠢᠭᠡ ᠯᠡ ᠠᠳᠠᠯᠢ᠎ᠪᠠᠷ ᠬᠠᠨᠳᠤᠵᠤ᠂ ᠵᠡᠷᠭᠡ᠎ᠪᠠᠷ ᠬᠠᠮᠠᠭ᠋ᠠᠯᠠᠬᠤ ᠵᠢ ᠪᠠᠷᠢᠮᠲᠠᠯᠠᠵᠤ᠂ ᠡᠯ᠎ᠡ ᠲᠦᠷᠦᠯ᠎ᠤᠨ ᠠᠵᠤ ᠠᠬᠤᠶ᠋ᠢᠯᠠᠯ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠴᠦ᠂ ᠨᠡᠩ ᠤᠯᠠᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠪᠡᠯᠡ ᠣᠷᠣᠭᠤᠯᠤᠨ ᠦᠢ᠍ᠯᠡᠰ ᠪᠤᠰᠬᠠᠬᠤ ᠵᠢ ᠲᠠᠲᠠᠪᠠ᠃ ᠲᠤᠭ᠎ᠠ ᠪᠠᠷᠢᠮᠲᠠ᠎ᠠᠴᠠ ᠦᠵᠡᠪᠡᠯ᠂ 2025 ᠣᠨ᠎ᠤ 2 ᠳ᠋ᠤᠭ᠋ᠠᠷ ᠰᠠᠷ᠎ᠠ ᠪᠣᠯᠲᠠᠯ᠎ᠠ᠂ ᠭᠠᠳᠠᠭ᠋ᠠᠳᠤ ᠵᠢᠨ ᠡᠭᠦᠳᠦᠨ ᠪᠦᠲᠦᠭᠡᠭᠰᠡᠨ ᠲᠤᠰᠬᠠᠶ ᠠᠰᠢᠭ᠎ᠤᠨ ᠡᠷᠬᠡ ᠣᠯᠭᠤᠯᠲᠠ᠎ᠨᠢ 11.9 ᠲᠦᠮᠡ ᠵᠢ ᠳᠠᠪᠠᠪᠠ; ᠭᠠᠳᠠᠭ᠋ᠠᠳᠤ ᠵᠢᠨ ᠳᠤᠮᠳᠠᠳᠤ ᠤᠯᠤᠰ᠎ᠲᠤ ᠪᠠᠶ᠋ᠢᠭ᠎ᠠ ᠲᠠᠸᠠᠷ᠎ᠤᠨ ᠲᠡᠮᠳᠡᠭ᠎ᠢ 16 ᠲᠦᠮᠡ ᠭᠠᠷᠤᠶ ᠳᠠᠩᠰᠠᠯᠠᠭᠤᠯᠤᠭᠰᠠᠨ ᠪᠠᠶ᠋ᠢᠨ᠎ᠠ᠃ 2023 ᠣᠨ᠎ᠳᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ᠎ᠳᠤ ᠬᠠᠨᠳᠤᠭᠤᠯᠤᠭᠰᠠᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠬᠠᠨᠤᠮᠵᠢ ᠵᠢᠨ ᠬᠡᠮᠵᠢᠶ᠎ᠡ 80.55 ᠬᠤᠪᠢ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.44 ᠬᠤᠪᠢ ᠳᠡᠭᠡᠭᠰᠢᠯᠡᠪᠡ᠃

  《ᠳᠤᠮᠳᠠᠳᠤ ᠤᠯᠤᠰ᠎ᠤᠨ ᠣᠨᠴᠠᠯᠢᠭ ᠪᠦᠬᠦᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠰᠢᠰᠲ᠋ᠧᠮ᠎ᠨᠢ ᠪᠢᠳᠡᠨ᠎ᠳᠤ ᠤᠷᠢᠳ ᠡᠮᠦᠨ᠎ᠡ ᠪᠠᠶ᠋ᠢᠭ᠎ᠠ ᠦᠭᠡᠢ ᠳᠡᠮᠵᠢᠯᠭᠡ ᠪᠠ ᠲᠥᠬᠦᠮ ᠨᠥᠬᠦᠴᠡᠯ᠎ᠢ ᠮᠡᠳᠡᠷᠡᠭᠦᠯᠪᠡ᠃ ᠵᠠᠰᠠᠭ ᠵᠠᠬᠢᠷᠭ᠎ᠠ ᠬᠢᠭᠡᠳ ᠬᠠᠤᠯᠢ ᠴᠠᠭ᠋ᠠᠵᠠ ᠵᠢ ᠬᠠᠮᠵᠢᠯᠴᠠᠨ ᠬᠠᠮᠠᠭ᠋ᠠᠯᠠᠬᠤ ᠵᠠᠭᠪᠤᠷ᠎ᠨᠢ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠲᠦᠷᠭᠡᠨ᠂ ᠠᠮᠢᠳᠤᠯᠢᠭ ᠳᠠᠪᠠᠭᠤᠯᠢᠭ᠎ᠢ ᠪᠠᠳᠠᠷᠠᠭᠤᠯᠤᠭᠰᠠᠨ ᠮᠥᠷᠲᠡᠭᠡᠨ ᠪᠠᠰᠠ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠡᠷᠬᠡ ᠰᠦᠷᠲᠦ ᠴᠢᠨᠠᠷ᠎ᠢ ᠪᠠᠲᠤᠯᠠᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠠᠬᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ᠎ᠳᠤ ᠪᠦᠬᠦ ᠲᠠᠯ᠎ᠠ ᠵᠢᠨ᠂ ᠤᠯᠠᠨ ᠲᠡᠰ ᠳᠠᠪᠬᠤᠷᠭ᠎ᠠ ᠵᠢᠨ ᠪᠠᠲᠤᠯᠠᠭ᠎ᠠ ᠬᠠᠩᠭ᠋ᠠᠪᠠ》᠃ ᠹᠸᠢ᠎ᠨᠢ ᠺᠸ ᠰᠸ ᠴᠠᠬᠢᠯᠭ᠋ᠠᠨ ᠬᠡᠢ ᠵᠢᠨ ᠳᠤᠮᠳᠠᠳᠤ ᠤᠯᠤᠰ᠎ᠤᠨ ᠺᠣᠮᠫᠠᠨᠢ ᠵᠢᠨ ᠮᠡᠷᠭᠡᠵᠢᠯ᠎ᠤᠨ ᠳᠡᠳ᠋ ᠶᠡᠷᠦᠩᠬᠡᠢ ᠵᠠᠬᠢᠷᠤᠯ ᠪᠣᠯᠤᠨ ᠲᠡᠷᠢᠭᠦᠨ ᠰᠢᠨ᠎ᠡ ᠲᠤᠰᠢᠶᠠᠯᠲᠠᠨ ᠶᠢᠨ ᠬᠣᠩ ᠵᠢᠶᠦ᠋ᠨ ᠲᠤᠰ ᠰᠣᠨᠢᠨ᠎ᠤ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ᠎ᠳᠡᠭᠡᠨ᠂ ᠳᠤᠮᠳᠠᠳᠤ ᠤᠯᠤᠰ ᠮᠡᠳᠡᠯᠭᠡ ᠵᠢᠨ ᠥᠮᠴᠢ ᠵᠢᠨ ᠡᠷᠬᠡ ᠵᠢᠨ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠬᠠᠢ᠌ᠨ ᠰᠦᠪᠡᠭᠴᠢᠯᠡᠯᠲᠡ ᠪᠣᠯᠤᠨ ᠦᠢ᠍ᠯᠡᠳᠦᠯᠭᠡ ᠬᠢᠵᠦ᠂ ᠹᠸᠢ᠎ᠨᠢ ᠺᠸ ᠰᠸ ᠴᠠᠬᠢᠯᠭ᠋ᠠᠨ ᠬᠡᠢ ᠵᠢᠨ ᠳᠤᠮᠳᠠᠳᠤ ᠤᠯᠤᠰ᠎ᠤᠨ ᠺᠣᠮᠫᠠᠨᠢ ᠵᠢ ᠪᠠᠭᠲᠠᠭ᠋ᠠᠭᠰᠠᠨ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠳᠤ ᠨᠡᠩ ᠠᠮᠤᠷ ᠲᠦᠪᠰᠢᠨ᠂ ᠲᠣᠭᠲᠠᠭᠤᠨ᠂ ᠵᠢᠱ᠌ᠢᠵᠦ ᠪᠣᠯᠬᠤ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠬᠠᠩᠭ᠋ᠠᠭᠰᠠᠨ ᠵᠶ᠋ᠠᠷ ᠪᠠᠷᠠᠬᠤ ᠦᠭᠡᠢ᠂ ᠪᠠᠰᠠ ᠪᠦᠬᠦ ᠪᠥᠮᠪᠥᠷᠴᠡᠭ᠎ᠤᠨ ᠮᠡᠳᠡᠯᠭᠡ ᠵᠢᠨ ᠥᠮᠴᠢ ᠵᠢᠨ ᠡᠷᠬᠡ ᠵᠢᠨ ᠬᠠᠮᠠᠭ᠋ᠠᠯᠠᠯᠲᠠ ᠵᠢᠨ ᠰᠢᠰᠲᠸᠮ᠎ᠳᠤ ᠨᠡᠩ ᠣᠯᠠᠨ ᠠᠮᠢᠵᠢᠷᠠᠯ᠎ᠤᠨ ᠬᠦᠴᠦᠨ᠎ᠢ ᠣᠷᠣᠭᠤᠯᠵᠠᠢ᠃

   ᠡᠨᠠ ᠪᠤᠯ ᠳᠣᠮᠲᠠᠲᠤ ᠤᠯᠤᠰ᠎ᠤᠨ ᠪᠠᠢ᠍ᠢ᠍ᠭᠣᠯᠣᠬᠰᠠᠨ ᠪᠤᠢ᠍ᠭᠦ ᠲᠠᠯ᠎ᠠ᠂ ᠣᠯᠠᠨ ᠲᠠᠰ ᠲᠠᠪᠬᠣᠷᠭ᠎ᠠ ᠵᠢᠨ ᠮᠠᠲᠠᠯᠭᠡ ᠵᠢᠨ ᠪᠤᠢ᠍ᠲᠣᠭᠡᠭᠲᠠᠭᠦᠠ᠎ᠤ ᠡᠷᠭᠡ ᠵᠢᠨ ᠬᠠᠮᠠᠭ᠋ᠠᠯᠠᠯᠲᠠ ᠪᠠ ᠦᠢ᠍ᠯᠡᠴᠢᠯᠡᠭᠡᠨ᠎ᠤ ᠰᠢᠰᠲ᠋ᠧᠮ᠎ᠤᠨ ᠬᠦᠴᠦᠲᠠᠢ ᠲᠦᠰᠢᠭ ᠪᠤᠯᠣᠨ᠎ᠠ᠃ 2024 ᠣᠨ᠎ᠤ ᠡᠴᠦᠰ ᠪᠣᠯᠲᠠᠯ᠎ᠠ᠂ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ ᠨᠢᠭᠡᠨᠲᠡ 124 ᠤᠯᠤᠰ᠎ᠤᠨ ᠲᠠᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ ᠪᠠ ᠡᠷᠬᠡ᠎ᠪᠠᠨ ᠲᠦᠷᠭᠡᠨ ᠬᠠᠮᠠᠭ᠋ᠠᠯᠠᠬᠤ ᠲᠥᠪ᠎ᠢ ᠪᠥᠲᠥᠭᠡᠨ ᠪᠠᠶ᠋ᠢᠭᠤᠯᠵᠤ᠂ ᠳᠠᠩᠰᠠᠯᠠᠭᠤᠯᠤᠭᠰᠠᠨ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠤᠤᠯ ᠴᠣᠭᠴᠠ᠎ᠨᠢ 19.3 ᠲᠦᠮᠡ᠎ᠠᠴᠠ ᠳᠠᠪᠠᠪᠠ᠂ ᠡᠭᠦᠨ᠎ᠳᠤ 75%᠎ᠠᠴᠠ ᠳᠡᠭᠡᠭᠰᠢᠬᠢ᠎ᠨᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ᠎ᠠ; ᠤᠯᠤᠰ᠎ᠤᠨ ᠭᠠᠳᠠᠭ᠋ᠠᠳᠤ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠵᠢᠯᠣᠭᠤᠳᠬᠤ ᠬᠤᠪᠢᠶᠠᠷᠢ ᠲᠥᠪ᠎ᠢ ᠨᠡᠶ᠋ᠢᠲᠡ 80 ᠪᠠᠶ᠋ᠢᠭᠤᠯᠵᠤ᠂ ᠠᠵᠤ ᠠᠬᠤᠶ᠋ᠢᠯᠠᠯ᠎ᠲᠠᠢ ᠵᠣᠯᠭ᠋ᠠᠭᠤᠯᠬᠤ᠎ᠪᠠᠷ ᠳᠠᠮᠵᠢᠭᠤᠯᠤᠨ᠂ ᠲᠤᠰᠬᠠᠶ ᠮᠡᠷᠭᠡᠵᠢᠯ᠎ᠤᠨ ᠴᠢᠨᠠᠷᠲᠠᠶ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠬᠢᠯᠢ ᠵᠢᠨ ᠭᠠᠳᠠᠨᠠᠬᠢ ᠡᠷᠬᠡ᠎ᠪᠠᠨ ᠬᠠᠮᠠᠭ᠋ᠠᠯᠠᠬᠤ ᠵᠢᠯᠣᠭᠤᠳᠣᠯᠭ᠎ᠠ ᠬᠠᠩᠭ᠋ᠠᠵᠤ᠂ ᠭᠠᠳᠠᠭ᠋ᠠᠳᠤ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠠᠷᠭ᠋ᠠᠴᠠᠭ᠋ᠠᠬᠤ ᠵᠢᠯᠣᠭᠤᠳᠬᠤ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠦᠷᠭᠦᠯᠵᠢᠯᠡᠨ ᠥᠷᠭᠡᠳᠬᠡᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ 《ᠲᠡᠯᠡᠶ᠎ᠳᠤ ᠭᠠᠷᠭ᠋ᠠᠬᠤ》 ᠵᠢ ᠬᠠᠮᠠᠭ᠋ᠠᠯᠠᠪᠠ᠃

   ᠨᠢᠭᠡ ᠵᠢᠯ᠎ᠤᠨ ᠬᠠᠪᠤᠷ᠎ᠤᠨ ᠲᠠᠷᠢᠶᠠᠯᠠᠭ᠎ᠠ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠪᠣᠳᠠᠲᠠᠢ ᠠᠵᠢᠯᠯᠠᠵᠤ ᠰᠢᠨ᠎ᠡ ᠪᠠᠶ᠋ᠢᠳᠠᠯ᠎ᠢ ᠡᠬᠢᠯᠡᠭᠦᠯᠵᠡᠢ᠃ 《ᠠᠷᠪᠠᠨ ᠲᠠᠪᠤᠳᠤᠭ᠋ᠠᠷ ᠲᠠᠪᠤᠨ ᠵᠢᠯ》᠎ᠳᠤ ᠳᠤᠮᠳᠠᠳᠤ ᠤᠯᠤᠰ ᠨᠡᠩ ᠨᠡᠭᠡᠭᠡᠯᠲᠡᠲᠡᠢ ᠣᠪᠣᠷ ᠪᠠᠶ᠋ᠢᠳᠠᠯ᠂ ᠨᠡᠩ ᠰᠢᠨ᠎ᠡ ᠵᠢ ᠡᠭᠦᠳᠬᠦ ᠰᠡᠳᠬᠢᠬᠦᠢ᠂ ᠨᠡᠩ ᠪᠠᠭᠲᠠᠭ᠋ᠠᠮᠵᠢᠲᠠᠢ ᠳᠦᠷᠢᠮ ᠵᠶ᠋ᠠᠷ ᠪᠦᠬᠦ ᠪᠥᠮᠪᠥᠷᠴᠡᠭ᠎ᠤᠨ ᠰᠢᠨ᠎ᠡ ᠵᠢ ᠡᠭᠦᠳᠬᠦ ᠵᠠᠰᠠᠯᠲᠠ᠎ᠳᠤ ᠨᠡᠩ ᠶᠡᠭᠡ ᠬᠦᠴᠦᠨ ᠴᠢᠳᠠᠯ ᠵᠶ᠋ᠠᠨ ᠡᠷᠭᠦᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠭᠡᠷᠡᠯ ᠭᠢᠯᠪᠠᠭ᠎ᠠ ᠵᠢ ᠬᠥᠮᠦᠨ ᠲᠥᠷᠥᠯᠬᠢᠲᠡᠨ᠎ᠤ ᠬᠠᠮᠲᠤ ᠵᠢᠨ ᠬᠥᠭᠵᠢᠯᠲᠡ ᠵᠢᠨ ᠢᠷᠡᠭᠡᠳᠦᠢ ᠵᠢ ᠬᠡᠷᠡᠯᠳᠦᠬᠦᠯᠬᠦ ᠪᠤᠯᠤᠨ᠎ᠠ᠃ (ᠰᠤᠷᠪᠤᠯᠵᠢᠯᠠᠭᠴᠢ   ᠵᠠᠩ ᠪᠢᠨ ᠪᠢᠨ)

 

ᠢᠷᠡᠯᠲᠡ᠄ ᠬᠠᠤᠯᠢ ᠲᠤᠭᠲᠠᠭ᠋ᠠᠯ᠎ᠤᠨ ᠭᠠᠵᠠᠷ
          
ᠬᠠᠮᠢᠶ᠎ᠡ ᠪᠦᠬᠦᠢ ᠰᠣᠨᠢᠨ
ᠲᠤᠯᠤᠭ᠋ᠠᠨ ᠰᠠᠯᠠᠭ᠎ᠠ ᠮᠥᠴᠢᠷ᠄ ᠮᠡᠳᠡᠯᠭᠡ ᠵᠢᠨ ᠦᠮᠴᠢᠯᠠᠯ᠎ᠤᠨ ᠬᠦᠷᠢᠶᠡᠨ᠎ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ
 
            