ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠬᠣᠶᠠᠷ ᠶᠡᠬᠡ ᠶᠠᠪᠤᠳᠠᠯ ᠵᠶ᠋ᠠᠷ ᠭᠤᠤᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ》 ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ
ᠨᠡᠶ᠋ᠢᠲᠡᠯᠡᠭᠰᠡᠨ ᠴᠠᠭ᠄ 2023-09-14


9.14.jpg


  2023 ᠣᠨ᠎ᠤ 9 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠬᠣᠶᠠᠷ ᠶᠡᠬᠡ ᠶᠠᠪᠤᠳᠠᠯ ᠵᠶ᠋ᠠᠷ ᠭᠤᠤᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠬᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ》 ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ (25 ᠳ᠋ᠤᠭ᠋ᠠᠷ ᠲᠠᠯᠠᠪᠠᠶ — ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠲᠤᠰᠬᠠᠶ ᠲᠠᠯᠠᠪᠠᠶ)᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ ᠸᠠᠩ ᠪᠢᠨ ᠭᠤᠤᠯ ᠰᠡᠳᠦᠪ᠎ᠢ ᠨᠡᠶ᠋ᠢᠲᠡᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠳᠠᠷᠤᠭ᠎ᠠ ᠶᠠᠩ ᠢ᠂ ᠡᠷᠡᠭᠦᠦ ᠵᠢᠨ ᠬᠡᠷᠡᠭ᠎ᠤᠨ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠳᠠᠷᠤᠭ᠎ᠠ ᠵᠠᠩ ᠢᠦᠶ ᠰᠢ᠂ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠤᠯᠤᠰ ᠲᠥᠷᠥ ᠵᠢᠨ ᠭᠡᠰᠢᠭᠦᠨ ᠬᠤᠸᠠᠩ ᠯᠢ ᠨᠠ᠂ ᠰᠦᠷᠳᠡᠭᠦᠯᠦᠯ᠎ᠢ ᠡᠰᠡᠷᠭᠦᠴᠡᠬᠦ ᠶᠡᠷᠦᠩᠬᠡᠶ ᠠᠩᠭᠢ ᠵᠢᠨ ᠳᠠᠷᠤᠭ᠎ᠠ ᠠᠯᠲᠠᠨᠪᠤᠯᠠᠭ᠂ ᠠᠮᠢ ᠠᠬᠤᠶ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠶᠠᠯᠠᠲᠤ ᠠᠵᠢᠯᠯᠠᠭ᠎ᠠ ᠵᠢ ᠲᠤᠷᠰᠢᠨ ᠪᠠᠶ᠋ᠢᠴᠠᠭ᠋ᠠᠬᠤ ᠶᠡᠷᠦᠩᠬᠡᠶ ᠠᠩᠭᠢ ᠵᠢᠨ ᠳᠠᠷᠤᠭ᠎ᠠ ᠮᠢᠶᠣᠣ ᠬᠠᠶ ᠪᠢᠨ᠂ ᠬᠢᠯᠢ ᠵᠢᠨ ᠬᠠᠮᠢᠶᠠᠷᠤᠯᠲᠠ ᠵᠢᠨ ᠶᠡᠷᠦᠩᠬᠡᠶ ᠠᠩᠭᠢ ᠵᠢᠨ ᠪᠠᠶ᠋ᠢᠴᠠᠭ᠋ᠠᠬᠤ ᠭᠠᠵᠠᠷ᠎ᠤᠨ ᠳᠠᠷᠤᠭ᠎ᠠ ᠸᠠᠩ ᠰᠢᠶᠤᠤ ᠳ᠋ᠦᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠣᠨᠢᠨ ᠮᠡᠳᠡᠭᠡ ᠨᠡᠶ᠋ᠢᠲᠡᠯᠡᠬᠦ ᠭᠠᠵᠠᠷ᠎ᠤᠨ ᠨᠢᠭᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠬᠤᠸᠠᠩ ᠬᠠᠶ ᠶᠠᠨ ᠡᠷᠭᠢᠯᠡᠪᠡ᠃

 

 

ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 《ᠬᠣᠶᠠᠷ ᠶᠡᠬᠡ ᠶᠠᠪᠤᠳᠠᠯ ᠵᠶ᠋ᠠᠷ ᠭᠣᠣᠯ ᠭᠠᠷᠳᠠᠴᠠ ᠪᠣᠯᠭ᠋ᠠᠵᠤ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ》 ᠭᠣᠣᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷᠡᠬᠢ ᠦᠭᠡ ᠵᠢ ᠨᠡᠶ᠋ᠢᠲᠡᠯᠡᠪᠡ

   ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ   ᠸᠠᠩ ᠪᠢᠨ

ᠬᠦᠷᠦᠯᠴᠡᠨ ᠢᠷᠡᠭᠰᠡᠨ ᠵᠣᠴᠢᠳ᠂ ᠵᠠᠭᠤᠴᠢᠯᠠᠭᠤᠷ᠎ᠤᠨ ᠨᠠᠶ᠋ᠢᠵᠠ ᠨᠠᠷ ᠡ᠄

   ᠰᠠᠶ᠋ᠢᠨ ᠪᠠᠶ᠋ᠢᠵᠠᠭ᠋ᠠᠨ᠎ᠠ ᠦᠦ! 9 ᠳ᠋ᠦ᠍ᠭᠡᠷ ᠰᠠᠷ᠎ᠠ ᠵᠢᠨ 11᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠭᠤᠤᠯ ᠰᠡᠳᠦᠪᠲᠦ ᠬᠥᠮᠦᠵᠢᠯ᠎ᠤᠨ ᠨᠢᠭᠡᠳᠦᠭᠡᠷ ᠪᠦᠯᠦᠭ᠎ᠤᠨ ᠠᠵᠢᠯ ᠲᠡᠭᠦᠰ ᠠᠮᠵᠢᠯᠲᠠ᠎ᠲᠠᠢ ᠥᠨᠳᠥᠷᠯᠡᠵᠦ᠂ ᠬᠣᠶᠠᠳᠤᠭ᠋ᠠᠷ ᠪᠦᠯᠦᠭ᠎ᠤᠨ ᠠᠵᠢᠯ ᠵᠢᠩᠬᠢᠨᠢ᠎ᠪᠠᠷ ᠡᠬᠢᠯᠡᠬᠦ ᠲᠠᠰᠢᠷᠠᠮ᠎ᠳᠤ᠂ ᠥᠨᠥᠳᠦᠷ ᠪᠢᠳᠡ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠱᠠᠲᠤᠴᠢ ᠴᠢᠨᠠᠷᠲᠠᠶ ᠦᠷ᠎ᠡ ᠪᠦᠲᠦᠭᠡᠯ᠎ᠢ ᠠᠪᠴᠤ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠡᠨᠡ ᠬᠦ᠌ ᠠᠷᠭ᠎ᠠ ᠬᠡᠯᠪᠡᠷᠢ᠎ᠪᠠᠷ ᠳᠠᠮᠵᠢᠭᠤᠯᠤᠨ ᠣᠯᠠᠨ᠎ᠲᠠᠢ ᠠᠭᠤᠯᠵᠠᠭᠰᠠᠨ ᠪᠥᠭᠡᠳ ᠣᠯᠠᠨ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ ᠠᠩᠬᠠᠷᠤᠯ᠎ᠳᠤ ᠬᠠᠷᠢᠭᠤ ᠥᠭᠭᠦᠭᠰᠡᠨ᠎ᠳᠤ ᠮᠠᠰᠢ ᠪᠠᠶᠠᠷᠲᠠᠶ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠪᠢᠳᠡᠨ᠎ᠳᠤ ᠨᠢᠭᠡ ᠰᠠᠶ᠋ᠢᠨ ᠲᠠᠪᠴᠠᠩ ᠪᠠᠶ᠋ᠢᠭᠤᠯᠵᠤ ᠥᠭᠴᠡᠶ᠂ ᠡᠨᠡ ᠵᠠᠪᠰᠢᠶᠠᠨ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠡᠮᠦᠨ᠎ᠡ᠎ᠠᠴᠠ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ! ᠵᠠᠭᠤᠴᠢᠯᠠᠭᠤᠷ᠎ᠤᠨ ᠨᠠᠶ᠋ᠢᠵᠠ ᠨᠠᠷ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ ᠬᠦᠴᠦᠲᠡᠶ ᠳᠡᠮᠵᠢᠵᠦ᠂ ᠥᠷᠭᠡᠨ ᠵᠶ᠋ᠠᠷ ᠬᠢᠨᠠᠯᠲᠠ ᠲᠠᠯᠪᠢᠭᠰᠠᠭ᠋ᠠᠷ ᠢᠷᠡᠵᠡᠶ᠃ ᠡᠨᠳᠡ᠂ ᠪᠢ ᠪᠠᠰᠠ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠡᠮᠦᠨ᠎ᠡ᠎ᠠᠴᠠ ᠡᠨᠳᠡ ᠰᠠᠭᠤᠭ᠎ᠠ ᠨᠥᠬᠥᠳ ᠪᠣᠯᠤᠨ ᠲᠠ ᠨᠠᠷ᠎ᠤᠨ ᠪᠠᠶ᠋ᠢᠭ᠎ᠠ ᠨᠢᠭᠡᠴᠢ ᠵᠢᠴᠢ ᠪᠥᠬᠥ ᠵᠠᠭᠤᠴᠢᠯᠠᠭᠤᠷ᠎ᠤᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠪᠣᠯᠤᠨ ᠴᠢᠩ ᠰᠡᠳᠬᠢᠯ᠎ᠤᠨ ᠮᠡᠨᠳᠦᠴᠢᠯᠡᠯ ᠪᠣᠯᠤᠨ ᠵᠥᠩᠨᠡᠯ ᠳᠡᠪᠰᠢᠭᠦᠯᠵᠦ ᠪᠠᠶ᠋ᠢᠨ᠎ᠠ᠂ ᠪᠢᠳᠡᠨ᠎ᠤ ᠠᠮᠤᠷ ᠠᠮᠤᠭᠤᠯᠠᠩ᠎ᠢ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠠᠮᠤᠷ ᠠᠮᠤᠭᠤᠯᠠᠩ᠎ᠢ ᠬᠠᠮᠲᠤ᠎ᠪᠠᠷ ᠡᠳ᠋ᠯᠡᠬᠦ ᠵᠢ ᠬᠦᠰᠡᠵᠦ ᠪᠠᠶ᠋ᠢᠨ᠎ᠠ!

   ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠣᠯ ᠤᠯᠤᠰ ᠲᠥᠷᠥ ᠵᠢᠨ ᠪᠠᠶ᠋ᠢᠭᠤᠯᠭ᠎ᠠ ᠮᠥᠨ᠂ 《ᠨᠠᠮ᠎ᠳᠠᠭᠠᠨ ᠦᠨᠡᠨᠴᠢ᠂ ᠠᠷᠠᠳ ᠲᠦᠮᠡᠨ᠎ᠳᠤ ᠦᠢ᠍ᠯᠡᠴᠢᠯᠡᠬᠦ᠂ ᠲᠥᠪ ᠭᠤᠤᠯᠴᠢ᠎ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠵᠢ ᠴᠢᠩᠳᠠᠯᠠᠬᠤ》 ᠪᠣᠯ ᠨᠠᠮ᠎ᠠᠴᠠ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠲᠠᠯᠪᠢᠭᠰᠠᠨ ᠶᠡᠷᠦᠩᠬᠡᠶ ᠱᠠᠭ᠋ᠠᠷᠳᠠᠯᠭ᠎ᠠ ᠮᠥᠨ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ᠎ᠤᠨ 《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶ᠋ᠢᠭᠤᠯᠬᠤ》 ᠵᠢ ᠯᠠᠪᠳᠠᠭᠤᠨ ᠪᠠᠲᠤᠲᠠᠶ ᠥᠷᠨᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠯᠠᠪᠳᠠᠭᠤᠨ ᠪᠠᠲᠤᠲᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠠᠮ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ 《ᠨᠠᠮ᠎ᠤᠨ ᠪᠠᠶ᠋ᠢᠭᠤᠯᠤᠯᠲᠠ ᠵᠢ ᠠᠳᠬᠤᠬᠤ᠂ ᠬᠡᠪ ᠪᠣᠯᠪᠠᠰᠤᠷᠠᠯ ᠵᠶ᠋ᠠᠨ ᠴᠢᠩᠭ᠋ᠠᠳᠬᠠᠬᠤ᠂ ᠰᠤᠷᠲᠠᠯ ᠵᠶ᠋ᠠᠨ ᠴᠡᠭᠴᠡᠯᠡᠬᠦ᠂ ᠲᠦᠷᠢ ᠲᠥᠷᠬᠦ᠎ᠪᠠᠨ ᠱᠤᠭᠤᠬᠤ》 ᠲᠤᠰᠬᠠᠢ ᠠᠵᠢᠯᠯᠠᠭ᠎ᠠ᠎ᠪᠠᠷ ᠥᠪᠡᠷ ᠵᠶ᠋ᠠᠨ ᠰᠣᠩᠭᠣᠭᠰᠠᠨ ᠠᠵᠢᠯᠯᠠᠭ᠎ᠠ ᠪᠠ ᠤᠨᠴᠠᠯᠢᠬᠳᠤ ᠠᠴᠢᠶᠠᠯᠠᠪᠤᠷᠢ ᠪᠣᠯᠭ᠋ᠠᠵᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠤᠯᠤᠰ᠎ᠤᠨ ᠤᠯᠤᠰ ᠲᠦᠷᠦ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠨᠡᠶ᠋ᠢᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠦᠨᠡᠨ ᠬᠦ᠌ ᠪᠠᠲᠤᠯᠠᠬᠤ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠠᠬᠢᠭᠤᠯᠬᠤ᠂ ᠠᠷᠠᠳ ᠲᠦᠮᠡᠨ᠎ᠤ ᠠᠮᠤᠷ ᠵᠢᠮᠦᠷ ᠠᠵᠤ ᠲᠦᠷᠦᠭᠦ ᠵᠢ ᠪᠠᠲᠤᠯᠠᠬᠤ ᠪᠣᠳᠠᠲᠠᠢ ᠦᠢ᠍ᠯᠡᠳᠦᠯᠭᠡ ᠳᠤᠮᠳᠠ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠪᠠᠲᠤᠯᠠᠨ ᠬᠠᠮᠠᠭ᠋ᠠᠯᠠᠬᠤ ᠠᠵᠢᠯ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

   ᠳᠤᠤᠷ᠎ᠠ᠂ ᠪᠢ ᠤᠷᠢᠳ ᠵᠶ᠋ᠠᠷ ᠬᠣᠯᠪᠣᠭᠳᠠᠯ ᠪᠥᠬᠥᠶ ᠶᠡᠷᠦᠩᠬᠡᠶ ᠪᠠᠶ᠋ᠢᠳᠠᠯ᠎ᠢ ᠵᠠᠷᠯᠠᠨ ᠮᠡᠳᠡᠭᠳᠡᠵᠦ᠂ ᠣᠯᠠᠨ᠎ᠳᠤ ᠨᠢᠭᠡ ᠬᠤᠪᠢ ᠰᠠᠭᠤᠷᠢ ᠪᠣᠷᠣ ᠮᠠᠲ᠋ᠧᠷᠢᠶᠠᠯ ᠬᠠᠩᠭ᠋ᠠᠨ᠎ᠠ᠂ ᠬᠣᠯᠪᠣᠭᠳᠠᠯ ᠪᠥᠬᠥᠶ ᠲᠣᠭ᠎ᠠ ᠪᠠᠷᠢᠮᠲᠠ ᠵᠢᠨ ᠪᠦᠷᠢᠳᠬᠡᠯ ᠪᠣᠯ 9 ᠳ᠋ᠦ᠍ᠭᠡᠷ ᠰᠠᠷ᠎ᠠ ᠵᠢᠨ ᠡᠬᠢ ᠵᠢᠨ ᠲᠦᠷᠦᠭᠦᠦ ᠭᠤᠷᠪᠠᠨ ᠤᠯᠠᠷᠢᠯ᠎ᠤᠨ ᠪᠠᠶ᠋ᠢᠳᠠᠯ ᠪᠣᠯᠤᠨ᠎ᠠ᠃

   ᠨᠢᠭᠡ᠎ᠳᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠤᠯᠤᠰ ᠲᠦᠷᠦ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠪᠠ᠃ ᠤᠯᠤᠰ ᠲᠦᠷᠦ ᠵᠢᠨ ᠠᠮᠤᠷ ᠲᠦᠪᠰᠢᠨ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠵᠢ ᠢᠮᠠᠭᠲᠠ ᠲᠡᠷᠢᠭᠦᠨ ᠴᠢᠬᠤᠯᠠ ᠡᠭᠦᠷᠭᠡ᠎ᠪᠠᠨ ᠪᠣᠯᠭ᠋ᠠᠵᠤ᠂ ᠡᠯ᠎ᠡ ᠵᠦᠢ᠍ᠯ᠎ᠤᠨ ᠬᠠᠭ᠋ᠠᠴᠠᠭᠤᠯᠬᠤ ᠨᠡᠪᠴᠢᠯᠲᠡ ᠬᠢᠬᠦ ᠡᠪᠳᠡᠯᠡᠭᠡ ᠬᠢᠬᠦ ᠠᠵᠢᠯᠯᠠᠭ᠎ᠠ ᠵᠢ ᠴᠢᠩᠭ᠎ᠠ ᠰᠡᠷᠭᠡᠶ᠋ᠢᠯᠡᠨ ᠲᠡᠭᠦᠨ᠎ᠳᠤ ᠴᠢᠩᠭ᠎ᠠ ᠴᠣᠬᠢᠯᠲᠠ ᠥᠭᠭᠦᠨ᠎ᠡ᠃ ᠬᠦᠴᠦᠷᠬᠡᠭᠯᠡᠯ ᠰᠦᠷᠳᠡᠭᠦᠯᠦᠯ᠎ᠳᠤ ᠴᠢᠩᠭ᠎ᠠ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ 《ᠵᠢᠷᠭᠤᠭ᠋ᠠᠨ ᠰᠠᠭᠤᠬᠤ》 ᠵᠡᠷᠭᠡ ᠰᠦᠷᠳᠡᠭᠦᠯᠦᠯ᠎ᠢ ᠡᠰᠡᠷᠭᠦᠴᠡᠬᠦ ᠰᠦᠷᠳᠡᠭᠦᠯᠦᠯ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠡᠨᠡ ᠵᠢᠯ᠎ᠠᠴᠠ ᠨᠠᠭ᠋ᠠᠰᠢ᠂ ᠰᠦᠯᠵᠢᠶᠡᠨ᠎ᠤ ᠣᠷᠭᠣᠳᠤᠤᠯ᠎ᠢ 4 ᠪᠠᠷᠢᠪᠴᠢᠯᠠᠵᠤ᠂ 5 ᠬᠥᠮᠦᠨ᠎ᠳᠤ ᠡᠷᠡᠭᠦᠦ ᠵᠢᠨ ᠰᠢᠢ᠍ᠳᠭᠡᠯ ᠥᠭᠴᠦ᠂ 16 ᠬᠥᠮᠦᠨ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠦ᠂ 123 ᠬᠥᠮᠦᠨ᠎ᠢ ᠰᠤᠷᠭ᠋ᠠᠨ ᠬᠥᠮᠦᠵᠢᠭᠦᠯᠵᠦ ᠰᠡᠷᠡᠮᠵᠢᠯᠡᠭᠦᠯᠦᠨ ᠴᠡᠭᠡᠷᠯᠡᠭᠦᠯᠵᠦ᠂ ᠠᠬ᠎ᠠ ᠳᠡᠭᠦᠦ ᠮᠤᠵᠢ ᠬᠣᠲᠠ ᠵᠢ ᠬᠠᠪᠰᠤᠷᠤᠨ ᠰᠦᠷᠳᠡᠭᠦᠯᠦᠯ᠎ᠳᠤ ᠬᠣᠯᠪᠣᠭᠳᠠᠭᠰᠠᠨ ᠬᠡᠷᠡᠭ᠎ᠢ 12 ᠪᠠᠶ᠋ᠢᠴᠠᠭ᠋ᠠᠨ ᠢᠯᠡᠷᠡᠭᠦᠯᠵᠦ᠂ ᠰᠦᠷᠳᠡᠭᠦᠯᠦᠯ᠎ᠢ ᠡᠰᠡᠷᠭᠦᠴᠡᠬᠦ ᠲᠣᠷᠭ᠋ᠠᠭᠤᠯᠢ ᠵᠢᠨ ᠬᠠᠭᠤᠳᠠᠰᠤ 16 ᠬᠤᠪᠢ ᠭᠠᠷᠭ᠋ᠠᠵᠤ᠂ ᠬᠦᠴᠦᠷᠬᠡᠭᠯᠡᠯ ᠰᠦᠷᠳᠡᠭᠦᠯᠦᠯ᠎ᠤᠨ ᠬᠡᠷᠡᠭ 《ᠡᠭᠦᠰᠬᠦ ᠥᠬᠡᠶ》 ᠪᠠᠶ᠋ᠢᠬᠤ ᠬᠣᠷᠢᠭ᠎ᠠ ᠱᠤᠭᠤᠮ᠎ᠢ ᠪᠠᠲᠤ ᠰᠠᠬᠢᠪᠠ᠃ 《ᠨᠢᠭᠡ ᠲᠥᠪ ᠭᠤᠷᠪᠠᠨ ᠪᠠᠶ᠋ᠢᠯᠳᠤᠭ᠋ᠠᠨ᠎ᠤ ᠠᠩᠭᠢ》 ᠵᠢᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠰᠦᠯᠵᠢᠶᠡᠨ ᠳᠡᠭᠡᠷ᠎ᠡ ᠲᠣᠭᠣᠷᠢᠨ ᠪᠠᠶ᠋ᠢᠴᠠᠭ᠋ᠠᠵᠤ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠴᠤᠤᠷᠬᠠᠯ᠂ ᠬᠤᠤᠷ ᠬᠥᠨᠥᠭᠡᠯ᠎ᠲᠠᠢ ᠮᠡᠳᠡᠭᠡ ᠵᠠᠩᠭᠢ ᠪᠠ ᠴᠠᠭᠳᠠᠭ᠎ᠠ᠎ᠳᠤ ᠬᠣᠯᠪᠣᠭᠳᠠᠭᠰᠠᠨ ᠨᠠᠵᠠᠭ᠋ᠠᠶ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠶᠡᠬᠡ ᠬᠡᠮᠵᠢᠶ᠎ᠡ᠎ᠪᠠᠷ ᠰᠢᠢ᠍ᠳᠪᠦᠷᠢᠯᠡᠵᠦ᠂ ᠰᠦᠯᠵᠢᠶ᠎ᠡ ᠪᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠰᠦᠯᠵᠢᠶ᠎ᠡ ᠵᠢ ᠠᠷᠢᠭᠤᠨ ᠴᠡᠪᠡᠷ ᠪᠣᠯᠭ᠋ᠠᠪᠠ᠃

   ᠬᠣᠶᠠᠷ᠎ᠲᠤ᠂ ᠠᠶᠤᠯ ᠲᠦᠭᠰᠢᠭᠦᠷᠢ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠤᠯᠠᠨ ᠨᠡᠶ᠋ᠢᠲᠡ ᠵᠢᠨ ᠠᠮᠤᠷ ᠲᠦᠪᠰᠢᠨ᠎ᠢ ᠡᠷᠡᠰ ᠬᠠᠮᠠᠭ᠋ᠠᠯᠠᠨ᠎ᠠ᠃ ᠬᠠᠤᠯᠢ᠎ᠠᠴᠠ ᠵᠥᠷᠢᠴᠡᠭᠰᠡᠨ ᠲᠣᠪᠣᠶ᠋ᠢᠮ᠎ᠠ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶ᠋ᠢᠳᠠᠯ᠎ᠢ ᠢᠮᠠᠭᠲᠠ ᠪᠠᠲᠤᠯᠠᠬᠤ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠶ᠋ᠢᠩᠭᠤᠵᠢᠭᠤᠯᠬᠤ ᠵᠢ ᠭᠦᠨᠵᠡᠭᠡᠶ ᠠᠬᠢᠭᠤᠯᠤᠨ᠎ᠠ᠃ ᠤᠯᠠᠮᠵᠢᠯᠠᠯᠲᠤ ᠬᠠᠷ᠎ᠠ ᠪᠦᠯᠦᠭᠲᠡᠨ ᠬᠠᠷᠭᠢᠰ ᠬᠦᠴᠦᠨ᠎ᠤ ᠰᠦᠪᠡᠭᠴᠢ ᠵᠢ 《ᠡᠷᠭᠢᠵᠦ ᠬᠠᠷᠠᠬᠤ》 ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠯᠪᠠᠨ ᠬᠡᠷ ᠵᠡᠷᠭᠡ 10 ᠰᠠᠯᠠᠭ᠎ᠠ ᠮᠥᠴᠢᠷ᠎ᠲᠠᠢ ᠬᠠᠮᠲᠤᠷᠠᠨ ᠰᠦᠯᠵᠢᠶᠡᠨ᠎ᠳᠤ ᠬᠣᠯᠪᠣᠭᠳᠠᠭᠰᠠᠨ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠯᠬᠠᠭ᠋ᠠᠨ ᠰᠢᠢ᠍ᠳᠭᠡᠬᠦ ᠲᠤᠰᠬᠠᠶ ᠠᠵᠢᠯᠯᠠᠭ᠎ᠠ ᠥᠷᠨᠢᠭᠦᠯᠪᠡ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠨᠢᠭᠡᠨᠲᠡ ᠤᠯᠠᠮᠵᠢᠯᠠᠯᠲᠤ ᠬᠠᠷ᠎ᠠ ᠪᠦᠯᠦᠭᠲᠡᠨ᠎ᠳᠤ ᠬᠣᠯᠪᠣᠭᠳᠠᠭᠰᠠᠨ 1 ᠵᠣᠬᠢᠶᠠᠨ ᠪᠠᠶ᠋ᠢᠭᠤᠯᠤᠯᠲᠠ᠂ ᠤᠯᠠᠮᠵᠢᠯᠠᠯᠲᠤ ᠬᠠᠷᠭᠢᠰ ᠬᠦᠴᠦᠨ᠎ᠤ 6 ᠶᠠᠯᠠᠲᠤ ᠪᠦᠯᠦᠭᠯᠡᠯ᠂ ᠲᠤᠤᠷ᠎ᠲᠤ ᠬᠣᠯᠪᠣᠭᠳᠠᠭᠰᠠᠨ ᠬᠠᠷᠭᠢᠰ ᠬᠦᠴᠦᠨ᠎ᠤ 8 ᠶᠠᠯᠠᠲᠤ ᠪᠦᠯᠦᠭᠯᠡᠯ᠂ ᠤᠯᠠᠮᠵᠢᠯᠠᠯᠲᠤ ᠬᠠᠷᠭᠢᠰ ᠬᠦᠴᠦᠨ᠎ᠤ 1 ᠶᠠᠯᠠᠲᠤ ᠪᠦᠯᠦᠭ᠎ᠢ ᠪᠣᠳᠠ ᠨᠢᠷᠭᠡᠵᠦ᠂ 399 ᠡᠷᠡᠭᠦᠦ ᠵᠢᠨ ᠬᠡᠷᠡᠭ᠎ᠢ ᠢᠯᠡᠷᠡᠭᠦᠯᠵᠦ᠂ 353 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ 6 《ᠲᠤᠤᠷ᠎ᠠᠴᠠ ᠮᠤᠯᠲᠤᠷᠠᠭᠰᠠᠨ》 ᠣᠷᠭᠣᠳᠤᠤᠯ ᠬᠡᠷᠡᠭᠲᠡᠨ᠎ᠢ ᠪᠠᠷᠢᠪᠴᠢᠯᠠᠵᠠᠶ᠃ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠪᠦᠬᠦ ᠬᠦᠴᠦᠨ ᠵᠶ᠋ᠠᠷ ᠴᠣᠬᠢᠯᠲᠠ ᠥᠭᠴᠦ ᠵᠠᠰᠠᠨ᠎ᠠ᠃ 《ᠮᠠᠨ᠎ᠤ ᠣᠷᠣᠨ᠎ᠳᠤ ᠰᠠᠭᠤᠷᠢᠯᠠᠵᠤ᠂ ᠪᠥᠬᠥ ᠤᠯᠤᠰ᠎ᠲᠤ ᠦᠢ᠍ᠯᠡᠴᠢᠯᠡᠬᠦ》 ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠣᠯᠠᠨ ᠤᠳᠠᠭ᠎ᠠ ᠲᠥᠪᠯᠡᠷᠡᠩᠭᠦᠶ ᠠᠵᠢᠯᠯᠠᠭ᠎ᠠ ᠥᠷᠨᠢᠭᠦᠯᠵᠦ᠂ ᠴᠠᠬᠢᠯᠭ᠋ᠠᠨ ᠵᠶ᠋ᠠᠷ ᠮᠡᠬᠡᠯᠡᠭᠰᠡᠨ ᠬᠡᠷᠡᠭ᠎ᠢ 4179 ᠢᠯᠡᠷᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.08 %᠎ᠪᠠᠷ ᠳᠡᠭᠡᠭᠰᠢᠯᠡᠪᠡ; 12097 ᠬᠥᠮᠦᠨ᠎ᠢ ᠪᠠᠷᠢᠪᠴᠢᠯᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 28.92 % ᠵᠶ᠋ᠠᠷ ᠳᠡᠭᠡᠭᠰᠢᠯᠡᠵᠦ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠪᠢᠷᠮᠠ ᠵᠢᠨ ᠤᠮᠠᠷᠠᠲᠤ ᠬᠡᠰᠡᠭ᠎ᠤᠨ ᠴᠣᠬᠢᠯᠲᠠ ᠥᠭᠬᠦ ᠠᠵᠢᠯᠯᠠᠭ᠎ᠠ᠎ᠳᠤ ᠬᠠᠮᠵᠢᠯᠴᠠᠨ᠂ ᠣᠯᠠᠨ ᠵᠦᠢ᠍ᠯ᠎ᠤᠨ ᠠᠵᠢᠯ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠵᠢᠭᠰᠠᠭ᠋ᠠᠭᠳᠠᠪᠠ᠃ ᠠᠮᠢᠨ ᠬᠡᠷᠡᠭ᠎ᠢ ᠰᠡᠷᠭᠡᠶ᠋ᠢᠯᠡᠨ ᠡᠵᠡᠮᠳᠡᠬᠦ ᠪᠠ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠪᠣᠭᠣᠮᠲᠠ ᠰᠢᠪᠲᠤᠯᠬᠤ ᠲᠤᠰᠬᠠᠢ ᠠᠵᠢᠯᠯᠠᠭ᠎ᠠ ᠵᠢ ᠭᠦᠨᠵᠡᠭᠡᠢ ᠠᠬᠢᠭᠤᠯᠤᠨ᠎ᠠ᠃ ᠡᠬᠢ ᠪᠠᠶᠠᠯᠢᠭ᠎ᠤᠨ ᠬᠦᠴᠦᠨ᠎ᠢ ᠨᠡᠶ᠋ᠢᠳᠬᠡᠵᠦ᠂ ᠠᠮᠢᠨ ᠬᠡᠷᠡᠭ᠎ᠤᠨ ᠣᠳᠣ ᠪᠠᠶ᠋ᠢᠭ᠎ᠠ ᠬᠡᠷᠡᠭ᠎ᠢ ᠪᠦᠬᠦ ᠲᠠᠯ᠎ᠠ᠎ᠪᠠᠷ ᠰᠡᠷᠭᠡᠶ᠋ᠢᠯᠡᠨ ᠡᠵᠡᠮᠳᠡᠵᠦ᠂ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠢ ᠪᠦᠬᠦ ᠬᠦᠴᠦᠨ ᠵᠶ᠋ᠠᠷ ᠵᠶ᠋ᠠᠨ ᠰᠢᠪᠲᠤᠯᠬᠤ ᠬᠡᠷᠡᠭᠲᠡᠢ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠤ ᠠᠮᠢᠨ ᠬᠡᠷᠡᠭ᠎ᠢ 100 %᠎ᠪᠠᠷ ᠢᠯᠡᠷᠡᠭᠦᠯᠵᠦ᠂ ᠠᠮᠢᠨ ᠬᠡᠷᠡᠭ᠎ᠤᠨ 54 ᠳᠠᠷᠤᠭᠳᠠᠮᠠᠯ ᠬᠡᠷᠡᠭ᠎ᠢ ᠳᠡᠩᠨᠡᠨ ᠢᠯᠡᠷᠡᠭᠦᠯᠵᠦ᠂ 8 ᠠᠮᠢᠨ ᠬᠡᠷᠡᠭ᠎ᠤᠨ ᠳᠠᠯᠳᠠ ᠬᠡᠷᠡᠭ᠎ᠢ ᠢᠯᠡᠷᠡᠭᠦᠯᠵᠦ᠂ 20 ᠵᠢᠯ᠎ᠠᠴᠠ ᠳᠡᠭᠡᠭᠰᠢᠬᠢ ᠬᠦᠨᠳᠦ ᠶᠡᠬᠡ ᠠᠮᠢᠨ ᠬᠡᠷᠡᠭ᠎ᠤᠨ 46 ᠳᠠᠷᠤᠭᠳᠠᠮᠠᠯ ᠬᠡᠷᠡᠭ᠎ᠢ ᠠᠮᠵᠢᠯᠲᠠᠲᠠᠶ ᠢᠯᠡᠷᠡᠭᠦᠯᠪᠡ᠃ ᠤᠳᠤ ᠵᠢᠨ ᠬᠡᠷᠡᠭᠵᠢᠭᠦᠯᠵᠦ ᠪᠠᠶ᠋ᠢᠭ᠎ᠠ ᠠᠮᠢᠨ ᠬᠡᠷᠡᠭ᠎ᠤᠨ ᠲᠣᠭ᠎ᠠ 7 ᠵᠢᠯ ᠳᠠᠷᠠᠭ᠋ᠠᠯᠠᠨ ᠪᠠᠭᠤᠷᠠᠵᠤ᠂ 5 ᠵᠢᠯ ᠳᠠᠷᠠᠭ᠋ᠠᠯᠠᠨ ᠪᠦᠬᠦᠨ᠎ᠢ ᠢᠯᠡᠷᠡᠭᠦᠯᠵᠦ᠂ ᠡᠷᠡᠭᠦᠦ ᠵᠢᠨ ᠬᠡᠷᠡᠭ᠎ᠤᠨ ᠲᠣᠭᠲᠠᠭᠤᠨ᠎ᠤ ᠳᠤᠮᠳᠠ ᠪᠠᠭᠤᠷᠠᠵᠤ᠂ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠲᠣᠭᠲᠠᠭᠤᠨ ᠵᠶ᠋ᠠᠷ ᠳᠡᠭᠡᠭᠰᠢᠯᠡᠭᠰᠡᠨ 《ᠬᠣᠶᠠᠷ᠎ᠢ ᠲᠣᠭᠲᠠᠪᠤᠷᠢᠵᠢᠭᠤᠯᠬᠤ》 ᠠᠵᠢᠯ᠎ᠤᠨ ᠬᠠᠷᠠᠯᠲᠠ ᠵᠢ ᠪᠡᠶᠡᠯᠡᠭᠦᠯᠵᠦ᠂ 《ᠬᠠᠤᠯᠢ ᠵᠢᠨ ᠲᠣᠣᠷ᠎ᠢ ᠬᠤᠴᠢᠵᠤ᠂ ᠰᠤᠯᠠᠷᠠᠭᠤᠯᠤᠯ ᠦᠭᠡᠢ ᠣᠷᠬᠢᠭᠳᠠᠭᠤᠯᠬᠤ ᠦᠭᠡᠢ》 ᠪᠠᠶ᠋ᠢᠬᠤ ᠵᠢ ᠦᠨᠡᠨ ᠬᠦ᠌ ᠢᠯᠡᠷᠡᠭᠦᠯᠪᠡ᠃ ᠤᠯᠠᠮᠵᠢᠯᠠᠯᠲᠤ ᠶᠠᠯᠠᠲᠤ ᠠᠵᠢᠯᠯᠠᠭ᠎ᠠ᠎ᠳᠤ ᠲᠤᠰᠬᠠᠢ ᠴᠣᠬᠢᠯᠲᠠ ᠥᠭᠬᠦ ᠠᠵᠢᠯ᠎ᠢ ᠭᠦᠨᠵᠡᠭᠡᠢ ᠥᠷᠨᠢᠭᠦᠯᠪᠡ᠃ ᠮᠡᠬᠡᠯᠡᠨ ᠠᠪᠬᠤ ᠳᠠᠭ᠋ᠠᠳᠬᠠᠯ ᠮᠡᠬᠡᠯᠡᠬᠦ᠂ 《ᠬᠣᠶᠠᠷ᠎ᠢ ᠪᠤᠯᠢᠶᠠᠵᠤ ᠨᠢᠭᠡ ᠵᠢ ᠬᠤᠯᠠᠭ᠋ᠠᠶ᠋ᠢᠯᠠᠬᠤ》᠂ ᠮᠡᠬᠡᠯᠡᠨ ᠬᠤᠳᠠᠯᠳᠤᠬᠤ ᠴᠢᠨᠠᠷᠲᠠᠶ ᠬᠠᠯᠳᠠᠯᠭ᠎ᠠ ᠬᠢᠬᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠶᠠᠯᠠᠲᠤ ᠠᠵᠢᠯᠯᠠᠭ᠎ᠠ ᠬᠢᠬᠦ ᠵᠡᠷᠭᠡ ᠡᠷᠡᠭᠦᠦ ᠵᠢᠨ ᠬᠡᠷᠡᠭ᠎ᠤᠨ ᠲᠣᠪᠣᠶ᠋ᠢᠮ᠎ᠠ ᠶᠠᠯᠠᠲᠤ ᠠᠵᠢᠯᠯᠠᠭ᠎ᠠ᠎ᠳᠤ ᠬᠦᠴᠦᠲᠡᠶ ᠲᠠᠭ᠋ᠠᠷᠢᠯᠲᠠ ᠶᠠᠪᠤᠭᠤᠯᠵᠤ᠂ ᠨᠠᠢ᠍ᠮᠠᠨ ᠲᠥᠷᠥᠯ᠎ᠤᠨ ᠬᠦᠨᠳᠦ ᠨᠣᠴᠢᠲᠠᠶ ᠬᠦᠴᠦᠷᠬᠡᠭᠯᠡᠯ᠎ᠤᠨ ᠶᠠᠯᠠᠲᠤ ᠠᠵᠢᠯᠯᠠᠭ᠎ᠠ ᠵᠢᠨ ᠬᠡᠷᠡᠭ᠎ᠢ ᠢᠯᠡᠷᠡᠭᠦᠯᠦᠭᠰᠡᠨ ᠨᠣᠷᠮ᠎ᠠ ᠵᠢ 90 %᠎ᠠᠴᠠ ᠳᠡᠭᠡᠭᠰᠢ᠎ᠳᠤ ᠬᠦᠷᠭᠡᠪᠡ᠃ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠡᠮᠬᠢ ᠳᠢᠭᠯᠢᠮ᠎ᠢ ᠪᠦᠬᠦ ᠬᠦᠴᠦᠨ ᠵᠶ᠋ᠠᠷ ᠵᠶ᠋ᠠᠨ ᠬᠠᠮᠠᠭ᠋ᠠᠯᠠᠨ᠎ᠠ᠃ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ᠂ ᠠᠵᠤ ᠠᠬᠤᠶ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠰᠤᠳᠤᠯᠤᠨ ᠮᠠᠭ᠋ᠠᠳᠯᠠᠵᠤ ᠰᠡᠷᠡᠮᠵᠢᠯᠡᠭᠦᠯᠬᠦ 《ᠰᠠᠯᠬᠢ ᠰᠡᠷᠭᠡᠶ᠋ᠢᠯᠡᠬᠦ ᠣᠶ》 ᠵᠢᠨ ᠢᠨᠵᠧᠨᠧᠷᠢᠩ᠎ᠢ ᠪᠥᠬᠥ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠶ᠃ ᠴᠠᠬᠢᠯᠭ᠋ᠠᠨ ᠭᠠᠷᠭ᠋ᠠᠬᠤ ᠵᠦᠢ᠍ᠯᠡᠰ᠎ᠤᠨ ᠨᠥᠬᠥᠪᠥᠷᠢ ᠮᠡᠬᠡᠯᠡᠨ ᠠᠪᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠪᠠᠶ᠋ᠢᠴᠠᠭ᠋ᠠᠨ ᠰᠢᠢ᠍ᠳᠪᠦᠷᠢᠯᠡᠵᠦ ᠴᠡᠭᠴᠡᠯᠡᠨ ᠵᠠᠰᠠᠬᠤ ᠪᠠ 《ᠯᠢᠶᠸ ᠬᠦ᠋ 2023》 《ᠵᠢᠶᠠᠨ ᠵᠢᠢ 22》 ᠵᠡᠷᠭᠡ ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 520 ᠠᠵᠤ ᠠᠬᠤᠢ ᠵᠢᠨ ᠶᠠᠯᠠᠲᠤ ᠬᠡᠷᠡᠭ᠎ᠢ ᠢᠯᠡᠷᠡᠭᠦᠯᠵᠦ᠂ 1077 ᠶᠠᠯ᠎ᠠ ᠬᠢᠭᠰᠡᠨ ᠰᠡᠵᠢᠭᠯᠡᠯᠲᠡᠢ ᠬᠥᠮᠦᠨ᠎ᠢ ᠪᠠᠷᠢᠪᠴᠢᠯᠠᠵᠤ᠂ ᠠᠷᠠᠳ ᠤᠯᠠᠨ᠎ᠤ 3 ᠳ᠋ᠦᠩᠰᠢᠭᠤᠷ ᠭᠠᠷᠤᠢ ᠲᠥᠭᠥᠷᠢᠭ᠎ᠤᠨ ᠠᠵᠤ ᠠᠬᠤᠢ ᠵᠢᠨ ᠬᠣᠬᠢᠷᠠᠯ᠎ᠢ ᠡᠭᠡᠭᠦᠯᠦᠨ ᠠᠪᠴᠢᠷᠠᠪᠠ᠃

   ᠭᠤᠷᠪᠠ᠎ᠳᠤ᠂ ᠵᠣᠷᠢᠯᠲᠠ ᠵᠢᠨ ᠦᠵᠡᠯᠲᠡ ᠵᠢ ᠪᠠᠲᠤ ᠪᠡᠬᠢ ᠪᠤᠢ ᠪᠣᠯᠭ᠋ᠠᠵᠤ᠂ ᠨᠡᠶ᠋ᠢᠭᠡᠮ᠎ᠤᠨ ᠵᠠᠰᠠᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠪᠠ᠃ ᠰᠢᠨ᠎ᠡ ᠴᠠᠭ ᠦᠶ᠎ᠡ ᠵᠢᠨ 《ᠹᠸᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠦᠶ᠎ᠡ᠃ 《ᠵᠠᠭᠤᠨ ᠲᠦᠮᠡᠨ ᠴᠠᠭᠳᠠᠭ᠎ᠠ ᠮᠢᠩᠭ᠎ᠠ ᠲᠦᠮᠡᠨ ᠡᠷᠦᠬᠡ》 ᠵᠢ ᠭᠦᠨᠵᠡᠭᠡᠶ ᠥᠷᠨᠢᠭᠦᠯᠵᠦ᠂ 《ᠹᠧᠩ ᠴᠢᠶᠣᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》 ᠵᠢ ᠡᠭᠦᠳᠦᠨ ᠪᠠᠶ᠋ᠢᠭᠤᠯᠵᠤ᠂ ᠪᠦᠬᠦ ᠣᠷᠣᠨ᠎ᠳᠤ 3 ᠲᠣᠮᠢᠯᠠᠭᠰᠠᠨ ᠰᠠᠯᠪᠤᠷᠢ ᠵᠢ ᠰᠢᠨ᠎ᠡ᠎ᠪᠠᠷ ᠨᠡᠮᠡᠵᠦ ᠪᠦᠬᠦ ᠤᠯᠤᠰ᠎ᠤᠨ 《ᠹᠧᠩ ᠴᠢᠶᠣᠤ ᠮᠠᠶᠢᠭ᠎ᠤᠨ ᠳᠣᠲᠣᠭ᠋ᠠᠳᠤ ᠵᠢ ᠬᠠᠮᠠᠭ᠋ᠠᠯᠠᠬᠤ ᠲᠣᠮᠢᠯᠠᠭᠰᠠᠨ ᠰᠠᠯᠪᠤᠷᠢ》᠎ᠪᠠᠷ ᠰᠢᠯᠭ᠋ᠠᠷᠠᠭᠤᠯᠪᠠ᠃ 《ᠨᠢᠭᠡ ᠲᠣᠰᠬᠣᠨ ᠨᠢᠭᠡ ᠲᠤᠰᠠᠯᠠᠬᠤ》 ᠴᠠᠭᠳᠠᠭ᠎ᠠ ᠵᠢ 100 %᠎ᠪᠠᠷ ᠲᠣᠬᠢᠷᠠᠭᠤᠯᠵᠤ᠂ 283 ᠬᠣᠲᠠ ᠵᠢᠨ ᠲᠣᠭᠣᠷᠢᠭ᠎ᠤᠨ ᠲᠣᠮᠢᠯᠠᠭᠰᠠᠨ ᠰᠠᠯᠪᠤᠷᠢ 《ᠬᠣᠶᠠᠷ ᠠᠩᠭᠢ ᠨᠢᠭᠡ ᠲᠠᠰᠤᠭ》᠎ᠤᠨ ᠥᠭᠡᠷᠡᠴᠢᠯᠡᠯᠲᠡ ᠵᠢ     ᠪᠡᠶᠡᠯᠡᠭᠦᠯᠪᠡ᠃ 《ᠨᠢᠭᠡ ᠥᠷᠲᠡᠭᠡ ᠮᠠᠶᠢᠭ》᠎ᠤᠨ ᠵᠥᠷᠢᠴᠡᠯ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠲᠠᠪᠴᠠᠩ᠎ᠢ ᠢᠳᠡᠪᠬᠢᠲᠡᠶ ᠪᠠᠶ᠋ᠢᠭᠤᠯᠵᠤ᠂ ᠭᠤᠤᠯᠳᠠᠯᠭ᠎ᠠ᠎ᠲᠠᠢ ᠬᠥᠮᠦᠰ᠎ᠢ ᠤᠷᠢᠳᠴᠢᠯᠠᠨ ᠰᠡᠷᠡᠮᠵᠢᠯᠡᠭᠦᠯᠵᠦ ᠲᠣᠭᠲᠠᠭᠤᠨ ᠵᠶ᠋ᠠᠷ ᠡᠵᠡᠮᠳᠡᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃ ᠳᠣᠲᠣᠭ᠋ᠠᠳᠤ ᠵᠢ ᠬᠠᠮᠠᠭ᠋ᠠᠯᠠᠬᠤ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠢ ᠬᠦᠴᠦᠯᠡᠨ ᠴᠢᠩᠭ᠋ᠠᠳᠬᠠᠨ ᠰᠠᠶ᠋ᠢᠵᠢᠷᠠᠭᠤᠯᠤᠨ᠎ᠠ᠃ 《ᠫᠦᠵᠢᠶᠠᠩ᠎ᠤᠨ ᠲᠤᠷᠰᠢᠯᠭ᠎ᠠ》 ᠵᠢ ᠭᠦᠨᠵᠡᠭᠡᠢ ᠦᠢ᠍ᠯᠡᠳᠦᠯᠭᠡᠵᠢᠭᠦᠯᠵᠦ᠂ 《ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠰᠢᠢ᠍ᠳᠪᠦᠷᠢᠯᠡᠬᠦ ᠣᠨ》᠂ 《ᠵᠠᠬᠢᠳᠠᠯ ᠰᠤᠷᠪᠤᠯᠵᠢᠯᠠᠭ᠎ᠠ ᠵᠢᠨ ᠠᠰᠠᠭᠤᠳᠠᠯ᠎ᠢ ᠡᠬᠢ ᠡᠭᠦᠰᠦᠯ᠎ᠠᠴᠠ᠎ᠨᠢ ᠵᠠᠰᠠᠬᠤ ᠪᠣᠭᠣᠮᠲᠠ ᠰᠢᠪᠲᠤᠯᠬᠤ》 ᠲᠤᠰᠬᠠᠢ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠤᠳᠤᠷᠢᠳᠬᠤ ᠺᠠᠳ᠋ᠷ᠎ᠤᠨ ᠵᠠᠬᠢᠳᠠᠯ ᠦᠵᠡᠬᠦ᠂ ᠬᠡᠷᠡᠭ᠎ᠢ ᠳᠠᠭ᠋ᠠᠭ᠋ᠠᠴᠢᠯᠠᠬᠤ᠂ ᠵᠠᠬᠢᠳᠠᠯ ᠰᠤᠷᠪᠤᠯᠵᠢᠯᠠᠭ᠎ᠠ ᠵᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠪᠠ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠲᠤᠰᠢᠶᠠᠨ ᠰᠢᠢ᠍ᠳᠪᠦᠷᠢᠯᠡᠭᠦᠯᠦᠭᠰᠡᠨ 49 《ᠶᠠᠰᠤᠨ ᠬᠡᠷᠡᠭ》 《ᠬᠠᠳᠠᠭ᠋ᠠᠰᠤᠨ ᠬᠡᠷᠡᠭ》᠎ᠢ ᠨᠢᠭᠡᠨᠲᠡ 47 ᠵᠢ᠎ᠨᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 96 %᠎ᠳᠤ ᠬᠦᠷᠴᠡᠶ; ᠥᠪᠡᠷᠲᠡᠭᠡᠨ ᠵᠠᠰᠠᠬᠤ ᠣᠷᠣᠨ᠎ᠤ ᠬᠠᠮᠲᠤᠷᠠᠭᠰᠠᠨ ᠬᠤᠷᠠᠯ᠎ᠠᠴᠠ ᠲᠤᠰᠢᠶᠠᠨ ᠰᠢᠢ᠍ᠳᠪᠦᠷᠢᠯᠡᠭᠦᠯᠦᠭᠰᠡᠨ 117 ᠬᠡᠷᠡᠭ᠎ᠢ ᠨᠢᠭᠡᠨᠲᠡ ᠪᠦᠬᠦᠨ᠎ᠢ ᠰᠢᠢ᠍ᠳᠪᠦᠷᠢᠯᠡᠪᠡ᠃ ᠨᠡᠶ᠋ᠢᠭᠡᠮ ᠨᠡᠶ᠋ᠢᠲᠡ ᠵᠢᠨ ᠠᠮᠤᠷ ᠲᠦᠪᠰᠢᠨ᠎ᠤ ᠲᠠᠯᠳᠠ ᠭᠡᠮ᠎ᠢ ᠵᠠᠰᠠᠬᠤ ᠠᠵᠢᠯ᠎ᠢ ᠭᠦᠨᠵᠡᠭᠡᠶ᠋ᠢᠷᠡᠭᠦᠯᠦᠨ᠎ᠡ᠃ ᠨᠡᠶ᠋ᠢᠭᠡᠮ᠎ᠤᠨ ᠵᠠᠰᠠᠯᠲᠠ ᠵᠢᠨ 《ᠫᠤᠤ ᠰᠤᠮᠤ ᠵᠢ ᠬᠤᠷᠢᠶᠠᠮᠵᠢᠯᠠᠵᠤ ᠳᠡᠯᠪᠡᠷᠡᠬᠦ ᠡᠳ᠋᠎ᠢ    ᠵᠠᠰᠠᠬᠤ》᠂ ᠣᠯᠠᠨ ᠲᠦᠮᠡᠨ᠎ᠤ ᠳᠡᠷᠭᠡᠳᠡᠬᠢ 《ᠰᠤᠷᠭ᠋ᠠᠭᠤᠯᠢ ᠵᠢᠨ ᠠᠮᠤᠷ ᠲᠦᠪᠰᠢᠨ᠎ᠢ ᠬᠠᠮᠠᠭ᠋ᠠᠯᠠᠬᠤ》᠂ ᠵᠠᠮ ᠬᠠᠷᠢᠯᠴᠠᠭ᠋ᠠᠨ᠎ᠤ ᠡᠨᠳᠡᠯ᠎ᠤᠨ 《ᠬᠡᠮᠵᠢᠶ᠎ᠡ ᠵᠢ ᠪᠠᠭ᠋ᠠᠰᠬᠠᠵᠤ ᠬᠡᠮᠵᠢᠶ᠎ᠡ ᠵᠢ ᠬᠢᠵᠠᠭ᠋ᠠᠷᠯᠠᠬᠤ》 ᠵᠡᠷᠭᠡ ᠲᠤᠰᠬᠠᠶ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠵᠣᠨ᠎ᠤ ᠤᠯᠠᠷᠢᠯ᠎ᠤᠨ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ᠂ ᠵᠣᠨ᠎ᠤ ᠤᠯᠠᠷᠢᠯ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠬᠦᠴᠦᠲᠡᠶ ᠥᠷᠨᠢᠭᠦᠯᠬᠦ ᠬᠡᠷᠡᠭᠲᠡᠶ᠃ ᠫᠤᠤ ᠵᠡᠪᠰᠡᠭ᠎ᠲᠤ ᠬᠣᠯᠪᠣᠭᠳᠠᠭᠰᠠᠨ 32 ᠬᠡᠷᠡᠭ᠎ᠢ ᠢᠯᠡᠷᠡᠭᠦᠯᠵᠦ᠂ ᠬᠠᠤᠯᠢ ᠪᠤᠰᠤ ᠫᠤᠤ 225᠂ ᠰᠤᠮᠤ 45243᠂ ᠳᠠᠷᠢ 31244 ᠺᠢᠯᠣᠭ᠌ᠷᠠᠮ ᠬᠣᠷᠢᠶᠠᠨ ᠠᠪᠴᠠᠶ᠃ ᠰᠤᠷᠭ᠋ᠠᠭᠤᠯᠢ ᠵᠢᠨ ᠬᠦᠷᠢᠶ᠎ᠡ ᠵᠢᠴᠢ ᠡᠷᠬᠢᠨ ᠲᠣᠭᠣᠷᠢᠨ᠎ᠤ ᠠᠮᠤᠷ ᠲᠦᠪᠰᠢᠨ᠎ᠤ ᠬᠡᠮ ᠰᠣᠭᠣᠭ᠂ ᠠᠮᠤᠷ ᠲᠦᠪᠰᠢᠨ᠎ᠤ ᠡᠮᠬᠢ ᠵᠠᠮᠪᠠᠷᠠᠭ᠎ᠠ ᠥᠬᠡᠶ ᠴᠡᠭ᠎ᠢ 861 ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠪᠠ᠃ ᠵᠠᠮ ᠬᠠᠷᠢᠯᠴᠠᠭ᠋ᠠᠨ᠎ᠤ ᠡᠨᠳᠡᠯ᠎ᠢ ᠤᠷᠢᠳᠴᠢᠯᠠᠨ ᠰᠡᠷᠭᠡᠶ᠋ᠢᠯᠡᠬᠦ 《ᠳᠥᠷᠪᠡᠨ ᠵᠦᠢ᠍ᠯ᠎ᠤᠨ ᠢᠯᠡᠳᠬᠡᠭᠴᠢ ᠲᠣᠭ᠎ᠠ》 ᠴᠥᠮ ᠪᠠᠭᠤᠷᠠᠪᠠ᠃ ᠵᠣᠨ᠎ᠤ ᠤᠯᠠᠷᠢᠯ᠎ᠳᠤ ᠠᠮᠤᠷ᠎ᠢ ᠬᠠᠮᠠᠭ᠋ᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ᠎ᠢ ᠲᠤᠰᠬᠠᠶ ᠵᠦᠢ᠍ᠯ ᠵᠶ᠋ᠠᠷ ᠵᠠᠷᠯᠠᠨ ᠮᠡᠳᠡᠭᠳᠡᠨ᠎ᠡ᠃ ᠳᠣᠲᠣᠭ᠋ᠠᠳᠤ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡ ᠵᠢ ᠭᠦᠨᠵᠡᠭᠡᠶ᠋ᠢᠷᠡᠭᠦᠯᠦᠨ᠎ᠡ᠃ 《ᠲᠠᠪᠤᠨ ᠨᠢᠭᠡ᠂ ᠲᠠᠪᠤᠨ ᠵᠠᠭᠤ》 ᠵᠢᠨ ᠢᠨᠵᠧᠨᠧᠷᠢᠩ᠎ᠢ ᠬᠡᠷᠡᠭᠵᠢᠭᠦᠯᠵᠦ᠂ 《ᠢᠨᠲ᠋ᠧᠷ ᠰᠦᠯᠵᠢᠶ᠎ᠡ + ᠳᠣᠲᠣᠭ᠋ᠠᠳᠤ ᠵᠢ ᠬᠠᠮᠠᠭ᠋ᠠᠯᠠᠬᠤ ᠵᠠᠰᠠᠭ᠎ᠤᠨ ᠶᠠᠪᠤᠳᠠᠯ᠎ᠤᠨ   ᠦᠢ᠍ᠯᠡᠴᠢᠯᠡᠭᠡ》᠂ 《24 ᠴᠠᠭ᠎ᠤᠨ ᠴᠠᠭᠳᠠᠭ᠋ᠠᠨ᠎ᠤ ᠲᠣᠪᠴᠢᠶ᠎ᠠ》 ᠵᠢᠨ ᠳᠡᠰ ᠳᠡᠪᠰᠢᠭᠦᠯᠦᠨ ᠠᠷᠠᠳ᠎ᠲᠤ ᠳᠥᠭᠥᠮ ᠦᠵᠡᠭᠦᠯᠬᠦ ᠵᠢ ᠪᠦᠬᠦ ᠲᠠᠯ᠎ᠠ᠎ᠪᠠᠷ ᠠᠬᠢᠭᠤᠯᠵᠤ᠂ ᠴᠢᠬᠤᠯᠠ ᠪᠤᠰᠤ ᠬᠢᠨᠠᠨ ᠵᠥᠪᠰᠢᠶᠡᠷᠡᠬᠦ ᠵᠦᠢ᠍ᠯᠡᠰ᠎ᠢ ᠨᠢᠭᠡᠨᠲᠡ 100 %᠎ᠪᠠᠷ 《ᠰᠦᠯᠵᠢᠶ᠎ᠡ᠎ᠪᠠᠷ ᠭᠦᠢ᠍ᠴᠡᠳᠬᠡᠬᠦ》᠂ 《ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ》᠂ 《ᠪᠦᠬᠦ ᠶᠠᠪᠤᠴᠠ᠎ᠪᠠᠷ ᠰᠦᠯᠵᠢᠶ᠎ᠡ᠎ᠪᠠᠷ ᠭᠦᠢ᠍ᠴᠡᠳᠬᠡᠬᠦ》 ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠳᠪᠦᠷᠢᠯᠡᠯ ᠵᠶ᠋ᠠᠨ ᠰᠡᠷᠭᠦᠭᠡᠬᠦ᠂ ᠬᠤᠳᠠᠯᠳᠤᠭ᠎ᠠ ᠵᠢ ᠰᠡᠷᠭᠦᠭᠡᠬᠦ ᠪᠠ ᠵᠠᠬ᠎ᠠ ᠳᠡᠯᠭᠡᠭᠦᠷ᠎ᠢ ᠰᠡᠷᠭᠦᠭᠡᠬᠦ 15 ᠵᠦᠢ᠍ᠯ ᠵᠢᠴᠢ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠴᠢᠯᠡᠭᠡ᠎ᠪᠠᠷ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠠ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ 6 ᠵᠦᠢ᠍ᠯ᠎ᠤᠨ ᠠᠷᠭ᠎ᠠ ᠬᠡᠮᠵᠢᠶ᠎ᠡ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠪᠡᠶ᠎ᠡ ᠵᠢᠨ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠨ ᠠᠪᠬᠤ᠎ᠳᠤ 《ᠮᠤᠵᠢ ᠠᠯᠤᠰᠯᠠᠨ ᠨᠡᠶ᠋ᠢᠳᠡᠮ ᠭᠦᠢ᠍ᠴᠡᠳᠭᠡᠬᠦ》 ᠵᠢᠴᠢ ᠡᠷᠦᠬᠡ ᠠᠮᠠ ᠰᠢᠯᠵᠢᠭᠦᠯᠬᠦ ᠵᠡᠷᠭᠡ 24 ᠵᠦᠢ᠍ᠯ᠎ᠤᠨ 《ᠪᠥᠬᠥ ᠣᠷᠣᠨ᠎ᠳᠤ ᠨᠡᠶ᠋ᠢᠳᠡᠮ ᠭᠦᠢ᠍ᠴᠡᠳᠭᠡᠬᠦ》 ᠵᠢ ᠪᠡᠶᠡᠯᠡᠭᠦᠯᠵᠦ᠂ 223 ᠲᠣᠮᠢᠯᠠᠭᠰᠠᠨ ᠰᠠᠯᠪᠤᠷᠢ᠎ᠳᠤ 《ᠨᠢᠭᠡ ᠥᠷᠲᠡᠭᠡ ᠮᠠᠶᠢᠭ》᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠡᠷᠡᠭᠵᠢᠭᠦᠯᠵᠦ᠂ ᠣᠯᠠᠨ ᠲᠦᠮᠡᠨ᠎ᠤ ᠳᠡᠷᠭᠡᠳᠡᠬᠢ ᠠᠷᠠᠳ᠎ᠲᠤ ᠲᠥᠬᠥᠮ ᠦᠵᠡᠭᠦᠯᠬᠦ ᠬᠡᠲᠦ ᠳᠡᠯᠭᠡᠭᠦᠷ᠎ᠢ ᠪᠠᠶ᠋ᠢᠭᠤᠯᠪᠠ᠃ 《ᠭᠤᠷᠪᠠ ᠵᠢ ᠪᠠᠭ᠋ᠠᠰᠬᠠᠬᠤ》 ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠵᠦ᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠭᠡᠬᠦ》 5 ᠵᠦᠢ᠍ᠯ᠎ᠤᠨ ᠡᠭᠦᠷᠭᠡ ᠵᠢ ᠥᠨᠳᠥᠷ ᠪᠦᠲᠦᠮᠵᠢᠲᠡᠶ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃

   ᠲᠦᠷᠪᠡ᠎ᠳᠤ᠂ ᠶᠡᠬᠡ ᠲᠠᠯ᠎ᠠ ᠵᠢᠨ ᠤᠬᠠᠮᠰᠠᠷ᠎ᠢ ᠪᠠᠲᠤ ᠪᠤᠢ ᠪᠣᠯᠭ᠋ᠠᠵᠤ᠂ ᠬᠢᠯᠢ ᠬᠢᠵᠠᠭ᠋ᠠᠷ᠎ᠤᠨ ᠠᠮᠤᠷ ᠲᠣᠭᠲᠠᠭᠤᠨ᠎ᠢ ᠪᠦᠬᠦ ᠬᠦᠴᠦᠨ ᠵᠶ᠋ᠠᠷ ᠵᠶ᠋ᠠᠨ ᠰᠠᠬᠢᠨ ᠬᠠᠮᠠᠭ᠋ᠠᠯᠠᠨ᠎ᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠠᠨ ᠬᠠᠮᠲᠤᠳᠬᠠᠨ ᠬᠢᠯᠢ ᠵᠢ ᠬᠦᠴᠦᠷᠬᠡᠭᠵᠢᠭᠦᠯᠵᠦ ᠰᠡᠷᠭᠡᠶ᠋ᠢᠯᠡᠯᠲᠡ ᠵᠢ ᠪᠡᠬᠢᠵᠢᠭᠦᠯᠬᠦ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠪᠣᠰᠣᠭ᠎ᠠ ᠴᠣᠭᠴᠠᠲᠤ ᠬᠢᠯᠢ ᠬᠢᠵᠠᠭ᠋ᠠᠷ᠎ᠤᠨ ᠬᠠᠮᠢᠶᠠᠷᠤᠨ ᠡᠵᠡᠮᠳᠡᠬᠦ ᠰᠢᠰᠲ᠋ᠧᠮᠵᠢ ᠵᠢᠴᠢ 《ᠲᠣᠭ᠋ᠠᠴᠢᠯᠠᠭᠰᠠᠨ ᠬᠢᠯᠢ ᠬᠢᠵᠠᠭ᠋ᠠᠷ᠂ ᠣᠶᠤᠨᠴᠢ ᠬᠢᠯᠢ ᠬᠢᠵᠠᠭ᠋ᠠᠷ》᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠴᠡᠷᠢᠭ᠎ᠤᠨ ᠪᠡᠯᠡᠳᠬᠡᠯ᠎ᠤᠨ ᠠᠯᠪᠠᠨ    ᠬᠡᠷ᠂ ᠠᠮᠤᠷ ᠠᠮᠤᠭᠤᠯᠠᠩ᠎ᠤᠨ ᠠᠯᠪᠠᠨ ᠬᠡᠷ ᠵᠡᠷᠭᠡ ᠪᠠᠶ᠋ᠢᠭᠤᠯᠤᠮᠵᠢ᠎ᠲᠠᠢ ᠬᠠᠮᠲᠤᠷᠠᠨ ᠠᠮᠤᠷ ᠠᠮᠤᠭᠤᠯᠠᠩ ᠬᠢᠯᠢ ᠵᠢᠨ ᠵᠢᠱ᠌ᠢᠶᠡᠴᠢ ᠵᠢ ᠡᠭᠦᠳᠦᠨ ᠪᠠᠶ᠋ᠢᠭᠤᠯᠬᠤ ᠰᠢᠷᠢᠰ ᠠᠵᠢᠯᠯᠠᠭ᠎ᠠ ᠵᠢ ᠥᠷᠨᠢᠭᠦᠯᠵᠦ᠂ ᠨᠡᠶ᠋ᠢᠭᠡᠮ᠎ᠤᠨ ᠠᠮᠤᠷ ᠲᠦᠪᠰᠢᠨ᠎ᠢ ᠴᠡᠭᠴᠡᠯᠡᠨ ᠵᠠᠰᠠᠬᠤ 《ᠠᠶᠤᠩᠭ᠎ᠠ ᠨᠢᠵᠢᠭᠢᠨᠡᠬᠦ》 ᠵᠡᠷᠭᠡ ᠲᠤᠰᠬᠠᠶ ᠠᠵᠢᠯᠯᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠤᠯᠤᠰ᠎ᠤᠨ ᠬᠢᠯᠢ (ᠬᠢᠯᠢ) ᠵᠢᠨ ᠬᠠᠮᠢᠶᠠᠷᠤᠯᠲᠠ ᠵᠢ ᠬᠠᠷᠰᠢᠯᠠᠵᠤ ᠪᠠᠶ᠋ᠢᠭ᠎ᠠ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ᠂ 《ᠭᠤᠷᠪᠠᠨ ᠪᠤᠰᠤ》 ᠭᠠᠳᠠᠭ᠋ᠠᠳᠤ ᠵᠢᠨ ᠬᠥᠮᠦᠨ᠎ᠤ ᠵᠠᠰᠠᠯᠲᠠ᠂ 《ᠮᠸᠩ ᠯᠢᠶᠸ》 《ᠯᠢ ᠫᠢᠩ》 ᠵᠡᠷᠭᠡ ᠲᠤᠰᠬᠠᠶ ᠠᠵᠢᠯᠯᠠᠭ᠎ᠠ ᠵᠢ ᠬᠦᠴᠦᠲᠡᠶ ᠠᠬᠢᠭᠤᠯᠤᠨ᠎ᠠ᠃ ᠪᠣᠭᠣᠮᠲᠠ ᠵᠢᠨ ᠪᠠᠶ᠋ᠢᠴᠠᠭ᠋ᠠᠨ ᠪᠠᠷᠢᠪᠴᠢᠯᠠᠬᠤ ᠠᠵᠢᠯ᠎ᠢ ᠴᠢᠩᠭ᠋ᠠᠳᠬᠠᠵᠤ᠂ 《ᠭᠤᠷᠪᠠ ᠵᠢ ᠪᠠᠶ᠋ᠢᠴᠠᠭ᠋ᠠᠬᠤ》 ᠠᠵᠢᠯ᠎ᠢ ᠴᠢᠩᠭ᠋ᠠᠳᠬᠠᠵᠤ᠂ 《ᠭᠤᠷᠪᠠᠨ ᠬᠣᠷᠢᠭ᠎ᠠ ᠱᠤᠭᠤᠮ》᠎ᠢ ᠴᠢᠩᠭ᠎ᠠ ᠰᠠᠬᠢᠵᠤ᠂ ᠬᠢᠯᠢ ᠵᠢᠨ ᠪᠠᠶ᠋ᠢᠴᠠᠭ᠋ᠠᠯᠲᠠ ᠵᠢᠨ ᠡᠮᠦᠨ᠎ᠡ ᠲᠠᠪᠴᠠᠩ᠎ᠳᠤ ᠱᠠᠲᠤ ᠬᠤᠪᠢᠶᠠᠨ ᠪᠠᠶ᠋ᠢᠴᠠᠭ᠋ᠠᠨ ᠰᠢᠯᠭ᠋ᠠᠬᠤ᠂ ᠠᠷᠤ ᠲᠠᠪᠴᠠᠩ᠎ᠳᠤ ᠣᠯᠠᠨ ᠲᠠᠯ᠎ᠠ᠎ᠠᠴᠠ ᠬᠠᠷᠭᠤᠭᠤᠯᠤᠨ ᠪᠠᠶ᠋ᠢᠴᠠᠭ᠋ᠠᠬᠤ᠂ ᠰᠠᠯᠠᠭ᠎ᠠ ᠮᠥᠴᠢᠷ ᠬᠥᠳᠡᠯᠦᠩᠭᠦᠶ᠎ᠪᠠᠷ ᠬᠠᠮᠲᠤᠷᠠᠨ ᠪᠠᠶ᠋ᠢᠴᠠᠭ᠋ᠠᠬᠤ ᠵᠠᠭᠪᠤᠷ᠎ᠢ ᠭᠦᠨᠵᠡᠭᠡᠶ᠋ᠢᠷᠡᠭᠦᠯᠵᠦ᠂ ᠠᠮᠤᠷ ᠲᠦᠪᠰᠢᠨ᠎ᠢ ᠪᠠᠲᠤᠯᠠᠬᠤ ᠮᠥᠷᠲᠡᠭᠡᠨ ᠪᠣᠭᠣᠮᠲᠠ ᠥᠩᠭᠡᠷᠡᠬᠦ᠎ᠳᠤ ᠲᠥᠬᠥᠮ ᠦᠵᠡᠭᠦᠯᠦᠨ᠎ᠡ᠃ᠡᠨᠡ ᠵᠢᠯ᠎ᠠᠴᠠ ᠨᠠᠰᠢ᠂ ᠬᠢᠯᠢ ᠬᠢᠵᠠᠭ᠋ᠠᠷ ᠣᠷᠣᠨ᠎ᠤ 61 ᠡᠷᠡᠭᠦᠦ ᠵᠢᠨ ᠬᠡᠷᠡᠭ᠎ᠢ ᠢᠯᠡᠷᠡᠭᠦᠯᠵᠦ᠂ ᠠᠮᠤᠷ᠎ᠢ ᠬᠠᠮᠠᠭ᠋ᠠᠯᠠᠬᠤ 701 ᠬᠡᠷᠡᠭ᠎ᠢ ᠪᠠᠶ᠋ᠢᠴᠠᠭ᠋ᠠᠨ ᠰᠢᠶᠳᠪᠦᠷᠢᠯᠡᠵᠦ᠂ 1640 ᠵᠥᠷᠢᠴᠡᠯ ᠵᠢᠭᠤᠷᠠᠯᠳᠤᠭ᠋ᠠᠨ᠎ᠢ ᠰᠢᠶᠳᠪᠦᠷᠢᠯᠡᠵᠦ᠂ 50 ᠣᠷᠭᠣᠳᠤᠤᠯ ᠬᠡᠷᠡᠭᠲᠡᠨ᠎ᠢ ᠪᠠᠷᠢᠪᠴᠢᠯᠠᠪᠠ᠃ ᠤᠯᠤᠰ᠎ᠤᠨ ᠬᠢᠯᠢ (ᠬᠢᠵᠠᠭ᠋ᠠᠷ) ᠵᠢ ᠬᠠᠷᠰᠢᠯᠠᠭᠰᠠᠨ 9 ᠬᠡᠷᠡᠭ᠎ᠢ ᠬᠡᠷᠡᠭ ᠪᠣᠯᠭ᠋ᠠᠨ ᠳᠡᠩᠰᠡᠯᠡᠵᠦ ᠲᠤᠷᠰᠢᠨ ᠪᠠᠶ᠋ᠢᠴᠠᠭ᠋ᠠᠨ ᠰᠢᠶᠳᠪᠦᠷᠢᠯᠡᠵᠦ᠂ ᠥᠩᠭᠡᠷᠡᠭᠰᠡᠨ ᠵᠢᠯ᠎ᠤᠳ᠎ᠤᠨ ᠬᠠᠮᠤᠭ᠎ᠤᠨ ᠶᠡᠬᠡ ᠬᠡᠮᠵᠢᠶᠡᠨ᠎ᠳᠤ ᠬᠦᠷᠴᠦ᠂ 《ᠭᠤᠷᠪᠠᠨ ᠬᠠᠤᠯᠢ ᠪᠤᠰᠤ》 ᠬᠡᠷᠡᠭ᠎ᠢ 11 ᠪᠠᠶ᠋ᠢᠴᠠᠭ᠋ᠠᠨ ᠢᠯᠡᠷᠡᠭᠦᠯᠵᠦ᠂ 16 ᠬᠥᠮᠦᠨ᠎ᠢ ᠪᠠᠷᠢᠪᠴᠢᠯᠠᠵᠤ᠂ ᠬᠢᠯᠢ ᠵᠢᠨ ᠪᠣᠭᠣᠮᠲᠠ ᠵᠢᠨ ᠠᠮᠤᠷ ᠲᠦᠪᠰᠢᠨ ᠲᠣᠭᠲᠠᠭᠤᠨ ᠪᠠᠶ᠋ᠢᠳᠠᠯ᠎ᠢ ᠬᠦᠴᠦᠲᠡᠶ ᠬᠠᠮᠠᠭ᠋ᠠᠯᠠᠪᠠ᠃ ᠰᠢᠨ᠎ᠡ ᠵᠢ ᠡᠭᠦᠳᠦᠨ ᠬᠥᠭᠵᠢᠭᠦᠯᠬᠦ ᠵᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》᠎ᠤᠨ ᠰᠠᠭ᠋ᠠᠳ ᠥᠬᠡᠶ ᠨᠡᠪᠲᠡᠷᠡᠬᠦ ᠵᠠᠮ᠎ᠢ ᠨᠡᠭᠡᠭᠡᠵᠦ᠂ ᠪᠣᠭᠣᠮᠲᠠ᠎ᠪᠠᠷ ᠥᠩᠭᠡᠷᠡᠬᠦ ᠵᠠᠭᠪᠤᠷ᠎ᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ᠂ ᠦᠶᠯᠡᠴᠢᠯᠡᠭᠡᠨ᠎ᠤ ᠪᠠᠲᠤᠯᠠᠭ᠎ᠠ ᠵᠢᠨ ᠤᠮᠠᠷᠠᠰᠢ ᠨᠡᠭᠡᠭᠡᠯᠲᠡ ᠬᠢᠬᠦ 《ᠬᠥᠭᠥᠷᠭᠡᠨ ᠪᠡᠬᠢᠯᠡᠯᠲᠡ》 ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃

   ᠲᠠᠪᠤ᠎ᠳᠤ᠂ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ᠃ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 《ᠺᠦᠨᠯᠦ᠋ᠨ 2023》 ᠲᠤᠰᠬᠠᠢ ᠠᠵᠢᠯᠯᠠᠭ᠎ᠠ᠎ᠪᠠᠷ ᠵᠢᠯᠣᠭᠣᠳᠤᠮᠵᠢ ᠪᠣᠯᠭ᠋ᠠᠵᠤ᠂ 《ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠬᠢᠨ ᠬᠠᠮᠠᠭ᠋ᠠᠯᠠᠬᠤ》᠂ 《ᠬᠠᠳᠤᠨ ᠭᠣᠣᠯ᠎ᠢ ᠬᠠᠮᠠᠭ᠋ᠠᠯᠠᠬᠤ》 ᠵᠡᠷᠭᠡ ᠲᠤᠰᠬᠠᠢ ᠠᠵᠢᠯᠯᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠵᠢ ᠪᠠᠷᠢᠮᠲᠠᠯᠠᠵᠤ᠂ ᠠᠭ᠋ᠠᠷ᠂ ᠤᠰᠤᠨ᠂ ᠡᠯᠡᠰᠦᠷᠬᠡᠭ ᠭᠠᠵᠠᠷ ᠵᠡᠷᠭᠡ ᠶᠡᠷᠦᠩᠬᠡᠶ᠋ᠢᠯᠡᠭᠰᠡᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠭᠦᠢ᠍ᠴᠡᠳ ᠠᠰᠢᠭᠯᠠᠵᠤ᠂ ᠤᠢ ᠰᠢᠭᠤᠢ ᠨᠤᠲᠤᠭ ᠪᠡᠯᠴᠢᠭᠡᠷ᠂ ᠠᠮᠢ ᠠᠬᠤᠢ ᠣᠷᠴᠢᠨ ᠲᠣᠭᠣᠷᠢᠨ᠂ ᠠᠭᠤᠷᠬᠠᠢ ᠵᠢᠨ ᠡᠬᠢ ᠪᠠᠶᠠᠯᠢᠭ ᠵᠡᠷᠭᠡ ᠬᠦᠷᠢᠶᠡᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠡᠷᠡᠰ ᠴᠣᠬᠢᠯᠲᠠ ᠥᠭᠬᠦ ᠬᠡᠷᠡᠭᠲᠡᠢ᠃ ᠨᠡᠭᠦᠷᠡᠰᠦᠨ᠎ᠤ ᠬᠦᠷᠢᠶᠡᠨ᠎ᠳᠠᠬᠢ ᠪᠠᠶ᠋ᠢᠩᠭᠤᠵᠢᠭᠰᠠᠨ ᠵᠠᠰᠠᠯᠲᠠ ᠵᠢ ᠥᠷᠨᠢᠭᠦᠯᠵᠦ᠂ ᠠᠷᠪᠠᠨ ᠵᠦᠢ᠍ᠯ᠎ᠤᠨ ᠪᠣᠭᠣᠮᠲᠠ ᠰᠢᠪᠲᠤᠯᠬᠤ ᠡᠭᠦᠷᠭᠡ ᠵᠢ ᠪᠦᠬᠦᠨ᠎ᠢ ᠴᠢᠨᠠᠷ ᠰᠠᠶ᠋ᠢᠲᠠᠶ᠎ᠪᠠᠷ 《ᠲᠠᠩᠰᠠ ᠲᠤᠰᠢᠶᠠᠬᠤ》 ᠵᠢ ᠭᠦᠢ᠍ᠴᠡᠳᠭᠡᠪᠡ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠳᠤ ᠠᠮᠢ ᠠᠬᠤᠶ ᠣᠷᠴᠢᠨ ᠲᠣᠭᠣᠷᠢᠨ᠎ᠤ ᠢᠳᠡᠭᠡᠨ ᠪᠠ ᠡᠮ᠎ᠤᠨ ᠵᠦᠢ᠍ᠯ᠎ᠤᠨ ᠬᠦᠷᠢᠶᠡᠨ᠎ᠳᠠᠬᠢ ᠬᠡᠷᠡᠭ᠎ᠢ 1399      ᠢᠯᠡᠷᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 30.9 %᠎ᠪᠠᠷ ᠨᠡᠮᠡᠭᠳᠡᠵᠦ᠂ 2233 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠦᠨ᠎ᠡ ᠥᠷᠲᠡᠭ᠎ᠨᠢ 21.4 ᠳ᠋ᠦᠩᠰᠢᠭᠤᠷ ᠲᠥᠭᠥᠷᠢᠭ᠎ᠲᠤ ᠬᠦᠷᠴᠦ᠂ ᠬᠡᠳᠦᠨ ᠵᠦᠢ᠍ᠯ᠎ᠤᠨ ᠵᠠᠩᠭᠢᠯᠠᠭ᠎ᠠ ᠵᠢᠨ ᠴᠢᠨᠠᠷᠲᠠᠶ ᠭᠦᠢ᠍ᠴᠡᠳᠭᠡᠯ ᠲᠣᠭ᠎ᠠ᠎ᠨᠢ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃

   ᠵᠢᠷᠭᠤᠭ᠎ᠠ᠎ᠳᠤ᠂ ᠴᠢᠩᠭ᠎ᠠ ᠪᠠᠶ᠋ᠢᠬᠤ ᠤᠢ᠍ᠢ᠍ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠡᠩᠨᠡᠭᠡᠨ᠎ᠤ ᠪᠠᠶ᠋ᠢᠭᠤᠯᠤᠯᠲᠠ ᠵᠢ ᠦᠨᠡᠨᠬᠦ ᠴᠢᠩᠭ᠋ᠠᠳᠬᠠᠬᠤ ᠬᠡᠷᠡᠭᠲᠡᠢ᠃ ᠪᠠᠷᠢᠮᠵᠢᠶ᠎ᠠ ᠵᠢ ᠴᠢᠩᠳᠠᠯᠠᠵᠤ ᠴᠠᠭᠳᠠᠭ᠎ᠠ ᠵᠢ ᠴᠢᠩᠭ᠎ᠠ    ᠵᠠᠰᠠᠬᠤ᠃ 8 + X ᠠᠰᠠᠭᠤᠳᠠᠯ᠎ᠢ ᠢᠯᠭ᠋ᠠᠷᠠᠭᠤᠯᠤᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ 《ᠭᠤᠷᠪᠠ ᠵᠢ ᠳᠡᠭᠡᠭᠰᠢᠯᠡᠭᠦᠯᠬᠦ》᠎ᠪᠠᠷ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》᠎ᠢ ᠨᠠᠮᠳᠠᠭ᠋ᠠᠬᠤ ᠵᠢ ᠠᠬᠢᠭᠤᠯᠵᠤ᠂ ᠤᠯᠤᠰ ᠲᠥᠷᠥ ᠵᠢᠨ ᠬᠢᠨᠠᠨ ᠪᠠᠶ᠋ᠢᠴᠠᠭ᠋ᠠᠯᠲᠠ᠂ ᠤᠯᠤᠰ ᠲᠥᠷᠥ ᠵᠢᠨ ᠲᠣᠭᠣᠷᠢᠨ ᠪᠠᠶ᠋ᠢᠴᠠᠭ᠋ᠠᠯᠲᠠ ᠵᠢ ᠪᠠᠶ᠋ᠢᠩᠭᠤ ᠥᠷᠨᠢᠭᠦᠯᠵᠦ᠂ ᠲᠢᠩᠬᠢᠮ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠ 12 ᠠᠶ᠋ᠢᠮᠠᠭ ᠬᠣᠲᠠ᠂ 103 ᠬᠣᠰᠢᠭᠤ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠤᠯᠤᠰ ᠲᠥᠷᠥ ᠵᠢᠨ ᠲᠣᠭᠣᠷᠢᠨ ᠪᠠᠶ᠋ᠢᠴᠠᠭ᠋ᠠᠯᠲᠠ ᠵᠢ ᠪᠦᠷᠢᠨ ᠪᠥᠷᠬᠥᠭᠦᠯᠬᠦ ᠪᠠ 《ᠡᠷᠬᠢᠨ ᠬᠠᠷᠠᠬᠤ》 ᠠᠵᠢᠯ᠎ᠢ ᠥᠷᠨᠢᠭᠦᠯᠪᠡ᠃ 《ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢ ᠲᠠᠰ ᠲᠥᠷᠥᠯ ᠬᠤᠪᠢᠶᠠᠨ ᠵᠢᠯᠣᠭᠣᠳᠬᠤ ᠵᠢ ᠴᠢᠩᠭ᠋ᠠᠳᠬᠠᠬᠤ ᠰᠠᠨᠠᠯ》᠎ᠢ ᠲᠣᠭᠲᠠᠭ᠋ᠠᠵᠤ᠂ ᠨᠠᠮ᠎ᠤᠨ ᠪᠠᠶ᠋ᠢᠭᠤᠯᠤᠯᠲᠠ ᠵᠢᠨ ᠳᠦᠷᠢᠮᠵᠢᠭᠰᠡᠨ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠪᠡ᠃ ᠴᠢᠩᠭ᠎ᠠ ᠰᠤᠷᠭ᠋ᠠᠨ ᠬᠥᠮᠦᠵᠢᠭᠦᠯᠵᠦ ᠬᠡᠪ ᠴᠢᠨᠠᠷ᠎ᠢ ᠳᠡᠭᠡᠭᠰᠢᠯᠡᠭᠦᠯᠦᠨ᠎ᠡ᠃ 《1 + 12》 ᠵᠢᠭ᠋ᠠᠨ ᠰᠤᠷᠭ᠋ᠠᠯᠲᠠ ᠪᠠᠶ᠋ᠢᠯᠳᠤᠭ᠋ᠠᠨ ᠬᠢᠬᠦ ᠵᠢ ᠨᠢᠭᠡ ᠴᠣᠭᠴᠠᠵᠢᠭᠤᠯᠤᠭᠰᠠᠨ ᠪᠣᠳᠠᠲᠤ ᠪᠣᠯᠪᠠᠰᠤᠷᠠᠯ᠎ᠤᠨ ᠰᠢᠰᠲ᠋ᠧᠮ᠎ᠳᠤ ᠲᠦᠰᠢᠭᠯᠡᠨ᠂ ᠳᠣᠲᠣᠭ᠋ᠠᠳᠤ ᠵᠢ ᠬᠠᠮᠠᠭ᠋ᠠᠯᠠᠬᠤ ᠠᠷᠠᠳ᠎ᠤᠨ ᠴᠠᠭᠳᠠᠭ᠎ᠠ ᠵᠢᠨ ᠬᠡᠪ ᠴᠢᠨᠠᠷ ᠴᠢᠳᠠᠪᠤᠷᠢ ᠵᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠵᠢ ᠯᠠᠪᠳᠠᠭᠤᠨ ᠪᠠᠲᠤᠲᠠᠶ ᠥᠷᠨᠢᠭᠦᠯᠵᠦ᠂ ᠡᠯ᠎ᠡ ᠲᠥᠷᠥᠯ᠎ᠤᠨ ᠰᠤᠷᠤᠯᠴᠠᠬᠤ ᠠᠵᠢᠯᠯᠠᠭ᠎ᠠ ᠵᠢ 248 ᠤᠳᠠᠭ᠎ᠠ ᠵᠣᠬᠢᠶᠠᠨ ᠪᠠᠶ᠋ᠢᠭᠤᠯᠵᠤ᠂ ᠴᠠᠭᠳᠠᠭ᠋ᠠᠨ᠎ᠤ ᠲᠥᠷᠥᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ 1082 ᠤᠳᠠᠭ᠎ᠠ ᠥᠷᠨᠢᠭᠦᠯᠪᠡ᠃ ᠪᠥᠬᠥ ᠴᠠᠭᠳᠠᠭ᠋ᠠᠨ᠎ᠤ ᠪᠣᠳᠠᠲᠤ ᠪᠠᠶ᠋ᠢᠯᠳᠤᠭ᠋ᠠᠨ᠎ᠤ ᠰᠤᠷᠭ᠋ᠠᠭᠤᠯᠢ᠎ᠢ ᠪᠠᠶ᠋ᠢᠩᠭᠤᠵᠢᠭᠤᠯᠤᠨ ᠠᠬᠢᠭᠤᠯᠵᠤ᠂ 《ᠬᠢᠴᠢᠶᠡᠯ᠎ᠤᠨ ᠪᠢᠴᠢᠭ》᠎ᠤᠨ ᠮᠠᠶᠢᠭ᠎ᠤᠨ ᠠᠵᠢᠯ᠎ᠤᠨ ᠪᠠᠶ᠋ᠢᠷᠢ ᠵᠢᠨ ᠪᠠᠷᠢᠮᠵᠢᠶ᠎ᠠ᠎ᠳᠤ ᠬᠦᠷᠦᠭᠰᠡᠨ ᠰᠢᠯᠭ᠋ᠠᠷᠠᠭᠤᠯᠤᠯᠲᠠ ᠪᠠ 《ᠤᠯᠠᠭ᠋ᠠᠨ ᠬᠥᠬᠡ ᠵᠢᠨ    ᠲᠡᠮᠡᠴᠡᠭᠡᠨ》᠂ 《ᠶᠡᠬᠡ ᠮᠥᠷᠥᠶ᠋ᠢᠴᠡᠭᠡᠨ》᠎ᠢ ᠥᠷᠨᠢᠭᠦᠯᠪᠡ᠃ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 《ᠰᠤᠷᠭ᠋ᠠᠭᠤᠯᠢ ᠵᠢ ᠬᠦᠴᠦᠷᠬᠡᠭᠵᠢᠭᠦᠯᠵᠦ ᠪᠠᠶ᠋ᠢᠷᠢ ᠳᠡᠪᠰᠢᠭᠦᠯᠬᠦ》 ᠢᠨᠵᠧᠨᠧᠷᠢᠩ᠎ᠢ ᠬᠦᠴᠦᠲᠡᠶ ᠠᠬᠢᠭᠤᠯᠵᠤ᠂ ᠰᠤᠷᠤᠭᠴᠢᠳ᠎ᠤᠨ ᠶᠠᠰᠤ ᠴᠢᠨᠠᠷ ᠪᠠ ᠠᠵᠢᠯ᠎ᠤᠨ ᠪᠠᠶ᠋ᠢᠷᠢ ᠵᠢᠨ ᠪᠣᠯᠪᠠᠰᠤᠷᠠᠯ᠎ᠢ ᠴᠥᠮ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠦᠨ᠂ ᠨᠢᠭᠡᠨᠲᠡ ᠰᠤᠷᠭ᠋ᠠᠨ ᠬᠥᠮᠦᠵᠢᠯ᠎ᠤᠨ ᠲᠥᠯᠥᠪᠵᠢᠭᠦᠯᠭᠡ᠎ᠳᠤ ᠣᠷᠣᠭᠤᠯᠪᠠ᠃ ᠰᠤᠷᠭ᠋ᠠᠨ ᠬᠥᠮᠦᠵᠢᠯ᠎ᠤᠨ ᠴᠡᠭᠴᠡᠯᠡᠯᠲᠡ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ᠎ᠡ᠃ ᠲᠥᠰᠦᠯ ᠵᠶ᠋ᠠᠷ ᠥᠭᠡᠷᠡᠴᠢᠯᠡᠯᠲᠡ ᠵᠢ ᠠᠬᠢᠭᠤᠯᠬᠤ ᠠᠵᠢᠯ᠎ᠢ ᠪᠠᠶ᠋ᠢᠩᠭᠤᠵᠢᠭᠤᠯᠤᠨ ᠠᠬᠢᠭᠤᠯᠵᠤ᠂ ᠬᠥᠮᠦᠵᠢᠯ ᠴᠡᠭᠴᠡᠯᠡᠯᠲᠡ ᠵᠢᠨ 《ᠡᠷᠬᠢᠨ ᠬᠠᠷᠠᠬᠤ》 ᠠᠵᠢᠯ᠎ᠤᠨ ᠲᠥᠰᠦᠯ ᠪᠠ 《ᠲᠥᠰᠦᠯ ᠵᠶ᠋ᠠᠷ ᠥᠭᠡᠷᠡᠴᠢᠯᠡᠯᠲᠡ ᠵᠢ ᠠᠬᠢᠭᠤᠯᠬᠤ》 ᠲᠤᠰᠬᠠᠢ ᠠᠵᠢᠯᠯᠠᠭ᠎ᠠ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠵᠤ᠂ 3000 ᠭᠠᠷᠤᠢ ᠬᠥᠮᠦᠨ ᠤᠳᠠᠭ᠎ᠠ ᠰᠡᠷᠡᠮᠵᠢᠯᠡᠭᠦᠯᠬᠦ ᠬᠥᠮᠦᠵᠢᠯ ᠬᠦᠷᠳᠡᠪᠡ᠃ ᠲᠣᠳᠣᠷᠬᠠᠶ ᠬᠥᠮᠦᠨ ᠰᠣᠩᠭᠣᠵᠤ ᠬᠥᠮᠦᠨ ᠬᠡᠷᠡᠭᠯᠡᠬᠦ ᠤᠳᠤᠷᠢᠳᠤᠮᠵᠢ ᠵᠢ ᠪᠣᠶ ᠪᠣᠯᠭ᠋ᠠᠶ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ 12 ᠵᠦᠢ᠍ᠯ᠎ᠤᠨ ᠠᠷᠭ᠎ᠠ ᠬᠡᠮᠵᠢᠶ᠎ᠡ᠂ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠵᠤ ᠵᠠᠯᠠᠷᠠᠭᠤᠯᠬᠤ 8 ᠵᠦᠢ᠍ᠯ᠎ᠤᠨ ᠰᠠᠨᠠᠯ᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠪᠦᠬᠦᠯᠢ ᠴᠣᠭᠴᠠ ᠵᠢᠨ ᠬᠡᠪ ᠪᠣᠯᠪᠠᠰᠤᠷᠠᠯ ᠪᠠ ᠤᠳᠤᠷᠢᠳᠬᠤ ᠪᠠᠭ᠎ᠢ ᠠᠳᠬᠤᠨ ᠡᠩᠨᠡᠭᠡ᠎ᠪᠠᠨ ᠳᠠᠶ᠋ᠢᠴᠢᠯᠠᠬᠤ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠬᠠᠮᠵᠢᠯᠴᠠᠨ ᠲᠤᠰᠠᠯᠠᠬᠤ ᠴᠠᠭᠳᠠᠭ᠎ᠠ ᠵᠢᠨ 《ᠳᠦᠷᠢᠮ》᠎ᠢ ᠬᠡᠷᠡᠭᠵᠢᠭᠦᠯᠦᠭᠰᠡᠨ ᠪᠠᠢ᠌ᠳᠠᠯ᠎ᠤᠨ ᠪᠠᠶ᠋ᠢᠴᠠᠭ᠋ᠠᠨ ᠰᠤᠳᠤᠯᠤᠯᠲᠠ ᠵᠢ ᠥᠷᠨᠢᠭᠦᠯᠵᠦ᠂ ᠲᠤᠰᠠᠯᠠᠬᠤ ᠴᠠᠭᠳᠠᠭ᠎ᠠ ᠵᠢᠨ ᠬᠠᠮᠢᠶᠠᠷᠤᠯᠲᠠ ᠵᠢ ᠵᠢᠷᠤᠮᠵᠢᠭᠤᠯᠬᠤ ᠪᠠ ᠰᠢᠨᠵᠢᠯᠡᠬᠦ ᠤᠬᠠᠭ᠋ᠠᠨᠴᠢᠯᠠᠬᠤ ᠵᠢ ᠠᠬᠢᠭᠤᠯᠤᠨ᠎ᠠ᠃ ᠰᠢᠰᠲ᠋ᠧᠮ᠎ᠲᠠᠢ ᠴᠠᠭᠳᠠᠭ᠎ᠠ ᠵᠢ ᠬᠠᠶ᠋ᠢᠷᠠᠯᠠᠬᠤ ᠴᠠᠭᠳᠠᠭ᠋ᠠᠨ᠎ᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ 《ᠨᠢᠭᠡᠳᠦᠭᠡᠷ ᠤᠯᠠᠷᠢᠯ᠎ᠳᠤ ᠨᠢᠭᠡ ᠲᠣᠳᠣᠷᠬᠠᠶ ᠬᠠᠭᠤᠳᠠᠰᠤ》 ᠵᠢᠨ ᠴᠠᠭᠳᠠᠭ᠎ᠠ ᠵᠢ ᠬᠠᠶ᠋ᠢᠷᠠᠯᠠᠨ ᠬᠠᠯᠠᠮᠵᠢᠯᠠᠬᠤ ᠴᠠᠭᠳᠠᠭ᠎ᠠ ᠵᠢ ᠳᠤᠯᠠᠭ᠋ᠠᠴᠠᠭᠤᠯᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠣᠨᠴᠠ ᠬᠦᠴᠢᠷᠳᠡᠯᠲᠡᠶ ᠬᠡᠷ ᠪᠦᠯᠢ ᠵᠢ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ 285 ᠵᠢ ᠤᠯᠠᠷᠢᠯ ᠵᠶ᠋ᠠᠷ ᠳᠣᠷᠣᠭᠰᠢ ᠪᠠᠭᠤᠯᠭ᠋ᠠᠵᠤ᠂ 《ᠠᠪᠤᠷᠠᠨ ᠵᠠᠰᠠᠬᠤ ᠰᠠᠭ᠋ᠠᠳ ᠥᠬᠡᠶ ᠨᠡᠪᠲᠡᠷᠡᠬᠦ ᠵᠠᠮ》᠎ᠢ ᠪᠠᠴᠢᠮ ᠨᠡᠪᠲᠡᠷᠡᠭᠦᠯᠵᠦ᠂ 16 ᠠᠷᠠᠳ᠎ᠤᠨ ᠴᠠᠭᠳᠠᠭ᠎ᠠ ᠵᠢᠨ ᠲᠤᠰᠠᠯᠠᠬᠤ ᠴᠠᠭᠳᠠᠭ᠎ᠠ ᠵᠢᠴᠢ ᠬᠡᠷ ᠪᠦᠯᠢ ᠵᠢᠨ᠎ᠬᠢᠨ᠎ᠢ ᠲᠦᠷᠭᠡᠨ ᠠᠪᠤᠷᠠᠨ ᠵᠠᠰᠠᠵᠤ᠂ ᠠᠷᠠᠳ᠎ᠤᠨ ᠲᠤᠰᠠᠯᠠᠬᠤ ᠴᠠᠭᠳᠠᠭ᠎ᠠ ᠬᠦᠴᠢᠷᠳᠡᠯ᠎ᠲᠠᠢ ᠪᠣᠯ ᠵᠣᠬᠢᠶᠠᠨ ᠪᠠᠶ᠋ᠢᠭᠤᠯᠤᠯᠲᠠ ᠡᠷᠢᠬᠦ ᠵᠢ ᠨᠢᠭᠡᠳᠦᠭᠡᠷ ᠰᠣᠩᠭᠣᠯᠲᠠ ᠪᠣᠯᠭ᠋ᠠᠪᠠ᠃

   ᠲᠠᠷᠠᠭ᠋ᠠᠴᠢ ᠵᠢᠨ ᠠᠯᠬᠤᠮ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠤᠭᠤᠳ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠨᠠᠮ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠲᠤᠬᠠᠶ ᠬᠣᠯᠪᠣᠭᠳᠠᠯ ᠪᠥᠬᠥᠶ ᠡᠭᠦᠷᠭᠡ᠎ᠲᠠᠢ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠡᠭᠦᠷᠭᠡᠯᠡᠯ᠎ᠢ ᠢᠯᠡᠷᠡᠭᠦᠯᠵᠦ᠂ ᠨᠢᠭᠡᠳᠦᠯᠲᠡᠶ ᠲᠥᠯᠥᠪᠵᠢᠭᠦᠯᠦᠨ ᠵᠣᠯᠭ᠋ᠠᠭᠤᠯᠬᠤ ᠵᠢ ᠲᠠᠰᠤᠷᠠᠯᠲᠠ ᠥᠬᠡᠶ ᠪᠠᠷᠢᠮᠲᠠᠯᠠᠵᠤ᠂ ᠨᠢᠭᠡᠳᠦᠭᠡᠷ ᠪᠦᠯᠦᠭ᠎ᠤᠨ ᠭᠤᠤᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠡᠬᠢᠵᠢᠭᠦᠯᠦᠨ ᠳᠡᠭᠡᠭᠰᠢᠯᠡᠭᠦᠯᠵᠦ᠂ ᠬᠣᠶᠠᠳᠤᠭ᠋ᠠᠷ ᠪᠦᠯᠦᠭ᠎ᠤᠨ ᠭᠤᠤᠯ ᠰᠡᠳᠦᠪᠲᠦ ᠬᠥᠮᠦᠵᠢᠯ᠎ᠢ ᠥᠨᠳᠥᠷ ᠪᠠᠷᠢᠮᠵᠢᠶ᠎ᠠ᠎ᠪᠠᠷ ᠥᠷᠨᠢᠭᠦᠯᠵᠦ᠂ ᠴᠢᠨᠠᠷ ᠰᠠᠶ᠋ᠢᠲᠠᠶ ᠠᠬᠢᠭᠤᠯᠬᠤ ᠵᠢ ᠰᠢᠰᠲ᠋ᠧᠮ᠎ᠲᠠᠢ ᠪᠠᠲᠤᠯᠠᠨ᠎ᠠ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠦᠵᠡᠯ ᠰᠠᠨᠠᠭ᠎ᠠ᠎ᠪᠠᠨ ᠨᠠᠩ ᠨᠢᠭᠡᠳᠦᠯᠲᠡᠶ᠂ ᠡᠷᠴᠢ ᠵᠣᠷᠢᠭ ᠵᠶ᠋ᠠᠨ ᠨᠠᠩ ᠭᠦᠢ᠍ᠴᠡᠳ ᠲᠡᠭᠦᠯᠳᠡᠷ ᠪᠣᠯᠭ᠋ᠠᠬᠤ ᠪᠣᠳᠠᠲᠤ ᠠᠵᠢᠯᠯᠠᠭ᠎ᠠ᠎ᠪᠠᠷ ᠵᠶ᠋ᠠᠨ ᠡᠬᠡ ᠤᠯᠤᠰ᠎ᠤᠨ 《ᠤᠮᠠᠷᠠᠲᠤ ᠶᠡᠬᠡ ᠡᠭᠦᠳᠡ》᠂ ᠨᠡᠶ᠋ᠢᠰᠯᠡᠯ᠎ᠤᠨ 《ᠤᠨᠠᠭᠤᠯᠢ ᠭᠤᠤᠯ》᠎ᠢ ᠡᠷᠡᠰ ᠰᠠᠶ᠋ᠢᠲᠤᠷ ᠰᠠᠬᠢᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠨᠠᠩ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶ᠋ᠢᠭᠡᠮ᠎ᠤᠨ ᠣᠷᠴᠢᠨ ᠲᠣᠭᠣᠷᠢᠨ᠎ᠢ ᠡᠭᠦᠳᠴᠦ ᠥᠭᠭᠦᠨ᠎ᠡ᠃

   ᠳᠠᠬᠢᠨᠲᠠ ᠴᠢᠩ ᠰᠡᠳᠬᠢᠯ᠎ᠠᠴᠠ᠎ᠪᠠᠨ ᠣᠯᠠᠨ᠎ᠳᠤ ᠲᠠᠯᠠᠷᠬᠠᠵᠤ ᠪᠠᠢ᠌ᠨ᠎ᠠ!

  

   ᠳᠠᠭ᠋ᠠᠯᠳᠤᠭᠤᠯᠤᠯ᠄ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ

 

 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《2023᠎ᠢ ᠡᠷᠭᠢᠨ ᠬᠠᠷᠠᠬᠤ》 ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ (7 ᠳ᠋ᠤᠭ᠋ᠠᠷ ᠲᠠᠯᠠᠪᠠᠶ — ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠲᠤᠰᠬᠠᠶ ᠲᠠᠯᠠᠪᠠᠶ)
 
            