
10 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠪᠥᠬᠦ ᠠᠷᠠᠳ᠎ᠤᠨ ᠭᠠᠯ ᠤᠨᠲᠠᠷᠠᠭ᠋ᠠᠬᠤ ᠠᠮᠢ ᠨᠠᠰᠤ ᠵᠢ ᠳᠡᠭᠡᠳᠦᠯᠡᠬᠦ》 ᠭᠤᠣᠯ ᠰᠡᠳᠦᠪᠲᠦ ᠨᠡᠶ᠋ᠢᠲᠡᠯᠡᠬᠦ ᠬᠤᠷᠠᠯ ᠬᠤᠷᠠᠯᠳᠤᠭᠤᠯᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠷᠦᠩᠬᠡᠶ ᠠᠩᠭᠢ ᠵᠢᠨ ᠨᠢᠭᠡᠳᠦᠭᠡᠷ ᠳᠡᠰ᠎ᠤᠨ ᠵᠢᠯᠣᠭᠤᠳᠬᠤ ᠳᠠᠷᠤᠭ᠎ᠠ ᠯᠢ ᠵᠥᠩ ᠭᠤᠤᠯ ᠰᠡᠳᠦᠪᠲᠦ ᠨᠡᠶ᠋ᠢᠲᠡᠯᠡᠯ ᠬᠢᠵᠦ᠂ ᠰᠣᠨᠢᠨ ᠮᠡᠳᠡᠭᠡ ᠤᠬᠠᠭᠤᠯᠭ᠎ᠠ ᠵᠢᠨ ᠭᠠᠵᠠᠷ᠎ᠤᠨ ᠬᠤᠶᠠᠳᠤᠭ᠋ᠠᠷ ᠳᠡᠰ᠎ᠤᠨ ᠵᠢᠯᠣᠭᠤᠳᠬᠤ ᠳᠠᠷᠤᠭ᠎ᠠ ᠯᠢᠦ ᠳ᠋ᠦᠩ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠤᠷᠭ᠋ᠠᠭᠤᠯᠢ ᠵᠢᠨ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠨᠢ ᠳᠠᠪᠠᠭᠤᠯᠢᠭ ᠪᠠᠶ᠋ᠢᠷᠢᠨ᠎ᠳᠤ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠢᠵᠢᠭ ᠲᠣᠭᠤᠷᠢᠭ ᠬᠢᠭᠡᠳ ᠠᠳᠠᠯ ᠠᠬᠤᠶ ᠵᠢᠨ ᠬᠠᠮᠢᠶᠠᠷᠤᠯᠲᠠ ᠵᠢᠨ ᠭᠠᠵᠠᠷ᠎ᠤᠨ ᠯᠸᠢ ᠵᠧᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢᠨ ᠭᠠᠵᠠᠷ᠎ᠤᠨ ᠨᠢᠤ ᠺᠧ ᠢᠦᠶ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠦᠢ᠍ᠯᠡᠳᠬᠦᠨ᠎ᠤ ᠶᠠᠰᠤ ᠴᠢᠨᠠᠷ᠎ᠤᠨ ᠬᠢᠨᠠᠯᠲᠠ ᠲᠠᠯᠪᠢᠬᠤ ᠭᠠᠵᠠᠷ᠎ᠤᠨ ᠸᠠᠩ ᠾᠧᠩ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃